ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠵᠠᠯᠠᠭᠤ ᠺᠠᠳ᠋ᠷᠴᠤᠳ᠎ᠤᠨ ᠰᠤᠷᠲᠠᠯ᠎ᠤᠨ ᠪᠠᠶ᠋ᠢᠭᠤᠯᠤᠯᠲᠠ ᠵᠢᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-04-30

   ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ 《ᠰᠤᠷᠤᠯᠴᠠᠬᠤ ᠲᠥᠪ ᠰᠤᠷᠲᠠᠯ》᠎ᠤᠨ ᠲᠤᠬᠠᠶ ᠴᠢᠬᠤᠯᠠ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠵᠢᠨ ᠲᠥᠯᠥᠭᠡ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠳᠤᠮᠳᠠ ᠵᠠᠯᠠᠭᠤ ᠺᠠᠳ᠋ᠷᠴᠤᠳ᠎ᠤᠨ ᠬᠥᠮᠦᠵᠢᠯ ᠬᠠᠮᠢᠶᠠᠷᠤᠯᠲᠠ ᠵᠢ ᠲᠣᠪᠤᠶ᠋ᠢᠮ᠎ᠠ ᠰᠠᠶ᠋ᠢᠲᠤᠷ ᠠᠳᠬᠤᠬᠤ ᠱᠠᠭ᠋ᠠᠷᠳᠠᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠬᠤ ᠵᠢᠨ ᠲᠥᠯᠥᠭᠡ᠂ 4 ᠳ᠋ᠦ᠍ᠭᠡᠷ ᠰᠠᠷ᠎ᠠ ᠵᠢᠨ 30᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠵᠠᠯᠠᠭᠤ ᠺᠠᠳ᠋ᠷᠴᠤᠳ᠎ᠤᠨ ᠰᠤᠷᠲᠠᠯ᠎ᠤᠨ ᠪᠠᠶ᠋ᠢᠭᠤᠯᠤᠯᠲᠠ ᠵᠢᠨ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠵᠠᠯᠠᠭᠤ ᠺᠠᠳ᠋ᠷᠴᠤᠳ᠎ᠤᠨ ᠰᠤᠷᠲᠠᠯ᠎ᠤᠨ ᠪᠠᠶ᠋ᠢᠭᠤᠯᠤᠯᠲᠠ ᠵᠢᠨ ᠲᠤᠬᠠᠢ ᠴᠢᠬᠤᠯᠠ ᠥᠭᠦᠯᠡᠯᠲᠡ ᠵᠢ ᠤᠯᠠᠮᠵᠢᠯᠠᠨ ᠰᠤᠷᠤᠯᠴᠠᠵᠤ᠂ 4 ᠵᠠᠯᠠᠭᠤ ᠺᠠᠳ᠋ᠷ ᠰᠠᠨᠠᠯ ᠵᠶ᠋ᠠᠨ ᠰᠣᠯᠢᠯᠴᠠᠬᠤ ᠶᠠᠷᠢᠶ᠎ᠠ ᠲᠠᠯᠪᠢᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠱᠧᠩ ᠰᠢᠶᠣᠣ ᠶᠢᠥ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃


干部作风建设座谈会.jpg


   ᠱᠧᠩ ᠰᠢᠶᠣᠣ ᠶᠢᠦ᠎ᠠᠴᠠ᠂ ᠵᠠᠯᠠᠭᠤ ᠺᠠᠳ᠋ᠷᠴᠤᠳ ᠪᠣᠯ ᠣᠳᠣᠬᠠᠨ᠎ᠤ ᠪᠦᠬᠦ ᠣᠷᠣᠨ᠎ᠤ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠴᠢᠬᠤᠯᠠ ᠲᠤᠯᠭ᠋ᠠᠭᠤᠷᠢᠯᠠᠯ ᠮᠥᠨ᠂ ᠡᠯ᠎ᠡ ᠲᠠᠯ᠎ᠠ ᠵᠢ ᠵᠣᠬᠢᠴᠠᠭᠤᠯᠬᠤ 《ᠵᠠᠪᠰᠠᠷ᠎ᠤᠨ ᠵᠠᠩᠭᠢᠯᠠᠭ᠎ᠠ》᠂ ᠨᠠᠶ᠋ᠢᠳᠠᠪᠤᠷᠢᠵᠢᠭᠤᠯᠤᠯᠲᠠ ᠵᠢ ᠴᠢᠩᠭ᠎ᠠ ᠠᠳᠬᠤᠬᠤ 《ᠭᠤᠣᠯ ᠲᠤᠯᠭ᠋ᠠᠭᠤᠷᠢ》᠂ ᠲᠦᠷᠢ ᠲᠥᠷᠬᠦ ᠵᠢ ᠪᠤᠢ ᠪᠣᠯᠭ᠋ᠠᠬᠤ 《ᠲᠤᠯᠭ᠋ᠠᠭᠤᠷᠢ ᠬᠦᠴᠦᠨ》 ᠮᠥᠨ᠂ ᠵᠣᠷᠢᠭᠲᠠᠢ᠎ᠪᠠᠷ ᠨᠢᠷᠤᠭᠤ ᠲᠤᠯᠭ᠋ᠠᠭᠤᠷᠢ ᠵᠢ ᠡᠭᠦᠷᠭᠡᠯᠡᠵᠦ᠂ ᠬᠦᠨᠳᠦ ᠬᠠᠷᠢᠭᠤᠴᠠᠯᠭ᠎ᠠ ᠵᠢ ᠡᠭᠦᠷᠭᠡᠯᠡᠵᠦ᠂ ᠬᠠᠲᠠᠭᠤ ᠳᠠᠶ᠋ᠢᠯᠠᠯᠳᠤᠭ᠋ᠠᠨ ᠬᠢᠬᠦ ᠬᠡᠷᠡᠭᠲᠡᠢ᠃ ᠨᠢᠭᠡ᠎ᠳᠤ᠂ ᠰᠤᠷᠤᠯᠴᠠᠯᠭ᠎ᠠ᠎ᠪᠠᠷ ᠰᠤᠷᠲᠠᠯ ᠵᠶ᠋ᠠᠨ ᠲᠥᠪ ᠪᠣᠯᠭ᠋ᠠᠵᠤ᠂ ᠰᠤᠷᠤᠯᠴᠠᠯᠭ᠎ᠠ ᠬᠥᠮᠦᠵᠢᠯ᠎ᠤᠨ ᠳᠤᠮᠳᠠ ᠤᠯᠤᠰ ᠲᠦᠷᠦ ᠵᠢᠨ ᠴᠢᠳᠠᠪᠤᠷᠢ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠬᠤᠶᠠᠷ᠎ᠲᠤ᠂ ᠪᠣᠳᠠᠲᠠᠢ ᠵᠢ ᠡᠷᠬᠢᠮᠯᠡᠬᠦ ᠰᠤᠷᠲᠠᠯ᠎ᠢ ᠶᠡᠬᠡᠪᠡᠷ ᠮᠠᠨᠳᠤᠭᠤᠯᠵᠤ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ ᠳᠤᠮᠳᠠ ᠦᠯᠢᠭᠡᠷ ᠳᠠᠭᠤᠷᠢᠶᠠᠯ ᠪᠤᠯᠵᠤ᠂ ᠵᠢᠱ᠌ᠢᠶ᠎ᠡ ᠦᠵᠡᠭᠦᠯᠦᠨ᠂ ᠤᠷᠤᠭᠰᠢᠯᠠᠬᠤ ᠬᠡᠷᠡᠭᠲᠡᠢ᠃ ᠭᠤᠷᠪᠠ᠎ᠳᠤ᠂ ᠠᠷᠢᠭᠤᠨ ᠴᠢᠬᠡᠴᠢ ᠰᠤᠷᠲᠠᠯ᠎ᠢ ᠪᠠᠳᠠᠷᠠᠭᠤᠯᠵᠤ᠂ ᠲᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠵᠤ᠂ ᠲᠥᠪ ᠭᠤᠣᠯᠴᠢ ᠠᠷᠢᠭᠤᠨ ᠴᠢᠬᠡᠴᠢ ᠪᠠᠶ᠋ᠢᠬᠤ ᠤᠷᠢᠲᠠᠯ ᠳᠣᠣᠷ᠎ᠠ ᠵᠣᠷᠢᠭᠲᠠᠢ᠎ᠪᠠᠷ ᠠᠵᠢᠯ ᠬᠢᠬᠦ ᠬᠡᠷᠡᠭᠲᠡᠢ᠃ ᠵᠠᠯᠠᠭᠤ ᠺᠠᠳ᠋ᠷᠴᠤᠳ ᠨᠠᠮ᠎ᠤᠨ ᠰᠠᠬᠢᠯᠭ᠎ᠠ ᠪᠠᠲᠤ ᠵᠢ ᠴᠢᠩᠳᠠᠯᠠᠬᠤ ᠪᠠ ᠨᠠᠮᠴᠢ ᠴᠢᠨᠠᠷ᠎ᠢ ᠴᠢᠩᠭ᠋ᠠᠳᠬᠠᠬᠤ ᠵᠢ ᠨᠡᠪᠲᠡᠷᠡᠯᠴᠡᠭᠦᠯᠵᠦ᠂ ᠲᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠪᠠ ᠠᠵᠢᠯ ᠬᠢᠵᠦ ᠦᠢ᠍ᠯᠡᠰ ᠪᠤᠰᠬᠠᠬᠤ ᠵᠢ ᠨᠢᠭᠡᠳᠬᠡᠵᠦ᠂ ᠠᠵᠢᠯ᠎ᠤᠨ ᠭᠤᠣᠯ ᠰᠢᠵᠢᠮ᠎ᠢ ᠪᠠᠷᠢᠮᠲᠠᠯᠠᠵᠤ᠂ ᠠᠮᠢ ᠠᠬᠤᠢ ᠵᠢᠨ ᠤᠯᠠᠭ᠋ᠠᠨ ᠱᠤᠭᠤᠮ᠎ᠢ ᠪᠠᠲᠤ ᠰᠠᠬᠢᠵᠤ᠂ ᠠᠮᠤᠷ ᠲᠦᠪᠰᠢᠨ᠎ᠤ ᠬᠤᠷᠢᠭ᠎ᠠ ᠱᠤᠭᠤᠮ᠎ᠢ ᠴᠢᠩᠭ᠎ᠠ ᠰᠠᠬᠢᠵᠤ᠂ ᠰᠠᠭᠤᠷᠢ ᠵᠢ ᠪᠠᠬᠢᠵᠢᠭᠦᠯᠬᠦ᠂ ᠵᠣᠪᠠᠭᠤᠷᠢ ᠵᠦᠳᠡᠭᠦᠷᠢ ᠵᠢ ᠠᠮᠰᠠᠵᠤ ᠳᠡᠶ᠋ᠢᠯᠬᠦ᠂ ᠲᠤᠬᠠᠶ᠋ᠢᠯᠠᠭᠰᠠᠨ ᠠᠵᠢᠯ᠎ᠳᠠᠭᠠᠨ ᠴᠠᠭ᠋ᠠᠷᠠᠭᠰᠠᠨ᠂ ᠰᠤᠷᠲᠠᠯ᠎ᠢ ᠰᠢᠯᠢᠳᠡᠭᠵᠢᠭᠦᠯᠬᠦ ᠵᠢ ᠴᠢᠷᠮᠠᠶ᠋ᠢᠨ ᠪᠡᠶᠡᠯᠡᠭᠦᠯᠵᠦ᠂ 《ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠂ ᠪᠠᠲᠤ ᠴᠢᠩᠭ᠎ᠠ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠬᠠᠩᠭ᠋ᠠᠬᠤ》 ᠰᠢᠨ᠎ᠡ ᠠᠶᠠᠨ ᠵᠠᠮ᠎ᠳᠤ ᠲᠡᠷᠢᠭᠦᠨ᠎ᠳᠤ ᠣᠷᠣᠬᠤ᠎ᠪᠠᠷ ᠡᠷᠡᠯᠬᠡᠭᠯᠡᠨ ᠲᠡᠮᠡᠴᠡᠵᠦ᠂ ᠭᠠᠪᠢᠶ᠎ᠠ ᠪᠠᠶ᠋ᠢᠭᠤᠯᠵᠤ ᠦᠢ᠍ᠯᠡᠰ ᠪᠤᠰᠬᠠᠬᠤ ᠬᠡᠷᠡᠭᠲᠡᠢ ᠭᠡᠵᠡᠢ᠃

   ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠳᠡᠳ᠋ ᠲᠢᠩᠬᠢᠮ᠎ᠤᠨ ᠳᠠᠷᠤᠭ᠎ᠠ ᠫᠧᠩ ᠶᠠ ᠯᠢ᠂ ᠲᠢᠩᠬᠢᠮ᠎ᠤᠨ ᠪᠠᠶ᠋ᠢᠭᠤᠯᠭ᠎ᠠ᠂ ᠲᠢᠩᠬᠢᠮ᠎ᠤᠨ ᠬᠠᠷᠢᠶ᠎ᠠ ᠨᠢᠭᠡᠴᠢ ᠵᠢᠨ ᠭᠠᠵᠠᠷ᠎ᠤᠨ ᠲᠠᠰ᠎ᠤᠨ 30 ᠭᠠᠷᠤᠶ ᠵᠠᠯᠠᠭᠤ ᠺᠠᠳ᠋ᠷ ᠬᠤᠷᠠᠯ᠎ᠳᠤ ᠣᠷᠣᠯᠴᠠᠪᠠ᠃

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ ᠠᠩᠬ᠎ᠠ ᠤᠳᠠᠭ᠎ᠠ ᠤᠰᠤ ᠠᠪᠴᠤ ᠬᠡᠷᠡᠭᠯᠡᠬᠦ ᠬᠦᠷᠢᠶᠡᠨ᠎ᠳᠠᠬᠢ ᠢᠲᠡᠭᠡᠮᠵᠢ ᠵᠢᠨ ᠦᠨᠡᠯᠡᠯᠲᠡ ᠵᠢ ᠪᠡᠶᠡᠯᠡᠭᠦᠯᠪᠡ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠲᠠᠪᠤᠨ ᠰᠠᠷ᠎ᠠ ᠵᠢᠨ ᠨᠢᠭᠡᠨ᠎ᠤ ᠪᠠᠶᠠᠷ᠎ᠤᠨ ᠡᠳᠦᠷ᠎ᠠᠴᠠ ᠡᠮᠦᠨᠡᠬᠢ ᠠᠮᠤᠷ ᠲᠦᠪᠰᠢᠨ᠎ᠤ ᠪᠠᠶ᠋ᠢᠴᠠᠭ᠋ᠠᠯᠲᠠ ᠥᠷᠨᠢᠭᠦᠯᠪᠡ
ᠰᠦᠨ ᠱᠤᠤ ᠴᠧᠩ ᠵᠡᠭᠦᠨᠭ᠋ᠠᠷ ᠬᠣᠰᠢᠭᠤᠨ᠎ᠳᠤ ᠪᠠᠢ᠌ᠴᠠᠭ᠋ᠠᠨ ᠰᠤᠳᠤᠯᠤᠯᠲᠠ ᠬᠢᠬᠦ ᠵᠢᠨ ᠬᠠᠮᠲᠤ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠡᠯ᠎ᠡ ᠬᠣᠰᠢᠭᠤ ᠰᠢᠶᠠᠨ ᠬᠣᠲᠠ ᠲᠣᠭᠣᠷᠢᠭ ᠬᠠᠷᠢᠭᠤᠴᠠᠯᠭ᠎ᠠ᠎ᠪᠠᠨ ᠴᠢᠩᠭ᠋ᠠᠳᠬᠠᠵᠤ ᠡᠷᠴᠢᠮ ᠵᠶ᠋ᠠᠨ ᠴᠢᠩᠭ᠋ᠠᠷᠠᠭᠤᠯᠤᠨ ᠠᠵᠤ ᠠᠬᠤᠢ ᠵᠢᠨ ᠦᠷᠭᠦᠯᠵᠢᠯᠡᠨ ᠰᠡᠷᠭᠦᠨ ᠰᠠᠢ᠌ᠵᠢᠷᠠᠬᠤ ᠵᠢ ᠪᠦᠭᠦ ᠬᠦᠴᠦᠨ ᠵᠶ᠋ᠡᠷ ᠵᠶ᠋ᠡᠨ ᠠᠬᠢᠭᠤᠯᠬᠤ ᠬᠡᠷᠡᠭᠲᠡᠢ
ᠰᠦᠨ ᠱᠤᠤ ᠴᠧᠩ ᠣᠷᠳᠣᠰ ᠬᠤᠳᠠ᠎ᠳᠤ ᠬᠠᠳᠤᠨ ᠭᠣᠣᠯ᠎ᠤᠨ 《ᠶᠡᠬᠡ ᠲᠣᠬᠣᠢ》 ᠵᠢᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠠᠬᠢᠴᠠ ᠵᠢᠨ ᠪᠠᠢ᠌ᠳᠠᠯ᠎ᠢ ᠪᠠᠢ᠌ᠴᠠᠭ᠋ᠠᠨ ᠰᠤᠳᠤᠯᠪᠠ
 
            