ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠣᠨᠴᠠᠯᠢᠭᠲᠤ᠌ ᠳᠠᠪᠴᠠᠩ   -   ᠮᠡᠳᠡᠭᠡᠯᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ ᠵᠢᠷᠭᠤᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠴᠢ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-04-19

  4 ᠳ᠋ᠦ᠍ᠭᠡᠷ ᠰᠠᠷ᠎ᠠ ᠵᠢᠨ 19᠎ᠤ ᠡᠳᠦᠷ᠂ ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠲᠢᠩᠬᠢᠮ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ᠎ᠤᠨ ᠵᠢᠷᠭᠤᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠴᠢ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠰᠤᠷᠤᠯᠴᠠᠯᠭ᠎ᠠ ᠵᠢᠨ ᠬᠤᠷᠠᠯ᠎ᠢ ᠬᠤᠷᠠᠯᠳᠤᠭᠤᠯᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠱᠧᠩ ᠰᠢᠶᠣᠣ ᠶᠢᠥ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃


党纪学习教育学习会.png


   ᠬᠤᠷᠠᠯ᠎ᠠᠴᠠ 《ᠰᠢ ᠵᠢᠨ ᠫᠢᠩ᠄ ᠰᠠᠬᠢᠯᠭ᠎ᠠ ᠪᠠᠲᠤ ᠵᠢ ᠦᠨᠡᠨ ᠬᠦ᠌ ᠴᠠᠬᠢᠯᠭ᠋ᠠᠨ᠎ᠲᠠᠢ ᠥᠨᠳᠥᠷ ᠬᠦᠴᠦᠳᠡᠯᠲᠦ ᠴᠠᠬᠢᠯᠭ᠋ᠠᠨ ᠤᠲᠠᠰᠤ ᠪᠣᠯᠭ᠋ᠠᠬᠤ》᠂ 《ᠼᠠᠢ ᠴᠢ᠂ ᠯᠢ ᠰᠢ ᠨᠥᠬᠦᠷ᠎ᠤᠨ ᠲᠥᠪ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠵᠢᠷᠭᠤᠳᠤᠭ᠋ᠠᠷ ᠤᠳᠠᠭ᠎ᠠ ᠵᠢᠨ ᠬᠤᠷᠠᠯ ᠳᠡᠭᠡᠷᠡᠬᠢ ᠶᠠᠷᠢᠶ᠎ᠠ》᠂ 《ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠬᠤᠯᠪᠣᠭᠳᠠᠯ ᠪᠦᠬᠦᠢ ᠠᠰᠠᠭᠤᠳᠠᠯ᠎ᠤᠨ  ᠬᠠᠷᠢᠭᠤᠯᠲᠠ (ᠨᠢᠭᠡ)》 《ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠭᠤᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠬᠦ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》 ᠵᠡᠷᠭᠡ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠨᠣᠮ ᠤᠩᠰᠢᠬᠤ ᠠᠩᠬᠢ ᠵᠢᠴᠢ ᠤᠨᠤᠯ ᠰᠤᠷᠤᠯᠴᠠᠬᠤ ᠭᠤᠣᠯ ᠳᠤᠭᠤᠶ᠋ᠢᠯᠠᠩ᠎ᠤᠨ 2024 ᠣᠨ᠎ᠤ ᠳᠥᠷᠪᠡᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠲᠤᠬᠢᠷᠠᠭᠤᠯᠤᠨ ᠪᠠᠶ᠋ᠢᠷᠢᠯᠠᠭᠤᠯᠵᠠᠢ᠃

   ᠬᠤᠷᠠᠯ᠎ᠠᠴᠠ ᠴᠢᠬᠤᠯᠠᠴᠢᠯᠠᠭᠰᠠᠨ᠎ᠨᠢ ᠂ ᠲᠤᠰ ᠤᠳᠠᠭ᠎ᠠ ᠵᠢᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ ᠪᠣᠯ ᠨᠠᠮ᠎ᠤᠨ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠦᠨᠵᠡᠭᠡᠶ᠋ᠢᠷᠡᠭᠦᠯᠦᠨ ᠬᠥᠭᠵᠢᠭᠦᠯᠬᠦ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠨᠠᠮ᠎ᠤᠨ ᠭᠡᠰᠢᠭᠦᠨ᠎ᠤ ᠨᠠᠮᠴᠢ ᠴᠢᠨᠠᠷ᠎ᠤᠨ ᠪᠣᠯᠪᠠᠰᠤᠷᠠᠯ᠎ᠢ ᠳᠡᠭᠡᠭᠰᠢᠯᠡᠭᠦᠯᠬᠦ᠂ ᠨᠠᠮ᠎ᠤᠨ ᠲᠡᠷᠢᠭᠦᠨ᠎ᠤ ᠴᠢᠨᠠᠷ᠎ᠢ ᠪᠠᠲᠤᠯᠠᠬᠤ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠃  ᠤᠰᠤᠨ ᠠᠰᠢᠬᠯᠠᠯᠳᠠ ᠵᠢᠨ ᠲᠢᠩᠬᠢᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢᠨ ᠴᠢᠬᠤᠯᠠ ᠴᠢᠨᠠᠷ᠎ᠢ ᠭᠦᠨᠵᠡᠭᠡᠢ ᠣᠶ᠋ᠢᠯᠠᠭ᠋ᠠᠵᠤ᠂ ᠲᠤᠮᠤ ᠨᠠᠮ᠎ᠳᠤ ᠣᠨᠴᠠ ᠪᠠᠶ᠋ᠢᠬᠤ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠰᠡᠷᠭᠡᠭ ᠡᠷᠡᠰ ᠪᠠᠲᠤ ᠪᠠᠶ᠋ᠢᠬᠤ ᠵᠢ ᠢᠮᠠᠭᠲᠠ ᠪᠠᠲᠤᠯᠠᠵᠤ᠂ 《ᠮᠡᠳᠡᠭᠳᠡᠯ》᠎ᠤᠨ ᠱᠠᠭ᠋ᠠᠷᠳᠠᠯᠭ᠎ᠠ ᠵᠢ ᠲᠡᠷᠡ ᠶᠣᠰᠣᠭ᠋ᠠᠷ᠎ᠨᠢ ᠨᠠᠶ᠋ᠢᠳᠠᠪᠤᠷᠢᠵᠢᠭᠤᠯᠬᠤ ᠬᠡᠷᠡᠭᠲᠡᠢ᠃ ᠠᠵᠢᠯ ᠵᠶ᠋ᠠᠨ ᠨᠢᠭᠡᠳᠦᠯᠲᠡᠢ ᠲᠥᠯᠥᠪᠵᠢᠭᠦᠯᠬᠦ ᠵᠢ ᠴᠢᠩᠭ᠋ᠠᠳᠬᠠᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠡᠳᠦᠷ ᠳᠤᠳᠤᠮ᠎ᠤᠨ ᠠᠮᠢᠳᠤᠷᠠᠯ᠎ᠳᠤ ᠠᠭᠤᠰᠤᠯᠴᠠᠭᠤᠯᠵᠤ᠂ ᠪᠠᠶ᠋ᠢᠩᠭᠤ ᠠᠳᠬᠤᠵᠤ᠂ ᠰᠤᠷᠤᠯᠴᠠᠯᠭ᠎ᠠ ᠵᠢᠨ ᠭᠤᠣᠯᠳᠠᠯᠭ᠎ᠠ ᠵᠢ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠭᠡᠯ ᠥᠭᠬᠦ ᠲᠦᠷᠢᠮ》᠎ᠳᠤ ᠲᠥᠪᠯᠡᠷᠡᠭᠦᠯᠵᠦ᠂ 《ᠵᠢᠷᠭᠤᠭ᠋ᠠᠨ ᠵᠦᠢ᠍ᠯ᠎ᠤᠨ ᠰᠠᠬᠢᠯᠭ᠎ᠠ ᠪᠠᠲᠤ ᠵᠢᠨ ᠰᠢᠢ᠍ᠳᠭᠡᠯ ᠥᠭᠬᠦ ᠭᠤᠣᠯ ᠠᠭᠤᠯᠭ᠎ᠠ ᠪᠣᠯᠤᠨ ᠲᠣᠭᠲᠠᠭ᠋ᠠᠯ᠎ᠤᠨ ᠱᠠᠭ᠋ᠠᠷᠳᠠᠯᠭ᠎ᠠ ᠵᠢ ᠣᠨᠣᠪᠴᠢᠲᠠᠢ ᠡᠵᠡᠮᠳᠡᠵᠦ᠂ ᠲᠦᠷᠢᠮ ᠲᠣᠭᠲᠠᠭ᠋ᠠᠯ ᠳᠠᠷᠠᠭ᠋ᠠᠯᠠᠨ ᠰᠤᠷᠤᠯᠴᠠᠬᠤ᠂ ᠪᠣᠳᠠᠲᠠᠢ᠎ᠲᠠᠢ ᠤᠶᠠᠯᠳᠤᠭᠤᠯᠤᠨ ᠰᠤᠷᠤᠯᠴᠠᠬᠤ ᠵᠢ ᠪᠠᠷᠢᠮᠲᠠᠯᠠᠵᠤ᠂ ᠬᠡᠷᠡᠭ ᠵᠶ᠋ᠠᠷ ᠰᠤᠷᠤᠯᠴᠠᠯᠭ᠎ᠠ ᠵᠢ ᠠᠬᠢᠭᠤᠯᠬᠤ᠂ ᠰᠤᠷᠭ᠋ᠠᠯᠲᠠ᠎ᠪᠠᠷ ᠰᠤᠷᠤᠯᠭ᠎ᠠ ᠵᠢ ᠲᠡᠳᠬᠦᠬᠦ ᠵᠢ ᠰᠠᠶ᠋ᠢᠲᠤᠷ ᠠᠳᠬᠤᠬᠤ ᠬᠡᠷᠡᠭᠲᠡᠢ᠃  ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠲᠥᠰᠦᠯ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠬᠠᠷᠢᠭᠤᠴᠠᠯᠭ᠎ᠠ ᠵᠢ ᠦᠨᠡᠨ ᠬᠦ᠌ ᠰᠠᠶ᠋ᠢᠲᠤᠷ ᠠᠳᠬᠤᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠵᠢᠯᠣᠭᠤᠳᠤᠨ ᠠᠬᠢᠭᠤᠯᠬᠤ ᠵᠢ ᠴᠢᠩᠭ᠋ᠠᠳᠬᠠᠵᠤ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠴᠢᠩᠳᠠᠯᠠᠵᠤ᠂ ᠤᠰᠤᠨ ᠠᠰᠢᠭᠯᠠᠯᠲᠠ ᠵᠢᠨ ᠰᠢᠰᠲ᠋ᠧᠮ᠎ᠤᠨ ᠨᠠᠮ᠎ᠤᠨ ᠭᠡᠰᠢᠭᠦᠨ ᠤᠳᠤᠷᠢᠳᠬᠤ ᠺᠠᠳ᠋ᠷᠴᠤᠳ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠴᠢᠨᠠᠷ ᠰᠠᠶ᠋ᠢᠲᠠᠢ ᠪᠡᠶᠡᠯᠡᠭᠦᠯᠬᠦ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠡᠢ᠃

   ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠦᠷᠢᠯᠳᠦᠭᠦᠯᠵᠦ᠂ 《ᠨᠢᠭᠡᠳᠦᠭᠡᠷ ᠵᠥᠪᠯᠡᠬᠦ ᠰᠡᠳᠦᠪ》᠎ᠤᠨ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠨᠠᠮ᠎ᠤᠨ ᠤᠳᠤᠷᠢᠳᠬᠤ ᠳᠤᠭᠤᠶ᠋ᠢᠯᠠᠩ (ᠨᠠᠮ᠎ᠤᠨ ᠬᠤᠷᠢᠶ᠎ᠠ)᠎ᠤᠨ ᠤᠨᠤᠯ᠎ᠤᠨ ᠰᠤᠷᠤᠯᠴᠠᠯᠭ᠎ᠠ ᠵᠢᠨ ᠭᠤᠣᠯ ᠳᠤᠭᠤᠶ᠋ᠢᠯᠠᠩ᠎ᠤᠨ ᠰᠤᠷᠤᠯᠴᠠᠯᠭ᠎ᠠ ᠵᠢᠨ ᠲᠦᠷᠢᠮ᠎ᠢ ᠪᠦᠷᠢᠨᠰᠢᠬᠦᠯᠵᠤ᠂ ᠨᠠᠮ᠎ᠤᠨ ᠲᠦᠷᠢᠮ᠎ᠤᠨ ᠰᠤᠷᠤᠯᠴᠠᠯᠭ᠎ᠠ ᠬᠥᠮᠦᠵᠢᠯ᠎ᠢ ᠴᠢᠩᠭ᠋ᠠᠳᠬᠠᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠪᠠᠶ᠋ᠢᠩᠭᠤᠵᠢᠭᠤᠯᠤᠨ ᠤᠷᠳᠤ ᠬᠤᠭᠤᠴᠠᠭ᠎ᠠ᠎ᠪᠠᠷ ᠪᠦᠲᠦᠮᠵᠢᠲᠡᠢ ᠥᠷᠨᠢᠭᠦᠯᠬᠦ ᠬᠡᠷᠡᠭᠲᠡᠢ᠃  ᠤᠯᠤᠰ ᠲᠥᠷᠥ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠤᠰᠤᠨ ᠠᠰᠢᠭᠯᠠᠯᠲᠠ ᠵᠢᠨ ᠰᠢᠰᠲ᠋ᠧᠮ᠎ᠤᠨ ᠡᠯ᠎ᠡ ᠱᠠᠲᠤᠨ᠎ᠤ ᠤᠳᠤᠷᠢᠳᠬᠤ ᠪᠠᠭ᠎ᠤᠨ ᠪᠦᠷᠢᠯᠳᠦᠬᠦᠨ ᠨᠡᠷ ᠰᠡᠳᠦᠪ ᠳᠠᠭ᠋ᠠᠭᠤᠯᠤᠨ ᠪᠠᠶ᠋ᠢᠴᠠᠭ᠋ᠠᠨ ᠰᠤᠳᠤᠯᠤᠯᠲᠠ ᠬᠢᠬᠦ ᠲᠦᠷᠢᠮ᠎ᠢ ᠲᠡᠭᠦᠯᠳᠡᠷᠵᠢᠭᠦᠯᠵᠦ᠂ 《ᠭᠦᠨᠵᠡᠭᠡᠶ᠂ ᠪᠣᠳᠠᠲᠠᠶ᠂ ᠨᠠᠷᠢᠯᠢᠭ᠂ ᠣᠨᠣᠪᠴᠢᠲᠠᠶ᠂ ᠪᠦᠲᠦᠮᠵᠢᠲᠠᠢ》 ᠭᠡᠬᠦ ᠲᠠᠪᠤᠨ ᠲᠠᠯ᠎ᠠ ᠵᠢ ᠰᠠᠶ᠋ᠢᠲᠤᠷ ᠬᠡᠷᠡᠭᠯᠡᠵᠦ᠂ 《ᠳᠥᠷᠪᠡᠨ ᠦᠭᠡᠢ ᠬᠤᠶᠠᠷ ᠰᠢᠭᠤᠳ》 ᠠᠷᠭ᠎ᠠ ᠬᠡᠯᠪᠡᠷᠢ ᠵᠢ ᠠᠪᠬᠤ ᠵᠢ ᠴᠢᠬᠤᠯᠠᠴᠢᠯᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠵᠠᠰᠠᠭ᠎ᠤᠨ ᠠᠵᠢᠯ᠎ᠤᠨ ᠪᠦᠲᠦᠮᠵᠢ ᠵᠢᠨ ᠦᠵᠡᠯᠲᠡ ᠵᠢ ᠪᠣᠶ ᠪᠣᠯᠭ᠋ᠠᠬᠤ ᠪᠠ ᠦᠢ᠍ᠯᠡᠳᠦᠯᠭᠡᠵᠢᠭᠦᠯᠬᠦ ᠲᠤᠬᠠᠶ ᠴᠢᠬᠤᠯᠠ ᠥᠭᠦᠯᠡᠯᠲᠡ ᠵᠢ ᠭᠦᠨᠵᠡᠭᠡᠶ ᠰᠤᠷᠤᠯᠴᠠᠨ ᠣᠶ᠋ᠢᠯᠠᠭ᠋ᠠᠬᠤ ᠲᠤᠰᠬᠠᠶ ᠰᠡᠳᠦᠪᠲᠦ ᠬᠥᠮᠦᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠨᠠᠮ᠎ᠤᠨ ᠭᠡᠰᠢᠭᠦᠨ ᠺᠠᠳ᠋ᠷᠴᠤᠳ᠎ᠤᠨ 《ᠬᠤᠶᠠᠷ᠎ᠢ ᠨᠡᠷ᠎ᠡ ᠮᠡᠳᠡᠭᠦᠯᠬᠦ᠂ ᠬᠤᠶᠠᠷ᠎ᠢ ᠦᠢ᠍ᠯᠡᠴᠢᠯᠡᠬᠦ᠂ ᠬᠤᠶᠠᠷ᠎ᠢ ᠮᠡᠳᠡᠭᠦᠯᠬᠦ》 ᠲᠦᠷᠢᠮ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠶ᠃ ᠡᠮᠦᠨ᠎ᠡ᠎ᠨᠢ ᠶᠠᠪᠤᠵᠤ ᠦᠯᠢᠭᠡᠷ ᠳᠠᠭᠤᠷᠢᠶᠠᠯ ᠪᠤᠯᠵᠤ᠂ ᠺᠠᠳ᠋ᠷᠴᠤᠳ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ ᠵᠢ ᠤᠷᠮᠠᠰᠢᠭᠤᠯᠤᠨ ᠵᠣᠷᠢᠭᠵᠢᠭᠤᠯᠬᠤ ᠠᠷᠭ᠎ᠠ ᠬᠡᠮᠵᠢᠶ᠎ᠡ᠎ᠨᠦᠭᠦᠳ᠎ᠢ ᠨᠠᠶ᠋ᠢᠳᠠᠪᠤᠷᠢᠵᠢᠭᠤᠯᠵᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠬᠤ ᠵᠢ ᠴᠥᠬᠦᠷᠡᠰᠢ ᠦᠭᠡᠢ ᠪᠠᠷᠢᠮᠲᠠᠯᠠᠵᠤ᠂ 《ᠰᠢᠨ᠎ᠡ ᠲᠦᠷᠢ ᠲᠥᠷᠬᠦ ᠵᠢᠨ ᠢᠨᠵᠧᠨᠧᠷᠢᠩ》᠎ᠢ ᠦᠷᠭᠦᠯᠵᠢᠯᠡᠨ ᠰᠡᠷᠭᠡᠶ᠋ᠢᠯᠡᠨ ᠵᠠᠯᠠᠷᠠᠭᠤᠯᠵᠤ᠂ ᠲᠤᠪᠤᠶ᠋ᠢᠮ᠎ᠠ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠵᠤ ᠴᠡᠭᠴᠡᠯᠡᠨ ᠵᠠᠰᠠᠬᠤ ᠵᠢ ᠰᠠᠶ᠋ᠢᠲᠤᠷ ᠠᠳᠬᠤᠬᠤ ᠬᠡᠷᠡᠭᠲᠡᠢ ᠭᠡᠵᠡᠢ᠃

   ᠬᠤᠷᠠᠯ᠎ᠠᠴᠠ ᠱᠠᠭ᠋ᠠᠷᠳᠠᠭᠰᠠᠨ᠎ᠨᠢ᠂  ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠴᠢᠬᠤᠯᠠ ᠤᠯᠤᠰ ᠲᠦᠷᠦ ᠵᠢᠨ ᠡᠭᠦᠷᠭᠡ ᠪᠣᠯᠭ᠋ᠠᠵᠤ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠬᠡᠯᠪᠡᠷᠢᠴᠢ ᠦᠵᠡᠯ᠎ᠢ ᠴᠢᠩᠭ᠎ᠠ ᠴᠡᠭᠡᠷᠯᠡᠵᠦ᠂ ᠠᠵᠢᠯ ᠵᠶ᠋ᠠᠨ ᠨᠢᠭᠡᠳᠦᠯᠲᠡᠢ ᠲᠥᠯᠥᠪᠵᠢᠭᠦᠯᠬᠦ ᠵᠢ ᠰᠠᠶ᠋ᠢᠲᠤᠷ ᠠᠳᠬᠤᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢ ᠨᠠᠮ᠎ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠴᠢᠬᠤᠯᠠ ᠶᠡᠭᠡ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠂ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠲᠠᠢ ᠨᠢᠭᠲᠠ ᠤᠶᠠᠯᠳᠤᠭᠤᠯᠵᠤ᠂ ᠤᠰᠤᠨ ᠠᠰᠢᠭᠯᠠᠯᠲᠠ ᠵᠢᠨ ᠰᠢᠰᠲ᠋ᠧᠮ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠵᠢ ᠪᠠᠲᠤᠯᠠᠬᠤ ᠬᠡᠷᠡᠭᠲᠡᠢ ᠭᠡᠵᠡᠢ᠃   ᠭᠤᠤᠯ ᠰᠡᠳᠦᠪᠲᠦ ᠬᠥᠮᠦᠵᠢᠯ ᠪᠣᠯᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠪᠠᠬᠢᠵᠢᠭᠦᠯᠦᠨ ᠥᠷᠭᠡᠳᠬᠡᠬᠦ ᠵᠢ ᠤᠶᠠᠯᠳᠤᠭᠤᠯᠵᠤ᠂ ᠭᠤᠤᠯ ᠴᠣᠭᠴᠠ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ ᠨᠠᠶ᠋ᠢᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠰᠤᠳᠤᠯᠤᠨ ᠲᠣᠭᠲᠠᠭ᠋ᠠᠵᠤ᠂ ᠪᠣᠳᠠᠲᠠᠶ ᠡᠭᠦᠷᠭᠡ᠂ ᠠᠷᠭ᠋ᠠᠴᠠᠬᠤ ᠠᠷᠭ᠎ᠠ ᠬᠡᠮᠵᠢᠶ᠎ᠡ᠂ ᠬᠠᠷᠢᠭᠤᠴᠠᠯᠭ᠎ᠠ ᠨᠢᠬᠡᠪᠦᠷᠢ ᠵᠢ ᠦᠨᠡᠨ ᠬᠦ᠌ ᠲᠣᠳᠣᠷᠬᠠᠶ ᠪᠤᠯᠭ᠋ᠠᠵᠤ᠂ ᠲᠣᠳᠣᠷᠬᠠᠶ ᠲᠣᠭᠲᠠᠭ᠋ᠠᠵᠤ᠂ ᠰᠠᠶ᠋ᠢᠲᠤᠷ ᠨᠠᠶ᠋ᠢᠳᠠᠪᠤᠷᠢᠵᠢᠭᠤᠯᠬᠤ ᠬᠡᠷᠡᠭᠲᠡᠶ᠃ ᠨᠢᠭᠤᠴᠠ ᠵᠢ ᠬᠠᠮᠠᠭ᠋ᠠᠯᠠᠬᠤ ᠰᠠᠬᠢᠯᠭ᠎ᠠ ᠪᠠᠲᠤ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠢᠭᠤᠴᠠ᠎ᠳᠤ ᠬᠤᠯᠪᠣᠭᠳᠠᠬᠤ ᠪᠤᠰᠤ ᠪᠢᠴᠢᠭ ᠮᠠᠲ᠋ᠧᠷᠢᠶᠠᠯ᠎ᠤᠨ ᠮᠡᠳᠡᠭᠡ ᠵᠠᠩᠭᠢ ᠵᠡᠷᠭᠡ ᠠᠰᠠᠭᠤᠳᠠᠯ ᠭᠠᠷᠬᠤ ᠵᠢ ᠡᠷᠡᠰ ᠬᠤᠷᠢᠭᠯᠠᠬᠤ ᠬᠡᠷᠡᠭᠲᠡᠶ ᠭᠡᠵᠡᠢ᠃

   ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠣᠯ ᠳᠤᠭᠤᠶ᠋ᠢᠯᠠᠩ (ᠥᠷᠭᠡᠳᠬᠡᠭᠰᠡᠨ)᠎ᠤᠨ ᠪᠦᠷᠢᠯᠳᠦᠬᠦᠨ ᠬᠤᠷᠠᠯ᠎ᠳᠤ ᠣᠷᠣᠯᠴᠠᠪᠠ᠃

  (ᠡᠬᠡ ᠪᠢᠴᠢᠭ᠎ᠢ ᠲᠢᠩᠬᠢᠮ᠎ᠤᠨ ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ᠎ᠠᠴᠠ ᠬᠠᠩᠭ᠋ᠠᠪᠠ)

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠡᠪᠯᠡᠯ᠎ᠤᠨ ᠬᠤᠷᠢᠶ᠎ᠠ 《ᠪᠣᠯᠪᠠᠰᠤᠨ ᠬᠦᠰᠡᠯ᠎ᠢ ᠪᠢ ᠤᠷᠢᠳᠠᠪᠠᠷ ᠰᠤᠷᠤᠯᠴᠠᠵᠤ ᠯᠸᠢ ᠹᠧᠩ᠎ᠤᠨ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ》 ᠵᠠᠯᠠᠭᠤᠴᠤᠳ᠎ᠤᠨ ᠰᠠᠶ᠋ᠢᠨ ᠳᠤᠷ᠎ᠠ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠥᠷᠨᠢᠭᠦᠯᠪᠡ
ᠤᠰᠤᠨ ᠠᠰᠢᠭᠯᠠᠯᠲᠠ ᠵᠢᠨ ᠲᠢᠩᠬᠢᠮ᠎ᠤᠨ ᠡᠪᠯᠡᠯ᠎ᠤᠨ ᠬᠤᠷᠢᠶ᠎ᠠ 《ᠨᠠᠮ᠎ᠤᠨ ᠠᠴᠢ ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ》 ᠵᠠᠯᠠᠭᠤᠴᠤᠳ᠎ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠵᠢᠯᠲᠠᠨ᠎ᠤ ᠶᠠᠪᠤᠳᠠᠯ᠎ᠤᠨ ᠭᠠᠵᠠᠷ ᠵᠡᠷᠭᠡ 5 ᠨᠠᠮ᠎ᠤᠨ ᠡᠭᠦᠷ ᠬᠠᠮᠲᠤᠷᠠᠨ ᠰᠠᠶ᠋ᠢᠨ ᠳᠤᠷ᠎ᠠ ᠵᠢᠨ ᠦᠢ᠍ᠯᠡᠴᠢᠯᠡᠭᠡ ᠵᠢ ᠨᠡᠶ᠋ᠢᠭᠡᠮ ᠲᠣᠭᠤᠷᠢᠭ᠎ᠲᠤ ᠣᠷᠣᠭᠤᠯᠬᠤ ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠲᠢᠩᠬᠢᠮ 2024 ᠣᠨ᠎ᠤ ᠨᠠᠮ᠎ᠤᠨ ᠪᠠᠶ᠋ᠢᠭᠤᠯᠤᠯᠲᠠ ᠪᠠ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠭᠤᠯᠪᠠ
 
            