ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠣᠨᠴᠠᠯᠢᠭᠲᠤ᠌ ᠳᠠᠪᠴᠠᠩ   -   ᠮᠡᠳᠡᠭᠡᠯᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ᠎ᠤᠨ ᠨᠠᠢ᠍ᠮᠠᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠴᠢ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠶ ᠰᠡᠳᠦᠪᠲᠦ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-05-11

  5 ᠳ᠋ᠤᠭ᠋ᠠᠷ ᠰᠠᠷ᠎ᠠ ᠵᠢᠨ 11᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ᠎ᠤᠨ ᠨᠠᠢ᠍ᠮᠠᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠴᠢ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠶ ᠰᠡᠳᠦᠪᠲᠦ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠱᠧᠩ ᠰᠢᠶᠣᠣ ᠶᠢᠥ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃


W020240511747018541660.png


   ᠬᠤᠷᠠᠯ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠢ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠲᠡᠷᠡ ᠬᠡᠪ ᠵᠶ᠋ᠠᠷ᠎ᠨᠢ ᠨᠠᠶ᠋ᠢᠳᠠᠪᠤᠷᠢᠵᠢᠭᠤᠯᠵᠤ᠂ ᠲᠥᠪᠯᠡᠷᠡᠩᠭᠦᠢ ᠴᠢᠨᠠᠷᠲᠠᠢ ᠬᠥᠮᠦᠵᠢᠯ ᠪᠣᠯᠤᠨ ᠪᠠᠶ᠋ᠢᠩᠭᠤ ᠵᠢᠨ ᠴᠢᠨᠠᠷᠲᠠᠢ ᠬᠥᠮᠦᠵᠢᠯ᠎ᠢ ᠤᠶᠠᠯᠳᠤᠭᠤᠯᠬᠤ ᠵᠢ ᠪᠠᠷᠢᠮᠲᠠᠯᠠᠵᠤ᠂ ᠤᠰᠤᠨ ᠠᠰᠢᠭᠯᠠᠯᠲᠠ ᠵᠢᠨ ᠲᠢᠩᠬᠢᠮ᠎ᠤᠨ ᠠᠵᠢᠯ᠎ᠤᠨ ᠲᠥᠰᠦᠯ᠎ᠤᠨ ᠲᠤᠬᠢᠷᠠᠭᠤᠯᠤᠯᠳᠠ ᠶᠣᠰᠣᠭ᠋ᠠᠷ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠭᠡᠯ ᠥᠭᠬᠦ ᠲᠦᠷᠢᠮ》᠎ᠳᠠᠬᠢ ᠤᠯᠤᠰ ᠲᠦᠷᠦ ᠵᠢᠨ ᠰᠠᠬᠢᠯᠭ᠎ᠠ ᠪᠠᠲᠤ ᠪᠣᠯᠤᠨ ᠵᠣᠬᠢᠶᠠᠨ ᠪᠠᠶ᠋ᠢᠭᠤᠯᠤᠯᠲᠠ ᠵᠢᠨ ᠰᠠᠬᠢᠯᠭ᠎ᠠ ᠪᠠᠲᠤ ᠵᠢᠨ ᠬᠤᠯᠪᠣᠭᠳᠠᠯ ᠪᠦᠬᠦᠢ ᠪᠦᠯᠦᠭ ᠬᠡᠰᠡᠭ᠎ᠤᠨ ᠠᠭᠤᠯᠭ᠎ᠠ ᠵᠢ ᠲᠡᠷᠡ ᠬᠡᠪ ᠵᠶ᠋ᠠᠷ᠎ᠨᠢ ᠪᠦᠯᠦᠭ ᠳᠠᠷᠠᠭ᠋ᠠᠯᠠᠨ ᠰᠤᠷᠤᠯᠴᠠᠪᠠ᠃

   ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠤᠯᠤᠰ ᠲᠦᠷᠦ ᠵᠢᠨ ᠰᠠᠬᠢᠯᠭ᠎ᠠ ᠪᠠᠲᠤ ᠪᠣᠯ ᠨᠠᠮ᠎ᠤᠨ ᠬᠠᠮᠤᠭ᠎ᠤᠨ ᠦᠨᠳᠦᠰᠦᠨ᠂ ᠬᠠᠮᠤᠭ᠎ᠤᠨ ᠴᠢᠬᠤᠯᠠ ᠰᠠᠬᠢᠯᠭ᠎ᠠ ᠪᠠᠲᠤ ᠮᠥᠨ᠂ ᠨᠠᠮ᠎ᠤᠨ ᠤᠯᠤᠰ ᠲᠦᠷᠦ ᠵᠢᠨ ᠰᠠᠬᠢᠯᠭ᠎ᠠ ᠪᠠᠲᠤ ᠵᠢ ᠵᠢᠷᠤᠮᠯᠠᠬᠤ ᠪᠣᠯ ᠨᠠᠮ᠎ᠤᠨ ᠪᠦᠬᠦ ᠰᠠᠬᠢᠯᠭ᠎ᠠ ᠪᠠᠲᠤ ᠵᠢ ᠵᠢᠷᠤᠮᠯᠠᠬᠤ ᠵᠢᠨ ᠰᠠᠭᠤᠷᠢ ᠮᠥᠨ᠃ ᠵᠣᠬᠢᠶᠠᠨ ᠪᠠᠶ᠋ᠢᠭᠤᠯᠤᠯᠲᠠ ᠨᠢᠭᠲᠠ ᠴᠢᠩᠭ᠎ᠠ ᠪᠠᠶ᠋ᠢᠬᠤ ᠪᠣᠯ ᠨᠠᠮ᠎ᠤᠨ ᠢᠷᠠᠭᠤ ᠠᠯᠳᠠᠷᠲᠤ ᠤᠯᠠᠮᠵᠢᠯᠠᠯ ᠪᠠ ᠥᠪᠡᠷᠮᠢᠴᠡ ᠳᠠᠪᠠᠭᠤᠯᠢᠭ ᠮᠥᠨ᠂ ᠵᠣᠬᠢᠶᠠᠨ ᠪᠠᠶ᠋ᠢᠭᠤᠯᠤᠯᠲᠠ ᠵᠢᠨ ᠰᠠᠬᠢᠯᠭ᠎ᠠ ᠪᠠᠲᠤ ᠪᠣᠯ ᠨᠠᠮ᠎ᠤᠨ ᠲᠥᠪᠯᠡᠷᠡᠩᠭᠦᠢ ᠨᠢᠭᠡᠳᠦᠯ᠎ᠢ ᠬᠠᠮᠠᠭ᠋ᠠᠯᠠᠬᠤ᠂ ᠨᠠᠮ᠎ᠤᠨ ᠲᠠᠶ᠋ᠢᠴᠢᠨ ᠬᠦᠴᠦᠨ᠎ᠢ ᠪᠠᠲᠤᠯᠠᠬᠤ ᠵᠢᠨ ᠴᠢᠬᠤᠯᠠ ᠪᠠᠲᠤᠯᠠᠭ᠎ᠠ ᠮᠥᠨ᠃ ᠤᠰᠤᠨ ᠠᠰᠢᠭᠯᠠᠯᠲᠠ ᠵᠢᠨ ᠰᠢᠰᠲ᠋ᠧᠮ᠎ᠤᠨ ᠪᠦᠬᠦ ᠨᠠᠮ᠎ᠤᠨ ᠭᠡᠰᠢᠭᠦᠨ ᠺᠠᠳ᠋ᠷ ᠴᠠᠭ ᠢᠮᠠᠭᠲᠠ ᠵᠥᠪ ᠤᠯᠤᠰ ᠲᠦᠷᠦ ᠵᠢᠨ ᠵᠣᠭᠰᠣᠯᠲᠠ᠎ᠪᠠᠨ ᠪᠠᠷᠢᠮᠲᠠᠯᠠᠵᠤ᠂ ᠤᠯᠤᠰ ᠲᠦᠷᠦ ᠵᠢᠨ ᠰᠠᠬᠢᠯᠭ᠎ᠠ ᠪᠠᠲᠤ ᠵᠢᠨ ᠬᠡᠷᠡᠭᠵᠢᠭᠦᠯᠬᠦ ᠬᠦᠴᠦᠨ ᠪᠣᠯᠤᠨ ᠬᠢᠵᠠᠭ᠋ᠠᠷᠯᠠᠬᠤ ᠬᠦᠴᠦᠨ ᠵᠶ᠋ᠠᠨ ᠢᠮᠠᠭᠲᠠ ᠴᠢᠩᠭ᠋ᠠᠳᠬᠠᠵᠤ᠂ ᠤᠯᠤᠰ ᠲᠦᠷᠦ ᠵᠢᠨ ᠰᠠᠬᠢᠯᠭ᠎ᠠ ᠪᠠᠲᠤ ᠵᠢᠨ ᠬᠥᠮᠦᠵᠢᠯ᠎ᠢ ᠦᠷᠭᠦᠯᠵᠢᠯᠡᠨ ᠴᠢᠩᠭ᠋ᠠᠳᠬᠠᠵᠤ᠂ ᠰᠠᠨᠠᠭ᠋ᠠᠴᠢᠯᠠᠭ᠎ᠠ᠎ᠠᠴᠠ᠎ᠪᠠᠨ ᠤᠯᠤᠰ ᠲᠦᠷᠦ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠤᠳᠤᠷᠢᠳᠬᠤ ᠺᠠᠳ᠋ᠷ᠎ᠤᠨ ᠵᠢᠱ᠌ᠢᠶ᠎ᠡ ᠦᠵᠡᠭᠦᠯᠵᠦ ᠬᠦᠳᠦᠯᠦᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠠᠮ ᠵᠶ᠋ᠠᠨ ᠬᠠᠶ᠋ᠢᠷᠠᠯᠠᠵᠤ᠂ ᠨᠠᠮ᠎ᠤᠨ ᠲᠥᠯᠥᠭᠡ ᠦᠭᠡ ᠬᠡᠯᠡᠵᠦ᠂ ᠨᠠᠮ᠎ᠤᠨ ᠲᠥᠯᠥᠭᠡ ᠰᠠᠨᠠᠭ᠋ᠠᠰᠢᠷᠠᠵᠤ᠂ ᠢᠮᠠᠭᠲᠠ ᠤᠯᠤᠰ ᠲᠦᠷᠦ ᠵᠢᠨ ᠲᠠᠯ᠎ᠠ᠎ᠪᠠᠷ᠎ᠬᠢ 《ᠮᠡᠷᠭᠡᠨ ᠬᠥᠮᠦᠨ》 ᠪᠣᠯᠬᠤ ᠬᠡᠷᠡᠭᠲᠡᠢ᠃  ᠵᠣᠬᠢᠶᠠᠨ ᠪᠠᠶ᠋ᠢᠭᠤᠯᠤᠯᠲᠠ ᠵᠢᠨ ᠦᠵᠡᠯᠲᠡ᠎ᠪᠠᠨ ᠴᠢᠩᠭ᠋ᠠᠳᠬᠠᠵᠤ᠂ ᠰᠠᠬᠢᠯᠭ᠎ᠠ ᠪᠠᠲᠤ ᠵᠢ ᠴᠢᠩᠭ᠎ᠠ ᠬᠡᠷᠡᠭᠵᠢᠭᠦᠯᠵᠦ᠂ ᠬᠠᠮᠢᠶᠠᠷᠤᠯᠲᠠ ᠬᠢᠨᠠᠯᠲᠠ ᠵᠢ ᠴᠢᠩᠭ᠋ᠠᠳᠬᠠᠵᠤ᠂ ᠨᠠᠮ᠎ᠤᠨ ᠳᠣᠲᠣᠭ᠋ᠠᠳᠤ ᠵᠢᠨ ᠠᠷᠠᠳᠴᠢᠯᠠᠯ᠎ᠢ ᠭᠦᠢ᠍ᠴᠡᠳ ᠪᠠᠳᠠᠷᠠᠭᠤᠯᠵᠤ᠂ 《ᠲᠦᠷᠪᠡ ᠵᠢ ᠳᠠᠭ᠋ᠠᠬᠤ》 ᠵᠢ ᠴᠢᠩᠭ᠎ᠠ ᠨᠠᠶ᠋ᠢᠳᠠᠪᠤᠷᠢᠵᠢᠭᠤᠯᠵᠤ᠂ ᠨᠠᠮ᠎ᠤᠨ ᠳᠣᠲᠣᠭ᠋ᠠᠳᠤ ᠵᠢᠨ ᠤᠯᠤᠰ ᠲᠦᠷᠦ ᠵᠢᠨ ᠠᠮᠢᠳᠤᠷᠠᠯ᠎ᠢ ᠴᠢᠩᠳᠠᠯᠠᠬᠤ ᠡᠨᠡ ᠬᠦ᠌ 《ᠴᠢᠬᠤᠯᠠ ᠡᠷᠳᠡᠨᠢ》 ᠵᠢ ᠠᠳᠬᠤᠵᠤ᠂ ᠬᠢᠨᠠᠨ ᠪᠠᠶ᠋ᠢᠴᠠᠭ᠋ᠠᠬᠤ᠂ ᠰᠢᠯᠭ᠋ᠠᠨ ᠦᠨᠡᠯᠡᠬᠦ ᠲᠣᠭᠲᠠᠴᠠ ᠵᠢ ᠪᠦᠷᠢᠨᠰᠢᠬᠦᠯᠵᠤ᠂ ᠵᠣᠬᠢᠶᠠᠨ ᠪᠠᠶ᠋ᠢᠭᠤᠯᠤᠯᠲᠠ ᠵᠢᠨ ᠲᠦᠷᠢᠮ᠎ᠤᠨ ᠬᠠᠲᠠᠭᠤ ᠬᠡᠷᠡᠭᠵᠢᠭᠦᠯᠦᠯᠲᠡ ᠵᠢ ᠠᠬᠢᠭᠤᠯᠵᠤ᠂ ᠮᠠᠨ᠎ᠤ ᠨᠠᠮ᠎ᠤᠨ ᠥᠪᠡᠷᠮᠢᠴᠡ ᠵᠣᠬᠢᠶᠠᠨ ᠪᠠᠶ᠋ᠢᠭᠤᠯᠤᠯᠲᠠ ᠵᠢᠨ ᠳᠠᠪᠠᠭᠤᠯᠢᠭ᠎ᠢ ᠦᠨᠡᠨ ᠬᠦ᠌ ᠨᠠᠮ᠎ᠤᠨ ᠭᠡᠰᠢᠭᠦᠨ ᠺᠠᠳ᠋ᠷᠴᠤᠳ᠎ᠤᠨ ᠡᠷᠡᠰ ᠪᠠᠲᠤ ᠵᠣᠬᠢᠶᠠᠨ ᠪᠠᠶ᠋ᠢᠭᠤᠯᠤᠯᠲᠠ ᠵᠢᠨ ᠦᠵᠡᠯᠲᠡ ᠪᠣᠯᠭ᠋ᠠᠨ ᠬᠤᠪᠢᠷᠠᠭᠤᠯᠬᠤ ᠬᠡᠷᠡᠭᠲᠡᠢ ᠭᠡᠵᠡᠢ᠃

   ᠬᠤᠷᠠᠯ᠎ᠠᠴᠠ ᠱᠠᠭ᠋ᠠᠷᠳᠠᠭᠰᠠᠨ᠎ᠨᠢ᠂ ᠰᠠᠬᠢᠯᠭ᠎ᠠ ᠪᠠᠲᠤ ᠵᠢᠨ ᠡᠨᠡ ᠬᠦ᠌ ᠨᠠᠮ᠎ᠢ ᠬᠠᠮᠢᠶᠠᠷᠴᠤ ᠨᠠᠮ᠎ᠢ ᠵᠠᠰᠠᠬᠤ 《ᠰᠡᠷᠭᠡᠶ᠋ᠢᠯᠡᠯᠲᠡ ᠵᠢᠨ ᠱᠤᠭᠤᠮ》᠎ᠢ ᠰᠠᠶ᠋ᠢᠲᠤᠷ ᠬᠡᠷᠡᠭᠯᠡᠵᠦ᠂ ᠨᠠᠮ᠎ᠤᠨ ᠰᠠᠬᠢᠯᠭ᠎ᠠ ᠪᠠᠲᠤ ᠵᠢ ᠨᠥᠬᠦᠴᠡᠯ ᠦᠭᠡᠢ᠎ᠪᠠᠷ ᠵᠢᠷᠤᠮᠯᠠᠬᠤ ᠬᠡᠷᠡᠭᠲᠡᠢ᠃ ᠤᠰᠤᠨ ᠠᠰᠢᠭᠯᠠᠯᠲᠠ ᠵᠢᠨ ᠰᠢᠰᠲ᠋ᠧᠮ᠎ᠤᠨ ᠪᠦᠬᠦ ᠨᠠᠮ᠎ᠤᠨ ᠭᠡᠰᠢᠭᠦᠨ ᠺᠠᠳ᠋ᠷᠴᠤᠳ 《ᠳᠦᠷᠢᠮ》᠎ᠳᠤ ᠵᠠᠰᠠᠪᠤᠷᠢ ᠣᠷᠣᠭᠤᠯᠬᠤ ᠵᠢᠨ ᠴᠢᠬᠤᠯᠠ ᠶᠡᠭᠡ ᠠᠴᠢ ᠬᠤᠯᠪᠣᠭᠳᠠᠯ᠎ᠢ ᠭᠦᠢ᠍ᠴᠡᠳ ᠲᠠᠨᠢᠵᠤ᠂ ᠰᠤᠷᠤᠯᠴᠠᠯᠭ᠎ᠠ ᠬᠥᠮᠦᠵᠢᠯ᠎ᠢ ᠰᠠᠶ᠋ᠢᠲᠤᠷ ᠠᠳᠬᠤᠬᠤ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ᠎ᠪᠠᠨ ᠴᠢᠩᠭ᠋ᠠᠳᠬᠠᠵᠤ᠂ ᠰᠠᠬᠢᠯᠭ᠎ᠠ ᠪᠠᠲᠤ ᠵᠢᠨ ᠤᠬᠠᠮᠰᠠᠷ ᠵᠶ᠋ᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠥᠪᠡᠷ᠎ᠢ᠎ᠪᠠᠨ ᠬᠢᠵᠠᠭ᠋ᠠᠷᠯᠠᠬᠤ᠎ᠪᠠᠨ ᠴᠢᠩᠭ᠋ᠠᠳᠬᠠᠵᠤ᠂ ᠦᠯᠦ ᠬᠠᠯᠳᠠᠭ᠋ᠠᠬᠤ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠶ᠃  ᠨᠠᠮ᠎ᠤᠨ ᠤᠯᠤᠰ ᠲᠦᠷᠦ ᠵᠢᠨ ᠰᠠᠬᠢᠯᠭ᠎ᠠ ᠪᠠᠲᠤ ᠵᠢ ᠴᠢᠩᠭ᠎ᠠ ᠰᠠᠬᠢᠵᠤ᠂ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠰᠠᠬᠢᠯᠭ᠎ᠠ ᠪᠠᠲᠤ ᠵᠢ ᠴᠢᠩᠳᠠᠯᠠᠵᠤ᠂ 《ᠲᠦᠷᠢᠮ》 ᠪᠣᠯ ᠨᠠᠮ᠎ᠢ ᠬᠠᠮᠢᠶᠠᠷᠴᠤ ᠨᠠᠮ᠎ᠢ ᠵᠠᠰᠠᠬᠤ ᠵᠢᠨ ᠪᠣᠳᠠᠲᠤ ᠬᠡᠷᠡᠭᠴᠡᠭᠡ ᠮᠥᠨ᠂ 《ᠲᠦᠷᠢᠮ》᠎ᠤᠨ ᠠᠭᠤᠯᠭ᠎ᠠ ᠵᠢ ᠦᠷᠭᠦᠯᠵᠢᠯᠡᠨ ᠨᠠᠷᠢᠨ ᠬᠢᠨᠠᠮᠠᠭ᠋ᠠᠢ ᠰᠤᠷᠤᠯᠴᠠᠵᠤ᠂ ᠤᠬᠠᠮᠰᠠᠷ᠎ᠠᠴᠠ᠎ᠪᠠᠨ ᠰᠠᠬᠢᠯᠭ᠎ᠠ ᠪᠠᠲᠤ ᠵᠢ ᠰᠤᠷᠤᠯᠴᠠᠬᠤ᠂ ᠰᠠᠬᠢᠯᠭ᠎ᠠ ᠪᠠᠲᠤ ᠵᠢ ᠮᠡᠳᠡᠬᠦ᠂ ᠰᠠᠬᠢᠯᠭ᠎ᠠ ᠪᠠᠲᠤ ᠵᠢ ᠣᠢ᠌ᠯᠠᠭ᠋ᠠᠬᠤ᠂ ᠰᠠᠬᠢᠯᠭ᠎ᠠ ᠪᠠᠲᠤ ᠵᠢ ᠰᠠᠬᠢᠬᠤ ᠵᠢ ᠪᠡᠶᠡᠯᠡᠭᠦᠯᠵᠦ᠂ ᠰᠠᠬᠢᠯᠭ᠎ᠠ ᠪᠠᠲᠤ ᠵᠢᠨ ᠬᠤᠷᠢᠭ᠎ᠠ ᠱᠤᠭᠤᠮ ᠪᠠ ᠰᠠᠬᠢᠯᠭ᠎ᠠ ᠪᠠᠲᠤ ᠵᠢᠨ ᠤᠬᠠᠮᠰᠠᠷ᠎ᠢ ᠰᠡᠳᠬᠢᠯ᠎ᠳᠡᠭᠡᠨ ᠰᠢᠩᠭᠡᠭᠡᠵᠦ᠂ ᠦᠢ᠍ᠯᠡ ᠠᠵᠢᠯᠯᠠᠭ᠎ᠠ᠎ᠳᠠᠭᠠᠨ ᠢᠯᠡᠷᠡᠭᠦᠯᠬᠦ ᠬᠡᠷᠡᠭᠲᠡᠢ᠃ ᠨᠣᠮᠣᠬᠠᠨ ᠰᠢᠳᠤᠷᠭᠤ᠎ᠪᠠᠷ ᠬᠥᠮᠦᠨ ᠪᠤᠯᠵᠤ᠂ ᠯᠠᠪᠳᠠᠭᠤᠨ ᠪᠠᠲᠤᠲᠠᠢ᠎ᠪᠠᠷ ᠠᠵᠢᠯᠯᠠᠵᠤ᠂ ᠠᠷᠢᠭᠤᠨ ᠴᠢᠬᠡᠴᠢ ᠨᠣᠶᠠᠨ ᠰᠠᠭᠤᠵᠤ᠂ ᠳᠠᠷᠤᠤ ᠬᠢᠴᠢᠶᠡᠩᠭᠦᠢ ᠪᠠᠶ᠋ᠢᠵᠤ᠂ ᠪᠤᠰᠤᠳᠴᠢ ᠲᠥᠪ ᠭᠤᠣᠯᠴᠢ ᠪᠠᠶ᠋ᠢᠵᠤ᠂ ᠰᠤᠷᠤᠯᠴᠠᠨ ᠪᠣᠳᠣᠯᠬᠢᠯᠠᠬᠤ᠎ᠪᠠᠨ ᠴᠢᠩᠭ᠋ᠠᠳᠬᠠᠵᠤ᠂ ᠠᠵᠢᠯ᠎ᠤᠨ ᠪᠠᠶ᠋ᠢᠷᠢ ᠵᠢᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠦᠰᠦᠨ ᠪᠤᠶ᠋ᠢᠵᠢᠬᠤ ᠰᠡᠳᠬᠢᠬᠦᠢ᠎ᠪᠠᠨ ᠪᠤᠶ᠋ᠢᠵᠢᠭᠤᠯᠵᠤ᠂ ᠰᠠᠬᠢᠯᠭ᠎ᠠ ᠪᠠᠲᠤ ᠵᠢᠨ ᠬᠤᠷᠢᠭ᠎ᠠ ᠱᠤᠭᠤᠮ᠎ᠢ ᠪᠠᠲᠤ ᠰᠠᠬᠢᠵᠤ᠂ ᠤᠶᠤᠨ ᠰᠠᠨᠠᠭ᠋ᠠᠨ᠎ᠤ ᠨᠢᠷᠤᠭᠤ ᠲᠤᠯᠭ᠋ᠠᠭᠤᠷᠢ ᠵᠢ ᠴᠣᠭᠴᠠᠯᠠᠵᠤ᠂ ᠵᠠᠰᠠᠭ ᠶᠠᠪᠤᠭᠤᠯᠬᠤ ᠵᠢ ᠴᠢᠩᠭ᠎ᠠ ᠵᠢᠷᠤᠮᠵᠢᠭᠤᠯᠵᠤ᠂ ᠤᠰᠤᠨ ᠠᠰᠢᠭᠯᠠᠯᠲᠠ ᠵᠢᠨ ᠰᠢᠰᠲ᠋ᠧᠮ᠎ᠤᠨ ᠰᠤᠷᠲᠠᠯ ᠴᠢᠬᠡᠴᠢ ᠣᠪᠣᠷ ᠲᠥᠪ ᠪᠠᠶ᠋ᠢᠬᠤ ᠠᠵᠢᠯ ᠬᠢᠵᠦ ᠦᠢ᠍ᠯᠡᠰ ᠪᠤᠰᠬᠠᠬᠤ ᠣᠷᠴᠢᠨ ᠲᠣᠭᠤᠷᠢᠨ᠎ᠢ ᠦᠨᠡᠨ ᠬᠦ᠌ ᠪᠤᠢ ᠪᠣᠯᠭ᠋ᠠᠬᠤ ᠬᠡᠷᠡᠭᠲᠡᠢ ᠭᠡᠵᠡᠢ᠃

   ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠣᠯ ᠳᠤᠭᠤᠶ᠋ᠢᠯᠠᠩ (ᠥᠷᠭᠡᠳᠬᠡᠭᠰᠡᠨ)᠎ᠤᠨ ᠪᠦᠷᠢᠯᠳᠦᠬᠦᠨ᠂ ᠬᠡᠰᠡᠭ ᠲᠢᠩᠬᠢᠮ᠎ᠤᠨ ᠬᠠᠷᠢᠶ᠎ᠠ ᠨᠢᠭᠡᠴᠢ ᠵᠢᠨ ᠤᠳᠤᠷᠢᠳᠬᠤ ᠪᠠᠭ᠎ᠤᠨ ᠪᠦᠷᠢᠯᠳᠦᠬᠦᠨ ᠬᠤᠷᠠᠯ᠎ᠳᠤ ᠣᠷᠣᠯᠴᠠᠪᠠ᠃

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠲᠢᠩᠬᠢᠮ ᠨᠠᠮ᠎ᠤᠨ ᠠᠵᠢᠯ᠎ᠤᠨ ᠺᠠᠳ᠋ᠷ᠎ᠤᠨ ᠴᠢᠳᠠᠪᠤᠷᠢ ᠬᠡᠪ ᠴᠢᠨᠠᠷ᠎ᠢ ᠳᠡᠭᠡᠭᠰᠢᠯᠡᠭᠦᠯᠵᠦ ᠪᠠᠲᠤ ᠴᠢᠩᠭ᠎ᠠ ᠪᠠᠬᠢᠯᠡᠯᠲᠡ ᠵᠢᠨ 《ᠵᠢᠱ᠌ᠢᠶᠡᠴᠢ》 ᠵᠢᠨ ᠨᠠᠮ᠎ᠤᠨ ᠡᠭᠦᠷ᠎ᠢ ᠡᠭᠦᠳᠦᠨ ᠪᠠᠶ᠋ᠢᠭᠤᠯᠬᠤ ᠠᠵᠢᠯ᠎ᠤᠨ ᠪᠣᠯᠪᠠᠰᠤᠷᠠᠯ ᠵᠢ ᠵᠤᠬᠢᠶᠠᠨ ᠪᠠᠢ᠌ᠭᠤᠯᠪᠠ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠶ ᠰᠡᠳᠦᠪᠲᠦ ᠨᠣᠮ ᠤᠩᠰᠢᠬᠤ ᠠᠩᠭᠢ ᠡᠷᠬᠢᠯᠡᠪᠡ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ ᠵᠢᠷᠭᠤᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠴᠢ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠡᠪᠯᠡᠯ᠎ᠤᠨ ᠬᠤᠷᠢᠶ᠎ᠠ 《ᠪᠣᠯᠪᠠᠰᠤᠨ ᠬᠦᠰᠡᠯ᠎ᠢ ᠪᠢ ᠤᠷᠢᠳᠠᠪᠠᠷ ᠰᠤᠷᠤᠯᠴᠠᠵᠤ ᠯᠸᠢ ᠹᠧᠩ᠎ᠤᠨ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ》 ᠵᠠᠯᠠᠭᠤᠴᠤᠳ᠎ᠤᠨ ᠰᠠᠶ᠋ᠢᠨ ᠳᠤᠷ᠎ᠠ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠥᠷᠨᠢᠭᠦᠯᠪᠡ
ᠤᠰᠤᠨ ᠠᠰᠢᠭᠯᠠᠯᠲᠠ ᠵᠢᠨ ᠲᠢᠩᠬᠢᠮ᠎ᠤᠨ ᠡᠪᠯᠡᠯ᠎ᠤᠨ ᠬᠤᠷᠢᠶ᠎ᠠ 《ᠨᠠᠮ᠎ᠤᠨ ᠠᠴᠢ ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ》 ᠵᠠᠯᠠᠭᠤᠴᠤᠳ᠎ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
 
            