ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠷᠭᠡᠨ ᠣᠯᠠᠨ ᠡᠪᠯᠡᠯ᠎ᠤᠨ ᠭᠡᠰᠢᠭᠦᠨ ᠵᠠᠯᠠᠭᠤᠴᠤᠳ᠎ᠢ ᠬᠥᠮᠦᠵᠢᠭᠦᠯᠦᠨ ᠵᠢᠯᠣᠭᠤᠳᠴᠤ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ ᠵᠢᠨ ᠲᠥᠯᠥᠭᠡ᠂ 2 ᠳ᠋ᠤᠭ᠋ᠠᠷ ᠰᠠᠷ᠎ᠠ ᠵᠢᠨ 2᠎ᠤᠨ ᠡᠳᠦᠷ᠂ ᠤᠰᠤᠨ ᠠᠰᠢᠭᠯᠠᠯᠲᠠ ᠵᠢᠨ ᠲᠢᠩᠬᠢᠮ᠎ᠤᠨ ᠡᠪᠯᠡᠯ᠎ᠤᠨ ᠬᠤᠷᠢᠶ᠎ᠠ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ》 ᠵᠠᠯᠠᠭᠤᠴᠤᠳ᠎ᠤᠨ ᠭᠤᠤᠯ ᠰᠡᠳᠦᠪᠲᠦ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠵᠡᠰᠬᠦᠯᠡᠩ᠎ᠤᠨ ᠣᠷᠳᠣᠨ᠎ᠳᠤ ᠬᠦᠷᠴᠦ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ》 ᠭᠤᠤᠯ ᠰᠡᠳᠦᠪᠲᠦ ᠦᠵᠡᠭᠦᠯᠭᠡ ᠵᠢ ᠲᠣᠭᠤᠷᠢᠨ ᠦᠵᠡᠪᠡ᠃

ᠭᠤᠣᠯ ᠰᠡᠳᠦᠪᠲᠦ ᠦᠵᠡᠭᠦᠯᠭᠡ ᠵᠢ ᠦᠵᠡᠬᠦ᠎ᠪᠠᠷ ᠳᠠᠮᠵᠢᠨ᠂ ᠤᠰᠤᠨ ᠠᠰᠢᠭᠯᠠᠯᠲᠠ ᠵᠢᠨ ᠰᠢᠰᠲ᠋ᠧᠮ᠎ᠤᠨ ᠡᠪᠯᠡᠯ᠎ᠤᠨ ᠭᠡᠰᠢᠭᠦᠨ ᠵᠠᠯᠠᠭᠤᠴᠤᠳ 《ᠵᠢᠷᠭᠤᠭ᠋ᠠᠨ ᠥᠭᠦᠯᠡᠪᠦᠷᠢ ᠵᠢᠨ ᠪᠣᠳᠠᠲᠤ ᠶᠠᠪᠤᠳᠠᠯ ᠪᠠ ᠶᠣᠰᠣ ᠤᠴᠢᠷ》᠎ᠢ ᠨᠡᠩ ᠭᠦᠨᠵᠡᠭᠡᠢ ᠣᠶ᠋ᠢᠯᠠᠭ᠋ᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠳᠤ ᠲᠠᠯᠪᠢᠭᠰᠠᠨ ᠭᠦᠨ ᠵᠤᠵᠠᠭ᠋ᠠᠨ ᠬᠠᠶ᠋ᠢᠷ᠎ᠠ ᠬᠠᠯᠠᠮᠵᠢ ᠪᠠ ᠬᠦᠰᠡᠯ ᠨᠠᠶ᠋ᠢᠳᠠᠯᠭ᠎ᠠ ᠵᠢ ᠭᠦᠨᠵᠡᠭᠡᠢ ᠣᠶ᠋ᠢᠯᠠᠭ᠋ᠠᠪᠠ᠃ ᠤᠯᠠᠨ ᠵᠶ᠋ᠠᠷ ᠵᠶ᠋ᠠᠨ᠂ ᠥᠪᠡᠷᠲᠡᠭᠡᠨ ᠵᠠᠰᠠᠬᠤ ᠣᠷᠣᠨ᠎ᠳᠤ ᠦᠢ᠍ᠯᠡᠴᠢᠯᠡᠵᠦ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ ᠪᠠ ᠰᠢᠨ᠎ᠡ ᠵᠠᠮ᠎ᠢ ᠨᠡᠭᠡᠭᠡᠵᠦ ᠳᠤᠮᠳᠠ ᠲᠦᠪᠰᠢᠨ᠎ᠳᠤ ᠤᠷᠣᠬᠣ ᠬᠠᠷᠠᠯᠲᠠ᠎ᠲᠠᠢ ᠨᠢᠭᠲᠠ ᠤᠶᠠᠯᠳᠤᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ 《ᠮᠣᠩᠭᠤᠯ ᠮᠣᠷᠢᠨ᠎ᠤ ᠵᠣᠷᠢᠭ ᠰᠠᠨᠠᠭ᠎ᠠ》 ᠪᠣᠯᠤᠨ 《ᠤᠮᠠᠷᠠᠲᠤ ᠵᠢᠨ ᠭᠤᠷᠪᠠᠨ ᠤᠷᠤᠨ᠎ᠤ ᠵᠣᠷᠢᠭ ᠰᠠᠨᠠᠭ᠎ᠠ》 ᠵᠢ ᠶᠡᠬᠡᠪᠡᠷ ᠪᠠᠳᠠᠷᠠᠭᠤᠯᠵᠤ᠂ ᠴᠢᠩᠭ᠎ᠠ ᠠᠴᠢ ᠬᠠᠷᠢᠭᠤᠯᠠᠬᠤ ᠰᠡᠳᠬᠢᠯᠭᠡ ᠪᠣᠯᠤᠨ ᠡᠷᠡᠯᠬᠡᠭᠯᠡᠨ ᠤᠷᠤᠭᠰᠢᠯᠠᠬᠤ ᠵᠣᠷᠢᠭ ᠵᠶ᠋ᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠰᠢᠨ᠎ᠡ ᠱᠠᠳᠤ ᠦᠶ᠎ᠡ ᠵᠢᠨ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ᠃
ᠲᠢᠩᠬᠢᠮ᠎ᠤᠨ ᠪᠠᠶ᠋ᠢᠭᠤᠯᠭ᠎ᠠ ᠪᠠ ᠲᠢᠩᠬᠢᠮ᠎ᠤᠨ ᠬᠠᠷᠢᠶ᠎ᠠ ᠨᠢᠭᠡᠴᠢ ᠵᠢᠨ 40 ᠭᠠᠷᠤᠶ ᠡᠪᠯᠡᠯ᠎ᠤᠨ ᠭᠡᠰᠢᠭᠦᠨ ᠵᠠᠯᠠᠭᠤᠴᠤᠳ ᠠᠵᠢᠯᠯᠠᠭ᠎ᠠ᠎ᠳᠤ ᠣᠷᠣᠯᠴᠠᠪᠠ᠃