8 ᠳ᠋ᠤᠭᠠᠷ ᠰᠠᠷ᠎ᠠ᠎ᠶ᠋ᠢᠨ 29 ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠢᠯᠠᠩ (ᠥᠷᠭᠡᠳᠭᠡᠭ᠌ᠰᠡᠨ) ᠤᠨ ᠠᠷᠪᠠᠨ ᠨᠢᠭᠡᠳᠦᠭᠡᠷ ᠤᠳᠠᠭᠠᠨ᠎ᠤ ᠬᠠᠮᠲᠤ᠎ᠶ᠋ᠢᠨ ᠰᠤᠷᠤᠯᠴᠠᠯᠭ᠎ᠠ ᠵᠢᠴᠢ 《ᠱᠢᠨ᠎ᠡ ᠴᠠᠭ ᠦᠶ᠎ᠡ᠎ᠶ᠋ᠢᠨ ᠨᠠᠮ᠎ᠤᠨ ᠣᠯᠠᠨ ᠲᠦᠮᠡᠨᠴᠢ ᠱᠤᠭᠤᠮ᠎ᠢ ᠭᠦᠨᠵᠡᠭᠡᠶ ᠦᠢᠯᠡᠳᠦᠯᠭᠡᠵᠢᠭᠦᠯᠵᠦ᠍᠂ ᠱᠢᠯᠢᠳᠡᠭ ᠨᠠᠮ᠎ᠤᠨ ᠰᠤᠷᠲᠠᠯ᠎ᠢᠶᠠᠷ ᠨᠡᠢᠭᠡᠮ᠎ᠤᠨ ᠰᠤᠷᠲᠠᠯ ᠠᠷᠠᠳ᠎ᠤᠨ ᠰᠤᠷᠲᠠᠯ᠎ᠢ ᠬᠥᠲᠥᠯᠥᠨ ᠳᠠᠭᠠᠭᠤᠯᠬᠤ》ᠲᠤᠰᠭᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠱᠧᠩ ᠱᠢᠶᠣᠣ ᠶᠢᠥ ᠬᠤᠷᠠᠯ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠪᠠ᠃

ᠬᠤᠷᠠᠯ ᠳᠡᠭᠡᠷ᠎ᠡ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠨᠠᠮ᠎ᠤᠨ ᠣᠯᠠᠨ ᠲᠦᠮᠡᠨᠴᠢ ᠱᠤᠭᠤᠮ᠎ᠤᠨ ᠲᠤᠬᠠᠶ ᠴᠢᠬᠤᠯᠠ ᠥᠭᠦᠯᠡᠯᠲᠡ ᠂ ᠶᠡᠷᠦᠩᠬᠡᠶ ᠱᠦᠵᠢ ᠰᠢ᠎ᠶ᠋ᠢᠨ ᠫᠢᠩ᠎ᠤᠨ《ᠦᠨᠡᠨ》ᠰᠡᠳᠬᠦᠯ᠎ᠳᠤ ᠨᠡᠢᠲᠡᠯᠡᠭ᠌ᠰᠡᠨ 《ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠱᠢᠨᠲᠠᠷᠠᠰᠢ ᠦᠭᠡᠢ ᠨᠠᠢᠳᠠᠪᠤᠷᠢᠵᠢᠭᠤᠯᠵᠤ᠂ ᠱᠢᠯᠢᠳᠡᠭ ᠨᠠᠮ᠎ᠤᠨ ᠰᠤᠷᠲᠠᠯ᠎ᠢᠶᠠᠷ ᠨᠡᠢᠭᠡᠮ᠎ᠤᠨ ᠰᠤᠷᠲᠠᠯ ᠠᠷᠠᠳ᠎ᠤᠨ ᠰᠤᠷᠲᠠᠯ᠎ᠢ ᠬᠥᠲᠥᠯᠥᠨ ᠳᠠᠭᠠᠭᠤᠯᠤᠶ᠎ᠠ》ᠭᠡᠬᠦ᠌ ᠴᠢᠬᠤᠯᠠ ᠵᠣᠬᠢᠶᠠᠯ᠎ᠢ ᠲᠥᠪᠯᠡᠷᠡᠭᠦᠯᠦᠨ ᠰᠤᠷᠤᠯᠴᠠᠪᠠ᠂ ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠠᠴᠠ ᠵᠥᠷᠢᠴᠡᠭ᠌ᠰᠡᠨ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠨᠡᠪᠲᠡᠷᠡᠭᠦᠯᠵᠦ ᠂ ᠰᠡᠷᠡᠮᠵᠢᠯᠡᠭᠦᠯᠬᠦ᠌ ᠬᠥᠮᠦᠵᠢᠯ᠎ᠢ ᠥᠷᠨᠢᠭᠦᠯᠵᠦ᠍᠂ 《ᠱᠢᠨ᠎ᠡ ᠴᠠᠭ ᠦᠶ᠎ᠡ᠎ᠶ᠋ᠢᠨ ᠨᠠᠮ᠎ᠤᠨ ᠣᠯᠠᠨ ᠲᠦᠮᠡᠨᠴᠢ ᠱᠤᠭᠤᠮ᠎ᠢ ᠭᠦᠨᠵᠡᠭᠡᠶ ᠦᠶ᠋ᠯᠡᠳᠦᠯᠭᠡᠵᠢᠭᠦᠯᠵᠦ᠍᠂ ᠱᠢᠯᠢᠳᠡᠭ ᠨᠠᠮ᠎ᠤᠨ ᠰᠤᠷᠲᠠᠯ᠎ᠢᠶᠠᠷ ᠨᠡᠢᠭᠡᠮ᠎ᠤᠨ ᠰᠤᠷᠲᠠᠯ ᠠᠷᠠᠳ᠎ᠤᠨ ᠰᠤᠷᠲᠠᠯ᠎ᠢ ᠬᠥᠲᠥᠯᠥᠨ ᠳᠠᠭᠠᠭᠤᠯᠤᠶ᠎ᠠ》ᠭᠡᠬᠦ ᠭᠤᠤᠯ ᠰᠡᠳᠦᠪ᠎ᠤᠨ ᠲᠣᠭᠤᠷᠢᠨ᠎ᠳᠤ ᠲᠤᠰᠭᠠᠶ ᠰᠡᠳᠦᠪᠲᠦ ᠰᠤᠳᠤᠯᠤᠨ ᠶᠠᠷᠢᠯᠴᠠᠵᠤ ᠰᠠᠨᠠᠯ᠎ᠢᠶᠠᠨ ᠰᠣᠯᠢᠯᠴᠠᠪᠠ᠃ ᠲᠢᠩᠬᠢᠮ᠎ᠤᠨ ᠤᠳᠤᠷᠢᠳᠭᠤ ᠪᠠᠭ᠎ᠤᠨ ᠭᠡᠰᠢᠭᠦᠨ ᠰᠠᠨᠠᠯ᠎ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠪᠤᠰᠤᠳ ᠤᠨᠤᠯ ᠰᠤᠷᠤᠯᠴᠠᠬᠤ ᠭᠤᠣᠯ ᠳᠤᠭᠤᠢᠯᠠᠩ᠎ᠤᠨ ᠭᠡᠰᠢᠭᠦᠨ ᠪᠢᠴᠢᠭ᠎ᠢᠶᠠᠷ ᠰᠠᠨᠠᠯ᠎ᠢᠶᠠᠨ ᠰᠣᠯᠢᠯᠴᠠᠪᠠ᠃
