ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠣᠨᠴᠠᠯᠢᠭᠲᠤ᠌ ᠳᠠᠪᠴᠠᠩ   -   ᠮᠡᠳᠡᠭᠡᠯᠡᠯ
ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠲᠢᠩᠬᠢᠮ᠎ᠤᠨ ᠡᠪᠯᠡᠯ᠎ᠤᠨ ᠬᠤᠷᠢᠶ᠎ᠠ ᠥᠪᠥᠷ ᠮᠣᠩᠭᠤᠯ᠎ᠤᠨ ᠴᠠᠭ ᠠᠭᠤᠷ᠎ᠤᠨ ᠲᠣᠪᠴᠢᠶ᠎ᠠ ᠵᠢᠨ ᠡᠪᠯᠡᠯ᠎ᠤᠨ ᠬᠤᠷᠢᠶ᠎ᠠ᠎ᠲᠠᠢ ᠬᠠᠮᠲᠤᠷᠠᠨ 《ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠠᠮᠤᠷ ᠲᠦᠪᠰᠢᠨ᠎ᠤ ᠬᠤᠷᠢᠭ᠎ᠠ ᠱᠤᠭᠤᠮ᠎ᠢ ᠪᠠᠲᠤ ᠴᠣᠭᠴᠠᠯᠠᠬᠤ》 ᠪᠥᠬᠦ ᠤᠯᠤᠰ᠎ᠤᠨ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠡᠳᠦᠷ᠎ᠤᠨ ᠭᠤᠤᠯ ᠰᠡᠳᠦᠪᠲᠦ ᠡᠪᠯᠡᠯ᠎ᠤᠨ ᠡᠳᠦᠷ᠎ᠤᠨ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠥᠷᠨᠢᠭᠦᠯᠪᠡ
ᠨᠡᠶ᠋ᠢᠲᠡᠯᠡᠭᠰᠡᠨ ᠴᠠᠭ᠄ 2024-05-17

   ᠪᠥᠬᠦ ᠤᠯᠤᠰ᠎ᠤᠨ 16 ᠳ᠋ᠤᠭ᠋ᠠᠷ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠡᠳᠦᠷ ᠬᠦᠷᠴᠦ ᠢᠷᠡᠬᠦ ᠲᠠᠰᠢᠷᠠᠮ ᠵᠶ᠋ᠠᠷ᠂ ᠤᠰᠤᠨ ᠠᠰᠢᠭᠯᠠᠯᠲᠠ ᠵᠢᠨ ᠲᠢᠩᠬᠢᠮ᠎ᠤᠨ ᠡᠪᠯᠡᠯ᠎ᠤᠨ ᠬᠤᠷᠢᠶ᠎ᠠ ᠥᠪᠥᠷ ᠮᠣᠩᠭᠤᠯ᠎ᠤᠨ ᠴᠠᠭ ᠠᠭᠤᠷ᠎ᠤᠨ ᠲᠣᠪᠴᠢᠶ᠎ᠠ ᠵᠢᠨ ᠡᠪᠯᠡᠯ᠎ᠤᠨ ᠵᠣᠬᠢᠶᠠᠨ ᠪᠠᠶ᠋ᠢᠭᠤᠯᠬᠤ ᠰᠢᠰᠲ᠋ᠧᠮ᠎ᠤᠨ ᠭᠡᠰᠢᠭᠦᠨ ᠵᠠᠯᠠᠭᠤᠴᠤᠳ᠎ᠲᠠᠢ ᠬᠠᠮᠲᠤᠷᠠᠨ᠂ 5 ᠳ᠋ᠤᠭ᠋ᠠᠷ  ᠰᠠᠷ᠎ᠠ ᠵᠢᠨ 15᠎ᠤ ᠡᠳᠦᠷ ᠦᠶᠡᠷ᠎ᠢ ᠰᠡᠷᠭᠡᠶ᠋ᠢᠯᠡᠬᠦ ᠡᠳ᠋ ᠪᠣᠳᠠᠰ ᠨᠥᠭᠡᠴᠡᠯᠡᠬᠦ ᠬᠥᠮᠥᠷᠭᠡ᠎ᠳᠤ ᠬᠦᠷᠴᠦ 《  ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠠᠮᠤᠷ ᠲᠦᠪᠰᠢᠨ᠎ᠤ ᠬᠤᠷᠢᠭ᠎ᠠ ᠱᠤᠭᠤᠮ᠎ᠢ ᠪᠠᠲᠤ ᠴᠣᠭᠴᠠᠯᠠᠬᠤ》 ᠪᠥᠬᠦ ᠤᠯᠤᠰ᠎ᠤᠨ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠡᠳᠦᠷ᠎ᠤᠨ ᠭᠤᠤᠯ ᠰᠡᠳᠦᠪᠲᠦ ᠡᠪᠯᠡᠯ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ᠃


