ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠣᠨᠴᠠᠯᠢᠭᠲᠤ᠌ ᠳᠠᠪᠴᠠᠩ   -   ᠮᠡᠳᠡᠭᠡᠯᠡᠯ
ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠲᠢᠩᠬᠢᠮ 2024 ᠣᠨ᠎ᠤ ᠨᠠᠮ᠎ᠤᠨ ᠪᠠᠶ᠋ᠢᠭᠤᠯᠤᠯᠲᠠ ᠪᠠ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-03-08

  3 ᠳ᠋ᠤᠭ᠋ᠠᠷ ᠰᠠᠷ᠎ᠠ ᠵᠢᠨ 6᠎ᠤ ᠡᠳᠦᠷ᠂ ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠲᠢᠩᠬᠢᠮ 2024 ᠣᠨ᠎ᠤ ᠨᠠᠮ᠎ᠤᠨ ᠪᠠᠶ᠋ᠢᠭᠤᠯᠤᠯᠲᠠ ᠪᠠ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠭᠤᠯᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠱᠧᠩ ᠰᠢᠶᠣᠣ ᠶᠢᠥ ᠬᠤᠷᠠᠯ᠎ᠳᠤ ᠣᠷᠣᠯᠴᠠᠨ ᠶᠠᠷᠢᠶ᠎ᠠ       ᠲᠠᠯᠪᠢᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ ᠹᠠᠨ ᠵᠦᠩ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠬᠤ ᠵᠢᠨ ᠬᠠᠮᠲᠤ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠰᠠᠨᠠᠯ ᠵᠶ᠋ᠠᠨ ᠳᠤᠷᠠᠳᠴᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠫᠧᠩ ᠶᠠ ᠯᠢ ᠬᠤᠷᠠᠯ᠎ᠢ ᠡᠷᠬᠢᠯᠡᠪᠡ᠃


党风廉政建设工作会议.png


   ᠬᠤᠷᠠᠯ᠎ᠠᠴᠠ ᠨᠠᠮ᠎ᠤᠨ ᠪᠠᠶ᠋ᠢᠭᠤᠯᠤᠯᠲᠠ ᠪᠣᠯᠤᠨ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠡᠷᠡᠰ ᠭᠤᠶ᠋ᠢᠪᠢᠰᠢ ᠦᠭᠡᠢ ᠠᠬᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠪᠠᠶ᠋ᠢᠭᠤᠯᠤᠯᠲᠠ ᠵᠢᠨ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠨᠠᠮ᠎ᠤᠨ ᠥᠪᠡᠷ᠎ᠤᠨ ᠪᠡᠶ᠎ᠡ᠎ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠵᠤ᠂ ᠬᠤᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ 2023 ᠣᠨ᠎ᠤ ᠨᠠᠮ᠎ᠤᠨ ᠪᠠᠶ᠋ᠢᠭᠤᠯᠤᠯᠲᠠ ᠪᠣᠯᠤᠨ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠴᠢ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠤᠣᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠮᠡᠳᠡᠭᠳᠡᠵᠦ᠂ ᠴᠢᠬᠡᠴᠢ ᠵᠠᠰᠠᠭ᠎ᠤᠨ ᠰᠡᠷᠡᠮᠵᠢ ᠵᠢᠨ ᠬᠥᠮᠦᠵᠢᠯ᠎ᠤᠨ ᠹᠢᠯᠢᠮ᠎ᠢ ᠲᠥᠪᠯᠡᠷᠡᠭᠦᠯᠦᠨ ᠦᠵᠡᠵᠦ᠂ ᠬᠤᠯᠪᠣᠭᠳᠠᠯ ᠪᠦᠬᠦᠢ ᠭᠤᠣᠯᠳᠠᠯᠭ᠎ᠠ᠎ᠲᠠᠢ ᠠᠵᠢᠯ᠎ᠢ ᠲᠤᠬᠢᠷᠠᠭᠤᠯᠤᠨ ᠪᠠᠶ᠋ᠢᠷᠢᠯᠠᠭᠤᠯᠵᠠᠢ᠃

   ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ 2023 ᠣᠨ᠎ᠳᠤ ᠤᠰᠤᠨ ᠠᠰᠢᠭᠯᠠᠯᠲᠠ ᠵᠢᠨ ᠲᠢᠩᠬᠢᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠨᠢ ᠨᠠᠮ᠎ᠤᠨ ᠪᠠᠶ᠋ᠢᠭᠤᠯᠤᠯᠲᠠ ᠪᠣᠯᠤᠨ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠠᠵᠢᠯ᠎ᠤᠨ ᠭᠤᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠤᠣᠯ ᠴᠣᠭᠴᠠ ᠵᠢᠨ ᠬᠠᠷᠢᠭᠤᠴᠠᠯᠭ᠎ᠠ ᠵᠢ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠤᠯᠤᠰ ᠲᠦᠷᠦ ᠵᠢᠨ ᠪᠠᠶ᠋ᠢᠭᠤᠯᠤᠯᠲᠠ ᠵᠢ ᠨᠡᠩ ᠪᠠᠲᠤ ᠴᠢᠩᠭ᠎ᠠ ᠪᠣᠯᠭ᠋ᠠᠵᠤ᠂ ᠬᠠᠷᠢᠭᠤᠴᠠᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠨᠡᠩ ᠴᠢᠩᠭ᠎ᠠ ᠪᠣᠳᠠᠲᠠᠢ ᠬᠦᠴᠦᠨ᠎ᠲᠠᠢ ᠪᠣᠯᠭ᠋ᠠᠵᠤ᠂ ᠤᠨᠤᠯ ᠵᠶ᠋ᠠᠷ ᠵᠡᠪᠰᠡᠭᠯᠡᠬᠦ ᠵᠢ ᠨᠡᠩ ᠭᠦᠨᠵᠡᠭᠡᠢ ᠰᠢᠰᠲ᠋ᠧᠮ᠎ᠲᠠᠢ ᠪᠣᠯᠭ᠋ᠠᠵᠤ᠂ ᠲᠦᠷᠢᠮ᠎ᠤᠨ ᠰᠢᠰᠲ᠋ᠧᠮ᠎ᠢ ᠨᠡᠩ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠢᠯ᠎ᠤᠨ ᠰᠤᠷᠲᠠᠯ᠎ᠢ ᠨᠡᠩ ᠴᠢᠩᠭ᠎ᠠ ᠪᠥᠭᠡᠳ ᠥᠨᠳᠥᠷ ᠪᠦᠲᠦᠮᠵᠢᠲᠡᠢ ᠪᠣᠯᠭ᠋ᠠᠵᠤ᠂ ᠬᠦᠳᠦᠯᠦᠨ ᠳᠠᠭ᠋ᠠᠭᠤᠯᠬᠤ ᠦᠢ᠍ᠯᠡᠳᠦᠯ᠎ᠢ ᠨᠡᠩ ᠬᠦᠴᠦᠲᠡᠢ ᠪᠣᠯᠭ᠋ᠠᠵᠤ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠵᠢ ᠬᠡᠷᠡᠭᠵᠢᠭᠦᠯᠬᠦ ᠨᠡᠩ ᠪᠣᠳᠠᠲᠠᠢ ᠣᠨᠣᠴᠠᠲᠠᠢ ᠪᠣᠯᠭ᠋ᠠᠵᠤ᠂ ᠠᠵᠢᠯ᠎ᠤᠨ ᠭᠤᠣᠯ ᠱᠤᠭᠤᠮ᠎ᠢ ᠨᠡᠩ ᠢᠯᠡ ᠲᠣᠳᠣ ᠪᠣᠯᠭ᠋ᠠᠵᠤ᠂ ᠨᠠᠮ᠎ᠤᠨ ᠪᠠᠶ᠋ᠢᠭᠤᠯᠤᠯᠲᠠ ᠪᠣᠯᠤᠨ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠠᠵᠢᠯ ᠰᠢᠨ᠎ᠡ ᠲᠠᠪᠰᠢᠯᠳᠠ᠎ᠲᠠᠢ ᠪᠣᠯᠵᠠᠢ ᠭᠡᠵᠡᠢ᠃

   ᠬᠤᠷᠠᠯ᠎ᠠᠴᠠ ᠴᠢᠬᠤᠯᠠᠴᠢᠯᠠᠭᠰᠠᠨ᠎ᠨᠢ᠂ 2024  ᠣᠨ  ᠪᠣᠯ ᠶᠡᠷᠦᠩᠬᠡᠢ ᠱᠦᠵᠢ ᠰᠢ ᠵᠢᠨ ᠫᠢᠩ᠎ᠤᠨ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ ᠴᠢᠬᠤᠯᠠ ᠶᠠᠷᠢᠶ᠎ᠠ ᠲᠠᠯᠪᠢᠭᠰᠠᠨ 10 ᠵᠢᠯ᠎ᠤᠨ ᠤᠢ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠡᠭᠦᠷᠭᠡ ᠵᠢ ᠪᠡᠶᠡᠯᠡᠭᠦᠯᠬᠦ ᠵᠠᠩᠭᠢᠯᠠᠭ᠎ᠠ ᠵᠢᠨ ᠨᠢᠭᠡ ᠵᠢᠯ ᠪᠣᠯᠤᠨ᠎ᠠ᠃  ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠪᠠᠶ᠋ᠢᠭᠤᠯᠤᠯᠲᠠ ᠵᠢᠨ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠨᠠᠮ᠎ᠤᠨ ᠥᠪᠡᠷ᠎ᠤᠨ ᠪᠡᠶ᠎ᠡ᠎ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠨᠠᠶ᠋ᠢᠳᠠᠪᠤᠷᠢᠵᠢᠭᠤᠯᠵᠤ᠂ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶᠠᠨ᠎ᠤ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠣᠨᠣᠪᠴᠢᠲᠠᠢ ᠡᠵᠡᠮᠳᠡᠵᠦ᠂ ᠦᠵᠡᠯ ᠰᠠᠨᠠᠭ᠎ᠠ ᠪᠣᠯᠤᠨ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠬᠡᠵᠦ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠭᠦᠨᠵᠡᠭᠡᠶ᠋ᠢᠷᠡᠨ ᠬᠥᠭᠵᠢᠬᠦ ᠵᠢ ᠴᠢᠷᠮᠠᠶ᠋ᠢᠨ ᠠᠬᠢᠭᠤᠯᠵᠤ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠶᠠᠰᠤ ᠴᠢᠨᠠᠷ ᠦᠷ᠎ᠡ ᠪᠦᠲᠦᠮᠵᠢ ᠵᠢ ᠶᠡᠭᠡ᠎ᠪᠠᠷ ᠳᠡᠭᠡᠭᠰᠢᠯᠡᠭᠦᠯᠵᠦ᠂ ᠨᠠᠮ᠎ᠤᠨ ᠪᠠᠶ᠋ᠢᠭᠤᠯᠤᠯᠲᠠ ᠪᠣᠯᠤᠨ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠬᠦᠳᠦᠯᠦᠨ ᠳᠠᠭ᠋ᠠᠭᠤᠯᠬᠤ ᠪᠠ ᠦᠢ᠍ᠯᠡᠴᠢᠯᠡᠬᠦ᠎ᠪᠠᠷ ᠪᠦᠬᠦ ᠣᠷᠣᠨ᠎ᠤ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠬᠦᠳᠦᠯᠦᠨ ᠳᠠᠭ᠋ᠠᠭᠤᠯᠬᠤ ᠪᠠ ᠪᠠᠲᠤᠯᠠᠬᠤ ᠬᠡᠷᠡᠭᠲᠡᠢ ᠭᠡᠵᠡᠢ᠃

   ᠬᠤᠷᠠᠯ᠎ᠠᠴᠠ ᠴᠢᠬᠤᠯᠠᠴᠢᠯᠠᠭᠰᠠᠨ᠎ᠨᠢ᠂ 2024 ᠣᠨ᠎ᠤ ᠨᠠᠮ᠎ᠤᠨ ᠪᠠᠶ᠋ᠢᠭᠤᠯᠤᠯᠲᠠ ᠪᠣᠯᠤᠨ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠠᠵᠢᠯ᠎ᠢ ᠴᠢᠩᠭ᠎ᠠ ᠪᠣᠳᠠᠲᠠᠢ ᠰᠠᠶ᠋ᠢᠲᠤᠷ ᠬᠢᠬᠦ ᠬᠡᠷᠡᠭᠲᠡᠢ᠃ ᠨᠢᠭᠡ᠎ᠳᠤ᠂ ᠤᠯᠤᠰ ᠲᠥᠷᠥ ᠵᠢᠨ ᠪᠠᠶ᠋ᠢᠭᠤᠯᠤᠯᠲᠠ ᠵᠢ ᠬᠦᠴᠦᠯᠡᠨ ᠴᠢᠩᠭ᠋ᠠᠳᠬᠠᠵᠤ᠂ ᠤᠯᠤᠰ ᠲᠥᠷᠥ ᠵᠢᠨ ᠪᠠᠶ᠋ᠢᠭᠤᠯᠭ᠎ᠠ ᠵᠢᠨ ᠤᠬᠠᠮᠰᠠᠷ᠎ᠢ ᠪᠠᠲᠤ ᠪᠠᠬᠢ ᠪᠣᠶ ᠪᠣᠯᠭ᠋ᠠᠵᠤ᠂ ᠤᠮᠠᠷᠠᠲᠤ ᠬᠢᠯᠢ ᠵᠢᠨ ᠵᠢᠱ᠌ᠢᠶᠡᠴᠢ ᠪᠠᠶ᠋ᠢᠭᠤᠯᠭ᠎ᠠ ᠵᠢ ᠯᠠᠪᠳᠠᠭᠤᠨ ᠪᠠᠲᠤᠲᠠᠶ ᠡᠭᠦᠳᠦᠨ ᠪᠠᠶ᠋ᠢᠭᠤᠯᠵᠤ᠂ 《ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠣᠨ》᠎ᠤ ᠱᠠᠭ᠋ᠠᠷᠳᠠᠯᠭ᠎ᠠ ᠶᠣᠰᠣᠭ᠋ᠠᠷ᠂ ᠲᠥᠷᠥ ᠵᠢᠨ ᠶᠠᠪᠤᠳᠠᠯ᠎ᠤᠨ ᠬᠤᠷᠢᠶᠠᠨ᠎ᠤ 《ᠰᠠᠨᠠᠯ》 ᠵᠢᠴᠢ ᠤᠰᠤᠨ ᠠᠰᠢᠭᠯᠠᠯᠲᠠ ᠵᠢᠨ ᠶᠠᠮᠤᠨ᠎ᠤ ᠢᠵᠢ ᠪᠥᠷᠢᠳᠦᠭᠦᠯᠬᠦ ᠠᠷᠭ᠎ᠠ ᠬᠡᠮᠵᠢᠶ᠎ᠡ ᠵᠡᠷᠭᠡ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ 《ᠴᠠᠭ᠋ᠠᠰᠤᠨ ᠳᠡᠭᠡᠷ᠎ᠡ》 ᠪᠠᠶ᠋ᠢᠭᠰᠠᠨ᠎ᠠᠴᠠ 《ᠭᠠᠵᠠᠷ ᠳᠡᠭᠡᠷᠡᠬᠢ》 ᠪᠣᠯᠭ᠋ᠠᠪᠠ᠃  ᠬᠤᠶᠠᠷ᠎ᠲᠤ᠂ ᠣᠨᠣᠯ ᠵᠶ᠋ᠠᠷ ᠵᠡᠪᠰᠡᠭᠯᠡᠬᠦ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠰᠤᠷᠤᠯᠴᠠᠨ ᠣᠶ᠋ᠢᠯᠠᠭ᠋ᠠᠵᠤ ᠨᠡᠪᠲᠡᠷᠡᠲᠡᠯ᠎ᠡ ᠣᠶ᠋ᠢᠯᠠᠭ᠋ᠠᠵᠤ ᠪᠣᠳᠠᠲᠠᠶ᠋ᠢᠵᠢᠭᠤᠯᠬᠤ ᠳᠡᠭᠡᠷ᠎ᠡ ᠬᠦᠴᠦ ᠲᠠᠯᠪᠢᠵᠤ᠂ ᠭᠤᠤᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠳᠡᠭᠡᠭᠰᠢᠯᠡᠭᠦᠯᠬᠦ ᠲᠠᠯ᠎ᠠ᠎ᠪᠠᠷ ᠪᠣᠳᠠᠲᠤ ᠦᠷ᠎ᠡ ᠪᠦᠲᠦᠮᠵᠢ ᠣᠯᠵᠤ᠂ ᠰᠡᠳᠬᠢᠴᠡ ᠠᠷᠭ᠎ᠠ ᠵᠢᠨ ᠲᠠᠯ᠎ᠠ᠎ᠪᠠᠷ ᠰᠢᠨ᠎ᠡ ᠵᠢ ᠡᠭᠦᠳᠬᠦ ᠲᠠᠯ᠎ᠠ᠎ᠪᠠᠷ ᠰᠢᠨ᠎ᠡ ᠰᠢᠪᠲᠤᠯᠤᠯᠲᠠ᠎ᠲᠠᠢ ᠪᠣᠯᠭ᠋ᠠᠵᠤ᠂ ᠰᠡᠳᠬᠢᠯ ᠰᠠᠨᠠᠭ᠎ᠠ᠎ᠪᠠᠨ ᠨᠢᠭᠲᠠᠷᠠᠭᠤᠯᠤᠨ ᠰᠦᠭ ᠰᠦᠨᠡᠰᠦ᠎ᠪᠠᠨ ᠴᠣᠭᠴᠠᠯᠠᠬᠤ ᠵᠢ ᠴᠥᠬᠦᠷᠡᠰᠢ ᠥᠬᠡᠶ ᠪᠠᠷᠢᠮᠲᠠᠯᠠᠬᠤ ᠬᠡᠷᠡᠭᠲᠡᠶ᠃  ᠭᠤᠷᠪᠠ᠎ᠳᠤ᠂ ᠠᠵᠢᠯ᠎ᠤᠨ ᠭᠤᠤᠯ ᠱᠤᠭᠤᠮ᠎ᠢ ᠡᠷᠡᠰ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠲᠣᠣᠷ᠎ᠢ ᠪᠠᠶ᠋ᠢᠭᠤᠯᠬᠤ ᠶᠠᠪᠤᠴᠠ᠎ᠳᠤ 《ᠠᠮᠢ ᠨᠠᠰᠤ ᠵᠢ ᠳᠡᠭᠡᠳᠦᠯᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ》 ᠵᠢ ᠰᠠᠨᠠᠭ᠋ᠠᠴᠢᠯᠠᠵᠤ᠂ ᠬᠦᠳᠡᠭᠡ ᠲᠤᠰᠬᠤᠨ ᠮᠠᠯᠵᠢᠬᠤ ᠣᠷᠣᠨ᠎ᠤ ᠠᠮᠤᠷ ᠲᠦᠪᠰᠢᠨ ᠤᠰᠤ ᠤᠮᠳᠠ ᠵᠢ ᠪᠠᠲᠤᠯᠠᠬᠤ ᠳᠤᠮᠳᠠ 《ᠠᠮᠢ ᠠᠬᠤᠶ ᠵᠢ ᠳᠡᠭᠡᠳᠦᠯᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ》 ᠵᠢ ᠰᠠᠨᠠᠭ᠋ᠠᠴᠢᠯᠠᠵᠤ᠂   ᠬᠦᠳᠡᠭᠡ ᠲᠤᠰᠬᠤᠨ ᠮᠠᠯᠵᠢᠬᠤ ᠣᠷᠣᠨ᠎ᠤ ᠠᠮᠤᠷ ᠲᠦᠪᠰᠢᠨ ᠤᠰᠤ ᠤᠮᠳᠠ ᠵᠢ ᠪᠠᠲᠤᠯᠠᠬᠤ ᠳᠤᠮᠳᠠ 《  ᠤᠰᠤ ᠵᠢ᠎ᠨᠢ ᠤᠤᠭᠤᠪᠠᠯ ᠡᠬᠢ ᠵᠢ᠎ᠨᠢ ᠪᠤᠤ ᠮᠠᠷᠲᠠ᠂ ᠨᠠᠮ᠎ᠳᠠᠭᠠᠨ ᠲᠠᠯᠠᠷᠬᠠᠬᠤ》 ᠵᠢ ᠰᠠᠨᠠᠭ᠋ᠠᠴᠢᠯᠠᠵᠤ᠂ ᠭᠤᠤᠯ ᠮᠥᠷᠡᠨ ᠨᠠᠭᠤᠷ ᠴᠥᠭᠦᠷᠥᠮ᠎ᠢ ᠬᠠᠮᠠᠭ᠋ᠠᠯᠠᠨ ᠵᠠᠰᠠᠬᠤ ᠳᠤᠮᠳᠠ 《  ᠬᠠᠮᠲᠤ᠎ᠪᠠᠷ ᠵᠠᠰᠠᠵᠤ ᠬᠠᠮᠲᠤ᠎ᠪᠠᠷ ᠬᠠᠮᠢᠶᠠᠷᠬᠤ᠂ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ》 ᠵᠡᠷᠭᠡ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠢᠯᠡ ᠲᠣᠳᠣ ᠣᠶ᠋ᠢᠯᠠᠭ᠋ᠠᠭᠳᠠᠬᠤᠨ᠎ᠢ ᠰᠠᠨᠠᠭ᠋ᠠᠴᠢᠯᠠᠵᠤ᠂ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ》 ᠣᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠭᠦᠨᠵᠡᠭᠡᠶ᠋ᠢᠷᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠢᠯᠡ ᠲᠣᠳᠣ ᠲᠦᠷᠦᠭᠳᠡᠯ᠎ᠲᠠᠢ ᠪᠦᠲᠦᠮᠵᠢᠲᠡᠶ ᠪᠠᠲᠤ ᠪᠠᠬᠢ ᠪᠤᠢ ᠪᠣᠯᠭ᠋ᠠᠬᠤ ᠬᠡᠷᠡᠭᠲᠡᠶ ᠭᠡᠵᠦ ᠴᠢᠬᠤᠯᠠᠴᠢᠯᠠᠪᠠ᠃  ᠲᠦᠷᠪᠡ᠎ᠳᠤ᠂ ᠨᠠᠮ᠎ᠤᠨ ᠡᠭᠦᠷ᠎ᠤᠨ ᠰᠠᠭᠤᠷᠢ ᠵᠢ ᠪᠣᠳᠠᠲᠠᠢ ᠠᠳᠬᠤᠨ ᠬᠦᠴᠦᠷᠬᠡᠭᠵᠢᠭᠦᠯᠵᠦ᠂ 《ᠤᠰᠤᠨ ᠠᠰᠢᠭᠯᠠᠯᠲᠠ ᠵᠢᠨ ᠲᠢᠩᠬᠢᠮ᠎ᠤᠨ ᠢᠯᠡ ᠲᠣᠳᠣ ᠠᠳᠠᠯᠢᠳᠬᠠᠬᠤ ᠠᠵᠢᠯᠯᠠᠭ᠎ᠠ ᠵᠢᠨ ᠲᠠᠪᠴᠠᠩ》᠎ᠢ ᠶᠡᠷᠦᠩᠬᠡᠶ᠋ᠢᠯᠡᠨ ᠬᠡᠷᠡᠭᠯᠡᠵᠦ᠂ 《ᠨᠢᠭᠡ ᠨᠢᠭᠡᠴᠢ ᠨᠢᠭᠡ ᠣᠨᠴᠠᠯᠢᠭ》᠂ 《ᠨᠢᠭᠡ ᠨᠠᠮ᠎ᠤᠨ ᠡᠭᠦᠷ ᠨᠢᠭᠡ ᠲᠦᠷᠦᠯ ᠲᠡᠮᠲᠡᠭᠲᠦ》 ᠶᠣᠰᠣᠭ᠋ᠠᠷ ᠪᠠᠲᠤ ᠴᠢᠩᠭ᠎ᠠ ᠪᠠᠬᠢᠯᠡᠯᠲᠡ ᠵᠢᠨ 《ᠵᠢᠱ᠌ᠢᠶᠡᠴᠢ》 ᠨᠠᠮ᠎ᠤᠨ ᠡᠭᠦᠷ᠎ᠢ ᠡᠭᠦᠳᠦᠨ ᠪᠠᠶ᠋ᠢᠭᠤᠯᠬᠤ ᠠᠵᠢᠯ᠎ᠢ ᠠᠬᠢᠭᠤᠯᠵᠤ᠂ 《ᠪᠠᠶ᠋ᠢᠴᠠᠭ᠋ᠠᠨ ᠰᠤᠳᠤᠯᠬᠤ》 ᠠᠵᠢᠯ᠎ᠢ ᠳᠡᠯᠭᠡᠷᠡᠭᠦᠯᠦᠨ ᠬᠡᠷᠡᠭᠯᠡᠵᠦ᠂ ᠠᠵᠢᠯ᠎ᠳᠤ ᠪᠠᠶ᠋ᠢᠭ᠎ᠠ ᠨᠠᠮ᠎ᠤᠨ ᠭᠡᠰᠢᠭᠦᠨ ᠺᠠᠳ᠋ᠷᠴᠤᠳ᠎ᠤᠨ 《ᠬᠣᠣᠰ ᠨᠡᠷ᠎ᠡ ᠮᠡᠳᠡᠭᠦᠯᠬᠦ᠂ ᠬᠣᠣᠰ ᠦᠢ᠍ᠯᠡᠴᠢᠯᠡᠬᠦ᠂ ᠬᠣᠣᠰ ᠮᠡᠳᠡᠭᠦᠯᠦᠯᠲᠡ》 ᠠᠵᠢᠯ᠎ᠢ ᠠᠬᠢᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠯᠤᠰ ᠲᠦᠷᠦ ᠵᠢᠨ ᠴᠢᠳᠠᠪᠬᠢ ᠪᠣᠯᠤᠨ ᠵᠣᠬᠢᠶᠠᠨ ᠪᠠᠶ᠋ᠢᠭᠤᠯᠤᠯᠲᠠ ᠵᠢᠨ ᠴᠢᠳᠠᠮᠵᠢ ᠵᠢ ᠲᠠᠰᠤᠷᠠᠯᠳᠠ ᠦᠭᠡᠢ ᠴᠢᠩᠭ᠋ᠠᠳᠬᠠᠬᠤ ᠬᠡᠷᠡᠭᠲᠡᠢ᠃  ᠲᠠᠪᠤ᠎ᠳᠤ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠢ ᠰᠠᠶ᠋ᠢᠲᠤᠷ ᠠᠳᠬᠤᠵᠤ᠂ ᠶᠡᠷᠦᠩᠬᠡᠢ ᠱᠦᠵᠢ ᠰᠢ ᠵᠢᠨ ᠫᠢᠩ᠎ᠤᠨ 《ᠵᠢᠭᠰᠠᠭ᠋ᠠᠯ᠎ᠤᠨ ᠭᠠᠵᠠᠷ᠎ᠢ ᠪᠤᠯᠢᠶᠠᠯᠳᠤᠬᠤ᠂ ᠬᠥᠮᠦᠰ᠎ᠤᠨ ᠰᠡᠳᠬᠢᠯ᠎ᠢ ᠪᠤᠯᠢᠶᠠᠯᠳᠤᠬᠤ᠂ ᠤᠯᠠᠨ ᠲᠦᠮᠡᠨ᠎ᠢ ᠪᠤᠯᠢᠶᠠᠯᠳᠤᠬᠤ》 ᠲᠤᠬᠠᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠶ᠋ᠢᠳᠠᠪᠤᠷᠢᠵᠢᠭᠤᠯᠵᠤ᠂ ᠤᠯᠤᠰ ᠲᠦᠷᠦ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠤᠬᠠᠭᠤᠯᠵᠤ ᠬᠦᠳᠦᠯᠦᠨ ᠵᠢᠯᠣᠭᠤᠳᠬᠤ ᠵᠢ ᠴᠢᠩᠭ᠋ᠠᠳᠬᠠᠵᠤ᠂ ᠵᠢᠭᠰᠠᠭ᠋ᠠᠯ᠎ᠤᠨ ᠭᠠᠵᠠᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠪᠦᠬᠦ ᠨᠡᠶ᠋ᠢᠭᠡᠮ ᠵᠶ᠋ᠠᠷ ᠵᠶ᠋ᠠᠨ ᠤᠰᠤᠨ ᠠᠰᠢᠭᠯᠠᠯᠲᠠ ᠵᠢᠨ ᠠᠵᠢᠯ᠎ᠢ ᠬᠠᠯᠠᠮᠵᠢᠯᠠᠬᠤ ᠵᠢ ᠬᠦᠳᠦᠯᠦᠨ ᠵᠢᠯᠣᠭᠤᠳᠴᠤ᠂ ᠤᠰᠤᠨ᠎ᠤ ᠡᠬᠢ ᠪᠠᠶᠠᠯᠢᠭ᠎ᠢ ᠠᠷᠪᠢᠯᠠᠵᠤ ᠤᠰᠤᠨ᠎ᠤ ᠠᠮᠢ ᠠᠬᠤᠢ ᠵᠢ ᠬᠠᠮᠠᠭ᠋ᠠᠯᠠᠪᠠ᠃  ᠵᠢᠷᠭᠤᠭ᠎ᠠ᠎ᠳᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠬᠤ ᠵᠢ ᠰᠢᠨᠲᠠᠷᠠᠰᠢ ᠦᠭᠡᠢ ᠪᠠᠷᠢᠮᠲᠠᠯᠠᠵᠤ᠂ ᠲᠤᠪᠤᠶ᠋ᠢᠮ᠎ᠠ ᠠᠰᠠᠭᠤᠳᠠᠯ᠎ᠢ ᠴᠢᠩᠭ᠎ᠠ ᠠᠩᠬᠠᠷᠴᠤ ᠴᠡᠭᠴᠡᠯᠡᠨ ᠰᠠᠶ᠋ᠢᠵᠢᠷᠠᠭᠤᠯᠬᠤ ᠵᠢ ᠠᠳᠬᠤᠵᠤ᠂ 《ᠠᠷᠪᠢᠯᠠᠨ ᠭᠠᠮᠨᠠᠬᠤ》 ᠦᠵᠡᠯ ᠰᠠᠨᠠᠭ᠎ᠠ ᠵᠢ ᠪᠠᠲᠤ ᠪᠤᠢ ᠪᠣᠯᠭ᠋ᠠᠵᠤ᠂ 《ᠲᠦᠷᠪᠡᠨ ᠰᠤᠷᠲᠠᠯ》᠎ᠢ ᠡᠷᠡᠰ ᠵᠠᠯᠠᠷᠠᠭᠤᠯᠵᠤ ᠰᠢᠨ᠎ᠡ ᠰᠤᠷᠲᠠᠯ᠎ᠢ ᠪᠤᠢ ᠪᠣᠯᠭ᠋ᠠᠨ᠎ᠠ᠃ ᠵᠠᠩᠭᠢᠯᠠᠭ᠎ᠠ ᠵᠢᠨ ᠠᠰᠠᠭᠤᠳᠠᠯ᠎ᠢ ᠴᠢᠩᠭ᠎ᠠ ᠠᠩᠬᠠᠷᠴᠤ ᠰᠡᠷᠭᠡᠶ᠋ᠢᠯᠡᠬᠦ ᠵᠢ ᠠᠳᠬᠤᠵᠤ᠂ 《ᠪᠠᠷᠢᠮᠵᠢᠶ᠎ᠠ ᠵᠢ ᠳᠡᠭᠡᠭᠰᠢᠯᠡᠭᠦᠯᠬᠦ᠂ ᠬᠤᠷᠳᠤᠴᠠ ᠵᠢ ᠲᠦᠷᠭᠡᠳᠬᠡᠬᠦ᠂ ᠦᠷ᠎ᠡ ᠪᠦᠲᠦᠮᠵᠢ ᠵᠢ ᠳᠡᠭᠡᠭᠰᠢᠯᠡᠭᠦᠯᠬᠦ》 ᠲᠤᠰᠬᠠᠢ ᠠᠵᠢᠯᠯᠠᠭ᠎ᠠ ᠵᠢ ᠭᠦᠨᠵᠡᠭᠡᠶ᠋ᠢᠷᠡᠭᠦᠯᠵᠦ᠂ 《ᠦᠯᠦ ᠦᠢ᠍ᠯᠡᠳᠬᠦᠢ᠂ ᠤᠳᠠᠭ᠋ᠠᠨ ᠦᠢ᠍ᠯᠡᠳᠬᠦᠢ᠂ ᠳᠤᠷ᠎ᠠ᠎ᠪᠠᠷ ᠦᠢ᠍ᠯᠡᠳᠬᠦ》᠂ 《ᠭᠤᠷᠪᠠᠨ ᠤᠯᠠᠨ᠂ ᠭᠤᠷᠪᠠᠨ ᠴᠦᠬᠡᠨ᠂ ᠭᠤᠷᠪᠠᠨ ᠤᠳᠠᠭ᠋ᠠᠨ》᠂ 《ᠤᠳᠠᠭ᠋ᠠᠨ ᠪᠦᠳᠦᠭᠦᠯᠢᠭ ᠬᠡᠢ᠌ᠰᠪᠦᠷᠢ》᠂ 《ᠰᠢᠨ᠎ᠡ ᠲᠦᠷᠢ ᠲᠥᠷᠬᠦ ᠵᠢᠨ          ᠢᠨᠵᠧᠨᠧᠷᠢᠩ》 ᠵᠡᠷᠭᠡ ᠠᠰᠠᠭᠤᠳᠠᠯ᠎ᠢ ᠭᠤᠣᠯᠳᠠᠯᠭ᠎ᠠ᠎ᠲᠠᠢ ᠴᠡᠭᠴᠡᠯᠡᠨ ᠵᠠᠰᠠᠬᠤ ᠬᠡᠷᠡᠭᠲᠡᠢ᠃  ᠰᠤᠷᠲᠠᠯ᠎ᠤᠨ ᠠᠰᠠᠭᠤᠳᠠᠯ᠎ᠢ ᠴᠢᠩᠭ᠎ᠠ ᠠᠩᠬᠠᠷᠴᠤ ᠰᠠᠬᠢᠯᠭ᠎ᠠ ᠪᠠᠲᠤ ᠵᠢ ᠠᠳᠬᠤᠵᠤ᠂ ᠲᠥᠪᠯᠡᠷᠡᠩᠭᠦᠶ ᠴᠢᠨᠠᠷᠲᠠᠶ ᠰᠠᠬᠢᠯᠭ᠎ᠠ ᠪᠠᠲᠤ ᠵᠢᠨ ᠬᠥᠮᠦᠵᠢᠯ᠎ᠢ ᠨᠠᠷᠢᠨ ᠬᠢᠨᠠᠮᠠᠭ᠋ᠠᠶ ᠥᠷᠨᠢᠭᠦᠯᠵᠦ᠂ 《ᠴᠢᠩᠭ᠎ᠠ ᠲᠠᠷᠨᠢ》 ᠵᠢ ᠰᠠᠶ᠋ᠢᠲᠤᠷ ᠤᠩᠰᠢᠵᠤ᠂ 《ᠠᠮᠤᠷ ᠲᠦᠪᠰᠢᠨ᠎ᠤ ᠨᠡᠭᠡᠯᠡᠬᠡᠶ》 ᠵᠢ ᠰᠠᠶ᠋ᠢᠲᠤᠷ ᠬᠢᠵᠦ᠂ ᠨᠠᠮ᠎ᠤᠨ ᠲᠣᠭᠲᠠᠭ᠋ᠠᠯ ᠨᠠᠮ᠎ᠤᠨ ᠰᠠᠬᠢᠯᠭ᠎ᠠ ᠪᠠᠲᠤ ᠵᠢᠨ ᠲᠠᠯ᠎ᠠ᠎ᠪᠠᠷ ᠰᠡᠳᠬᠢᠯ ᠲᠠᠯᠪᠢᠬᠤ ᠥᠬᠡᠶ᠂ ᠣᠶ᠋ᠢᠯᠠᠭ᠋ᠠᠬᠤ ᠥᠬᠡᠶ᠂ ᠡᠵᠡᠮᠰᠢᠬᠦ ᠥᠬᠡᠶ ᠵᠡᠷᠭᠡ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠨ᠎ᠡ᠃ ᠡᠵᠡᠩᠨᠡᠯᠲᠡ ᠠᠷᠠᠯᠵᠢᠶᠠᠨ᠎ᠤ ᠣᠷᠴᠢᠨ ᠲᠣᠭᠤᠷᠢᠨ᠎ᠤ ᠠᠰᠠᠭᠤᠳᠠᠯ᠎ᠢ ᠴᠢᠩᠭ᠎ᠠ ᠠᠩᠬᠠᠷᠴᠤ ᠦᠢ᠍ᠯᠡᠴᠢᠯᠡᠭᠡ ᠵᠢ ᠠᠳᠬᠤᠵᠤ᠂ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢᠨ ᠢᠨᠵᠧᠨᠧᠷᠢᠩ ᠵᠶ᠋ᠠᠷ ᠭᠠᠷᠳᠠᠴᠠ ᠪᠣᠯᠭ᠋ᠠᠵᠤ᠂ ᠠᠮᠠᠯᠠᠯᠲᠠ᠎ᠪᠠᠨ ᠦᠢ᠍ᠯᠡᠳᠦᠯᠭᠡᠵᠢᠭᠦᠯᠦᠭᠰᠡᠨ ᠦᠨᠡᠨᠴᠢ ᠢᠲᠡᠭᠡᠮᠵᠢ ᠵᠢᠨ ᠰᠠᠭᠤᠷᠢ ᠵᠢ ᠪᠠᠬᠢᠵᠢᠭᠦᠯᠵᠦ᠂ ᠨᠠᠮ᠎ᠤᠨ ᠭᠡᠰᠢᠭᠦᠨ ᠺᠠᠳ᠋ᠷᠴᠤᠳ᠎ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶ᠋ᠢᠭ᠋ᠠᠳ ᠦᠨᠡᠨᠴᠢ ᠢᠲᠡᠭᠡᠮᠵᠢ᠎ᠪᠠᠷ ᠪᠡᠶ᠎ᠡ᠎ᠪᠠᠨ ᠳᠠᠭ᠋ᠠᠭ᠋ᠠᠵᠤ᠂ ᠢᠲᠡᠭᠡᠯ ᠵᠶ᠋ᠠᠷ  ᠬᠦᠮᠦᠨ᠎ᠳᠤ ᠦᠵᠡᠭᠦᠯᠬᠦ᠂ ᠤᠷᠢᠳᠴᠢᠯᠠᠨ ᠦᠢ᠍ᠯᠡᠴᠢᠯᠡᠭᠦᠯᠦᠨ᠎ᠡ᠃  ᠲᠤᠯᠤᠭ᠎ᠠ᠎ᠳᠤ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠵᠢ ᠬᠡᠷᠡᠭᠵᠢᠭᠦᠯᠬᠦ ᠵᠢ ᠴᠢᠩᠭ᠋ᠠᠳᠬᠠᠵᠤ᠂ ᠴᠢᠩᠭ᠎ᠠ ᠬᠦᠭ ᠠᠶᠠᠰ᠎ᠢ ᠭᠤᠶ᠋ᠢᠪᠢᠰᠢ ᠦᠭᠡᠢ ᠪᠠᠷᠢᠮᠲᠠᠯᠠᠵᠤ᠂ ᠤᠯᠤᠰ ᠲᠦᠷᠦ ᠵᠢᠨ ᠬᠢᠨᠠᠯᠲᠠ ᠵᠢ ᠴᠢᠩᠭ᠋ᠠᠳᠬᠠᠵᠤ᠂ 《ᠳᠠᠯᠳᠠ ᠲᠦᠷᠢᠮ》᠎ᠢ ᠡᠪᠳᠡᠵᠦ᠂ 《ᠶᠣᠰᠣ ᠳᠦᠷᠢᠮ》᠎ᠢ ᠲᠣᠭᠲᠠᠭ᠋ᠠᠵᠤ᠂ 《ᠵᠢᠵᠢᠭ ᠲᠣᠭᠤᠷᠢᠭ》᠂ 《ᠭᠠᠷᠠᠮ᠎ᠳᠤ ᠣᠴᠢᠬᠤ》᠂ 《ᠠᠨᠲ᠋ᠢᠨ᠎ᠠ ᠵᠢᠨ ᠱᠤᠭᠤᠮ》᠂ 《ᠳᠣᠣᠷ᠎ᠠ ᠲᠡᠰ᠎ᠤᠨ ᠤᠯᠠᠭ᠋ᠠᠨ》᠂ 《ᠳᠡᠭᠡᠳᠦ ᠲᠡᠰ᠎ᠤᠨ ᠬᠠᠷ᠎ᠠ》 ᠪᠣᠯᠬᠤ ᠵᠢ ᠡᠷᠡᠰ ᠰᠡᠷᠭᠡᠶ᠋ᠢᠯᠡᠬᠦ ᠬᠡᠷᠡᠭᠲᠡᠢ᠃  ᠠᠷᠢᠭᠤᠨ ᠴᠢᠬᠡᠴᠢ ᠰᠣᠶᠣᠯ᠎ᠢ ᠪᠠᠳᠠᠷᠠᠭᠤᠯᠵᠤ᠂ ᠠᠷᠢᠭᠤᠨ ᠴᠢᠬᠡᠴᠢ ᠪᠠᠶ᠋ᠢᠬᠤ ᠠᠰᠠᠭᠤᠳᠠᠯ᠎ᠤᠨ 《ᠤᠯᠤᠰ ᠲᠥᠷᠥ ᠵᠢᠨ ᠲᠠᠩᠰᠠ》᠂ 《ᠠᠵᠤ ᠠᠬᠤᠶ ᠵᠢᠨ ᠲᠠᠩᠰᠠ》᠂ 《ᠨᠡᠷ᠎ᠡ ᠠᠯᠳᠠᠷ᠎ᠤᠨ ᠲᠠᠩᠰᠠ》᠂ 《ᠬᠡᠷ ᠪᠦᠯᠢ ᠵᠢᠨ ᠲᠠᠩᠰᠠ》᠂ 《ᠲᠥᠷᠥᠯ ᠰᠠᠳᠤᠨ᠎ᠤ ᠲᠠᠩᠰᠠ》᠂ 《  ᠡᠷᠬᠡ ᠴᠢᠯᠦᠭᠡ ᠵᠢᠨ ᠲᠠᠩᠰᠠ》᠂ 《ᠡᠷᠡᠭᠦᠯ ᠮᠡᠨᠳᠦ ᠵᠢᠨ ᠲᠠᠩᠰᠠ》 ᠵᠡᠷᠭᠡ 《ᠲᠤᠯᠤᠭ᠋ᠠᠨ ᠲᠠᠩᠰᠠ》 ᠵᠢ ᠲᠣᠳᠣᠷᠬᠠᠶ ᠪᠣᠳᠣᠨ᠎ᠠ᠃ 《ᠲᠦᠷᠪᠡᠨ ᠵᠦᠢ᠍ᠯ᠎ᠤᠨ ᠬᠡᠯᠪᠡᠷᠢ ᠪᠠᠶ᠋ᠢᠳᠠᠯ》᠎ᠢ ᠰᠠᠶ᠋ᠢᠲᠤᠷ ᠬᠡᠷᠡᠭᠯᠡᠵᠦ᠂ ᠤᠨᠢᠨ ᠳᠡᠭᠡᠷ᠎ᠡ᠎ᠨᠢ ᠰᠠᠬᠢᠯᠭ᠎ᠠ ᠪᠠᠲᠤ ᠵᠢ ᠬᠡᠷᠡᠭᠵᠢᠭᠦᠯᠵᠦ ᠬᠠᠷᠢᠭᠤᠴᠠᠯᠭ᠎ᠠ ᠨᠡᠬᠡᠮᠵᠢᠯᠡᠬᠦ ᠵᠢ ᠭᠦᠨᠵᠡᠭᠡᠶ᠋ᠢᠷᠡᠭᠦᠯᠵᠦ᠂ 《ᠪᠢᠴᠢᠯ ᠢᠯᠵᠠᠷᠠᠯ》᠎ᠢ ᠶᠡᠭᠡ᠎ᠪᠠᠷ ᠵᠠᠯᠬᠠᠭ᠋ᠠᠨ ᠰᠢᠢ᠍ᠳᠬᠡᠵᠦ᠂ ᠤᠯᠤᠰ ᠲᠦᠷᠦ ᠵᠢᠨ ᠦᠷ᠎ᠡ ᠪᠦᠲᠦᠮᠵᠢ᠂ ᠰᠠᠬᠢᠯᠭ᠎ᠠ ᠪᠠᠲᠤ ᠬᠠᠤᠯᠢ ᠴᠠᠭ᠋ᠠᠵᠠ ᠵᠢᠨ ᠦᠷ᠎ᠡ ᠪᠦᠲᠦᠮᠵᠢ ᠪᠠ ᠨᠡᠶ᠋ᠢᠭᠡᠮ᠎ᠤᠨ ᠦᠷ᠎ᠡ ᠪᠦᠲᠦᠮᠵᠢ ᠵᠢ ᠬᠠᠷᠢᠯᠴᠠᠨ ᠨᠢᠭᠡᠳᠬᠡᠬᠦ ᠵᠢ ᠪᠡᠶᠡᠯᠡᠭᠦᠯᠦᠨ᠎ᠡ᠃

   ᠬᠤᠷᠠᠯ᠎ᠠᠴᠠ ᠴᠢᠬᠤᠯᠠᠴᠢᠯᠠᠭᠰᠠᠨ᠎ᠨᠢ᠂ ᠨᠠᠮ᠎ᠤᠨ ᠪᠠᠶ᠋ᠢᠭᠤᠯᠤᠯᠲᠠ ᠪᠣᠯᠤᠨ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠬᠠᠷᠢᠭᠤᠴᠠᠯᠭ᠎ᠠ ᠵᠢᠨ ᠲᠦᠷᠢᠮ ᠭᠡᠬᠦ ᠡᠨᠡ ᠬᠦ᠌ ᠵᠠᠩᠭᠢᠯᠠᠭ᠎ᠠ ᠵᠢ ᠠᠳᠬᠤᠵᠤ᠂ ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ ᠵᠢ ᠵᠡᠷᠭᠡ᠎ᠪᠠᠷ ᠠᠳᠬᠤᠬᠤ ᠵᠢ ᠪᠠᠷᠢᠮᠲᠠᠯᠠᠵᠤ᠂ ᠦᠵᠡᠯ ᠰᠠᠨᠠᠭ᠎ᠠ ᠨᠠᠮ ᠪᠠᠶ᠋ᠢᠭᠤᠯᠬᠤ ᠪᠠ ᠲᠦᠷᠢᠮ ᠵᠶ᠋ᠠᠷ ᠨᠠᠮ᠎ᠢ ᠬᠠᠮᠢᠶᠠᠷᠬᠤ ᠵᠢ ᠠᠳᠠᠯᠢ ᠴᠢᠭᠯᠡᠯ ᠵᠶ᠋ᠠᠷ ᠬᠦᠴᠦᠯᠡᠵᠦ᠂ ᠠᠷᠠᠳᠴᠢᠯᠠᠯ ᠲᠥᠪᠯᠡᠷᠡᠯ᠎ᠤᠨ ᠶᠣᠰᠣᠨ᠎ᠤ ᠵᠠᠷᠴᠢᠮ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠶᠠᠪᠤᠳᠠᠯ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠺᠠᠳ᠋ᠷ᠎ᠤᠨ ᠡᠩᠨᠡᠭᠡ ᠵᠢ ᠪᠠᠶ᠋ᠢᠭᠤᠯᠤᠨ ᠬᠦᠴᠦᠷᠬᠡᠭᠵᠢᠭᠦᠯᠵᠦ᠂ ᠣᠨ᠎ᠤ ᠡᠯ᠎ᠡ ᠲᠦᠷᠦᠯ᠎ᠤᠨ ᠬᠢᠨᠠᠨ ᠰᠢᠯᠭ᠋ᠠᠯᠲᠠ ᠵᠢᠨ 《ᠳᠣᠬᠢᠭᠤᠷ》᠎ᠢ ᠰᠠᠶ᠋ᠢᠲᠤᠷ       ᠬᠡᠷᠡᠭᠯᠡᠵᠦ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠭᠦᠨᠵᠡᠭᠡᠶ᠋ᠢᠷᠡᠨ ᠬᠥᠭᠵᠢᠬᠦ ᠵᠢ ᠨᠢᠭᠡ ᠮᠥᠴᠡ ᠴᠦ᠍ ᠵᠣᠭᠰᠣᠯ ᠦᠭᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠦᠢ᠍ᠯᠡᠰ᠎ᠤᠨ ᠥᠭᠡᠷᠡᠴᠢᠯᠡᠯᠲᠡ ᠬᠥᠭᠵᠢᠯᠲᠡ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ ᠭᠡᠵᠡᠢ᠃

   ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠪᠥᠬᠦ ᠠᠵᠢᠯᠲᠠᠨ᠂ ᠶᠡᠷᠦᠩᠬᠡᠶ ᠢᠨᠵᠧᠨᠧᠷ᠂ ᠲᠢᠩᠬᠢᠮ᠎ᠤᠨ ᠪᠠᠶ᠋ᠢᠭᠤᠯᠭ᠎ᠠ ᠵᠢᠨ ᠨᠠᠮ᠎ᠤᠨ ᠬᠤᠷᠢᠶᠠᠨ᠎ᠤ ᠭᠡᠰᠢᠭᠦᠨ᠂ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶᠠᠨ᠎ᠤ ᠭᠡᠰᠢᠭᠦᠨ᠂ ᠲᠢᠩᠬᠢᠮ᠎ᠤᠨ ᠪᠠᠶ᠋ᠢᠭᠤᠯᠭ᠎ᠠ ᠵᠢᠨ ᠳᠡᠳ᠋ ᠭᠠᠵᠠᠷ᠎ᠤᠨ ᠲᠠᠰ᠎ᠠᠴᠠ ᠳᠡᠭᠡᠭᠰᠢᠬᠢ ᠺᠠᠳ᠋ᠷ ᠪᠠ ᠨᠠᠮ᠎ᠤᠨ ᠠᠵᠢᠯ᠎ᠤᠨ ᠠᠵᠢᠯᠲᠠᠨ᠂ ᠤᠰᠤᠨ ᠠᠰᠢᠭᠯᠠᠯᠲᠠ ᠵᠢᠨ ᠶᠠᠮᠤᠨ᠎ᠤ ᠮᠠᠯᠵᠢᠬᠤ ᠣᠷᠣᠨ᠎ᠤ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠥᠷᠲᠡᠭᠡ ᠵᠢᠨ ᠨᠠᠮ᠎ᠤᠨ ᠬᠤᠷᠢᠶᠠᠨ᠎ᠤ ᠱᠦᠵᠢ᠂ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶᠠᠨ᠎ᠤ ᠱᠦᠵᠢ᠂ ᠲᠢᠩᠬᠢᠮ᠎ᠤᠨ ᠬᠠᠷᠢᠶ᠎ᠠ ᠡᠯ᠎ᠡ ᠨᠢᠭᠡᠴᠢ ᠵᠢᠨ ᠤᠳᠤᠷᠢᠳᠬᠤ ᠪᠠᠭ᠎ᠤᠨ ᠭᠡᠰᠢᠭᠦᠨ᠂ ᠨᠠᠮ ᠪᠠ ᠣᠯᠠᠨ ᠲᠦᠮᠡᠨ᠎ᠤ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠂ ᠰᠠᠬᠢᠯᠭ᠎ᠠ ᠪᠠᠲᠤ ᠪᠠᠶ᠋ᠢᠴᠠᠭ᠋ᠠᠬᠤ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠲᠢᠩᠬᠢᠮ᠎ᠤᠨ ᠡᠪᠯᠡᠯ᠎ᠤᠨ ᠬᠤᠷᠢᠶ᠎ᠠ ᠥᠪᠥᠷ ᠮᠣᠩᠭᠤᠯ᠎ᠤᠨ ᠴᠠᠭ ᠠᠭᠤᠷ᠎ᠤᠨ ᠲᠣᠪᠴᠢᠶ᠎ᠠ ᠵᠢᠨ ᠡᠪᠯᠡᠯ᠎ᠤᠨ ᠬᠤᠷᠢᠶ᠎ᠠ᠎ᠲᠠᠢ ᠬᠠᠮᠲᠤᠷᠠᠨ 《ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠠᠮᠤᠷ ᠲᠦᠪᠰᠢᠨ᠎ᠤ ᠬᠤᠷᠢᠭ᠎ᠠ ᠱᠤᠭᠤᠮ᠎ᠢ ᠪᠠᠲᠤ ᠴᠣᠭᠴᠠᠯᠠᠬᠤ》 ᠪᠥᠬᠦ ᠤᠯᠤᠰ᠎ᠤᠨ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠡᠳᠦᠷ᠎ᠤᠨ ᠭᠤᠤᠯ ᠰᠡᠳᠦᠪᠲᠦ ᠡᠪᠯᠡᠯ᠎ᠤᠨ ᠡᠳᠦᠷ᠎ᠤᠨ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠥᠷᠨᠢᠭᠦᠯᠪᠡ
 
            