ᠬᠤᠷᠠᠯ᠎ᠠᠴᠠ᠂ ᠰᠤᠷᠲᠠᠯ᠎ᠤᠨ ᠠᠰᠠᠭᠤᠳᠠᠯ ᠮᠥᠨ ᠴᠢᠨᠠᠷ ᠳᠡᠭᠡᠷ᠎ᠡ ᠨᠠᠮᠴᠢ ᠴᠢᠨᠠᠷ᠎ᠤᠨ ᠠᠰᠠᠭᠤᠳᠠᠯ᠂ ᠭᠤᠤᠯᠳᠠᠯᠭ᠎ᠠ ᠪᠣᠯ ᠨᠠᠮ ᠪᠣᠯᠤᠨ ᠠᠷᠠᠳ ᠣᠯᠠᠨ᠎ᠤ ᠬᠤᠭᠤᠷᠣᠨᠳᠣᠬᠢ ᠬᠠᠷᠢᠴᠠᠭ᠎ᠠ᠎ᠶ᠋ᠢᠨ ᠠᠰᠠᠭᠤᠳᠠᠯ ᠮᠥᠨ᠂ ᠨᠠᠮ ᠪᠣᠯᠤᠨ ᠠᠷᠠᠳ ᠣᠯᠠᠨ᠎ᠤ ᠬᠤᠭᠤᠷᠣᠨᠳᠣᠬᠢ ᠴᠢᠰᠤ ᠮᠢᠬᠠᠨ᠎ᠤ ᠬᠠᠷᠢᠴᠠᠭ᠎ᠠ᠎ᠶ᠋ᠢ ᠪᠠᠲᠤᠯᠠᠬᠤ ᠡᠨᠡ ᠬᠦ᠌ ᠵᠠᠩᠭᠢᠯᠠᠭᠠᠯᠤᠭᠠ ᠨᠢᠭ᠍ᠲᠠ ᠤᠶᠠᠯᠳᠤᠭᠤᠯᠤᠨ᠂ ᠨᠠᠮ᠎ᠤᠨ ᠣᠯᠠᠨ ᠲᠦᠮᠡᠨᠴᠢ ᠱᠤᠭᠤᠮ᠎ᠢ ᠭᠦᠨᠵᠡᠭᠡᠶ ᠦᠶ᠋ᠯᠡᠳᠦᠯᠭᠡᠵᠢᠭᠦᠯᠬᠦ᠌ ᠬᠡᠷᠡᠭᠲᠡᠢ ; ᠨᠠᠮ᠎ᠤᠨ ᠰᠤᠷᠲᠠᠯ᠎ᠤᠨ ᠪᠠ ᠠᠷᠢᠭᠤᠨ ᠴᠢᠭᠡᠴᠢ᠎ᠪᠡᠷ ᠵᠠᠰᠠᠭ ᠪᠠᠷᠢᠬᠤ ᠪᠠᠢ᠌ᠭᠤᠯᠤᠯᠲᠠ᠎ᠶ᠋ᠢ ᠴᠢᠩᠭᠠᠳᠭᠠᠵᠤ᠂ ᠬᠥᠲᠥᠯᠥᠨ ᠳᠠᠭᠠᠭᠤᠯᠬᠤ ᠰᠠᠭᠤᠷᠢ᠎ᠪᠠᠨ ᠪᠠᠬᠢᠵᠢᠭᠦᠯᠵᠦ᠍᠂ ᠣᠯᠠᠨ ᠲᠦᠮᠡᠨᠴᠢ ᠱᠤᠭᠤᠮ᠎ᠢᠶᠠᠷ ᠡᠷᠡᠰ ᠰᠠᠢᠲᠤᠷ ᠵᠠᠮᠨᠠᠬᠤ ᠬᠡᠷᠡᠭᠲᠡᠢ ; ᠨᠠᠮ᠎ᠤᠨ ᠭᠡᠱᠢᠭᠦᠨ ᠺᠠᠳ᠋ᠷᠴᠤᠳ᠎ᠤᠨ ᠵᠢᠱ᠌ᠢᠶ᠎ᠡ ᠦᠵᠡᠭᠦᠯᠬᠦ᠌ ᠦᠶ᠋ᠯᠡᠳᠦᠯ᠎ᠢ ᠪᠠᠳᠠᠷᠠᠭᠤᠯᠵᠤ᠂ ᠬᠡᠪ ᠳᠠᠭᠤᠷᠢᠶᠠᠯ᠎ᠢ ᠬᠦᠲᠦᠯᠦᠨ ᠳᠠᠭ᠋ᠠᠭᠤᠯᠵᠤ᠂ ᠤᠯᠠᠨ ᠲᠦᠮᠡᠨ᠎ᠤ ᠬᠦᠴᠦᠨ᠎ᠢ ᠨᠢᠭ᠍ᠲᠠᠷᠠᠭᠤᠯᠬᠤ᠎ᠶ᠋ᠢ ᠴᠢᠬᠤᠯᠠᠴᠢᠯᠠᠬᠤ ᠬᠡᠷᠡᠭᠲᠡᠢ ; ᠲᠦᠷᠢᠮ᠎ᠤᠨ ᠪᠠᠲᠤᠯᠠᠭ᠎ᠠ᠎ᠶ᠋ᠢ ᠴᠢᠩᠭᠠᠳᠭᠠᠵᠤ᠂ ᠬᠦᠳᠦᠯᠦᠨ ᠳᠠᠭᠠᠭᠤᠯᠬᠤ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠠᠢᠭᠤᠯᠵᠤ᠂ ᠤᠯᠠᠨ ᠲᠦᠮᠡᠨ᠎ᠤ ᠠᠱᠢᠭ ᠲᠤᠰᠠ᠎ᠶ᠋ᠢ ᠡᠷᠡᠰ ᠬᠠᠮᠠᠭᠠᠯᠠᠬᠤ ᠬᠡᠷᠡᠭ᠌ᠲᠡᠶ ᠭᠡᠵᠦ᠍ ᠵᠢᠭᠠᠵᠤ ᠭᠠᠷᠭᠠᠪᠠ᠃