全国防灾减灾日主题团日活动.jpg


   ᠦᠶᠡᠷ᠎ᠢ ᠰᠡᠷᠭᠡᠶ᠋ᠢᠯᠡᠬᠦ ᠡᠳ᠋ ᠪᠣᠳᠠᠰ᠎ᠤᠨ ᠨᠥᠭᠡᠴᠡ ᠵᠢᠨ ᠬᠥᠮᠥᠷᠭᠡ ᠵᠢ ᠲᠣᠭᠤᠷᠢᠨ ᠦᠵᠡᠬᠦ᠎ᠪᠠᠷ        ᠳᠠᠮᠵᠢᠭᠤᠯᠤᠨ᠂ ᠮᠡᠷᠭᠡᠵᠢᠯ᠎ᠤᠨ ᠠᠵᠢᠯᠲᠠᠨ᠎ᠤ ᠡᠳ᠋ ᠪᠣᠳᠠᠰ᠎ᠤᠨ ᠬᠥᠮᠥᠷᠭᠡ ᠵᠢᠨ ᠲᠤᠬᠠᠶ ᠲᠠᠨᠢᠯᠴᠠᠭᠤᠯᠭ᠎ᠠ ᠵᠢ ᠰᠣᠨᠣᠰᠴᠤ᠂ ᠡᠪᠯᠡᠯ᠎ᠤᠨ ᠭᠡᠰᠢᠭᠦᠨ ᠵᠠᠯᠠᠭᠤᠴᠤᠳ ᠦᠶᠡᠷ᠎ᠢ ᠰᠡᠷᠭᠡᠶ᠋ᠢᠯᠡᠵᠦ ᠠᠶᠤᠯ᠎ᠠᠴᠠ ᠠᠪᠤᠷᠠᠬᠤ ᠭᠠᠮᠰᠢᠭ᠎ᠠᠴᠠ ᠠᠪᠤᠷᠠᠬᠤ ᠵᠡᠷᠭᠡ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠠᠵᠢᠯ᠎ᠤᠨ ᠠᠭᠤᠯᠭ᠎ᠠ ᠵᠢ ᠤᠯᠠᠮ ᠨᠢᠭᠡ ᠠᠯᠬᠤᠮ ᠣᠶ᠋ᠢᠯᠠᠭ᠋ᠠᠵᠤ᠂ ᠦᠶᠡᠷ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠦᠵᠡᠯ ᠤᠬᠠᠮᠰᠠᠷ᠎ᠢ ᠲᠦᠭᠡᠮᠡᠯᠵᠢᠭᠦᠯᠵᠦ᠂ ᠥᠷᠭᠡᠨ ᠣᠯᠠᠨ ᠵᠠᠯᠠᠭᠤᠴᠤᠳ᠎ᠤᠨ ᠡᠯ᠎ᠡ ᠲᠥᠷᠥᠯ᠎ᠤᠨ ᠭᠠᠮᠰᠢᠭ᠎ᠢ ᠰᠡᠷᠭᠡᠶ᠋ᠢᠯᠡᠬᠦ ᠦᠵᠡᠯ ᠤᠬᠠᠮᠰᠠᠷ ᠪᠣᠯᠤᠨ ᠥᠪᠡᠷ᠎ᠢ᠎ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠵᠢ ᠳᠡᠭᠡᠭᠰᠢᠯᠡᠭᠦᠯᠪᠡ᠃

   ᠲᠣᠰ ᠤᠳᠠᠭ᠋ᠠᠨ᠎ᠤ ᠠᠵᠢᠯᠯᠠᠭ᠎ᠠ᠎ᠳᠤ ᠪᠠᠰᠠ ᠭᠠᠮᠰᠢᠭ᠎ᠢ ᠰᠡᠷᠭᠡᠶ᠋ᠢᠯᠡᠨ ᠭᠠᠮᠰᠢᠭ᠎ᠢ ᠪᠠᠭ᠋ᠠᠰᠬᠠᠬᠤ᠂ ᠴᠠᠭ ᠠᠭᠤᠷ᠎ᠤᠨ ᠶᠡᠷᠦ ᠵᠢᠨ ᠮᠡᠳᠡᠯᠭᠡ ᠵᠡᠷᠭᠡ ᠬᠠᠮᠢᠶ᠎ᠠ ᠪᠥᠬᠦᠶ ᠮᠡᠳᠡᠯᠭᠡ ᠵᠢᠨ ᠰᠣᠨᠢᠷᠬᠠᠯᠲᠠᠶ ᠠᠰᠠᠭᠤᠯᠲᠠ ᠬᠠᠷᠢᠭᠤᠯᠲᠠ ᠪᠠ ᠮᠣᠳᠣ ᠳᠠᠷᠢᠬᠤ ᠠᠵᠢᠯᠯᠠᠭ᠎ᠠ ᠦᠷᠨᠢᠭᠦᠯᠵᠤ᠂ ᠪᠠᠶᠠᠷ ᠴᠡᠩᠭᠡᠯ᠎ᠳᠤ ᠠᠭᠤᠯᠤᠭᠳᠠᠬᠤ ᠬᠡᠯᠪᠡᠷᠢ᠎ᠪᠠᠷ ᠳᠠᠮᠵᠢᠭᠤᠯᠤᠨ ᠭᠠᠮᠰᠢᠭ᠎ᠢ ᠰᠡᠷᠭᠡᠶ᠋ᠢᠯᠡᠨ ᠭᠠᠮᠰᠢᠭ᠎ᠢ ᠪᠠᠭ᠋ᠠᠰᠬᠠᠬᠤ᠂ ᠮᠣᠳᠣ ᠳᠠᠷᠢᠵᠤ ᠨᠣᠭᠤᠭ᠋ᠠᠷᠠᠭᠤᠯᠤᠯᠲᠠ ᠵᠢ ᠨᠡᠮᠡᠭᠳᠡᠭᠦᠯᠬᠦ ᠪᠠ ᠨᠥᠬᠦᠷᠰᠡᠭ ᠵᠶ᠋ᠠᠷ ᠬᠠᠷᠢᠯᠴᠠᠬᠤ ᠵᠢ ᠣᠷᠭ᠋ᠠᠨᠢᠭ ᠵᠶ᠋ᠠᠷ ᠤᠶᠠᠯᠳᠤᠭᠤᠯᠵᠤ᠂ ᠰᠢᠰᠲ᠋ᠧᠮ᠎ᠤᠨ ᠵᠠᠯᠠᠭᠤᠴᠤᠳ᠎ᠤᠨ ᠨᠡᠪᠲᠡᠷᠡᠯᠴᠡᠭᠡ ᠰᠣᠯᠢᠯᠴᠠᠭ᠎ᠠ ᠵᠢ ᠠᠬᠢᠭᠤᠯᠬᠤ ᠵᠢᠨ ᠬᠠᠮᠲᠤ ᠪᠠᠰᠠ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠬᠦ 《ᠠᠮᠤᠷ ᠲᠦᠪᠰᠢᠨ᠎ᠤ ᠲᠣᠤᠷ》᠎ᠢ ᠨᠢᠭᠲᠠ ᠪᠠᠶ᠋ᠢᠭᠤᠯᠪᠠ᠃

   ᠲᠣᠰ ᠤᠳᠠᠭ᠋ᠠᠨ᠎ᠤ ᠭᠤᠤᠯ ᠰᠡᠳᠦᠪᠲᠦ ᠡᠪᠯᠡᠯ᠎ᠤᠨ ᠡᠳᠦᠷ᠎ᠤᠨ ᠠᠵᠢᠯᠯᠠᠭ᠎ᠠ ᠵᠢ ᠤᠰᠤᠨ ᠠᠰᠢᠭᠯᠠᠯᠲᠠ ᠵᠢᠨ ᠲᠢᠩᠬᠢᠮ᠎ᠤᠨ ᠡᠪᠯᠡᠯ᠎ᠤᠨ ᠬᠤᠷᠢᠶ᠎ᠠ᠎ᠠᠴᠠ ᠭᠤᠤᠯᠯᠠᠨ ᠡᠷᠭᠢᠯᠡᠵᠦ᠂ ᠤᠰᠤ ᠭᠠᠩ᠎ᠤᠨ ᠭᠠᠮᠰᠢᠭ᠎ᠢ  ᠰᠡᠷᠭᠡᠶ᠋ᠢᠯᠡᠬᠦ ᠮᠡᠷᠭᠡᠵᠢᠯ᠎ᠤᠨ ᠲᠥᠪ᠎ᠠᠴᠠ ᠳᠠᠭ᠋ᠠᠭ᠋ᠠᠴᠢᠯᠠᠨ ᠡᠷᠭᠢᠯᠡᠵᠦ᠂ ᠤᠰᠤᠨ ᠠᠰᠢᠭᠯᠠᠯᠲᠠ ᠵᠢᠨ ᠰᠢᠰᠲ᠋ᠧᠮ᠎ᠤᠨ ᠬᠤᠯᠪᠣᠭᠳᠠᠯ ᠪᠥᠬᠦᠶ ᠨᠢᠭᠡᠴᠢ ᠵᠢᠴᠢ ᠥᠪᠥᠷ ᠮᠣᠩᠭᠤᠯ᠎ᠤᠨ ᠴᠠᠭ ᠠᠭᠤᠷ᠎ᠤᠨ ᠲᠣᠪᠴᠢᠶ᠎ᠠ ᠵᠢᠨ 40 ᠭᠠᠷᠤᠶ ᠡᠪᠯᠡᠯ᠎ᠤᠨ ᠭᠡᠰᠢᠭᠦᠨ ᠵᠠᠯᠠᠭᠤᠴᠤᠳ ᠠᠵᠢᠯᠯᠠᠭ᠎ᠠ᠎ᠳᠤ ᠣᠷᠣᠯᠴᠠᠵᠠᠶ᠃

  

  (ᠡᠬᠡ ᠪᠢᠴᠢᠭ᠎ᠢ ᠤᠰᠤᠨ ᠠᠰᠢᠭᠯᠠᠯᠲᠠ ᠵᠢᠨ ᠲᠢᠩᠬᠢᠮ᠎ᠤᠨ ᠡᠪᠯᠡᠯ᠎ᠤᠨ ᠬᠤᠷᠢᠶ᠎ᠠ᠎ᠠᠴᠠ ᠬᠠᠩᠭ᠋ᠠᠪᠠ)

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠲᠢᠩᠬᠢᠮ 2024 ᠣᠨ᠎ᠤ ᠨᠠᠮ᠎ᠤᠨ ᠪᠠᠶ᠋ᠢᠭᠤᠯᠤᠯᠲᠠ ᠪᠠ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠵᠢᠯᠲᠠᠨ᠎ᠤ ᠶᠠᠪᠤᠳᠠᠯ᠎ᠤᠨ ᠭᠠᠵᠠᠷ ᠵᠡᠷᠭᠡ 5 ᠨᠠᠮ᠎ᠤᠨ ᠡᠭᠦᠷ ᠬᠠᠮᠲᠤᠷᠠᠨ ᠰᠠᠶ᠋ᠢᠨ ᠳᠤᠷ᠎ᠠ ᠵᠢᠨ ᠦᠢ᠍ᠯᠡᠴᠢᠯᠡᠭᠡ ᠵᠢ ᠨᠡᠶ᠋ᠢᠭᠡᠮ ᠲᠣᠭᠤᠷᠢᠭ᠎ᠲᠤ ᠣᠷᠣᠭᠤᠯᠬᠤ ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
ᠤᠰᠤᠨ ᠠᠰᠢᠭᠯᠠᠯᠲᠠ ᠵᠢᠨ ᠲᠢᠩᠬᠢᠮ᠎ᠤᠨ ᠡᠪᠯᠡᠯ᠎ᠤᠨ ᠬᠤᠷᠢᠶ᠎ᠠ 《ᠨᠠᠮ᠎ᠤᠨ ᠠᠴᠢ ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ》 ᠵᠠᠯᠠᠭᠤᠴᠤᠳ᠎ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠡᠪᠯᠡᠯ᠎ᠤᠨ ᠬᠤᠷᠢᠶ᠎ᠠ 《ᠪᠣᠯᠪᠠᠰᠤᠨ ᠬᠦᠰᠡᠯ᠎ᠢ ᠪᠢ ᠤᠷᠢᠳᠠᠪᠠᠷ ᠰᠤᠷᠤᠯᠴᠠᠵᠤ ᠯᠸᠢ ᠹᠧᠩ᠎ᠤᠨ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ》 ᠵᠠᠯᠠᠭᠤᠴᠤᠳ᠎ᠤᠨ ᠰᠠᠶ᠋ᠢᠨ ᠳᠤᠷ᠎ᠠ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠥᠷᠨᠢᠭᠦᠯᠪᠡ
 
            