5 ᠳ᠋ᠤᠭ᠋ᠠᠷ ᠰᠠᠷ᠎ᠠ ᠵᠢᠨ 22᠎ᠤᠨ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ (ᠥᠷᠭᠡᠳᠬᠡᠭᠰᠡᠨ)᠎ᠤᠨ ᠵᠢᠷᠭᠤᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠵᠢᠴᠢ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠋ᠠᠨ᠎ᠤ ᠰᠤᠷᠤᠯᠴᠠᠯᠭ᠎ᠠ ᠬᠥᠮᠦᠵᠢᠯ᠎ᠤᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠱᠧᠩ ᠰᠢᠶᠣᠣ ᠶᠢᠥ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃

ᠬᠤᠷᠠᠯ᠎ᠠᠴᠠ 《ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠰᠢ ᠵᠢᠨ ᠫᠢᠩ᠎ᠤᠨ ᠥᠭᠦᠯᠡᠯᠲᠡ ᠵᠢᠨ ᠲᠡᠭᠦᠪᠦᠷᠢ》 ᠵᠢᠨ ᠬᠡᠰᠡᠭ ᠪᠦᠯᠦᠭ᠎ᠤᠨ ᠠᠭᠤᠯᠭ᠎ᠠ ᠪᠣᠯᠤᠨ 《ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠰᠢᠬᠢ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠤᠭᠰᠠᠨ ᠦᠷ᠎ᠡ ᠪᠦᠲᠦᠮᠵᠢ ᠪᠣᠯᠤᠨ ᠲᠤᠷᠰᠢᠯᠭ᠎ᠠ》᠂ 《ᠨᠠᠢ᠍ᠮᠠᠨ ᠲᠣᠭᠲᠠᠭ᠋ᠠᠯ ᠵᠶ᠋ᠠᠷ ᠳᠤᠮᠳᠠᠳᠤ ᠤᠯᠤᠰ᠎ᠢ ᠬᠤᠪᠢᠷᠠᠭᠤᠯᠬᠤ》 ᠵᠢ ᠤᠯᠠᠮᠵᠢᠯᠠᠨ ᠰᠤᠷᠤᠯᠴᠠᠵᠤ᠂ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠭᠦᠨᠵᠡᠭᠡᠶ᠋ᠢᠷᠡᠭᠦᠯᠦᠨ ᠪᠠᠬᠢᠵᠢᠭᠦᠯᠪᠡ᠃ 