7 ᠳ᠋ᠤᠭ᠋ᠠᠷ ᠰᠠᠷ᠎ᠠ ᠵᠢᠨ 4᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠠᠵᠢᠯ᠎ᠤᠨ ᠬᠤᠷᠢᠶ᠎ᠠ ᠵᠢᠨ ᠪᠠᠶ᠋ᠢᠩᠭᠤ ᠵᠢᠨ ᠳᠡᠳ᠋ ᠱᠦᠵᠢ ᠰᠦᠨ ᠠᠶ ᠹᠠᠩ ᠤᠰᠤᠨ ᠠᠰᠢᠭᠯᠠᠯᠲᠠ ᠵᠢᠨ ᠲᠢᠩᠬᠢᠮ᠎ᠳᠤ ᠬᠦᠷᠴᠦ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠪᠠᠶ᠋ᠢᠴᠠᠭ᠋ᠠᠨ ᠰᠤᠳᠤᠯᠵᠤ ᠵᠢᠭ᠋ᠠᠨ ᠵᠢᠯᠣᠭᠤᠳᠴᠤ᠂ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠱᠧᠩ ᠰᠢᠶᠣᠣ ᠶᠢᠥ ᠶᠠᠷᠢᠯᠴᠠᠬᠤ ᠬᠤᠷᠠᠯ᠎ᠢ ᠡᠷᠭᠢᠯᠡᠪᠡ᠃

ᠪᠠᠶ᠋ᠢᠴᠠᠭ᠋ᠠᠨ ᠰᠤᠳᠤᠯᠤᠯᠲᠠ ᠵᠢᠨ ᠳᠤᠮᠳᠠ᠂ ᠰᠦᠨ ᠠᠶ ᠹᠠᠩ ᠨᠠᠷ ᠤᠰᠤᠨ ᠠᠰᠢᠭᠯᠠᠯᠲᠠ ᠵᠢᠨ ᠲᠢᠩᠬᠢᠮ᠎ᠤᠨ ᠬᠤᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠦᠳ᠎ᠲᠠᠢ ᠶᠠᠷᠢᠯᠴᠠᠵᠤ᠂ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠳᠡᠳ᠋ ᠲᠢᠩᠬᠢᠮ᠎ᠤᠨ ᠳᠠᠷᠤᠭ᠎ᠠ ᠫᠧᠩ ᠶᠠ ᠯᠢ ᠵᠢᠨ ᠤᠢ᠍ᠢ᠍ᠷ᠎ᠠ ᠵᠢᠨ ᠵᠢᠯ᠎ᠤᠨ ᠤᠰᠤᠨ ᠠᠰᠢᠭᠯᠠᠯᠲᠠ ᠵᠢᠨ ᠲᠢᠩᠬᠢᠮ᠎ᠤᠨ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠪᠠᠶ᠋ᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠨᠠᠷᠢᠨ ᠬᠢᠨᠠᠮᠠᠭ᠋ᠠᠢ ᠰᠣᠨᠣᠰᠴᠤ᠂ ᠬᠤᠯᠪᠣᠭᠳᠠᠯ ᠪᠦᠬᠦᠢ ᠭᠤᠣᠯᠳᠠᠯᠭ᠎ᠠ᠎ᠲᠠᠢ ᠠᠵᠢᠯ᠎ᠤᠨ ᠲᠣᠭᠤᠷᠢᠨ᠎ᠳᠤ ᠤᠯᠠᠨ᠎ᠲᠠᠢ ᠰᠠᠨᠠᠯ ᠵᠶ᠋ᠠᠨ ᠭᠦᠨᠵᠡᠭᠡᠢ ᠰᠣᠯᠢᠯᠴᠠᠪᠠ᠃ ᠳᠠᠷᠠᠭ᠎ᠠ᠎ᠨᠢ᠂ ᠤᠰᠤᠨ ᠠᠰᠢᠭᠯᠠᠯᠲᠠ ᠵᠢᠨ ᠶᠡᠷᠦᠩᠬᠡᠶ᠋ᠢᠯᠡᠭᠰᠡᠨ ᠰᠢᠢ᠍ᠳᠪᠦᠷᠢᠲᠦ ᠪᠤᠳᠤᠯᠭ᠎ᠠ ᠵᠢᠨ ᠵᠢᠯᠣᠭᠤᠳᠤᠨ ᠲᠣᠬᠢᠷᠠᠭᠤᠯᠬᠤ ᠲᠥᠪ᠎ᠤᠨ ᠠᠵᠢᠯᠯᠠᠭ᠋ᠠᠨ ᠪᠠ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠬᠦ ᠭᠠᠵᠠᠷ ᠬᠢᠭᠡᠳ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠬᠦ ᠲᠥᠪ᠎ᠤᠨ ᠨᠠᠮ᠎ᠤᠨ ᠡᠭᠦᠷ᠎ᠤᠨ ᠪᠠᠶ᠋ᠢᠭᠤᠯᠤᠯᠲᠠ ᠵᠢᠨ ᠪᠠᠶ᠋ᠢᠳᠠᠯ᠎ᠢ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠵᠦ᠂ ᠤᠰᠤᠨ ᠠᠰᠢᠭᠯᠠᠯᠲᠠ ᠵᠢᠨ ᠨᠡᠶ᠋ᠢᠲᠡᠯᠢᠭ ᠲᠤᠬᠠᠶ᠋ᠢᠯᠠᠭᠰᠠᠨ ᠠᠵᠢᠯ᠎ᠤᠨ ᠰᠢᠰᠲ᠋ᠧᠮ ᠪᠠ 《ᠢᠯᠠ ᠪᠣᠯᠭ᠋ᠠᠬᠤ ᠬᠠᠷᠢᠴᠠᠯ》᠎ᠤᠨ ᠠᠵᠢᠯᠯᠠᠭ᠎ᠠ ᠵᠢᠨ ᠲᠠᠪᠴᠠᠩ᠎ᠤᠨ ᠦᠵᠡᠭᠦᠯᠭᠡ ᠵᠢᠨ ᠬᠠᠷᠢᠭᠤ ᠮᠡᠳᠡᠭᠦᠯᠦᠯᠲᠡ ᠵᠢ ᠦᠵᠡᠪᠡ᠃
ᠰᠦᠨ ᠠᠶ ᠹᠠᠩ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠬᠠᠨᠳᠤᠯᠭ᠋ᠠᠲᠤ ᠴᠢᠨᠠᠷ ᠵᠶ᠋ᠠᠷ ᠢᠯᠡᠷᠬᠡᠶ᠂ ᠪᠦᠲᠦᠭᠡᠯᠴᠢ ᠴᠢᠨᠠᠷ ᠵᠶ᠋ᠠᠷ ᠨᠡᠯᠢᠶᠡᠳ ᠴᠢᠩᠭ᠎ᠠ᠂ ᠪᠣᠳᠠᠲᠤ ᠪᠦᠲᠦᠮᠵᠢᠲᠦ ᠴᠢᠨᠠᠷ ᠵᠶ᠋ᠠᠷ ᠲᠣᠪᠤᠶ᠋ᠢᠮ᠎ᠠ ᠪᠠᠶ᠋ᠢᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ ᠭᠤᠤᠯ ᠴᠣᠭᠴᠠ ᠵᠢᠨ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠤᠯᠤᠰ ᠲᠥᠷᠥ ᠵᠢᠨ ᠪᠠᠶ᠋ᠢᠭᠤᠯᠭ᠎ᠠ ᠵᠢᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠶ ᠥᠷᠨᠢᠭᠦᠯᠵᠦ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠨᠠᠷᠢᠨ ᠬᠢᠨᠠᠮᠠᠭ᠋ᠠᠶ ᠠᠬᠢᠭᠤᠯᠵᠤ᠂ ᠨᠠᠮ᠎ᠤᠨ ᠤᠯᠤᠰ ᠲᠥᠷᠥ ᠵᠢᠨ ᠪᠠᠶ᠋ᠢᠭᠤᠯᠤᠯᠲᠠ᠎ᠪᠠᠷ ᠶᠡᠷᠦᠩᠬᠡᠶ᠋ᠢᠯᠡᠨ ᠵᠢᠯᠣᠭᠤᠳᠣᠭᠤᠯᠬᠤ ᠵᠢ ᠪᠠᠷᠢᠮᠲᠠᠯᠠᠵᠤ᠂ ᠣᠨᠣᠯ ᠵᠶ᠋ᠠᠷ ᠵᠡᠪᠰᠡᠭᠯᠡᠬᠦ ᠵᠢ ᠭᠦᠨᠵᠡᠭᠡᠶ᠋ᠢᠷᠡᠭᠦᠯᠬᠦ᠂ ᠦᠨᠳᠦᠰᠦᠨ ᠱᠠᠲᠤᠨ᠎ᠤ ᠰᠠᠭᠤᠷᠢ ᠵᠢ ᠪᠠᠬᠢᠵᠢᠭᠦᠯᠬᠦ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠬᠤ ᠵᠢ ᠠᠬᠢᠭᠤᠯᠬᠤ ᠵᠡᠷᠭᠡ ᠲᠠᠯ᠎ᠠ᠎ᠪᠠᠷ ᠶᠡᠭᠡ ᠬᠡᠮᠵᠢᠶᠡᠨ᠎ᠤ ᠠᠵᠢᠯ ᠬᠢᠵᠦ᠂ ᠮᠠᠰᠢ ᠰᠠᠶ᠋ᠢᠨ ᠦᠷ᠎ᠡ ᠪᠦᠲᠦᠮᠵᠢ ᠤᠯᠪᠠ᠃ ᠣᠳᠣᠬᠠᠨ᠎ᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠭᠤᠤᠯᠳᠠᠯᠭ᠎ᠠ᠎ᠲᠠᠢ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢᠨ ᠲᠣᠭᠤᠷᠢᠨ᠎ᠳᠤ᠂ ᠰᠦᠨ ᠠᠶ ᠹᠠᠩ᠂ ᠤᠯᠤᠰ ᠲᠥᠷᠥ ᠵᠢᠨ ᠪᠠᠶ᠋ᠢᠭᠤᠯᠭ᠎ᠠ ᠵᠢᠨ ᠪᠠᠶ᠋ᠢᠭᠤᠯᠤᠯᠲᠠ ᠵᠢ ᠲᠠᠰᠤᠷᠠᠯᠲᠠ ᠥᠬᠡᠶ ᠭᠦᠨᠵᠡᠭᠡᠶ᠋ᠢᠷᠡᠭᠦᠯᠵᠦ᠂ ᠤᠮᠠᠷᠠᠲᠤ ᠬᠢᠯᠢ ᠵᠢᠨ ᠵᠢᠱ᠌ᠢᠶᠡᠴᠢ ᠪᠠᠶ᠋ᠢᠭᠤᠯᠭ᠎ᠠ ᠵᠢ ᠡᠭᠦᠳᠦᠨ ᠪᠠᠶ᠋ᠢᠭᠤᠯᠬᠤ ᠵᠢ ᠦᠷᠭᠦᠯᠵᠢᠯᠡᠨ ᠠᠬᠢᠭᠤᠯᠵᠤ᠂ ᠭᠤᠤᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠤᠯᠤᠰ ᠲᠥᠷᠥ ᠵᠢᠨ ᠪᠠᠶ᠋ᠢᠭᠤᠯᠭ᠎ᠠ ᠵᠢᠨ ᠪᠠᠶ᠋ᠢᠭᠤᠯᠤᠯᠲᠠ ᠵᠢᠨ ᠴᠢᠬᠤᠯᠠ ᠠᠭᠤᠯᠭ᠎ᠠ ᠪᠣᠯᠭ᠋ᠠᠵᠤ᠂ ᠡᠯ᠎ᠡ ᠵᠦᠢ᠍ᠯ᠎ᠤᠨ ᠠᠵᠢᠯ᠎ᠤᠨ ᠪᠥᠬᠦ ᠶᠠᠪᠤᠴᠠ ᠡᠯ᠎ᠡ ᠲᠠᠯ᠎ᠠ᠎ᠳᠤ ᠠᠭᠤᠰᠤᠯᠴᠠᠭᠤᠯᠬᠤ ᠬᠡᠷᠡᠭᠲᠡᠶ᠃ ᠠᠵᠢᠯ᠎ᠤᠨ ᠰᠠᠭᠤᠷᠢ᠎ᠪᠠᠨ ᠪᠠᠬᠢᠵᠢᠭᠦᠯᠵᠦ᠂ ᠨᠠᠮ᠎ᠤᠨ ᠪᠠᠶ᠋ᠢᠭᠤᠯᠤᠯᠲᠠ ᠪᠣᠯᠤᠨ ᠲᠤᠬᠠᠶ᠋ᠢᠯᠠᠭᠰᠠᠨ ᠠᠵᠢᠯ᠎ᠤᠨ ᠠᠭᠤᠰᠤᠯᠴᠠᠨ ᠬᠥᠭᠵᠢᠬᠦ ᠵᠢ ᠦᠷᠭᠦᠯᠵᠢᠯᠡᠨ ᠠᠬᠢᠭᠤᠯᠵᠤ᠂ ᠪᠠᠲᠤ ᠴᠢᠩᠭ᠎ᠠ ᠪᠠᠬᠢᠯᠡᠯᠲᠡ ᠵᠢᠨ ᠵᠢᠱ᠌ᠢᠶᠡᠴᠢ ᠨᠠᠮ᠎ᠤᠨ ᠡᠭᠦᠷ᠎ᠢ ᠡᠭᠦᠳᠦᠨ ᠪᠠᠶ᠋ᠢᠭᠤᠯᠬᠤ ᠪᠠ 《ᠬᠤᠤᠰ ᠨᠡᠷ᠎ᠡ ᠮᠡᠳᠡᠭᠦᠯᠬᠦ᠂ ᠬᠤᠤᠰ ᠦᠢ᠍ᠯᠡᠴᠢᠯᠡᠬᠦ᠂ ᠬᠤᠤᠰ ᠮᠡᠳᠡᠭᠦᠯᠬᠦ》 ᠠᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠂ 《ᠭᠤᠷᠪᠠᠨ ᠪᠣᠳᠠᠲᠠᠶ᠂ ᠭᠤᠷᠪᠠ ᠵᠢ ᠨᠠᠶ᠋ᠢᠳᠠᠪᠤᠷᠢᠵᠢᠭᠤᠯᠬᠤ》 ᠲᠤᠷᠰᠢᠯᠭ᠎ᠠ ᠠᠷᠭ᠎ᠠ ᠬᠢᠳᠡᠯ᠎ᠢ ᠰᠢᠨ᠎ᠡ᠎ᠪᠠᠷ ᠬᠤᠤᠰᠯᠠᠵᠤ ᠬᠠᠮᠲᠤ᠎ᠪᠠᠷ ᠪᠠᠶ᠋ᠢᠭᠤᠯᠬᠤ ᠠᠵᠢᠯ᠎ᠳᠤ ᠬᠡᠷᠡᠭᠯᠡᠬᠦ ᠬᠡᠷᠡᠭᠲᠡᠶ᠃ ᠶᠡᠷᠦᠩᠬᠡᠢ ᠱᠦᠵᠢ ᠰᠢ ᠵᠢᠨ ᠫᠢᠩ᠎ᠤᠨ ᠤᠢ᠍ᠢ᠍ᠷ᠎ᠠ ᠵᠢᠨ ᠬᠤᠭᠤᠴᠠᠭ᠋ᠠᠨ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠮᠥᠷᠳᠡᠨ ᠰᠤᠷᠤᠯᠴᠠᠬᠤ ᠵᠢ ᠨᠠᠷᠢᠨ ᠬᠢᠨᠠᠮᠠᠭ᠋ᠠᠢ ᠰᠠᠶ᠋ᠢᠲᠤᠷ ᠠᠳᠬᠤᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠠᠬᠢᠭᠤᠯᠵᠤ᠂ ᠬᠡᠷᠡᠭ ᠵᠶ᠋ᠠᠷ ᠰᠤᠷᠤᠯᠴᠠᠯᠭ᠎ᠠ ᠵᠢ ᠠᠬᠢᠭᠤᠯᠬᠤ᠂ ᠬᠡᠷᠡᠭ ᠵᠶ᠋ᠠᠷ ᠰᠠᠬᠢᠯᠭ᠎ᠠ ᠪᠠᠲᠤ ᠵᠢ ᠬᠡᠯᠡᠬᠦ ᠵᠡᠷᠭᠡ ᠰᠡᠷᠡᠮᠵᠢᠯᠡᠭᠦᠯᠬᠦ ᠬᠥᠮᠦᠵᠢᠯ᠎ᠢ ᠭᠦᠨᠵᠡᠭᠡᠶ᠋ᠢᠷᠡᠭᠦᠯᠵᠦ᠂ ᠨᠢᠭᠡ ᠴᠤᠭᠴᠠᠵᠢᠭᠤᠯᠤᠨ ᠠᠬᠢᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠨᠡᠪᠲᠡᠷᠡᠭᠦᠯᠵᠦ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ᠂ ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ᠎ᠤᠨ ᠠᠰᠠᠭᠤᠳᠠᠯ᠎ᠢ ᠴᠡᠭᠴᠡᠯᠡᠨ ᠵᠠᠰᠠᠬᠤ ᠭᠤᠷᠪᠠᠨ ᠵᠦᠢ᠍ᠯ᠎ᠤᠨ ᠠᠵᠢᠯ᠎ᠢ ᠠᠬᠢᠭᠤᠯᠵᠤ᠂ 1+1+1∨3 ᠵᠢᠨ ᠦᠷ᠎ᠡ ᠪᠦᠲᠦᠮᠵᠢ ᠵᠢ ᠪᠡᠶᠡᠯᠡᠭᠦᠯᠵᠦ᠂ ᠦᠨᠡᠨ ᠪᠣᠳᠠᠲᠠᠢ ᠦᠷ᠎ᠡ ᠪᠦᠲᠦᠮᠵᠢ᠎ᠪᠠᠷ ᠤᠯᠠᠨ ᠲᠦᠮᠡᠨ᠎ᠳᠤ ᠨᠡᠩ ᠤᠯᠠᠨ ᠬᠤᠪᠢᠷᠠᠯᠲᠠ ᠵᠢ ᠦᠵᠡᠭᠦᠯᠵᠦ᠂ ᠨᠡᠩ ᠤᠯᠠᠨ ᠪᠣᠳᠠᠲᠤ ᠠᠰᠢᠭ ᠬᠦᠷᠲᠡᠭᠡᠬᠦ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃
ᠱᠧᠩ ᠰᠢᠶᠣᠣ ᠶᠢᠤ᠂ ᠤᠰᠤᠨ ᠠᠰᠢᠭᠯᠠᠯᠲᠠ ᠵᠢᠨ ᠲᠢᠩᠬᠢᠮ᠎ᠨᠢ 《ᠬᠤᠶᠠᠷ ᠶᠡᠭᠡ ᠶᠠᠪᠤᠳᠠᠯ》᠎ᠢ ᠰᠠᠶ᠋ᠢᠲᠤᠷ ᠬᠢᠬᠦ ᠪᠠ ᠰᠢᠨ᠎ᠡ ᠵᠠᠮ᠎ᠢ ᠡᠭᠦᠳᠦᠨ ᠳᠤᠮᠳᠠ ᠲᠦᠪᠰᠢᠨ᠎ᠤ ᠬᠠᠷᠠᠯᠲᠠ ᠵᠢ ᠪᠡᠶᠡᠯᠡᠭᠦᠯᠬᠦ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠡᠭᠦᠷᠭᠡ ᠵᠢ ᠡᠭᠦᠷᠭᠡᠯᠡᠵᠦ ᠪᠠᠶ᠋ᠢᠳᠠᠭ᠂ ᠡᠷᠬᠡᠪᠰᠢ ᠤᠯᠤᠰ ᠲᠥᠷᠥ ᠵᠢᠨ ᠪᠠᠶ᠋ᠢᠭᠤᠯᠭ᠎ᠠ ᠵᠢᠨ ᠤᠬᠠᠮᠰᠠᠷ᠎ᠢ ᠪᠠᠲᠤ ᠪᠠᠬᠢ ᠪᠣᠶ ᠪᠣᠯᠭ᠋ᠠᠵᠤ᠂ ᠨᠠᠮ᠎ᠤᠨ ᠤᠯᠤᠰ ᠲᠥᠷᠥ ᠵᠢᠨ ᠪᠠᠶ᠋ᠢᠭᠤᠯᠤᠯᠲᠠ᠎ᠪᠠᠷ ᠶᠡᠷᠦᠩᠬᠡᠶ᠋ᠢᠯᠡᠨ ᠵᠢᠯᠣᠭᠤᠳᠣᠭᠤᠯᠵᠤ᠂ ᠬᠤᠯᠪᠣᠭᠳᠠᠯ ᠪᠥᠬᠦᠶ ᠤᠰᠤ ᠵᠢ ᠵᠠᠰᠠᠬᠤ ᠭᠤᠤᠯᠳᠠᠯᠭ᠎ᠠ᠎ᠲᠠᠢ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠯᠠᠪᠳᠠᠭᠤᠨ ᠪᠠᠲᠤᠲᠠᠶ ᠳᠥᠯᠭᠢᠨ ᠠᠬᠢᠭᠤᠯᠵᠤ᠂ ᠤᠰᠤᠨ ᠠᠰᠢᠭᠯᠠᠯᠲᠠ ᠵᠢᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠰᠠᠶ᠋ᠢᠲᠤᠷ ᠬᠥᠭᠵᠢᠭᠦᠯᠬᠦ ᠬᠡᠷᠡᠭᠲᠡᠶ᠃ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠬᠦᠴᠦᠯᠡᠨ ᠠᠬᠢᠭᠤᠯᠵᠤ᠂ ᠨᠠᠮ᠎ᠤᠨ ᠰᠠᠬᠢᠯᠭ᠎ᠠ ᠪᠠᠲᠤ ᠵᠢᠨ 《ᠥᠨᠳᠥᠷ ᠬᠦᠴᠦᠳᠡᠯᠲᠦ ᠴᠠᠬᠢᠯᠭ᠋ᠠᠨ ᠤᠲᠠᠰᠤ》 ᠪᠣᠯᠤᠨ ᠵᠥᠪ ᠴᠢᠭᠯᠡᠯ᠎ᠤᠨ 《ᠪᠡᠶ᠎ᠡ᠎ᠪᠠᠨ ᠬᠠᠮᠠᠭ᠋ᠠᠯᠠᠬᠤ》 ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ ᠤᠯᠤᠰ ᠲᠦᠷᠦ ᠵᠢᠨ ᠦᠨᠡᠨᠴᠢ ᠰᠢᠳᠤᠷᠭᠤ᠂ ᠵᠥᠪ ᠣᠨᠣᠪᠴᠢᠲᠠᠢ ᠠᠵᠢᠯ᠎ᠤᠨ ᠪᠦᠲᠦᠮᠵᠢ ᠵᠢᠨ ᠦᠵᠡᠯᠲᠡ᠂ ᠴᠢᠩᠭ᠎ᠠ ᠬᠠᠷᠢᠭᠤᠴᠠᠯᠭ᠋ᠠᠲᠤ ᠰᠡᠳᠬᠢᠯᠭᠡ᠂ ᠪᠦᠲᠦᠮᠵᠢᠲᠡᠢ ᠬᠡᠷᠡᠭᠵᠢᠭᠦᠯᠬᠦ ᠬᠦᠴᠦᠨ᠂ ᠴᠢᠳᠠᠪᠤᠷᠢ ᠵᠢᠨ ᠳᠤᠬᠢᠷᠠᠭᠤᠯᠤᠯᠳᠠ ᠵᠢᠨ ᠬᠡᠮᠵᠢᠶ᠎ᠡ ᠵᠢ ᠺᠠᠳ᠋ᠷ᠎ᠤᠨ ᠰᠢᠯᠢᠳᠡᠭ ᠲᠡᠷᠢᠭᠦᠨ᠎ᠤ᠎ᠬᠢ ᠵᠢ ᠰᠢᠯᠭ᠋ᠠᠷᠠᠭᠤᠯᠬᠤ ᠵᠢᠨ ᠴᠢᠬᠤᠯᠠ ᠦᠨᠳᠦᠰᠦᠯᠡᠯ ᠪᠣᠯᠭ᠋ᠠᠵᠤ᠂ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ ᠵᠢ ᠬᠦᠴᠦᠯᠡᠨ ᠵᠣᠷᠢᠭᠵᠢᠭᠤᠯᠤᠨ ᠬᠦᠳᠦᠯᠦᠨ ᠵᠢᠯᠣᠭᠤᠳᠴᠤ᠂ ᠴᠢᠨᠠᠷ ᠰᠠᠶ᠋ᠢᠲᠠᠢ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ᠎ᠪᠠᠷ ᠤᠰᠤᠨ ᠠᠰᠢᠭᠯᠠᠯᠲᠠ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃
ᠲᠢᠩᠬᠢᠮ᠎ᠤᠨ ᠪᠠᠶ᠋ᠢᠭᠤᠯᠭ᠎ᠠ ᠵᠢᠨ ᠬᠤᠯᠪᠣᠭᠳᠠᠯ ᠪᠦᠬᠦᠢ ᠭᠠᠵᠠᠷ ᠠᠯᠪᠠᠨ ᠲᠠᠰᠤᠭ᠂ ᠬᠡᠰᠡᠭ ᠲᠢᠩᠬᠢᠮ᠎ᠤᠨ ᠬᠠᠷᠢᠶ᠎ᠠ ᠨᠢᠭᠡᠴᠢ ᠵᠢᠨ ᠬᠠᠷᠢᠭᠤᠴᠠᠯᠭ᠋ᠠᠲᠠᠨ᠂ ᠨᠠᠮ ᠪᠠ ᠣᠯᠠᠨ ᠲᠦᠮᠡᠨ᠎ᠤ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠠᠷ ᠶᠠᠷᠢᠯᠴᠠᠬᠤ ᠬᠤᠷᠠᠯ᠎ᠳᠤ ᠣᠷᠣᠯᠴᠠᠪᠠ᠃
(ᠡᠬᠡ ᠪᠢᠴᠢᠭ᠎ᠢ ᠲᠢᠩᠬᠢᠮ᠎ᠤᠨ ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ᠎ᠠᠴᠠ ᠬᠠᠩᠭ᠋ᠠᠪᠠ)