ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠣᠨᠴᠠᠯᠢᠭᠲᠤ᠌ ᠳᠠᠪᠴᠠᠩ   -   ᠮᠡᠳᠡᠭᠡᠯᠡᠯ
ᠯᠢ ᠪᠢᠨ ᠬᠤᠪᠢᠳᠠᠨ ᠬᠠᠮᠢᠶᠠᠷᠴᠤ ᠪᠠᠶ᠋ᠢᠭ᠎ᠠ ᠬᠦᠷᠢᠶᠡᠨ᠎ᠤ 《ᠨᠢᠭᠡ ᠠᠵᠢᠯ᠎ᠤᠨ ᠪᠠᠶ᠋ᠢᠷᠢ᠎ᠳᠤ ᠬᠤᠣᠰ ᠬᠠᠷᠢᠭᠤᠴᠠᠯᠭ᠎ᠠ ᠡᠭᠦᠷᠭᠡᠯᠡᠬᠦ》 ᠵᠢᠴᠢ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠲᠤᠰᠬᠠᠢ ᠰᠡᠳᠦᠪᠲᠦ ᠠᠵᠢᠯ᠎ᠤᠨ ᠬᠤᠷᠠᠯ᠎ᠢ ᠡᠷᠬᠢᠯᠡᠨ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-07-24

  7 ᠳ᠋ᠤᠭ᠋ᠠᠷ ᠰᠠᠷ᠎ᠠ ᠵᠢᠨ 22᠎ᠤᠨ ᠡᠳᠦᠷ᠂ ᠤᠰᠤᠨ ᠠᠰᠢᠭᠯᠠᠯᠲᠠ ᠵᠢᠨ ᠳᠡᠳ᠋ ᠲᠢᠩᠬᠢᠮ᠎ᠤᠨ ᠳᠠᠷᠤᠭ᠎ᠠ ᠯᠢ ᠪᠢᠨ 《ᠨᠢᠭᠡ ᠠᠵᠢᠯ᠎ᠤᠨ ᠪᠠᠶ᠋ᠢᠷᠢ᠎ᠳᠤ ᠬᠤᠣᠰ ᠬᠠᠷᠢᠭᠤᠴᠠᠯᠭ᠎ᠠ ᠡᠭᠦᠷᠭᠡᠯᠡᠬᠦ》 ᠵᠢᠴᠢ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠵᠢᠨ ᠲᠤᠰᠬᠠᠢ ᠰᠡᠳᠦᠪᠲᠦ ᠠᠵᠢᠯ᠎ᠤᠨ ᠬᠤᠷᠠᠯ ᠬᠤᠷᠠᠯᠳᠤᠭᠤᠯᠵᠤ᠂ ᠬᠤᠪᠢᠳᠠᠨ ᠬᠠᠮᠢᠶᠠᠷᠴᠤ ᠪᠠᠶ᠋ᠢᠭ᠎ᠠ ᠬᠦᠷᠢᠶᠡᠨ᠎ᠳᠠᠬᠢ ᠡᠯ᠎ᠡ ᠬᠤᠯᠪᠣᠭᠳᠠᠯ ᠪᠦᠬᠦᠢ ᠨᠢᠭᠡᠴᠢ ᠵᠢᠨ 2024 ᠣᠨ᠎ᠤ ᠳᠡᠭᠡᠷ᠎ᠡ ᠬᠠᠭ᠋ᠠᠰ ᠵᠢᠯ᠎ᠤᠨ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ᠂ ᠦᠵᠡᠯ ᠤᠬᠠᠮᠰᠠᠷ᠎ᠤᠨ ᠬᠡᠯᠪᠡᠷᠢ ᠵᠢᠨ ᠬᠦᠷᠢᠶ᠎ᠡ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠪᠠ ᠵᠢᠱ᠌ᠢᠶᠡᠴᠢ ᠪᠠᠶ᠋ᠢᠭᠤᠯᠭ᠎ᠠ ᠵᠢ ᠡᠭᠦᠳᠦᠨ ᠪᠠᠶ᠋ᠢᠭᠤᠯᠬᠤ ᠵᠡᠷᠭᠡ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠣᠷᠣᠰᠢᠵᠤ ᠪᠠᠶ᠋ᠢᠭ᠎ᠠ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ᠎ᠪᠠᠨ ᠡᠷᠢᠵᠦ᠂ ᠳᠣᠣᠷ᠎ᠠ ᠬᠠᠭ᠋ᠠᠰ ᠵᠢᠯ᠎ᠤᠨ ᠭᠤᠣᠯᠳᠠᠯᠭ᠎ᠠ᠎ᠲᠠᠢ ᠠᠵᠢᠯ᠎ᠢ ᠰᠤᠳᠤᠯᠤᠨ ᠪᠠᠶ᠋ᠢᠷᠢᠯᠠᠭᠤᠯᠪᠠ᠃  ᠲᠢᠩᠬᠢᠮ᠎ᠤᠨ ᠲᠥᠯᠥᠪᠯᠡᠭᠡ ᠡᠳ᠋᠎ᠤᠨ ᠶᠠᠪᠤᠳᠠᠯ᠎ᠤᠨ ᠭᠠᠵᠠᠷ᠂ ᠤᠰᠤᠨ᠎ᠤ ᠡᠬᠢ ᠪᠠᠶᠠᠯᠢᠭ᠎ᠤᠨ ᠭᠠᠵᠠᠷ᠂ ᠤᠰᠤᠨ᠎ᠤ ᠶᠠᠪᠤᠳᠠᠯ᠎ᠤᠨ ᠭᠠᠵᠠᠷ᠂ ᠭᠤᠤᠯ ᠮᠥᠷᠡᠨ ᠨᠠᠭᠤᠷ ᠴᠥᠭᠦᠷᠥᠮ᠎ᠤᠨ ᠭᠠᠵᠠᠷ᠂ ᠰᠡᠷᠭᠡᠶ᠋ᠢᠯᠡᠯᠲᠡ ᠵᠢᠨ ᠭᠠᠵᠠᠷ᠂ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠲᠥᠪ᠂ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠂ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠂ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠬᠦ ᠮᠡᠷᠭᠡᠵᠢᠯ᠎ᠤᠨ ᠲᠥᠪ᠎ᠤᠨ ᠭᠤᠤᠯ ᠬᠠᠷᠢᠭᠤᠴᠠᠯᠭ᠋ᠠᠲᠠᠨ ᠨᠥᠬᠦᠳ ᠲᠠᠰ ᠳᠠᠷᠠᠭ᠋ᠠᠯᠠᠨ ᠬᠠᠷᠢᠭᠤ ᠮᠡᠳᠡᠭᠦᠯᠦᠯᠲᠡ ᠬᠢᠵᠦ ᠶᠠᠷᠢᠶ᠎ᠠ ᠲᠠᠯᠪᠢᠪᠠ᠃

   ᠯᠢ ᠪᠢᠨ ᠬᠤᠪᠢᠳᠠᠨ ᠬᠠᠮᠢᠶᠠᠷᠴᠤ ᠪᠠᠶ᠋ᠢᠭ᠎ᠠ ᠰᠠᠯᠠᠭ᠎ᠠ ᠮᠥᠴᠢᠷ ᠪᠣᠯᠤᠨ ᠨᠢᠭᠡᠴᠢ ᠵᠢᠨ ᠠᠵᠢᠯ᠎ᠳᠤ ᠦᠨᠡᠯᠡᠯᠲᠡ ᠬᠢᠵᠦ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠠᠶ᠋ᠢᠲᠤᠷ ᠰᠤᠷᠤᠯᠴᠠᠨ ᠲᠤᠭᠤᠰᠢᠯᠠᠭᠤᠯᠬᠤ ᠵᠢ ᠣᠳᠣᠬᠠᠨ᠎ᠤ ᠪᠠ ᠬᠤᠶ᠋ᠢᠰᠢᠳᠠ ᠵᠢᠨ ᠨᠢᠭᠡ ᠬᠤᠭᠤᠴᠠᠭ᠋ᠠᠨ᠎ᠤ ᠴᠢᠬᠤᠯᠠ ᠶᠡᠭᠡ ᠤᠯᠤᠰ ᠲᠦᠷᠦ ᠵᠢᠨ ᠡᠭᠦᠷᠭᠡ ᠪᠣᠯᠭ᠋ᠠᠵᠤ᠂ ᠨᠠᠶ᠋ᠢᠳᠠᠪᠤᠷᠢᠵᠢᠭᠤᠯᠤᠯᠲᠠ ᠵᠢ ᠲᠡᠷᠡ ᠶᠣᠰᠣᠭ᠋ᠠᠷ᠎ᠨᠢ ᠰᠠᠶ᠋ᠢᠲᠤᠷ ᠠᠳᠬᠤᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠵᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ᠂ ᠦᠵᠡᠯ ᠤᠬᠠᠮᠰᠠᠷ᠎ᠤᠨ ᠬᠡᠯᠪᠡᠷᠢ ᠵᠢᠨ ᠬᠦᠷᠢᠶᠡᠨ᠎ᠤ ᠠᠵᠢᠯ᠎ᠢ ᠴᠥᠬᠦᠷᠡᠰᠢ ᠦᠭᠡᠢ ᠰᠠᠶ᠋ᠢᠲᠤᠷ ᠬᠢᠵᠦ᠂ ᠳᠣᠣᠷ᠎ᠠ ᠬᠠᠭ᠋ᠠᠰ ᠵᠢᠯ᠎ᠤᠨ ᠠᠵᠢᠯ᠎ᠢ ᠤᠯᠠᠮ ᠴᠢᠨᠠᠭᠰᠢᠳᠠ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠵᠦ᠂ ᠰᠢᠰᠲ᠋ᠧᠮ᠎ᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

   ᠬᠤᠷᠠᠯ ᠳᠡᠭᠡᠷ᠎ᠡ᠂ ᠯᠢ ᠪᠢᠨ ᠪᠠᠰᠠ ᠣᠳᠣᠬᠠᠨ᠎ᠤ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠵᠡᠷᠭᠡ ᠠᠵᠢᠯ᠎ᠢ ᠰᠠᠶ᠋ᠢᠲᠤᠷ ᠬᠢᠬᠦ ᠲᠤᠬᠠᠶ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠬᠢᠵᠦ᠂ ᠡᠯ᠎ᠡ ᠱᠠᠲᠤᠨ᠎ᠤ ᠦᠶᠡᠷ᠎ᠢ ᠰᠡᠷᠭᠡᠶ᠋ᠢᠯᠡᠬᠦ ᠬᠠᠷᠢᠭᠤᠴᠠᠯᠭ᠎ᠠ ᠵᠢ ᠴᠢᠩᠭ᠎ᠠ ᠪᠣᠳᠠᠲᠠᠶ᠋ᠢᠵᠢᠭᠤᠯᠵᠤ᠂ ᠦᠶᠡᠷ᠎ᠢ ᠰᠡᠷᠭᠡᠶ᠋ᠢᠯᠡᠬᠦ ᠪᠠᠶ᠋ᠢᠳᠠᠯ᠎ᠢ ᠣᠨᠣᠪᠴᠢᠲᠠᠶ ᠰᠤᠳᠤᠯᠤᠨ ᠮᠠᠭ᠋ᠠᠳᠯᠠᠵᠤ᠂ ᠦᠶᠡᠷ᠎ᠢ ᠰᠡᠷᠭᠡᠶ᠋ᠢᠯᠡᠬᠦ ᠰᠠᠨᠠᠭ᠋ᠠᠴᠢᠯᠠᠭ᠋ᠠᠲᠤ ᠡᠷᠬᠡ ᠵᠢ ᠪᠠᠲᠤ ᠡᠵᠡᠮᠳᠡᠵᠦ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠥᠬᠦ ᠬᠦᠴᠦᠨ ᠵᠶ᠋ᠠᠷ ᠵᠶ᠋ᠠᠨ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠺᠠᠳ᠋ᠷᠴᠤᠳ᠎ᠤᠨ ᠶᠡᠭᠡ ᠬᠤᠷᠠᠯ ᠬᠤᠷᠠᠯᠳᠤᠭᠤᠯᠵᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ᠎ᠤᠨ ᠨᠠᠢ᠍ᠮᠠᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠴᠢ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠶ ᠰᠡᠳᠦᠪᠲᠦ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠲᠢᠩᠬᠢᠮ ᠨᠠᠮ᠎ᠤᠨ ᠠᠵᠢᠯ᠎ᠤᠨ ᠺᠠᠳ᠋ᠷ᠎ᠤᠨ ᠴᠢᠳᠠᠪᠤᠷᠢ ᠬᠡᠪ ᠴᠢᠨᠠᠷ᠎ᠢ ᠳᠡᠭᠡᠭᠰᠢᠯᠡᠭᠦᠯᠵᠦ ᠪᠠᠲᠤ ᠴᠢᠩᠭ᠎ᠠ ᠪᠠᠬᠢᠯᠡᠯᠲᠡ ᠵᠢᠨ 《ᠵᠢᠱ᠌ᠢᠶᠡᠴᠢ》 ᠵᠢᠨ ᠨᠠᠮ᠎ᠤᠨ ᠡᠭᠦᠷ᠎ᠢ ᠡᠭᠦᠳᠦᠨ ᠪᠠᠶ᠋ᠢᠭᠤᠯᠬᠤ ᠠᠵᠢᠯ᠎ᠤᠨ ᠪᠣᠯᠪᠠᠰᠤᠷᠠᠯ ᠵᠢ ᠵᠤᠬᠢᠶᠠᠨ ᠪᠠᠢ᠌ᠭᠤᠯᠪᠠ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠶ ᠰᠡᠳᠦᠪᠲᠦ ᠨᠣᠮ ᠤᠩᠰᠢᠬᠤ ᠠᠩᠭᠢ ᠡᠷᠬᠢᠯᠡᠪᠡ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ ᠵᠢᠷᠭᠤᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠴᠢ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
 
            