ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠪᠠᠢ᠌ᠷᠢᠯᠠᠭᠤᠯᠤᠯᠲᠠ ᠶᠣᠰᠣᠭ᠋ᠠᠷ᠂ 7 ᠳ᠋ᠤᠭ᠋ᠠᠷ ᠰᠠᠷ᠎ᠠ ᠵᠢᠨ 12᠎ᠤᠨ ᠡᠳᠦᠷ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠳᠡᠳ᠋ ᠲᠢᠩᠬᠢᠮ᠎ᠤᠨ ᠳᠠᠷᠤᠭ᠎ᠠ ᠫᠧᠩ ᠶᠠ ᠯᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢ ᠬᠤᠪᠢᠳᠠᠨ ᠬᠠᠮᠢᠶᠠᠷᠴᠤ ᠪᠠᠢ᠌ᠭ᠎ᠠ ᠳᠡᠭᠡᠷ᠎ᠡ ᠬᠠᠭ᠋ᠠᠰ ᠵᠢᠯ᠎ᠤᠨ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠰᠣᠨᠣᠰᠴᠤ᠂ ᠬᠤᠯᠪᠣᠭᠳᠠᠯ ᠪᠦᠬᠦᠢ ᠭᠤᠣᠯᠳᠠᠯᠭ᠎ᠠ᠎ᠲᠠᠢ ᠠᠵᠢᠯ᠎ᠢ ᠲᠣᠬᠢᠷᠠᠭᠤᠯᠬᠤ ᠵᠢᠨ ᠬᠠᠮᠲᠤ ᠰᠠᠬᠢᠯᠭ᠎ᠠ ᠪᠠᠲᠤ ᠵᠢᠨ ᠨᠠᠮ᠎ᠤᠨ ᠬᠢᠴᠢᠶᠡᠯ ᠣᠷᠣᠪᠠ᠃
ᠫᠧᠩ ᠶᠠ ᠯᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢ ᠬᠤᠪᠢᠳᠠᠨ ᠬᠠᠮᠢᠶᠠᠷᠴᠤ ᠪᠠᠢ᠌ᠭ᠎ᠠ ᠳᠡᠭᠡᠷ᠎ᠡ ᠬᠠᠭ᠋ᠠᠰ ᠵᠢᠯ᠎ᠤᠨ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠳᠤ ᠦᠨᠡᠯᠡᠯᠲᠡ ᠬᠢᠵᠦ᠂ ᠨᠠᠮ᠎ᠢ ᠴᠢᠩᠭ᠎ᠠ ᠵᠠᠰᠠᠬᠤ ᠭᠤᠣᠯ ᠴᠣᠭᠴᠠ ᠵᠢᠨ ᠬᠠᠷᠢᠭᠤᠴᠠᠯᠭ᠎ᠠ᠎ᠪᠠᠨ ᠪᠦᠬᠦ ᠲᠠᠯ᠎ᠠ᠎ᠪᠠᠷ ᠭᠦᠢ᠍ᠴᠡᠳᠬᠡᠵᠦ᠂ ᠤᠯᠤᠰ ᠲᠦᠷᠦ ᠵᠢᠨ ᠪᠠᠢ᠌ᠭᠤᠯᠤᠯᠲᠠ ᠵᠢ ᠲᠡᠷᠢᠭᠦᠨ ᠪᠠᠢ᠌ᠷᠢᠨ᠎ᠳᠤ ᠲᠠᠯᠪᠢᠵᠤ᠂ ᠤᠯᠤᠰ ᠲᠦᠷᠦ ᠵᠢᠨ ᠪᠠᠢ᠌ᠭᠤᠯᠭ᠎ᠠ ᠵᠢᠨ ᠤᠬᠠᠮᠰᠠᠷ᠎ᠢ ᠪᠠᠲᠤ ᠪᠤᠢ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠵᠤ᠂ ᠤᠮᠠᠷᠠᠲᠤ ᠵᠢᠨ ᠵᠢᠱ᠌ᠢᠶᠡᠴᠢ ᠪᠠᠢ᠌ᠭᠤᠯᠭ᠎ᠠ ᠵᠢ ᠡᠭᠦᠳᠦᠨ ᠪᠠᠢ᠌ᠭᠤᠯᠬᠤ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ᠃ ᠨᠠᠮ᠎ᠤᠨ ᠪᠠᠢ᠌ᠭᠤᠯᠤᠯᠲᠠ ᠵᠢᠨ ᠶᠠᠰᠤ ᠴᠢᠨᠠᠷ᠎ᠢ ᠪᠥᠬᠦ ᠲᠠᠯ᠎ᠠ᠎ᠪᠠᠷ ᠳᠡᠭᠡᠭᠰᠢᠯᠡᠭᠦᠯᠵᠦ᠂ ᠨᠠᠮ᠎ᠤᠨ ᠪᠠᠢ᠌ᠭᠤᠯᠤᠯᠲᠠ ᠵᠢᠨ ᠭᠤᠤᠯᠳᠠᠯᠭ᠎ᠠ᠎ᠲᠠᠢ ᠠᠵᠢᠯ᠎ᠢ ᠲᠣᠪᠤᠢ᠌ᠮ᠎ᠠ ᠰᠠᠢ᠌ᠲᠤᠷ ᠠᠳᠬᠤᠵᠤ᠂ ᠣᠨᠣᠯ ᠵᠶ᠋ᠠᠷ ᠵᠡᠪᠰᠡᠭᠯᠡᠬᠦ ᠵᠢ ᠴᠢᠩᠭ᠋ᠠᠳᠬᠠᠬᠤ ᠲᠠᠯ᠎ᠠ᠎ᠪᠠᠷ ᠰᠢᠨ᠎ᠡ ᠦᠷ᠎ᠡ ᠪᠦᠲᠦᠮᠵᠢ ᠣᠯᠵᠤ᠂ ᠦᠨᠳᠦᠰᠦᠨ ᠱᠠᠲᠤᠨ᠎ᠤ ᠰᠠᠭᠤᠷᠢ ᠵᠢ ᠪᠠᠬᠢᠵᠢᠭᠦᠯᠬᠦ ᠳᠡᠭᠡᠷ᠎ᠡ ᠰᠢᠨ᠎ᠡ ᠳᠡᠭᠡᠭᠰᠢᠯᠡᠯᠲᠡ᠎ᠲᠠᠢ ᠪᠣᠯᠵᠣ᠂ ᠭᠤᠤᠯ ᠰᠡᠳᠦᠪᠲᠦ ᠬᠥᠮᠦᠵᠢᠯ᠎ᠢ ᠪᠠᠬᠢᠵᠢᠭᠦᠯᠦᠨ ᠳᠡᠭᠡᠭᠰᠢᠯᠡᠭᠦᠯᠬᠦ ᠲᠠᠯ᠎ᠠ᠎ᠪᠠᠷ ᠰᠢᠨ᠎ᠡ ᠦᠷ᠎ᠡ ᠪᠦᠲᠦᠭᠡᠯ ᠣᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠠᠯ᠎ᠠ᠎ᠪᠠᠷ ᠰᠢᠨ᠎ᠡ ᠠᠬᠢᠴᠠ᠎ᠲᠠᠢ ᠪᠣᠯᠵᠣ᠂ ᠰᠡᠳᠬᠢᠴᠡ ᠠᠷᠭ᠎ᠠ ᠵᠢᠨ ᠲᠠᠯ᠎ᠠ᠎ᠪᠠᠷ ᠰᠢᠨ᠎ᠡ ᠵᠢ ᠡᠭᠦᠳᠬᠦ ᠲᠠᠯ᠎ᠠ᠎ᠪᠠᠷ ᠰᠢᠨ᠎ᠡ ᠰᠢᠪᠲᠤᠯᠤᠯᠲᠠ᠎ᠲᠠᠢ ᠪᠣᠯᠬᠤ ᠬᠡᠷᠡᠭᠲᠡᠶ᠃ ᠨᠠᠮ᠎ᠤᠨ ᠪᠠᠢ᠌ᠭᠤᠯᠤᠯᠲᠠ᠎ᠪᠠᠷ ᠬᠥᠲᠥᠯᠥᠨ ᠳᠠᠭ᠋ᠠᠭᠤᠯᠵᠤ ᠳᠡᠭᠡᠭᠰᠢᠯᠡᠭᠦᠯᠬᠦ ᠵᠢ ᠠᠬᠢᠭᠤᠯᠵᠤ᠂ ᠨᠠᠮ᠎ᠤᠨ ᠪᠠᠢ᠌ᠭᠤᠯᠤᠯᠲᠠ ᠪᠣᠯᠤᠨ ᠲᠤᠬᠠᠶ᠋ᠢᠯᠠᠭᠰᠠᠨ ᠠᠵᠢᠯ᠎ᠤᠨ ᠭᠦᠨᠵᠡᠭᠡᠶ ᠠᠭᠤᠰᠤᠯᠴᠠᠯ᠎ᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠶ᠃
ᠬᠤᠷᠠᠯ ᠳᠡᠭᠡᠷ᠎ᠡ᠂ ᠫᠧᠩ ᠶᠠ ᠯᠢ ᠪᠠᠰᠠ 《ᠨᠠᠮ᠎ᠤᠨ ᠰᠠᠬᠢᠯᠭ᠎ᠠ ᠪᠠᠲᠤ ᠶᠣᠰᠣ ᠲᠦᠷᠢᠮ᠎ᠢ ᠴᠢᠩᠭ᠎ᠠ ᠰᠠᠬᠢᠵᠤ ᠡᠪ ᠬᠠᠮᠲᠤ ᠨᠠᠮ᠎ᠤᠨ ᠭᠡᠰᠢᠭᠦᠨ᠎ᠤ ᠤᠤᠷ ᠴᠢᠨᠠᠷ ᠵᠶ᠋ᠠᠨ ᠡᠭᠦᠷᠢᠳᠡ ᠬᠠᠳᠠᠭ᠋ᠠᠯᠠᠶᠠ》 ᠭᠡᠬᠦ ᠰᠡᠳᠦᠪ ᠵᠶ᠋ᠠᠷ ᠨᠠᠮ᠎ᠤᠨ ᠰᠠᠬᠢᠯᠭ᠎ᠠ ᠪᠠᠲᠤ ᠵᠢ ᠴᠢᠩᠭ᠎ᠠ ᠰᠠᠬᠢᠬᠤ ᠵᠢᠨ ᠴᠢᠬᠤᠯᠠ ᠴᠢᠨᠠᠷ᠂ ᠣᠳᠣᠬᠠᠨ᠎ᠳᠤ ᠨᠠᠮ᠎ᠤᠨ ᠰᠠᠬᠢᠯᠭ᠎ᠠ ᠪᠠᠲᠤ ᠵᠢ ᠴᠢᠩᠭ᠎ᠠ ᠰᠠᠬᠢᠬᠤ᠎ᠳᠤ ᠲᠤᠯᠭ᠋ᠠᠷᠠᠵᠤ ᠪᠠᠢ᠌ᠭ᠎ᠠ ᠥᠷᠢᠰᠥᠯᠳᠦᠭᠡᠨ ᠵᠢᠴᠢ ᠨᠠᠮ᠎ᠤᠨ ᠰᠠᠬᠢᠯᠭ᠎ᠠ ᠪᠠᠲᠤ ᠵᠢ ᠬᠡᠷᠬᠢᠨ ᠴᠢᠩᠭ᠎ᠠ ᠰᠠᠬᠢᠬᠤ ᠵᠡᠷᠭᠡ ᠲᠠᠯ᠎ᠠ᠎ᠪᠠᠷ ᠭᠤᠣᠯᠳᠠᠯᠭ᠎ᠠ᠎ᠲᠠᠢ᠎ᠪᠠᠷ ᠬᠤᠪᠢᠳᠠᠨ ᠬᠠᠮᠢᠶᠠᠷᠴᠤ ᠪᠠᠢ᠌ᠭ᠎ᠠ ᠬᠦᠷᠢᠶᠡᠨ᠎ᠤ ᠨᠠᠮ᠎ᠤᠨ ᠭᠡᠰᠢᠭᠦᠨ ᠺᠠᠳ᠋ᠷᠴᠤᠳ᠎ᠲᠤ ᠰᠠᠬᠢᠯᠭ᠎ᠠ ᠪᠠᠲᠤ ᠵᠢᠨ ᠨᠠᠮ᠎ᠤᠨ ᠬᠢᠴᠢᠶᠡᠯ ᠣᠷᠣᠪᠠ᠃ ᠲᠡᠷᠡ᠂ ᠨᠠᠮ᠎ᠤᠨ ᠰᠠᠬᠢᠯᠭ᠎ᠠ ᠪᠠᠲᠤ ᠵᠢ ᠴᠢᠩᠭ᠎ᠠ ᠰᠠᠬᠢᠬᠤ ᠪᠣᠯ ᠨᠠᠮ᠎ᠤᠨ ᠭᠡᠰᠢᠭᠦᠨ ᠨᠢᠭᠡᠪᠦᠷᠢ ᠵᠢᠨ ᠵᠠᠪᠠᠯ ᠰᠤᠷᠬᠤ ᠬᠢᠴᠢᠶᠡᠯ ᠮᠥᠨ᠂ ᠪᠠᠰᠠ ᠴᠤ᠌ ᠮᠠᠨ᠎ᠤ ᠨᠠᠮ᠎ᠤᠨ ᠠᠮᠢᠵᠢᠷᠠᠯ᠎ᠤᠨ ᠬᠦᠴᠦᠨ ᠵᠶ᠋ᠠᠨ ᠡᠭᠦᠷᠢᠳᠡ ᠬᠠᠳᠠᠭ᠋ᠠᠯᠠᠵᠤ᠂ ᠤᠷᠳᠤ ᠬᠤᠭᠤᠴᠠᠭ᠎ᠠ᠎ᠪᠠᠷ ᠲᠦᠷᠦ ᠪᠠᠷᠢᠬᠤ ᠵᠢ ᠪᠡᠶᠡᠯᠡᠭᠦᠯᠬᠦ ᠵᠢᠨ ᠴᠢᠬᠤᠯᠠ ᠰᠠᠭᠤᠷᠢ ᠮᠥᠨ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭ᠋ᠠᠷᠳᠠᠯᠭ᠎ᠠ᠂ ᠨᠡᠩ ᠪᠣᠳᠠᠲᠠᠢ ᠠᠷᠭ᠎ᠠ ᠬᠡᠮᠵᠢᠶ᠎ᠡ᠎ᠪᠠᠷ ᠨᠠᠮ᠎ᠤᠨ ᠰᠠᠬᠢᠯᠭ᠎ᠠ ᠪᠠᠲᠤ ᠵᠢ ᠴᠢᠩᠭ᠎ᠠ ᠰᠠᠬᠢᠬᠤ ᠵᠢ ᠨᠠᠮ᠎ᠤᠨ ᠪᠠᠢ᠌ᠭᠤᠯᠤᠯᠲᠠ ᠵᠢᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠤᠰᠤᠨ ᠠᠰᠢᠭᠯᠠᠯᠲᠠ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠪᠠᠲᠤ ᠴᠢᠩᠭ᠎ᠠ ᠰᠠᠬᠢᠯᠭ᠎ᠠ ᠪᠠᠲᠤ ᠵᠢᠨ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠤᠨ ᠳᠠᠷᠠᠭ᠎ᠠ᠂ ᠫᠧᠩ ᠶᠠ ᠯᠢ ᠣᠳᠣᠬᠠᠨ᠎ᠤ ᠦᠶᠡᠷ᠎ᠢ ᠰᠡᠷᠭᠡᠶ᠋ᠢᠯᠡᠨ ᠭᠠᠩ ᠬᠠᠭᠰᠠᠷᠠᠭ᠋ᠠᠨ᠎ᠲᠠᠢ ᠲᠡᠮᠡᠴᠡᠬᠦ ᠵᠡᠷᠭᠡ ᠠᠵᠢᠯ᠎ᠢ ᠰᠠᠶ᠋ᠢᠲᠤᠷ ᠬᠢᠬᠦ ᠲᠤᠬᠠᠶ ᠪᠠᠶ᠋ᠢᠷᠢᠯᠠᠭᠤᠯᠤᠯᠲᠠ ᠬᠢᠵᠡᠶ᠃ ᠲᠢᠩᠬᠢᠮ᠎ᠤᠨ ᠪᠠᠶ᠋ᠢᠭᠤᠯᠭ᠎ᠠ ᠵᠢᠨ ᠬᠤᠯᠪᠣᠭᠳᠠᠯ ᠪᠦᠬᠦᠢ ᠭᠠᠵᠠᠷ ᠠᠯᠪᠠᠨ ᠲᠠᠰᠤᠭ᠂ ᠲᠢᠩᠬᠢᠮ᠎ᠤᠨ ᠬᠠᠷᠢᠶ᠎ᠠ ᠬᠤᠯᠪᠣᠭᠳᠠᠯ ᠪᠦᠬᠦᠢ ᠨᠢᠭᠡᠴᠢ ᠵᠢᠨ ᠭᠤᠣᠯ ᠬᠠᠷᠢᠭᠤᠴᠠᠯᠭ᠋ᠠᠲᠠᠨ ᠪᠣᠯᠤᠨ ᠨᠠᠮ᠎ᠤᠨ ᠠᠵᠢᠯ᠎ᠤᠨ ᠨᠥᠬᠦᠳ ᠬᠤᠷᠠᠯ᠎ᠳᠤ ᠣᠷᠣᠯᠴᠠᠵᠠᠢ᠃