《ᠲᠥᠪ᠎ᠤᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠢ ᠵᠥᠷᠢᠴᠡᠭᠰᠡᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ》 ᠵᠢᠨ ᠬᠡᠰᠡᠭ ᠬᠡᠷᠡᠭ᠎ᠤᠨ ᠵᠢᠱ᠌ᠢᠶ᠎ᠡ ᠵᠢ ᠵᠠᠷᠯᠠᠨ ᠮᠡᠳᠡᠭᠳᠡᠵᠦ᠂ ᠰᠡᠷᠡᠮᠵᠢᠯᠡᠭᠦᠯᠬᠦ ᠬᠥᠮᠦᠵᠢᠯ ᠬᠢᠪᠡ᠃ 《ᠦᠷ᠎ᠡ ᠪᠦᠲᠦᠮᠵᠢ ᠲᠤᠷᠰᠢᠯᠭ᠎ᠠ ᠵᠢ ᠰᠤᠷᠤᠯᠴᠠᠨ ᠣᠶ᠋ᠢᠯᠠᠭ᠋ᠠᠵᠤ᠂ ᠦᠵᠡᠯ ᠰᠠᠨᠠᠭ᠋ᠠᠨ᠎ᠤ ᠰᠠᠭᠤᠷᠢ ᠵᠢ ᠡᠷᠡᠰ ᠪᠠᠲᠤ ᠴᠣᠭᠴᠠᠯᠠᠬᠤ》᠎ᠪᠠᠷ ᠭᠤᠣᠯ ᠰᠡᠳᠦᠪ ᠪᠣᠯᠭ᠋ᠠᠵᠤ᠂ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠰᠢᠬᠢ ᠪᠦᠬᠦ ᠨᠠᠮ᠎ᠤᠨ ᠲᠥᠪ ᠬᠤᠷᠢᠶᠠᠨ᠎ᠤ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠬᠡᠷᠡᠭᠯᠡᠭᠡᠳ ᠣᠯᠤᠭᠰᠠᠨ ᠢᠯᠡᠳᠲᠡ ᠦᠷ᠎ᠡ ᠪᠦᠲᠦᠮᠵᠢ ᠪᠣᠯᠤᠨ ᠡᠷᠬᠢᠮ ᠨᠠᠨᠳᠢᠨ ᠲᠤᠷᠰᠢᠯᠭ᠎ᠠ ᠵᠢ ᠭᠦᠨᠵᠡᠭᠡᠢ ᠰᠤᠷᠤᠯᠴᠠᠨ ᠬᠡᠷᠡᠭᠯᠡᠬᠦ ᠵᠢᠨ ᠲᠣᠭᠤᠷᠢᠨ᠎ᠳᠤ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠵᠤ᠂ ᠲᠢᠩᠬᠢᠮ᠎ᠤᠨ ᠤᠳᠤᠷᠢᠳᠬᠤ ᠪᠠᠭ᠎ᠤᠨ ᠭᠡᠰᠢᠭᠦᠨ᠂ ᠲᠢᠩᠬᠢᠮ᠎ᠤᠨ ᠬᠠᠷᠢᠶ᠎ᠠ ᠬᠡᠰᠡᠭ ᠨᠢᠭᠡᠴᠢ ᠵᠢᠨ ᠭᠤᠣᠯ ᠬᠠᠷᠢᠭᠤᠴᠠᠯᠭ᠋ᠠᠲᠠᠨ ᠨᠥᠬᠦᠳ ᠶᠡᠭᠡ ᠬᠤᠷᠠᠯ ᠳᠡᠭᠡᠷ᠎ᠡ ᠰᠠᠨᠠᠯ ᠵᠶ᠋ᠠᠨ ᠰᠣᠯᠢᠯᠴᠠᠬᠤ ᠶᠠᠷᠢᠶ᠎ᠠ ᠲᠠᠯᠪᠢᠵᠤ᠂ ᠪᠤᠰᠤᠳ ᠤᠨᠤᠯ᠎ᠤᠨ ᠰᠤᠷᠤᠯᠴᠠᠯᠭ᠎ᠠ ᠵᠢᠨ ᠭᠤᠣᠯ ᠳᠤᠭᠤᠶ᠋ᠢᠯᠠᠩ᠎ᠤᠨ ᠭᠡᠰᠢᠭᠦᠨ ᠪᠢᠴᠢᠭ᠎ᠤᠨ ᠬᠡᠯᠪᠡᠷᠢ᠎ᠪᠠᠷ ᠰᠠᠨᠠᠯ ᠵᠶ᠋ᠠᠨ ᠰᠣᠯᠢᠯᠴᠠᠪᠠ᠃