ᠬᠤᠷᠠᠯ᠎ᠠᠴᠠ᠂ ᠤᠰᠤᠨ ᠠᠱᠢᠭ᠍ᠯᠠᠯᠲᠠ᠎ᠶ᠋ᠢᠨ ᠲᠢᠩᠬᠢᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ ᠤᠳᠤᠷᠢᠳᠭᠤ ᠺᠠᠳ᠋ᠷ ᠰᠤᠷᠤᠯᠴᠠᠯᠭ᠎ᠠ ᠬᠥᠮᠦᠵᠢᠯ᠎ᠤᠨ ᠵᠠᠯᠭᠠᠮᠵᠢ ᠠᠵᠢᠯ᠎ᠢ ᠴᠥᠬᠦᠷᠡᠰᠢ ᠦᠭᠡᠢ ᠰᠠᠢᠲᠤᠷ ᠬᠢᠵᠦ᠍᠂ ᠦᠨᠡᠨ᠎ᠢ ᠪᠠᠷᠢᠮᠳᠠᠯᠠᠨ ᠬᠠᠲᠠᠭᠤ ᠲᠠᠢ ᠬᠠᠯᠳᠠᠬᠤ ᠶ᠋ᠢ ᠪᠠᠷᠢᠮᠲᠠᠯᠠᠵᠤ᠂ ᠴᠡᠭ᠌ᠴᠡᠯᠡᠨ ᠦᠭᠡᠷᠡᠴᠢᠯᠡᠬᠦ ᠪᠠ ᠬᠠᠰᠦᠵᠤ ᠠᠷᠢᠯᠭ᠋ᠠᠬᠤ 《ᠲᠦᠷᠪᠡᠨ ᠪᠠᠷᠢᠮᠵᠢᠶ᠎ᠠ》 ᠲᠠᠢ ᠬᠠᠷᠭᠤᠭᠤᠯᠵᠤ᠂ ᠦᠨ᠎ᠡ ᠬᠦ᠌ ᠠᠳᠭᠤᠵᠤ ᠪᠣᠳᠠᠲᠠᠢ ᠥᠭᠡᠷᠡᠴᠢᠯᠡᠬᠦ᠌᠎ᠶ᠋ᠢ ᠦᠷᠭᠦᠯᠵᠢᠯᠡᠨ ᠠᠬᠢᠭᠤᠯᠬᠤ ᠬᠡᠷᠡᠭ᠌ᠲᠡᠢ᠃ ᠡᠰᠡᠷᠭᠦ᠌ ᠲᠠᠯ᠎ᠠ᠎ᠶ᠋ᠢᠨ ᠨᠡᠢᠲᠡᠯᠢᠭ ᠬᠡᠷᠡᠭ᠎ᠤᠨ ᠬᠦᠨᠳᠦ ᠰᠤᠷᠭᠠᠮᠵᠢ᠎ᠶ᠋ᠢ ᠭᠦᠨᠵᠡᠭᠡᠶ ᠱᠢᠩᠭᠡᠭᠡᠨ ᠠᠪᠴᠤ᠌᠂ ᠡᠷᠴᠢ ᠵᠣᠷᠢᠭ᠎ᠢᠶᠠᠨ ᠰᠤᠯᠠᠷᠠᠭᠤᠯᠤᠨ ᠬᠣᠢ᠌ᠷᠭᠤᠰᠢᠬᠤ᠂ ᠪᠣᠭᠤᠮᠲᠠ ᠰᠢᠪᠲᠤᠯᠬᠤ ᠦᠵᠡᠯ ᠰᠠᠨᠠᠭ᠎ᠠ᠎ᠶ᠋ᠢ ᠡᠷᠡᠰ ᠲᠡᠪᠴᠢᠵᠦ᠍᠂ ᠲᠦᠷᠢᠮ᠎ᠢ ᠤᠯᠠᠮ ᠨᠢᠭᠡ ᠠᠯᠬᠤᠮ ᠪᠦᠷᠢᠨᠱᠢᠬᠦᠯᠦᠨ ᠲᠡᠭᠦᠯᠳᠡᠷᠵᠢᠭᠦᠯᠵᠦ᠍᠂ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠶ᠋ᠢ ᠠᠬᠢᠭᠤᠯᠵᠤ᠂ ᠲᠦᠷᠢᠮ᠎ᠢᠶᠠᠷ ᠦᠢᠯᠡ ᠠᠵᠢᠯᠯᠠᠭ᠎ᠠ᠎ᠶ᠋ᠢ ᠵᠢᠷᠤᠮᠵᠢᠭᠤᠯᠵᠤ᠂ ᠲᠦᠷᠢᠮ᠎ᠢᠶᠠᠷ ᠠᠶᠤᠯ ᠲᠦᠭ᠌ᠰᠢᠭᠦᠷᠢ᠎ᠶ᠋ᠢ ᠬᠤᠷᠢᠭ᠍ᠯᠠᠵᠤ᠂ ᠢᠯᠵᠠᠷᠠᠯ᠎ᠢ ᠬᠠᠮᠲᠤ ᠳ᠋ᠤᠨᠢ ᠪᠠᠢ᠌ᠴᠠᠭ᠋ᠠᠵᠤ ᠬᠠᠮᠲᠦ ᠳ᠋ᠤᠨᠢ ᠵᠠᠰᠠᠬᠤ᠎ᠶ᠋ᠢ ᠠᠬᠢᠭᠤᠯᠵᠤ᠂ ᠢᠯᠵᠠᠷᠠᠯ᠎ᠤᠨ ᠤᠯᠠᠷᠢᠨ ᠬᠤᠪᠢᠷᠠᠬᠤ ᠠᠷᠭ᠎ᠠ ᠵᠠᠮ᠎ᠢ ᠲᠠᠰᠤᠯᠵᠤ᠂ ᠦᠷᠭᠦᠯᠵᠢᠯᠡᠨ ᠢᠯᠵᠠᠷᠠᠯ᠎ᠢ ᠡᠰᠡᠷᠭᠦᠴᠡᠨ ᠬᠤᠪᠢᠷᠠᠬᠤ᠎ᠶ᠋ᠢ ᠰᠡᠷᠭᠡᠢᠯᠡᠵᠦ᠍᠂ ᠬᠤᠷᠢᠭ᠎ᠠ ᠱᠤᠭᠤᠮ᠎ᠢ ᠪᠠᠲᠤ ᠴᠣᠭ᠍ᠴᠠᠯᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃
ᠬᠤᠷᠠᠯ᠎ᠠᠴᠠ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ 《ᠨᠠᠮ ᠵᠠᠰᠠᠭ᠎ᠤᠨ ᠪᠠᠢᠭᠤᠯᠭ᠎ᠠ᠎ᠶ᠋ᠢᠨ ᠠᠷᠪᠢᠯᠠᠨ ᠭᠠᠮᠨᠠᠵᠤ ᠪᠦᠷᠢᠯᠭᠡᠨ ᠰᠦᠢᠳᠭᠡᠬᠦ᠌᠎ᠶ᠋ᠢ ᠡᠰᠡᠷᠭᠦᠴᠡᠬᠦ᠌ ᠲᠦᠷᠢᠮ》᠎ᠢ ᠰᠤᠷᠤᠯᠴᠠᠨ ᠲᠤᠭᠤᠱᠢᠯᠠᠭᠤᠯᠬᠤ᠎ᠶ᠋ᠢ ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠬᠤ᠎ᠶ᠋ᠢᠨ ᠴᠢᠬᠤᠯᠠ ᠠᠭᠤᠯᠭ᠎ᠠ ᠪᠣᠯᠭᠠᠵᠤ᠂ ᠨᠠᠷᠢᠨ ᠨᠢᠮᠪᠠᠢ ᠲᠦᠯᠦᠪᠯᠡᠨ ᠠᠮᠢᠳᠤᠷᠠᠵᠤ᠂ ᠣᠯᠠᠨ ᠲᠦᠮᠡᠨ᠎ᠤ ᠲᠦᠯᠦᠭᠡ 《ᠬᠡᠷ》᠎ᠢᠶᠠᠨ ᠰᠠᠢᠲᠤᠷ ᠰᠠᠬᠢᠬᠤ ᠬᠡᠷᠡᠭ᠌ᠲᠡᠶ᠃ ᠮᠡᠳᠡᠷᠡᠬᠦᠢ ᠬᠦᠷᠬᠦᠢ ᠶᠢᠨ ᠢ ᠡᠬᠢᠨ᠎ᠡᠴᠡ ᠠᠪᠤᠭ᠋ᠠᠳ ᠠᠳᠠᠭ ᠲᠤᠨᠢ ᠬᠦᠷᠲᠡᠯ᠎ᠡ ᠪᠣᠯᠭᠠᠨ ᠱᠢᠯᠢᠳᠡᠭ᠌ᠵᠢᠭᠦᠯᠵᠦ᠍ 《 ᠲᠠᠯᠠᠷᠬᠠᠵᠤ ᠰᠤᠨᠤᠰᠴᠦ ᠳᠠᠭ᠋ᠠᠨ ᠤᠷᠤᠭᠰᠢᠯᠠᠬᠤ 》 ᠢ ᠭᠡᠵᠦ᠍ ᠱᠠᠭᠠᠷᠳᠠᠪᠠ
ᠬᠤᠷᠠᠯ᠎ᠠᠴᠠ ᠪᠠᠰᠠ ᠶᠡᠭᠡ ᠲᠦᠷᠭᠡᠨ ᠭᠤᠣᠯ᠂ ᠮᠠᠢᠳᠠᠷᠢ ᠭᠤᠤ᠎ᠶ᠋ᠢᠨ ᠰᠠᠪᠠ ᠭᠠᠵᠠᠷ᠎ᠤᠨ ᠦᠶᠡᠷ᠎ᠤᠨ ᠲᠠᠪᠲᠠᠯᠲᠠ᠂ ᠭᠠᠮᠱᠢᠭ᠎ᠤᠨ ᠳᠠᠷᠠᠭᠠᠬᠢ ᠲᠠᠬᠢᠨ ᠪᠦᠳᠦᠭᠡᠨ ᠪᠠᠢᠭᠤᠯᠤᠯᠲᠠ ᠪᠣᠯᠤᠨ ᠴᠢᠬᠤᠯᠠ ᠶᠡᠭᠡ ᠤᠰᠤᠨ ᠠᠱᠢᠭ᠍ᠯᠠᠯᠲᠠ᠎ᠶ᠋ᠢᠨ ᠲᠦᠷᠦᠯ ᠵᠦᠢᠯ᠎ᠤᠨ ᠪᠦᠳᠦᠭᠡᠨ ᠪᠠᠢᠭᠤᠯᠤᠯᠲᠠ᠂ ᠮᠠᠯᠵᠢᠬᠤ ᠲᠠᠷᠢᠶᠠᠯᠠᠬᠤ ᠣᠷᠣᠨ᠎ᠤ ᠤᠤᠭᠤᠬᠤ ᠤᠰᠤᠨ᠎ᠤ ᠠᠮᠤᠷ ᠲᠦᠪᠱᠢᠨ᠂ ᠲᠠᠷᠢᠶᠠᠯᠠᠩ᠎ᠤᠨ ᠤᠰᠤᠨ᠎ᠤ ᠦᠨ᠎ᠡ᠎ᠶ᠋ᠢᠨ ᠶᠡᠷᠦᠩᠬᠡᠢᠯᠡᠭ᠌ᠰᠡᠨ ᠥᠭᠡᠷᠡᠴᠢᠯᠡᠯᠲᠡ ᠵᠡᠷᠭᠡ ᠠᠵᠢᠯ᠎ᠢ ᠪᠣᠳᠠᠲᠠᠢ ᠲᠤᠬᠢᠷᠠᠭᠤᠯᠤᠨ ᠪᠠᠢᠷᠢᠯᠠᠭᠤᠯᠵᠠᠢ᠃
ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠢᠯᠠᠩ (ᠥᠷᠭᠡᠳᠭᠡᠭ᠌ᠰᠡᠨ)᠎ᠤᠨ ᠬᠡᠱᠢᠭᠦᠨ᠂ ᠲᠢᠩᠬᠢᠮ᠎ᠤᠨ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠲᠤᠰᠭᠠᠶ ᠠᠩᠭᠢ᠎ᠶ᠋ᠢᠨ ᠬᠡᠱᠢᠭᠦᠨ ᠰᠤᠷᠤᠯᠴᠠᠯᠭ᠎ᠠ᠎ᠳᠤ ᠣᠷᠣᠯᠴᠠᠪᠠ᠃ (ᠡᠬᠡ ᠪᠢᠴᠢᠭ ᠢ ᠲᠢᠩᠬᠢᠮ᠎ᠤᠨ ᠪᠠᠢᠭᠤᠯᠭ᠎ᠠ᠎ᠶ᠋ᠢᠨ ᠨᠠᠮ᠎ᠤᠨ ᠬᠤᠷᠢᠶ᠎ᠠ ᠡᠴᠡ ᠬᠠᠩᠭᠠᠪᠠ)