8 ᠳ᠋ᠤᠭ᠋ᠠᠷ ᠰᠠᠷ᠎ᠠ ᠵᠢᠨ 2᠎ᠤᠨ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠺᠠᠳ᠋ᠷᠴᠤᠳ᠎ᠤᠨ ᠶᠡᠭᠡ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠤᠤᠯᠳᠠᠯᠭ᠎ᠠ᠎ᠲᠠᠢ ᠡᠭᠦᠷᠭᠡ ᠪᠠ ᠣᠳᠣᠬᠠᠨ᠎ᠤ ᠭᠤᠤᠯᠳᠠᠯᠭ᠎ᠠ᠎ᠲᠠᠢ ᠠᠵᠢᠯ᠎ᠢ ᠳᠣᠭᠢᠷᠠᠭᠤᠯᠤᠨ ᠪᠠᠶ᠋ᠢᠷᠢᠯᠠᠭᠤᠯᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠱᠧᠩ ᠰᠢᠶᠣᠣ ᠶᠢᠥ ᠬᠤᠷᠠᠯ᠎ᠳᠤ ᠣᠷᠣᠯᠴᠠᠨ ᠶᠠᠷᠢᠶ᠎ᠠ ᠲᠠᠯᠪᠢᠬᠤ᠎ᠳᠠᠭᠠᠨ᠂ ᠤᠬᠠᠮᠰᠠᠷ᠎ᠠᠴᠠ᠎ᠪᠠᠨ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠳᠡᠭᠡᠷ᠎ᠡ ᠨᠢᠭᠡᠳᠬᠡᠬᠦ᠂ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠵᠢᠯ᠎ᠤᠨ ᠱᠠᠭ᠋ᠠᠷᠳᠠᠯᠭ᠎ᠠ ᠳᠡᠭᠡᠷ᠎ᠡ ᠨᠢᠭᠡᠳᠬᠡᠬᠦ ᠵᠢ ᠪᠠᠷᠢᠮᠲᠠᠯᠠᠵᠤ᠂ ᠦᠵᠡᠯ ᠰᠠᠨᠠᠭ᠎ᠠ᠎ᠪᠠᠨ ᠴᠢᠯᠥᠭᠡᠯᠡᠬᠦ᠂ ᠴᠠᠭ ᠦᠶ᠎ᠡ᠎ᠲᠠᠢ ᠵᠡᠷᠭᠡ᠎ᠪᠠᠷ ᠤᠷᠤᠭᠰᠢᠯᠠᠬᠤ ᠵᠢ ᠪᠠᠷᠢᠮᠲᠠᠯᠠᠵᠤ᠂ ᠵᠠᠬ᠎ᠠ ᠳᠡᠯᠭᠡᠭᠦᠷ᠎ᠤᠨ ᠰᠡᠳᠬᠢᠬᠦᠶ ᠪᠠ ᠨᠠᠷᠢᠯᠢᠭ ᠪᠤᠳᠤᠬᠤ ᠤᠬᠠᠮᠰᠠᠷ ᠵᠶ᠋ᠠᠨ ᠴᠢᠩᠭ᠋ᠠᠳᠬᠠᠵᠤ᠂ ᠠᠵᠠ ᠲᠣᠬᠢᠶᠠᠯ᠎ᠢ ᠡᠵᠡᠮᠳᠡᠵᠦ᠂ ᠥᠷᠢᠰᠥᠯᠳᠦᠭᠡᠨ᠎ᠢ ᠤᠭᠲᠤᠵᠤ᠂ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠴᠦ᠂ ᠦᠨᠡᠨ ᠬᠦ᠌ ᠠᠳᠬᠤᠨ ᠪᠣᠳᠠᠲᠠᠶ ᠠᠵᠢᠯᠯᠠᠵᠤ᠂ ᠥᠭᠡᠷᠡᠴᠢᠯᠡᠯᠲᠡ ᠵᠢ ᠪᠥᠬᠦ ᠲᠠᠯ᠎ᠠ᠎ᠪᠠᠷ ᠭᠦᠨᠵᠡᠭᠡᠶ᠋ᠢᠷᠡᠭᠦᠯᠬᠦ᠎ᠪᠠᠷ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠪᠠᠷ ᠬᠦᠴᠦᠯᠡᠨ ᠴᠢᠷᠮᠠᠶ᠋ᠢᠵᠤ᠂ ᠥᠪᠡᠷᠲᠡᠭᠡᠨ ᠵᠠᠰᠠᠬᠤ ᠣᠷᠣᠨ᠎ᠤ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠪᠠ ᠴᠤᠴᠠᠯᠲᠠ ᠥᠬᠡᠶ ᠤᠷᠤᠭᠰᠢᠯᠠᠵᠤ᠂ ᠰᠢᠨ᠎ᠡ ᠵᠠᠮ᠎ᠢ ᠨᠡᠭᠡᠭᠡᠵᠦ᠂ ᠳᠤᠮᠳᠠ ᠲᠦᠪᠰᠢᠨ᠎ᠳᠤ ᠣᠷᠣᠬᠤ᠎ᠳᠤ ᠪᠠᠲᠤ ᠪᠠᠬᠢ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠬᠠᠩᠭ᠋ᠠᠬᠤ ᠬᠡᠷᠡᠭᠲᠡᠶ ᠭᠡᠵᠦ ᠴᠢᠬᠤᠯᠠᠴᠢᠯᠠᠪᠠ᠃

ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠥᠬᠦᠳᠡ ᠬᠤᠷᠠᠯ᠎ᠠᠴᠠ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠤᠤᠯ ᠰᠢᠵᠢᠮ᠎ᠤᠨ ᠲᠣᠭᠤᠷᠢᠨ᠎ᠳᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠵᠢᠨ ᠲᠣᠭᠤᠷᠢᠨ᠎ᠳᠤ᠂ ᠥᠪᠥᠷ ᠮᠣᠩᠭᠤᠯ᠎ᠤᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠤᠯᠠᠮ ᠴᠢᠨᠠᠭᠰᠢᠳᠠ ᠨᠠᠷᠢᠯᠢᠬ᠍ᠵᠢᠭᠤᠯᠵᠤ᠂ ᠭᠤᠤᠯᠳᠠᠯᠭ᠎ᠠ᠎ᠲᠠᠢ ᠬᠦᠷᠢᠶᠡᠨ᠎ᠤ ᠥᠭᠡᠷᠡᠴᠢᠯᠡᠯᠲᠡ ᠵᠢᠨ ᠴᠢᠭᠯᠡᠯ ᠪᠠ ᠠᠷᠭ᠎ᠠ ᠵᠠᠮ᠎ᠢ ᠲᠣᠳᠣᠷᠬᠠᠶ᠋ᠢᠯᠠᠵᠤ᠂ ᠪᠢᠳᠡᠨ᠎ᠤ ᠥᠭᠡᠷᠡᠴᠢᠯᠡᠯᠲᠡ ᠵᠢ ᠪᠥᠬᠦ ᠲᠠᠯ᠎ᠠ᠎ᠪᠠᠷ ᠭᠦᠨᠵᠡᠭᠡᠶ᠋ᠢᠷᠡᠭᠦᠯᠬᠦ᠂ ᠣᠳᠣᠬᠠᠨ᠎ᠤ ᠡᠯ᠎ᠡ ᠵᠦᠢ᠍ᠯ᠎ᠤᠨ ᠭᠤᠤᠯᠳᠠᠯᠭ᠎ᠠ᠎ᠲᠠᠢ ᠡᠭᠦᠷᠭᠡ ᠵᠢ ᠰᠠᠶ᠋ᠢᠲᠤᠷ ᠨᠠᠶ᠋ᠢᠳᠠᠪᠤᠷᠢᠵᠢᠭᠤᠯᠬᠤ᠎ᠳᠤ ᠰᠢᠨᠵᠢᠯᠡᠬᠦ ᠤᠬᠠᠭ᠋ᠠᠨᠴᠢ ᠵᠢᠯᠣᠭᠤᠳᠣᠯᠭ᠎ᠠ ᠪᠠ ᠦᠨᠳᠦᠰᠦᠨ ᠵᠢᠷᠤᠮᠯᠠᠯ ᠬᠠᠩᠭ᠋ᠠᠪᠠ᠃ ᠪᠥᠬᠦ ᠣᠷᠣᠨ᠎ᠤ ᠤᠰᠤᠨ ᠠᠰᠢᠭᠯᠠᠯᠲᠠ ᠵᠢᠨ ᠰᠢᠰᠲ᠋ᠧᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠨᠢ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢᠨ ᠪᠣᠳᠠᠲᠤ ᠪᠠᠶ᠋ᠢᠳᠠᠯ᠎ᠲᠠᠢ ᠨᠢᠭᠲᠠ ᠤᠶᠠᠯᠳᠤᠭᠤᠯᠤᠨ᠂ ᠲᠣᠰ ᠰᠠᠯᠠᠭ᠎ᠠ ᠮᠥᠴᠢᠷ ᠲᠣᠰ ᠨᠢᠭᠡᠴᠢ ᠵᠢᠨ ᠵᠶ᠋ᠠᠨ ᠪᠣᠳᠠᠲᠤ ᠪᠠᠶ᠋ᠢᠳᠠᠯ᠎ᠲᠠᠢ ᠨᠢᠭᠲᠠ ᠤᠶᠠᠯᠳᠤᠭᠤᠯᠵᠤ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠳᠠᠲᠤ ᠦᠷ᠎ᠡ ᠪᠦᠲᠦᠮᠵᠢ ᠵᠢ ᠦᠨᠡᠨ ᠬᠦ᠌ ᠴᠢᠩᠭ᠋ᠠᠳᠬᠠᠬᠤ ᠬᠡᠷᠡᠭᠲᠡᠶ᠃ ᠰᠤᠷᠤᠯᠴᠠᠯᠭ᠎ᠠ ᠵᠢᠨ ᠲᠠᠯ᠎ᠠ᠎ᠪᠠᠷ᠂ ᠦᠵᠡᠯ ᠰᠠᠨᠠᠭ᠎ᠠ᠎ᠪᠠᠨ ᠨᠢᠭᠡᠳᠬᠡᠬᠦ ᠬᠢᠭᠡᠳ ᠦᠵᠡᠯ ᠰᠠᠨᠠᠭ᠎ᠠ᠎ᠪᠠᠨ ᠴᠢᠯᠥᠭᠡᠯᠡᠬᠦ ᠵᠢ ᠬᠠᠷᠢᠯᠴᠠᠨ ᠨᠢᠭᠡᠳᠬᠡᠬᠦ ᠵᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠬᠦ ᠴᠢᠨᠠᠷ᠂ ᠬᠠᠨᠳᠤᠯᠭ᠋ᠠᠲᠤ ᠴᠢᠨᠠᠷ᠂ ᠪᠣᠳᠠᠲᠤ ᠪᠦᠲᠦᠮᠵᠢᠲᠦ ᠴᠢᠨᠠᠷ᠎ᠢ ᠦᠨᠡᠨ ᠬᠦ᠌ ᠴᠢᠩᠭ᠋ᠠᠳᠬᠠᠬᠤ ᠬᠡᠷᠡᠭᠲᠡᠢ᠃ ᠤᠬᠠᠭᠤᠯᠭ᠎ᠠ ᠵᠢᠨ ᠲᠠᠯ᠎ᠠ᠎ᠪᠠᠷ᠂ ᠨᠢᠭᠡ ᠲᠠᠯ᠎ᠠ᠎ᠪᠠᠷ ᠬᠠᠮᠲᠤ ᠵᠢᠨ ᠲᠠᠨᠢᠯᠲᠠ ᠵᠢ ᠨᠢᠭᠲᠠᠷᠠᠭᠤᠯᠬᠤ ᠵᠢ ᠠᠳᠬᠤᠬᠤ ᠮᠥᠷᠲᠡᠭᠡᠨ ᠪᠠᠰᠠ ᠨᠢᠭᠡ ᠲᠠᠯ᠎ᠠ᠎ᠪᠠᠷ ᠨᠡᠶ᠋ᠢᠲᠡᠯᠢᠭ ᠵᠢᠱ᠌ᠢᠶ᠎ᠡ ᠵᠢ ᠪᠤᠶ᠋ᠢᠵᠢᠭᠤᠯᠬᠤ᠂ ᠲᠤᠷᠰᠢᠯᠭ᠎ᠠ᠎ᠪᠠᠨ ᠳ᠋ᠦᠩᠨᠡᠬᠦ ᠵᠢ ᠠᠳᠬᠤᠵᠤ᠂ ᠪᠦᠬᠦᠨ᠎ᠢ ᠬᠠᠮᠤᠷᠬᠤ᠂ ᠭᠦᠨᠵᠡᠭᠡᠢ ᠨᠥᠯᠥᠭᠡ᠎ᠲᠠᠢ᠂ ᠥᠷᠭᠡᠨ ᠵᠶ᠋ᠠᠷ ᠣᠷᠣᠯᠴᠠᠬᠤ ᠵᠢ ᠴᠢᠷᠮᠠᠶ᠋ᠢᠨ ᠪᠡᠶᠡᠯᠡᠭᠦᠯᠬᠦ ᠬᠡᠷᠡᠭᠲᠡᠢ᠃ ᠲᠤᠭᠤᠰᠢᠯᠠᠭᠤᠯᠬᠤ ᠲᠠᠯ᠎ᠠ᠎ᠪᠠᠷ᠂ ᠦᠷ᠎ᠡ ᠳ᠋ᠦᠩ ᠵᠶ᠋ᠠᠷ ᠦᠨᠡᠯᠡᠨ ᠮᠠᠭ᠋ᠠᠳᠯᠠᠬᠤ᠂ ᠪᠣᠳᠠᠲᠤ ᠶᠠᠪᠤᠳᠠᠯ ᠵᠶ᠋ᠠᠷ ᠶᠠᠷᠢᠶ᠎ᠠ ᠲᠠᠯᠪᠢᠬᠤ ᠵᠢ ᠪᠠᠷᠢᠮᠲᠠᠯᠠᠵᠤ᠂ ᠡᠭᠦᠷᠭᠡ ᠵᠢᠨ ᠨᠠᠷᠢᠨ ᠳᠠᠩᠰᠠ ᠵᠢ ᠱᠠᠳᠤ ᠳᠠᠷᠠᠭ᠋ᠠᠯᠠᠨ ᠡᠮᠬᠢᠯᠡᠵᠦ᠂ ᠠᠵᠢᠯ᠎ᠤᠨ ᠬᠤᠪᠢᠶᠠᠷᠢᠯᠠᠯ᠎ᠤᠨ ᠰᠠᠨᠠᠯ᠎ᠢ ᠲᠣᠳᠣᠷᠬᠠᠶ᠋ᠢᠯᠠᠵᠤ᠂ ᠠᠵᠢᠯ᠎ᠤᠨ ᠠᠬᠢᠴᠠ ᠵᠢ ᠮᠥᠷᠳᠡᠵᠦ᠂ ᠪᠠᠶ᠋ᠢᠳᠠᠯ᠎ᠢ ᠴᠠᠭ ᠲᠤᠬᠠᠢᠳᠤᠨᠢ ᠮᠡᠳᠡᠭᠦᠯᠵᠦ᠂ ᠠᠵᠢᠯᠯᠠᠭ᠎ᠠ᠎ᠨᠢ ᠲᠦᠷᠭᠡᠨ᠂ ᠠᠷᠭ᠎ᠠ ᠬᠡᠮᠵᠢᠶ᠎ᠡ᠎ᠨᠢ ᠪᠣᠳᠠᠲᠠᠢ᠂ ᠦᠷ᠎ᠡ ᠪᠦᠲᠦᠮᠵᠢ᠎ᠨᠢ ᠰᠠᠶ᠋ᠢᠨ ᠪᠠᠶ᠋ᠢᠬᠤ ᠵᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠵᠠᠢ᠃
ᠬᠤᠷᠠᠯ᠎ᠠᠴᠠ᠂ ᠪᠥᠬᠦ ᠣᠷᠣᠨ᠎ᠤ ᠤᠰᠤᠨ ᠠᠰᠢᠭᠯᠠᠯᠲᠠ ᠵᠢᠨ ᠰᠢᠰᠲ᠋ᠧᠮ᠎ᠤᠨ᠎ᠬᠢᠨ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ᠎ᠳᠤ ᠪᠠᠲᠤ ᠴᠢᠩᠭ᠎ᠠ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠬᠠᠩᠭ᠋ᠠᠬᠤ ᠡᠭᠦᠷᠭᠡ ᠬᠠᠷᠢᠭᠤᠴᠠᠯᠭ᠎ᠠ ᠵᠢᠨ ᠪᠠᠶ᠋ᠢᠷᠢ ᠲᠣᠭᠲᠠᠭ᠋ᠠᠯᠲᠠ᠎ᠲᠠᠢ ᠨᠢᠭᠲᠠ ᠤᠶᠠᠯᠳᠤᠭᠤᠯᠤᠨ᠂ ᠵᠠᠬ᠎ᠠ ᠳᠡᠯᠭᠡᠭᠦᠷ᠎ᠤᠨ ᠰᠡᠳᠬᠢᠬᠦᠶ ᠪᠠ ᠨᠠᠷᠢᠯᠢᠭ ᠪᠤᠳᠤᠬᠤ ᠤᠬᠠᠮᠰᠠᠷ ᠵᠶ᠋ᠠᠨ ᠦᠨᠡᠨ ᠬᠦ᠌ ᠴᠢᠩᠭ᠋ᠠᠳᠬᠠᠵᠤ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠵᠢᠨ ᠭᠤᠤᠯᠳᠠᠯᠭ᠎ᠠ᠎ᠲᠠᠢ ᠡᠭᠦᠷᠭᠡ ᠵᠢ ᠪᠣᠳᠠᠲᠠᠶ᠎ᠳᠤ ᠨᠠᠶ᠋ᠢᠳᠠᠪᠤᠷᠢᠵᠢᠭᠤᠯᠬᠤ ᠪᠠ ᠪᠠᠶ᠋ᠢᠭᠤᠯᠤᠮᠵᠢ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠬᠦ ᠵᠢ ᠦᠷᠭᠦᠯᠵᠢᠯᠡᠨ ᠰᠠᠶ᠋ᠢᠲᠤᠷ ᠠᠳᠬᠤᠬᠤ ᠬᠡᠷᠡᠭᠲᠡᠶ᠃ ᠤᠰᠤᠨ ᠠᠰᠢᠬᠯᠠᠯᠳᠠ ᠵᠢᠨ ᠲᠤᠤᠷ᠎ᠤᠨ ᠪᠠᠶ᠋ᠢᠭᠤᠯᠤᠯᠳᠠ ᠵᠢ ᠲᠦᠷᠭᠡᠳᠭᠡᠵᠤ᠂ ᠤᠯᠠᠨ ᠡᠰᠢᠴᠢᠯᠡᠭᠰᠡᠨ ᠪᠡᠯᠡ ᠤᠷᠤᠭᠤᠯᠬᠤ ᠪᠡᠯᠡ ᠬᠤᠷᠠᠮᠳᠤᠭᠤᠯᠬᠤ ᠠᠷᠭ᠎ᠠ ᠵᠠᠮ᠎ᠢ ᠦᠷᠭᠡᠳᠭᠡᠵᠤ᠂ ᠴᠢᠬᠤᠯᠠ ᠶᠡᠭᠡ ᠤᠰᠤᠨ ᠠᠰᠢᠬᠯᠠᠯᠳᠠ ᠵᠢᠨ ᠢᠨᠵᠸᠨ᠋ᠸᠷᠢᠩ᠎ᠤᠨ ᠪᠦᠳᠦᠭᠡᠨ ᠪᠠᠶ᠋ᠢᠭᠤᠯᠤᠯᠳᠠ᠂ ᠠᠵᠢᠯᠯᠠᠭ᠋ᠠᠨ᠂ ᠬᠠᠮᠢᠶᠠᠷᠤᠯᠳᠠ ᠵᠢᠨ ᠲᠤᠬᠳᠠᠴᠠ ᠵᠢ ᠪᠦᠷᠢᠨᠰᠢᠬᠦᠯᠵᠤ᠂ ᠮᠦᠩᠬᠦᠨ ᠬᠦᠢ᠍ᠯᠭᠡᠭᠡᠨ ᠵᠶ᠋ᠠᠷ ᠤᠰᠤᠨ ᠠᠰᠢᠬᠯᠠᠯᠳᠠ ᠵᠢ ᠳᠡᠮᠵᠢᠬᠦ᠂ ᠨᠡᠶ᠋ᠢᠭᠡᠮ᠎ᠤᠨ ᠬᠦᠷᠦᠩᠬᠡ ᠵᠢ ᠲᠦᠷᠢᠮᠵᠢᠬᠦᠯᠦᠨ ᠬᠦᠳᠦᠯᠦᠨ ᠵᠢᠯᠣᠭᠤᠳᠴᠤ ᠪᠠᠶ᠋ᠢᠭ᠋ᠠᠳ ᠤᠰᠤᠨ ᠠᠰᠢᠬᠯᠠᠯᠳᠠ ᠵᠢᠨ ᠪᠦᠳᠦᠭᠡᠨ ᠪᠠᠶ᠋ᠢᠭᠤᠯᠤᠯᠳᠠ ᠡᠵᠡᠩᠨᠡᠯᠳᠡ᠎ᠳᠤ ᠤᠷᠤᠯᠴᠠᠭᠤᠯᠬᠤ ᠵᠡᠷᠭᠡ ᠲᠦᠷᠦ ᠵᠢᠨ ᠪᠤᠳᠤᠯᠭ᠎ᠠ ᠵᠢ ᠦᠷᠬᠦᠯᠵᠢᠯᠡᠨ ᠲᠡᠬᠦᠯᠳᠡᠷᠵᠢᠬᠦᠯᠵᠤ᠂ ᠴᠢᠨᠠᠷ ᠰᠠᠶ᠋ᠢᠳᠠᠢ ᠬᠦᠭᠵᠢᠯᠳᠠ᠎ᠳᠤ ᠵᠤᠬᠢᠴᠠᠬᠤ ᠠᠵᠤ ᠠᠬᠤᠢ ᠵᠢᠨ ᠪᠠᠶ᠋ᠢᠷᠢᠰᠢᠭᠤᠯᠤᠯᠳᠠ ᠵᠢ ᠪᠠᠶ᠋ᠢᠭᠤᠯᠬᠤ᠎ᠳᠤ ᠤᠰᠤᠨ ᠠᠰᠢᠬᠯᠠᠯᠳᠠ ᠵᠢᠨ ᠲᠤᠯᠭ᠋ᠠᠭᠤᠷᠢᠯᠠᠯ ᠬᠠᠩᠭ᠋ᠠᠬᠤ ᠭᠡᠷᠡᠭᠳᠠᠢ᠃ 《ᠤᠰᠤ᠎ᠪᠠᠷ ᠲᠦᠷᠪᠡ ᠵᠢ ᠲᠣᠭᠲᠠᠭ᠋ᠠᠬᠤ》 ᠵᠠᠷᠴᠢᠮ᠎ᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠢ ᠴᠢᠩᠭ᠋ᠠᠳᠬᠠᠵᠤ᠂ ᠦᠵᠡᠯᠲᠡ᠂ ᠤᠬᠠᠮᠰᠠᠷ᠂ ᠲᠦᠷᠦ ᠵᠢᠨ ᠪᠤᠳᠤᠯᠭ᠎ᠠ᠂ ᠠᠷᠭ᠎ᠠ ᠬᠡᠮᠵᠢᠶ᠎ᠡ ᠵᠡᠷᠭᠡ ᠡᠯ᠎ᠡ ᠲᠠᠯ᠎ᠠ᠎ᠠᠴᠠ ᠲᠣᠭᠲᠠᠴᠠ ᠵᠢ ᠬᠦᠴᠦᠯᠡᠨ ᠲᠡᠭᠦᠯᠳᠡᠷᠵᠢᠭᠦᠯᠵᠦ᠂ ᠰᠠᠭᠤᠷᠢ ᠵᠢ ᠪᠠᠬᠢᠵᠢᠭᠦᠯᠵᠦ᠂ ᠳᠤᠲᠠᠭᠤᠳᠠᠯ᠎ᠢ ᠨᠥᠬᠦᠪᠥᠷᠢᠯᠡᠬᠦ᠎ᠪᠠᠷ ᠬᠦᠴᠦᠯᠡᠵᠦ᠂ ᠤᠰᠤ ᠵᠢ ᠬᠠᠮᠢᠶᠠᠷᠴᠤ ᠤᠰᠤ ᠵᠢ ᠵᠠᠰᠠᠬᠤ ᠪᠠᠶ᠋ᠢᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠷ ᠤᠰᠤᠨ᠎ᠤ ᠡᠬᠢ ᠪᠠᠶᠠᠯᠢᠭ᠎ᠢ ᠨᠠᠷᠢᠨ ᠨᠢᠮᠪᠠᠢ ᠪᠤᠳᠤᠵᠤ ᠰᠠᠶ᠋ᠢᠲᠤᠷ ᠬᠡᠷᠡᠭᠯᠡᠵᠦ᠂ ᠤᠰᠤᠨ᠎ᠤ ᠡᠬᠢ ᠪᠠᠶᠠᠯᠢᠭ᠎ᠢ ᠴᠢᠩᠭ᠎ᠠ ᠨᠢᠮᠪᠠᠢ ᠰᠠᠶ᠋ᠢᠲᠤᠷ ᠬᠠᠮᠢᠶᠠᠷᠴᠤ᠂ ᠡᠷᠴᠢᠮᠵᠢᠭᠦᠯᠦᠨ ᠤᠰᠤ ᠬᠡᠷᠡᠭᠯᠡᠬᠦ ᠪᠣᠳᠠᠲᠤ ᠦᠷ᠎ᠡ ᠪᠦᠲᠦᠮᠵᠢ ᠵᠢ ᠥᠷᠭᠡᠳᠬᠡᠵᠦ᠂ ᠴᠢᠨᠠᠷ ᠰᠠᠶ᠋ᠢᠲᠠᠢ ᠬᠥᠭᠵᠢᠯᠲᠡ ᠵᠢᠨ ᠣᠷᠣᠨ ᠵᠠᠢ ᠪᠣᠯᠤᠨ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃ ᠤᠰᠤ ᠲᠠᠲᠠᠬᠤ ᠬᠦᠷᠢᠶ᠎ᠡ ᠴᠠᠷᠠᠭ᠎ᠠ᠎ᠳᠠᠬᠢ ᠢᠲᠡᠭᠡᠮᠵᠢ ᠵᠢᠨ ᠦᠨᠡᠯᠡᠯᠲᠡ ᠵᠢ ᠶᠡᠬᠡᠪᠡᠷ ᠥᠷᠨᠢᠭᠦᠯᠵᠦ᠂ ᠠᠵᠢᠯ ᠲᠥᠷᠥᠯ᠎ᠤᠨ ᠪᠣᠳᠠᠲᠤ ᠪᠠᠶ᠋ᠢᠳᠠᠯ᠎ᠳᠤ ᠰᠠᠭᠤᠷᠢᠯᠠᠨ ᠵᠣᠷᠢᠭᠲᠠᠶ᠎ᠪᠠᠷ ᠬᠢᠬᠦ᠂ ᠵᠣᠷᠢᠭᠲᠠᠶ᠎ᠪᠠᠷ ᠰᠢᠨ᠎ᠡ ᠵᠢ ᠡᠭᠦᠳᠴᠦ᠂ ᠵᠣᠷᠢᠭᠲᠠᠶ᠎ᠪᠠᠷ ᠲᠤᠷᠰᠢᠵᠤ᠂ ᠤᠰᠤ ᠲᠠᠲᠠᠵᠤ ᠬᠡᠷᠡᠭᠯᠡᠬᠦ ᠬᠦᠷᠢᠶ᠎ᠡ ᠴᠠᠷᠠᠭ᠎ᠠ᠎ᠳᠠᠬᠢ ᠢᠲᠡᠭᠡᠮᠵᠢ᠎ᠲᠠᠢ ᠪᠠᠶ᠋ᠢᠬᠤ ᠵᠢ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ᠎ᠢ ᠵᠠᠯᠬᠠᠭ᠋ᠠᠨ ᠴᠡᠭᠡᠷᠯᠡᠭᠦᠯᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠤᠰᠤᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ ᠡᠮᠬᠢ ᠳᠢᠭᠯᠢᠮ᠎ᠢ ᠵᠢᠷᠤᠮᠵᠢᠭᠤᠯᠵᠤ᠂ ᠤᠰᠤᠨ᠎ᠤ ᠵᠠᠰᠠᠯᠲᠠ ᠵᠢᠨ ᠴᠢᠳᠠᠪᠤᠷᠢ ᠵᠢ ᠪᠥᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠶ᠃ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ 《ᠭᠤᠷᠪᠠᠨ ᠠᠰᠢᠭᠲᠠᠶ》 ᠪᠠ 《ᠳᠥᠷᠪᠡᠨ ᠵᠠᠷᠴᠢᠮ》᠎ᠤᠨ ᠬᠠᠷᠠᠯᠲᠠ ᠵᠢ ᠭᠦᠢ᠍ᠴᠡᠳ ᠡᠵᠡᠮᠳᠡᠵᠦ᠂ ᠤᠰᠤᠨ᠎ᠤ ᠦᠨ᠎ᠡ ᠵᠢᠨ ᠪᠦᠷᠢᠯᠳᠦᠯ᠂ ᠤᠰᠤ ᠬᠡᠷᠡᠭᠯᠡᠬᠦ ᠬᠠᠮᠢᠶᠠᠷᠤᠯᠲᠠ᠂ ᠨᠠᠷᠢᠯᠢᠭ ᠣᠨᠣᠴᠠᠲᠠᠶ᠎ᠪᠠᠷ ᠨᠥᠬᠦᠪᠥᠷᠢ ᠥᠭᠬᠦ ᠪᠠ ᠤᠰᠤ ᠠᠷᠪᠢᠯᠠᠬᠤ ᠱᠠᠩᠨᠠᠯ᠂ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠪᠠ ᠬᠠᠮᠢᠶᠠᠷᠤᠯᠲᠠ ᠬᠠᠮᠠᠭ᠋ᠠᠯᠠᠯᠲᠠ ᠵᠡᠷᠭᠡ ᠳᠥᠷᠪᠡᠨ ᠵᠦᠢ᠍ᠯ᠎ᠤᠨ ᠲᠣᠭᠲᠠᠴᠠ ᠵᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠤᠰᠤᠨ ᠠᠰᠢᠭᠯᠠᠯᠲᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠵᠠᠢ᠃
ᠬᠤᠷᠠᠯ᠎ᠠᠴᠠ᠂ ᠪᠥᠬᠦ ᠣᠷᠣᠨ᠎ᠤ ᠤᠰᠤᠨ ᠠᠰᠢᠭᠯᠠᠯᠲᠠ ᠵᠢᠨ ᠰᠢᠰᠲ᠋ᠧᠮ᠎ᠤᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠤᠤᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠶ᠋ᠢᠷᠢᠯᠠᠭᠤᠯᠤᠯᠲᠠ ᠱᠠᠭ᠋ᠠᠷᠳᠠᠯᠭ᠎ᠠ᠎ᠲᠠᠢ ᠨᠠᠷᠢᠨ ᠬᠢᠨᠠᠮᠠᠭ᠋ᠠᠶ ᠬᠠᠷᠭᠤᠭᠤᠯᠵᠤ᠂ ᠠᠵᠢᠯ ᠵᠶ᠋ᠠᠨ ᠨᠢᠭᠡᠳ ᠨᠢᠭᠡ᠎ᠪᠠᠷ ᠨᠠᠶ᠋ᠢᠳᠠᠪᠤᠷᠢᠵᠢᠭᠤᠯᠵᠤ᠂ ᠠᠵᠢᠯ᠎ᠤᠨ ᠭᠤᠤᠯ ᠱᠤᠭᠤᠮ᠎ᠤᠨ 《ᠬᠤᠭᠤᠰᠣᠨ᠂ ᠪᠦᠳᠦᠭᠦᠯᠢᠭ᠂ ᠶᠡᠷᠦᠮᠳᠡᠭ》 ᠠᠰᠠᠭᠤᠳᠠᠯ᠎ᠢ ᠬᠦᠴᠦᠯᠡᠨ ᠰᠠᠶ᠋ᠢᠲᠤᠷ ᠰᠢᠢ᠍ᠳᠪᠦᠷᠢᠯᠡᠬᠦ ᠬᠡᠷᠡᠭᠲᠡᠶ᠃ ᠪᠠᠶ᠋ᠢᠷᠢᠯᠠᠭᠤᠯᠤᠨ ᠨᠠᠶ᠋ᠢᠳᠠᠪᠤᠷᠢᠵᠢᠭᠤᠯᠬᠤ ᠳᠡᠭᠡᠷ᠎ᠡ ᠨᠠᠩ ᠶᠡᠭᠡ ᠬᠦᠴᠦ ᠣᠷᠣᠭᠤᠯᠵᠤ᠂ ᠤᠯᠤᠰ ᠲᠥᠷᠥ ᠵᠢᠨ ᠤᠬᠠᠮᠰᠠᠷ ᠵᠶ᠋ᠠᠨ ᠴᠢᠩᠭ᠋ᠠᠳᠬᠠᠨ᠂ ᠠᠵᠢᠯ ᠵᠶ᠋ᠠᠨ ᠨᠢᠭᠡᠳᠦᠯᠲᠡᠶ ᠲᠥᠯᠥᠪᠯᠡᠬᠦ ᠵᠢ ᠴᠢᠩᠭ᠋ᠠᠳᠬᠠᠵᠤ᠂ ᠨᠠᠮ᠎ᠤᠨ ᠦᠨᠳᠦᠰᠦᠲᠡᠨ᠎ᠤ ᠠᠵᠢᠯ᠎ᠳᠠᠬᠢ ᠪᠥᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠲᠡᠭᠦᠯᠳᠡᠷᠵᠢᠭᠦᠯᠵᠦ᠂ ᠲᠦᠷᠢᠮ ᠲᠣᠭᠲᠠᠴᠠ ᠵᠢ ᠲᠠᠰᠤᠷᠠᠯᠲᠠ ᠥᠬᠡᠶ ᠪᠦᠷᠢᠨᠰᠢᠬᠦᠯᠤᠨ᠂ ᠠᠵᠢᠯ᠎ᠤᠨ ᠱᠠᠭ᠋ᠠᠷᠳᠠᠯᠭ᠎ᠠ ᠵᠢ ᠲᠣᠳᠣᠷᠬᠠᠶ᠋ᠢᠯᠠᠵᠤ᠂ ᠰᠠᠬᠢᠯᠭ᠎ᠠ ᠪᠠᠲᠤ ᠵᠢ ᠴᠢᠩᠳᠠᠯᠠᠨ᠂ ᠬᠢᠨᠠᠯᠲᠠ ᠵᠢ ᠴᠢᠩᠭ᠋ᠠᠳᠬᠠᠵᠤ᠂ ᠬᠠᠷᠢᠭᠤᠴᠠᠯᠭ᠎ᠠ ᠵᠢ ᠪᠣᠳᠠᠲᠠᠶ᠎ᠳᠤ ᠨᠠᠶ᠋ᠢᠳᠠᠪᠤᠷᠢᠵᠢᠭᠤᠯᠵᠤ᠂ ᠳᠠᠷᠤᠯᠲᠠ ᠵᠢ ᠪᠣᠳᠠᠲᠠᠶ᠋ᠢᠵᠢᠭᠤᠯᠬᠤ ᠵᠢ ᠪᠠᠲᠤᠯᠠᠬᠤ ᠬᠡᠷᠡᠭᠲᠡᠶ᠃ ᠠᠭᠤᠰᠤᠯᠴᠠᠬᠤ᠎ᠲᠠᠢ ᠤᠶᠠᠯᠳᠤᠭᠤᠯᠤᠨ ᠨᠡᠩ ᠶᠡᠭᠡ ᠬᠦᠴᠦ ᠣᠷᠣᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶ᠋ᠢᠯᠠᠭ᠋ᠠᠭᠳᠠᠬᠤᠨ᠎ᠤ ᠡᠯᠪᠡᠭ ᠪᠠᠶᠠᠯᠢᠭ ᠠᠭᠤᠯᠭ᠎ᠠ ᠵᠢ ᠭᠦᠨᠵᠡᠭᠡᠢ ᠠᠭᠤᠳᠠᠯᠵᠤ᠂ ᠣᠯᠠᠨ ᠲᠦᠮᠡᠨ᠎ᠤ ᠳᠡᠷᠭᠡᠳᠡᠬᠢ ᠲᠥᠷᠥᠭᠳᠡᠯ᠎ᠲᠠᠢ ᠦᠭᠡ ᠬᠡᠯᠡ᠎ᠪᠠᠷ ᠤᠯᠠᠨ ᠲᠦᠮᠡᠨ᠎ᠤ ᠰᠣᠨᠣᠰᠴᠤ ᠣᠶ᠋ᠢᠯᠠᠭ᠋ᠠᠬᠤ ᠦᠭᠡ ᠬᠡᠯᠡ᠎ᠪᠠᠷ ᠤᠰᠤᠨ᠎ᠤ ᠠᠮᠤᠷ ᠲᠦᠪᠰᠢᠨ᠎ᠤ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠬᠤ ᠳᠤᠮᠳᠠ 《ᠤᠰᠤ ᠵᠢ᠎ᠨᠢ ᠤᠤᠭᠤᠪᠠᠯ ᠡᠬᠢ ᠵᠢ᠎ᠨᠢ ᠪᠤᠳᠤᠵᠤ᠂ ᠨᠠᠮ᠎ᠤᠨ ᠠᠴᠢ ᠵᠢ ᠰᠠᠨᠠᠭ᠋ᠠᠯᠵᠠᠬᠤ》᠂ 《ᠨᠢᠭᠡ ᠮᠥᠷᠡᠨ᠎ᠤ ᠤᠰᠤ ᠵᠢ ᠬᠠᠮᠲᠤ᠎ᠪᠠᠷ ᠤᠤᠭᠤᠵᠤ᠂ ᠦᠨᠳᠦᠰᠦᠲᠡᠨ᠎ᠨᠦᠭᠦᠳ ᠨᠢᠭᠡ ᠭᠡᠷ ᠪᠦᠯᠢ ᠰᠢᠭ ᠳᠤᠲᠤᠨᠤ》᠂ 《ᠠᠮᠢ ᠨᠠᠰᠦ ᠵᠢ ᠳᠡᠭᠡᠳᠦᠯᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠠᠯᠴᠠᠬᠤ》᠂ 《ᠬᠠᠮᠲᠤ᠎ᠪᠠᠷ ᠵᠠᠰᠠᠵᠤ ᠬᠠᠮᠲᠤ᠎ᠪᠠᠷ ᠬᠠᠮᠢᠶᠠᠷᠬᠤ᠂ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ》 ᠠᠵᠢᠯ ᠲᠦᠷᠦᠯ᠎ᠤᠨ ᠤᠢ᠍ᠢ᠍ᠯᠠᠭ᠋ᠠᠭᠳᠠᠬᠤᠨ᠎ᠢ ᠰᠠᠶ᠋ᠢᠲᠤᠷ ᠤᠬᠠᠭᠤᠯᠵᠤ᠂ ᠪᠣᠳᠠᠲᠠᠢ ᠠᠵᠢᠯ᠎ᠤᠨ ᠳᠤᠮᠳᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠡᠭᠦᠷᠭᠡ ᠵᠢ ᠨᠠᠷᠢᠨ ᠨᠢᠮᠪᠠᠢ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠬᠡᠷᠡᠭᠲᠡᠢ᠃ ᠰᠣᠶᠣᠯ᠎ᠤᠨ ᠪᠠᠶ᠋ᠢᠭᠤᠯᠤᠯᠲᠠ ᠵᠢᠨ ᠲᠠᠯ᠎ᠠ᠎ᠪᠠᠷ ᠨᠡᠩ ᠶᠡᠭᠡ ᠬᠦᠴᠦ ᠣᠷᠣᠭᠤᠯᠵᠤ᠂ ᠤᠰᠤᠨ᠎ᠤ ᠰᠣᠶᠣᠯ ᠬᠢᠭᠡᠳ ᠤᠰᠤᠨ ᠠᠰᠢᠭᠯᠠᠯᠲᠠ ᠵᠢᠨ ᠢᠨᠵᠧᠨᠧᠷᠢᠩ᠎ᠢ ᠠᠭᠤᠰᠤᠯᠴᠠᠭᠤᠯᠬᠤ᠂ ᠤᠰᠤᠨ ᠠᠰᠢᠭᠯᠠᠯᠲᠠ ᠵᠢᠨ ᠥᠪ᠎ᠢ ᠬᠠᠮᠠᠭ᠋ᠠᠯᠠᠨ ᠠᠰᠢᠭᠯᠠᠬᠤ ᠵᠢ ᠠᠬᠢᠭᠤᠯᠬᠤ᠂ ᠤᠰᠤᠨ᠎ᠤ ᠰᠣᠶᠣᠯ᠎ᠤᠨ ᠰᠤᠳᠤᠯᠭ᠋ᠠᠨ᠎ᠢ ᠭᠦᠨᠵᠡᠭᠡᠶ᠋ᠢᠷᠡᠭᠦᠯᠬᠦ᠂ ᠤᠰᠤᠨ᠎ᠤ ᠰᠣᠶᠣᠯ᠎ᠤᠨ ᠨᠥᠯᠥᠭᠡᠯᠡᠬᠦ ᠬᠦᠴᠦᠨ᠎ᠢ ᠥᠷᠭᠡᠳᠬᠡᠬᠦ ᠵᠡᠷᠭᠡ ᠲᠠᠯ᠎ᠠ᠎ᠪᠠᠷ ᠰᠠᠨᠠᠭ᠋ᠠᠴᠢᠯᠠᠭ᠎ᠠ᠎ᠠᠴᠠ᠎ᠪᠠᠨ ᠰᠡᠳᠬᠢᠵᠦ᠂ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠤᠰᠤᠨ᠎ᠤ ᠰᠣᠶᠣᠯ᠎ᠤᠨ ᠪᠠᠶ᠋ᠢᠭᠤᠯᠤᠯᠲᠠ ᠵᠢᠨ ᠪᠣᠳᠠᠲᠤ ᠦᠷ᠎ᠡ ᠪᠦᠲᠦᠮᠵᠢ᠎ᠪᠠᠷ 《ᠤᠮᠠᠷᠠᠲᠤ ᠬᠢᠯᠢ ᠵᠢᠨ ᠰᠣᠶᠣᠯ》᠎ᠤᠨ ᠴᠡᠴᠡᠭᠯᠡᠯᠲᠡ ᠬᠥᠭᠵᠢᠯᠲᠡ᠎ᠳᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠶ ᠭᠡᠵᠡᠢ ᠴᠢᠬᠤᠯᠠᠴᠢᠯᠠᠵᠠᠢ᠃
ᠬᠤᠷᠠᠯ᠎ᠠᠴᠠ ᠪᠠᠰᠠ ᠣᠳᠣᠬᠠᠨ᠎ᠤ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠬᠦ᠂ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ ᠵᠡᠷᠭᠡ ᠭᠤᠣᠯᠳᠠᠯᠭ᠎ᠠ᠎ᠲᠠᠢ ᠠᠵᠢᠯ᠎ᠢ ᠲᠤᠬᠢᠷᠠᠭᠤᠯᠤᠨ ᠪᠠᠶ᠋ᠢᠷᠢᠯᠠᠭᠤᠯᠵᠠᠢ᠃
ᠲᠢᠩᠬᠢᠮ᠎ᠤᠨ ᠤᠳᠤᠷᠢᠳᠤᠯᠭ᠎ᠠ᠂ ᠲᠢᠩᠬᠢᠮ᠎ᠤᠨ ᠪᠠᠶ᠋ᠢᠭᠤᠯᠭ᠎ᠠ ᠵᠢᠨ ᠪᠥᠬᠦ ᠠᠵᠢᠯᠲᠠᠨ᠂ ᠬᠥᠬᠡᠬᠤᠲᠠ᠎ᠳᠤ ᠰᠠᠭᠤᠭ᠎ᠠ ᠲᠢᠩᠬᠢᠮ᠎ᠤᠨ ᠬᠠᠷᠢᠶ᠎ᠠ ᠨᠢᠭᠡᠴᠢ ᠵᠢᠨ ᠤᠳᠤᠷᠢᠳᠬᠤ ᠪᠠᠭ᠎ᠤᠨ ᠭᠡᠰᠢᠭᠦᠨ ᠪᠠ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠲᠥᠪ᠂ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠤᠨ ᠭᠠᠵᠠᠷ᠎ᠤᠨ ᠲᠠᠰ᠎ᠠᠴᠠ ᠳᠡᠭᠡᠭᠰᠢᠬᠢ ᠺᠠᠳ᠋ᠷ ᠬᠤᠷᠠᠯ᠎ᠳᠤ ᠣᠷᠣᠯᠴᠠᠪᠠ᠃