ᠬᠤᠷᠠᠯ᠎ᠠᠴᠠ᠂ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠨ ᠰᠠᠶ᠋ᠢᠵᠢᠷᠠᠭᠤᠯᠬᠤ᠎ᠳᠤ ᠤᠳᠤᠷᠢᠳᠬᠤ ᠺᠠᠳ᠋ᠷ ᠭᠡᠬᠦ ᠡᠨᠡ ᠬᠦ᠌ 《ᠵᠠᠩᠭᠢᠯᠠᠭ᠎ᠠ ᠵᠢᠨ ᠴᠥᠭᠡᠨ ᠲᠣᠭ᠋ᠠᠲᠠᠨ》᠎ᠢ ᠠᠳᠬᠤᠬᠤ ᠵᠢ ᠪᠠᠷᠢᠮᠲᠠᠯᠠᠵᠤ᠂ ᠨᠠᠮ᠎ᠤᠨ ᠭᠡᠰᠢᠭᠦᠨ ᠤᠳᠤᠷᠢᠳᠬᠤ ᠺᠠᠳ᠋ᠷ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠰᠤᠷᠲᠠᠯ᠎ᠤᠨ ᠪᠠᠶ᠋ᠢᠭᠤᠯᠤᠯᠲᠠ ᠵᠢᠨ ᠰᠠᠶ᠋ᠢᠨ ᠵᠣᠬᠢᠶᠠᠨ ᠪᠠᠶ᠋ᠢᠭᠤᠯᠤᠭᠴᠢ ᠪᠣᠯᠬᠤ᠎ᠪᠠᠷ ᠪᠠᠷᠠᠬᠤ ᠦᠭᠡᠢ ᠨᠡᠩ ᠴᠤ᠌ ᠪᠡᠶ᠎ᠡ᠎ᠪᠠᠷ ᠵᠶ᠋ᠠᠨ ᠦᠢ᠍ᠯᠡᠳᠦᠯᠭᠡᠵᠢᠭᠦᠯᠦᠭᠰᠡᠨ ᠵᠢᠱ᠌ᠢᠶ᠎ᠡ ᠦᠵᠡᠭᠦᠯᠦᠭᠴᠢ ᠪᠤᠯᠵᠤ᠂ 《ᠲᠦᠷᠦᠭᠦᠴᠢ ᠭᠠᠯᠠᠭᠤ》 ᠵᠢᠨ ᠦᠢ᠍ᠯᠡᠳᠦᠯ ᠵᠶ᠋ᠠᠷ ᠡᠩᠨᠡᠭᠡᠨ᠎ᠤ ᠲᠠᠶ᠋ᠢᠴᠢᠨ ᠬᠦᠴᠦᠨ᠎ᠢ ᠬᠥᠭᠵᠢᠭᠡᠬᠦ ᠬᠡᠷᠡᠭᠲᠡᠢ᠃ ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ ᠵᠢ ᠵᠡᠷᠭᠡ᠎ᠪᠠᠷ ᠠᠳᠬᠤᠬᠤ ᠵᠢ ᠪᠠᠷᠢᠮᠲᠠᠯᠠᠵᠤ᠂ ᠤᠯᠤᠰ ᠲᠦᠷᠦ ᠵᠢᠨ ᠪᠣᠯᠪᠠᠰᠤᠷᠠᠯ᠎ᠢ ᠨᠠᠮᠴᠢ ᠴᠢᠨᠠᠷ᠎ᠤᠨ ᠪᠣᠯᠪᠠᠰᠤᠷᠠᠯ᠎ᠤᠨ ᠲᠡᠷᠢᠭᠦᠨ ᠪᠠᠶ᠋ᠢᠷᠢᠨ᠎ᠳᠤ ᠲᠠᠯᠪᠢᠵᠤ᠂ ᠨᠠᠮ᠎ᠤᠨ ᠲᠦᠷᠢᠮ ᠨᠠᠮ᠎ᠤᠨ ᠲᠣᠭᠲᠠᠭ᠋ᠠᠯ ᠨᠠᠮ᠎ᠤᠨ ᠰᠠᠬᠢᠯᠭ᠎ᠠ ᠪᠠᠲᠤ ᠵᠢ ᠰᠤᠷᠤᠯᠴᠠᠨ ᠲᠤᠭᠤᠰᠢᠯᠠᠭᠤᠯᠬᠤ ᠵᠢ ᠨᠠᠮᠴᠢ ᠴᠢᠨᠠᠷ᠎ᠤᠨ ᠪᠣᠯᠪᠠᠰᠤᠷᠠᠯ᠎ᠤᠨ ᠴᠢᠬᠤᠯᠠ ᠠᠭᠤᠯᠭ᠎ᠠ ᠪᠣᠯᠭ᠋ᠠᠵᠤ᠂ ᠨᠠᠮ᠎ᠤᠨ ᠰᠢᠨ᠎ᠡ ᠵᠢ ᠡᠭᠦᠳᠬᠦ ᠤᠨᠤᠯ᠎ᠤᠨ ᠳᠤᠮᠳᠠ᠎ᠠᠴᠠ ᠨᠠᠮᠴᠢ ᠴᠢᠨᠠᠷ᠎ᠤᠨ ᠰᠢᠮ᠎ᠡ ᠲᠡᠵᠢᠭᠡᠯ ᠰᠢᠩᠭᠡᠭᠡᠨ ᠠᠪᠴᠤ᠂ ᠲᠠᠨᠢᠯᠲᠠ᠎ᠪᠠᠨ ᠳᠡᠭᠡᠭᠰᠢᠯᠡᠭᠦᠯᠵᠦ᠂ ᠰᠤᠷᠲᠠᠯ ᠵᠶ᠋ᠠᠨ ᠬᠤᠪᠢᠷᠠᠭᠤᠯᠵᠤ᠂ ᠵᠣᠷᠢᠭᠲᠠᠢ᠎ᠪᠠᠷ ᠠᠵᠢᠯ ᠬᠢᠵᠦ᠂ ᠡᠷᠡᠰ ᠰᠢᠭᠤᠷᠬᠠᠢ᠎ᠪᠠᠷ ᠤᠷᠤᠭᠰᠢᠯᠠᠨ ᠲᠠᠪᠰᠢᠬᠤ ᠬᠡᠷᠡᠭᠲᠡᠢ᠃ ᠪᠠᠶ᠋ᠢᠩᠭᠤ ᠠᠳᠬᠤᠬᠤ᠂ ᠨᠠᠷᠢᠯᠢᠭ ᠠᠳᠬᠤᠬᠤ᠂ ᠤᠷᠳᠤ ᠬᠤᠭᠤᠴᠠᠭ᠎ᠠ᠎ᠪᠠᠷ ᠠᠳᠬᠤᠬᠤ ᠳᠡᠭᠡᠷ᠎ᠡ ᠬᠦᠴᠦ ᠲᠠᠯᠪᠢᠬᠤ ᠵᠢ ᠪᠠᠷᠢᠮᠲᠠᠯᠠᠵᠤ᠂ ᠪᠠᠶ᠋ᠢᠩᠭᠤ ᠠᠳᠬᠤᠬᠤ ᠬᠠᠳᠠᠨ ᠵᠣᠷᠢᠭ᠂ ᠤᠷᠳᠤ ᠬᠤᠭᠤᠴᠠᠭ᠎ᠠ᠎ᠪᠠᠷ ᠠᠳᠬᠤᠬᠤ ᠵᠢ ᠪᠠᠷᠢᠮᠲᠠᠯᠠᠵᠤ᠂ ᠨᠠᠷᠢᠨ ᠵᠦᠢ᠍ᠯᠡᠰ᠎ᠠᠴᠠ ᠭᠠᠷᠳᠠᠵᠤ᠂ ᠰᠤᠷᠲᠠᠯ᠎ᠤᠨ ᠪᠠᠶ᠋ᠢᠭᠤᠯᠤᠯᠲᠠ ᠵᠢ ᠪᠠᠶ᠋ᠢᠩᠭᠤᠵᠢᠭᠤᠯᠤᠨ ᠤᠷᠳᠤ ᠬᠤᠭᠤᠴᠠᠭ᠎ᠠ᠎ᠪᠠᠷ ᠪᠦᠲᠦᠮᠵᠢᠲᠡᠢ ᠪᠠᠶ᠋ᠢᠯᠭ᠋ᠠᠬᠤ ᠵᠢ ᠠᠬᠢᠭᠤᠯᠵᠤ᠂ ᠪᠠᠶ᠋ᠢᠭᠤᠯᠤᠮᠵᠢ ᠲᠣᠭᠲᠠᠴᠠ ᠵᠢ ᠲᠡᠭᠦᠯᠳᠡᠷᠵᠢᠭᠦᠯᠵᠦ᠂ ᠦᠩᠭᠡᠨ ᠲᠠᠯ᠎ᠠ ᠪᠠ ᠦᠨᠳᠦᠰᠦ᠎ᠠᠴᠠ᠎ᠨᠢ ᠵᠠᠰᠠᠬᠤ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃
ᠬᠤᠷᠠᠯ᠎ᠠᠴᠠ᠂ ᠤᠰᠤᠨ ᠠᠰᠢᠭᠯᠠᠯᠲᠠ ᠵᠢᠨ ᠰᠢᠰᠲ᠋ᠧᠮ᠎ᠤᠨ ᠡᠯ᠎ᠡ ᠱᠠᠲᠤᠨ᠎ᠤ ᠨᠠᠮ᠎ᠤᠨ ᠭᠡᠰᠢᠭᠦᠨ ᠤᠳᠤᠷᠢᠳᠬᠤ ᠺᠠᠳ᠋ᠷ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠬᠤ᠎ᠳᠤ ᠣᠯᠤᠭᠰᠠᠨ ᠠᠭᠤᠤ ᠶᠡᠭᠡ ᠠᠮᠵᠢᠯᠲᠠ ᠪᠦᠲᠦᠮᠵᠢ᠂ ᠴᠢᠬᠤᠯᠠ ᠶᠡᠭᠡ ᠬᠤᠪᠢᠷᠠᠯᠲᠠ ᠵᠢ ᠭᠦᠨᠵᠡᠭᠡᠢ ᠲᠠᠨᠢᠬᠤ ᠬᠡᠷᠡᠭᠲᠡᠢ᠃ 《ᠪᠠᠭ᠎ᠠ ᠶᠠᠪᠤᠳᠠᠯ》 ᠵᠶ᠋ᠠᠷ 《ᠶᠡᠭᠡ ᠬᠤᠪᠢᠷᠠᠯᠲᠠ》 ᠵᠢ ᠠᠬᠢᠭᠤᠯᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠣᠳᠣᠬᠠᠨ᠎ᠤ ᠲᠡᠷᠢᠭᠦᠨ ᠴᠢᠬᠤᠯᠠ ᠤᠯᠤᠰ ᠲᠦᠷᠦ ᠵᠢᠨ ᠡᠭᠦᠷᠭᠡ ᠪᠣᠯᠭ᠋ᠠᠵᠤ᠂ ᠦᠵᠡᠯ ᠰᠠᠨᠠᠭ᠋ᠠᠨ᠎ᠤ ᠲᠠᠯ᠎ᠠ᠎ᠪᠠᠷ ᠬᠡᠯᠪᠠᠶ᠋ᠢᠬᠦ ᠦᠭᠡᠢ᠂ ᠠᠵᠢᠯᠯᠠᠭ᠎ᠠ ᠵᠢᠨ ᠲᠠᠯ᠎ᠠ᠎ᠪᠠᠷ ᠡᠩᠨᠡᠭᠡ᠎ᠠᠴᠠ᠎ᠪᠠᠨ ᠬᠤᠴᠣᠷᠬᠤ ᠦᠭᠡᠢ ᠪᠠᠶ᠋ᠢᠬᠤ ᠵᠢ ᠪᠠᠲᠤᠯᠠᠵᠤ᠂ 《ᠪᠠᠭ᠎ᠠ ᠶᠠᠪᠤᠳᠠᠯ》 ᠪᠤᠯᠵᠤ ᠬᠤᠪᠢᠷᠠᠬᠤ ᠵᠢ ᠰᠡᠷᠭᠡᠶ᠋ᠢᠯᠡᠬᠦ ᠬᠡᠷᠡᠭᠲᠡᠢ᠃ ᠬᠢᠲᠤᠭ᠎ᠠ ᠵᠢᠨ ᠢᠷ᠎ᠢ ᠳᠣᠲᠣᠭᠰᠢ᠎ᠪᠠᠨ ᠬᠠᠨᠳᠤᠭᠤᠯᠵᠤ ᠪᠠᠲᠤ ᠴᠢᠩᠭ᠎ᠠ ᠰᠤᠷᠲᠠᠯ᠎ᠤᠨ ᠪᠠᠲᠤᠯᠠᠭ᠎ᠠ ᠵᠢ ᠪᠠᠲᠤ ᠴᠣᠭᠴᠠᠯᠠᠵᠤ᠂ ᠨᠠᠮ᠎ᠤᠨ ᠭᠡᠰᠢᠭᠦᠨ ᠤᠳᠤᠷᠢᠳᠬᠤ ᠺᠠᠳ᠋ᠷ ᠶᠡᠷᠦᠩᠬᠡᠢ ᠱᠦᠵᠢ ᠰᠢ ᠵᠢᠨ ᠫᠢᠩ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠳᠤᠯᠤᠨ ᠨᠠᠷᠢᠨ ᠣᠶ᠋ᠢᠯᠠᠭ᠋ᠠᠵᠤ᠂ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠢ ᠤᠯᠠᠮ ᠴᠢᠨᠠᠭᠰᠢᠳᠠ ᠨᠡᠪᠲᠡᠷᠬᠡᠢ ᠣᠶ᠋ᠢᠯᠠᠭ᠋ᠠᠵᠤ᠂ ᠬᠥᠮᠦᠨ ᠪᠠ ᠬᠡᠷᠡᠭ ᠶᠠᠪᠤᠳᠠᠯ᠎ᠢ ᠪᠠᠶ᠋ᠢᠴᠠᠭ᠋ᠠᠨ ᠳᠡᠯᠭᠡᠵᠦ᠂ ᠰᠤᠷᠤᠯᠴᠠᠯᠭ᠎ᠠ ᠬᠥᠮᠦᠵᠢᠯ᠎ᠢ ᠪᠣᠳᠠᠲᠠᠢ᠎ᠳᠤ ᠨᠠᠶ᠋ᠢᠳᠠᠪᠤᠷᠢᠵᠢᠭᠤᠯᠵᠤ᠂ ᠰᠡᠳᠬᠢᠯ ᠵᠢᠷᠦᠬᠡᠨ᠎ᠳᠤ ᠬᠠᠳᠠᠩᠰᠢᠭᠤᠯᠬᠤ ᠵᠢ ᠠᠬᠢᠭᠤᠯᠬᠤ ᠬᠡᠷᠡᠭᠲᠡᠢ᠃ ᠠᠷᠠᠳ ᠲᠦᠮᠡᠨ ᠵᠶ᠋ᠠᠷ ᠭᠤᠣᠯ ᠪᠣᠯᠭ᠋ᠠᠵᠤ᠂ ᠤᠯᠠᠨ ᠲᠦᠮᠡᠨᠴᠢ ᠱᠤᠭᠤᠮ᠎ᠢ ᠪᠠᠷᠢᠮᠲᠠᠯᠠᠵᠤ᠂ ᠬᠡᠯᠪᠡᠷᠢᠴᠢ ᠦᠵᠡᠯ᠎ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠵᠦ᠂ ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ᠎ᠤᠨ ᠠᠰᠠᠭᠤᠳᠠᠯ ᠵᠡᠷᠭᠡ ᠵᠢ ᠴᠡᠭᠴᠡᠯᠡᠨ ᠵᠠᠰᠠᠵᠤ᠂ ᠰᠢᠨ᠎ᠡ ᠴᠠᠭ ᠦᠶ᠎ᠡ ᠵᠢᠨ ᠠᠷᠠᠳ᠎ᠤᠨ ᠠᠯᠪᠠᠨ ᠵᠠᠷᠤᠴᠠ ᠪᠤᠯᠵᠤ᠂ ᠰᠠᠶ᠋ᠢᠨ ᠰᠤᠷᠲᠠᠯ ᠵᠶ᠋ᠠᠷ ᠴᠤᠭ ᠰᠦᠯᠳᠡ᠎ᠪᠠᠨ ᠪᠠᠳᠠᠷᠠᠭᠤᠯᠵᠤ᠂ ᠲᠡᠮᠡᠴᠡᠯ᠎ᠤᠨ ᠵᠣᠷᠢᠭ ᠵᠶ᠋ᠠᠨ ᠬᠥᠭᠵᠢᠭᠡᠵᠦ᠂ ᠲᠦᠷᠢ ᠲᠥᠷᠬᠦ ᠵᠢ ᠪᠤᠢ ᠪᠣᠯᠭ᠋ᠠᠵᠤ᠂ ᠠᠷᠠᠳ᠎ᠤᠨ ᠰᠡᠳᠬᠢᠯ᠎ᠢ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠨᠠᠮ᠎ᠤᠨ ᠭᠡᠰᠢᠭᠦᠨ ᠤᠳᠤᠷᠢᠳᠬᠤ ᠺᠠᠳ᠋ᠷ ᠰᠡᠷᠡᠮᠵᠢᠯᠡᠭᠦᠯᠬᠦ ᠬᠥᠮᠦᠵᠢᠯ᠂ ᠡᠰᠡᠷᠭᠦ ᠲᠠᠯ᠎ᠠ ᠵᠢᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ ᠭᠦᠨᠵᠡᠭᠡᠢ ᠰᠤᠷᠭ᠋ᠠᠮᠵᠢ ᠠᠪᠴᠤ᠂ ᠡᠭᠦᠨ ᠵᠶ᠋ᠠᠷ ᠴᠡᠭᠡᠷᠯᠡᠯ ᠪᠣᠯᠭ᠋ᠠᠵᠤ᠂ ᠴᠠᠭ ᠢᠮᠠᠭᠲᠠ ᠲᠠᠷᠢᠬᠢ ᠲᠣᠯᠣᠭ᠋ᠠᠢ᠎ᠪᠠᠨ ᠰᠡᠷᠭᠡᠭ ᠪᠠᠶ᠋ᠢᠯᠭ᠋ᠠᠵᠤ᠂ ᠬᠦᠰᠡᠯᠡᠩ ᠢᠲᠡᠭᠡᠯ ᠪᠢᠰᠢᠷᠡᠯ ᠵᠶ᠋ᠠᠨ ᠪᠠᠲᠤᠳᠬᠠᠵᠤ᠂ ᠨᠠᠮ᠎ᠳᠠᠭᠠᠨ ᠦᠨᠡᠨᠴᠢ ᠰᠢᠳᠤᠷᠭᠤ᠂ ᠠᠷᠠᠳ ᠲᠦᠮᠡᠨ᠎ᠳᠡᠭᠡᠨ ᠠᠴᠢ ᠬᠠᠷᠢᠭᠤᠯᠠᠬᠤ ᠰᠡᠳᠬᠢᠯ᠂ ᠠᠵᠢᠯ ᠦᠢ᠍ᠯᠡᠰ᠎ᠲᠡᠭᠡᠨ ᠵᠢᠳᠬᠦᠬᠦ ᠰᠡᠳᠬᠢᠯ᠂ ᠬᠠᠤᠯᠢ ᠰᠠᠬᠢᠯᠭ᠎ᠠ ᠵᠢ ᠪᠢᠰᠢᠷᠡᠨ ᠵᠢᠷᠦᠬᠡᠰᠢᠶᠡᠬᠦ ᠰᠡᠳᠬᠢᠯᠭᠡ ᠵᠢ ᠪᠠᠲᠤᠯᠠᠵᠤ᠂ ᠢᠲᠡᠭᠡᠯ ᠪᠢᠰᠢᠷᠡᠯ ᠪᠠᠲᠤ ᠴᠢᠩᠭ᠎ᠠ᠂ ᠤᠯᠤᠰ ᠲᠦᠷᠦ ᠴᠢᠩᠭ᠎ᠠ᠂ ᠡᠷᠳᠡᠮ ᠴᠢᠳᠠᠪᠤᠷᠢ ᠥᠨᠳᠥᠷ᠂ ᠣᠪᠣᠷ ᠰᠤᠷᠲᠠᠯ ᠴᠢᠩᠭ᠎ᠠ ᠪᠠᠶ᠋ᠢᠬᠤ ᠵᠢ ᠪᠡᠶᠡᠯᠡᠭᠦᠯᠬᠦ ᠬᠡᠷᠡᠭᠲᠡᠢ᠃ ᠰᠠᠬᠢᠯᠭ᠎ᠠ ᠪᠠᠲᠤ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠰᠠᠬᠢᠯᠭ᠎ᠠ ᠪᠠᠲᠤ ᠵᠢᠨ ᠬᠤᠷᠢᠭ᠎ᠠ ᠱᠤᠭᠤᠮ᠎ᠢ ᠴᠢᠩᠭ᠎ᠠ ᠰᠠᠬᠢᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠲᠦᠷᠢᠮ᠎ᠢ ᠴᠢᠩᠭ᠎ᠠ ᠵᠢᠷᠤᠮᠯᠠᠵᠤ᠂ 《ᠲᠦᠷᠪᠡᠨ ᠰᠤᠷᠲᠠᠯ》᠎ᠢ ᠡᠷᠡᠰ ᠡᠰᠡᠷᠭᠦᠴᠡᠵᠦ᠂ ᠡᠯ᠎ᠡ ᠵᠦᠢ᠍ᠯ᠎ᠤᠨ ᠥᠳᠥᠭᠡᠯᠭᠡ ᠵᠢ ᠤᠬᠠᠮᠰᠠᠷ᠎ᠠᠴᠠ᠎ᠪᠠᠨ ᠬᠤᠷᠢᠭᠯᠠᠬᠤ ᠬᠡᠷᠡᠭᠲᠡᠢ᠃ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠰᠠᠬᠢᠯᠭ᠎ᠠ ᠪᠠᠲᠤ ᠵᠢ ᠬᠡᠷᠡᠭᠵᠢᠭᠦᠯᠦᠨ ᠬᠠᠷᠢᠭᠤᠴᠠᠯᠭ᠎ᠠ ᠨᠡᠬᠡᠮᠵᠢᠯᠡᠵᠦ᠂ ᠴᠢᠬᠤᠯᠠ ᠵᠠᠩᠭᠢᠯᠠᠭ᠎ᠠ ᠵᠢᠨ ᠴᠡᠭ᠎ᠢ ᠰᠠᠬᠢᠵᠤ᠂ ᠪᠠᠭᠤᠷᠠᠢ ᠭᠤᠭᠴᠤᠭ᠎ᠠ ᠵᠢ ᠴᠢᠩᠭ᠎ᠠ ᠠᠩᠬᠠᠷᠴᠤ᠂ ᠬᠠᠭᠤᠴᠢᠨ ᠠᠰᠠᠭᠤᠳᠠᠯ ᠲᠠᠬᠢᠨ ᠰᠡᠷᠭᠦᠬᠦ᠂ ᠰᠢᠨ᠎ᠡ ᠠᠰᠠᠭᠤᠳᠠᠯ ᠴᠤᠬᠤᠶ᠋ᠢᠬᠤ᠂ ᠪᠠᠭ᠎ᠠ ᠠᠰᠠᠭᠤᠳᠠᠯ ᠶᠡᠭᠡ ᠪᠣᠯᠬᠤ ᠵᠢ ᠰᠡᠷᠭᠡᠶ᠋ᠢᠯᠡᠵᠦ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠨᠠᠶ᠋ᠢᠳᠠᠪᠤᠷᠢᠵᠢᠭᠤᠯᠬᠤ ᠡᠨᠡ ᠬᠦ᠌ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠂ ᠤᠳᠠᠭ᠋ᠠᠨ ᠳᠠᠭ᠋ᠠᠭ᠋ᠠᠮᠠᠭ᠋ᠠᠢ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠬᠡᠷᠡᠭᠲᠡᠢ ᠭᠡᠵᠦ ᠱᠠᠭ᠋ᠠᠷᠳᠠᠪᠠ᠃
ᠬᠤᠷᠠᠯ᠎ᠠᠴᠠ᠂ ᠤᠰᠤᠨ ᠠᠰᠢᠭᠯᠠᠯᠲᠠ ᠵᠢᠨ ᠰᠢᠰᠲ᠋ᠧᠮ᠎ᠤᠨ᠎ᠬᠢᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠦᠷᠢᠮ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠥᠬᠦ ᠣᠷᠣᠨ ᠪᠠᠶ᠋ᠢᠷᠢ ᠵᠢᠨ ᠪᠥᠲᠥᠭᠡᠨ ᠪᠠᠶ᠋ᠢᠭᠤᠯᠤᠯᠲᠠ ᠵᠢᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠠᠬᠢᠭᠤᠯᠤᠯ》᠎ᠢ ᠨᠠᠷᠢᠨ ᠬᠢᠨᠠᠮᠠᠭ᠋ᠠᠶ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠠᠥᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠤᠬᠠᠮᠰᠠᠷ᠎ᠠᠴᠠ᠎ᠪᠠᠨ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠳᠡᠭᠡᠷ᠎ᠡ ᠨᠢᠭᠡᠳᠬᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠤᠤᠯ ᠰᠢᠵᠢᠮ ᠪᠣᠯᠭ᠋ᠠᠵᠤ᠂ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠲᠦᠷᠭᠡᠳᠬᠡᠨ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃
ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ (ᠥᠷᠭᠡᠳᠬᠡᠭᠰᠡᠨ)᠎ᠤᠨ ᠭᠡᠰᠢᠭᠦᠨ᠂ ᠲᠢᠩᠬᠢᠮ᠎ᠤᠨ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠲᠤᠰᠬᠠᠶ ᠠᠩᠭᠢ ᠵᠢᠨ ᠭᠡᠰᠢᠭᠦᠨ ᠰᠤᠷᠤᠯᠴᠠᠯᠭ᠎ᠠ᠎ᠳᠤ ᠣᠷᠣᠯᠴᠠᠪᠠ᠃ (ᠡᠬᠡ ᠪᠢᠴᠢᠭ᠎ᠢ ᠲᠢᠩᠬᠢᠮ᠎ᠤᠨ ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ᠎ᠠᠴᠠ ᠬᠠᠩᠭ᠋ᠠᠪᠠ)