ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ 《ᠭᠣᠣᠯ ᠮᠥᠷᠡᠨ᠎ᠤ ᠡᠰᠢ ᠶᠤᠰᠤ ᠵᠢ ᠪᠠᠢ᠌ᠭᠤᠯᠵᠤ᠂ ᠤᠰᠤᠨ ᠲᠣᠣᠷ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ》 ᠰᠠᠭᠤᠳᠠᠯ᠎ᠤᠨ ᠬᠤᠷᠠᠯ ᠬᠢᠪᠠ
ᠨᠡᠶ᠋ᠢᠲᠡᠯᠡᠭᠰᠡᠨ ᠴᠠᠭ᠄ 2025-07-01

  《ᠲᠤᠯᠤᠭ᠋ᠠᠨ ᠰᠠᠷ᠎ᠠ ᠵᠢᠨ ᠨᠢᠭᠡᠨ》᠎ᠤ ᠨᠠᠮ ᠪᠠᠶ᠋ᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠵᠶ᠋ᠠᠷ᠂ ᠡᠨᠡ ᠵᠢᠯ ᠪᠠᠷᠠᠭᠤᠨ ᠯᠢᠶᠣᠤ ᠾᠧ ᠭᠤᠣᠯ᠎ᠤᠨ ᠭᠤᠣᠯ ᠤᠷᠤᠰᠬᠠᠯ ᠪᠦᠬᠦ ᠱᠤᠭᠤᠮ ᠵᠶ᠋ᠠᠷ ᠤᠷᠤᠰᠬᠠᠯ ᠨᠡᠪᠲᠡᠷᠡᠭᠰᠡᠨ ᠪᠠ ᠴᠤᠤᠯ ᠭᠤᠣᠯ᠎ᠤᠨ ᠤᠰᠤ ᠵᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ ᠢᠨᠵᠧᠨᠧᠷᠢᠩ᠎ᠢ ᠰᠠᠶᠢᠬᠠᠨ ᠪᠦᠬᠦ ᠱᠤᠭᠤᠮ ᠵᠶ᠋ᠠᠷ ᠲᠤᠷᠰᠢᠬᠤ ᠴᠠᠭ ᠬᠤᠭᠤᠴᠠᠭ᠎ᠠ ᠵᠢ ᠤᠭᠲᠤᠨ ᠠᠪᠴᠢᠷᠠᠵᠤ᠂ 7 ᠳ᠋ᠤᠭ᠋ᠠᠷ ᠰᠠᠷ᠎ᠠ ᠵᠢᠨ 1᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠲᠦᠩᠯᠢᠶᠣᠤ ᠬᠤᠲᠠ᠎ᠳᠤ 《ᠭᠤᠣᠯ ᠮᠥᠷᠡᠨ᠎ᠤ ᠡᠰᠢ ᠶᠤᠰᠤ ᠵᠢ ᠪᠠᠶ᠋ᠢᠭᠤᠯᠵᠤ᠂ ᠤᠰᠤᠨ ᠲᠣᠣᠷ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ》 ᠰᠠᠭᠤᠳᠠᠯ᠎ᠤᠨ ᠬᠤᠷᠠᠯ ᠬᠤᠷᠠᠯᠳᠤᠭᠤᠯᠵᠤ᠂ 《ᠭᠤᠣᠯ ᠮᠥᠷᠡᠨ᠎ᠢ ᠬᠠᠮᠠᠭ᠋ᠠᠯᠠᠨ ᠵᠠᠰᠠᠬᠤ ᠵᠢ ᠪᠦᠬᠦ ᠲᠠᠯ᠎ᠠ᠎ᠪᠠᠷ ᠠᠬᠢᠭᠤᠯᠬᠤ ᠲᠤᠬᠠᠢ ᠰᠠᠨᠠᠯ》᠎ᠢ ᠰᠤᠳᠤᠯᠤᠨ ᠲᠤᠭᠤᠰᠢᠯᠠᠭᠤᠯᠵᠦ᠂ ᠭᠤᠣᠯ ᠮᠥᠷᠡᠨ᠎ᠤ ᠡᠰᠢ ᠶᠤᠰᠤ ᠵᠢ ᠪᠠᠶ᠋ᠢᠭᠤᠯᠬᠤ ᠪᠠᠶᠠᠯᠢᠭ ᠠᠭᠤᠯᠤᠭᠳᠠᠬᠤᠨ ᠪᠠ ᠦᠢ᠍ᠯᠡᠳᠦᠯᠭᠡ ᠵᠢᠨ ᠠᠷᠭ᠎ᠠ ᠵᠠᠮ᠎ᠢ ᠪᠣᠳᠠᠲᠠᠢ ᠣᠨᠣᠪᠴᠢᠲᠠᠢ ᠡᠷᠢᠨ ᠣᠯᠵᠤ᠂ ᠤᠰᠤᠨ ᠠᠰᠢᠭᠯᠠᠯᠲᠠ ᠵᠢᠨ ᠲᠣᠣᠷ᠎ᠤᠨ ᠪᠠᠶ᠋ᠢᠭᠤᠯᠤᠯᠲᠠ ᠵᠢ ᠠᠬᠢᠭᠤᠯᠬᠤ ᠳᠤᠮᠳᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠠᠵᠢᠯ᠎ᠤᠨ ᠭᠤᠣᠯ ᠱᠤᠭᠤᠮ᠎ᠢ ᠲᠤᠭᠤᠰᠢᠯᠠᠭᠤᠯᠵᠤ᠂ ᠤᠰᠤᠨ᠎ᠤ ᠰᠣᠶᠣᠯ᠎ᠢ ᠶᠡᠬᠡᠪᠡᠷ ᠤᠯᠠᠮᠵᠢᠯᠠᠨ ᠪᠠᠳᠠᠷᠠᠭᠤᠯᠵᠤ᠂ ᠤᠮᠠᠷᠠᠲᠤ ᠬᠢᠯᠢ ᠵᠢᠨ ᠰᠣᠶᠣᠯ᠎ᠤᠨ ᠪᠠᠶ᠋ᠢᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠎ᠠ᠎ᠳᠤ ᠬᠦᠴᠦᠨ ᠨᠡᠮᠡᠷᠢᠯᠡᠵᠦ᠂ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠪᠠ ᠥᠪᠡᠷᠲᠡᠭᠡᠨ ᠵᠠᠰᠠᠬᠤ ᠣᠷᠣᠨ᠎ᠤ 《ᠨᠢᠭᠡ ᠭᠤᠣᠯ ᠰᠢᠵᠢᠮ᠎ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠵᠦ᠂ ᠮᠣᠩᠭᠤᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠰᠢᠨ᠎ᠡ ᠵᠠᠮ᠎ᠢ ᠨᠡᠭᠡᠭᠡᠵᠦ ᠳᠤᠮᠳᠠ ᠲᠦᠪᠰᠢᠨ᠎ᠳᠤ ᠳᠠᠪᠰᠢᠬᠤ》 ᠠᠵᠢᠯ᠎ᠤᠨ ᠶᠡᠭᠡ ᠲᠠᠯ᠎ᠠ᠎ᠳᠤ ᠤᠶᠤᠨ ᠤᠬᠠᠭ᠋ᠠᠨ ᠬᠦᠴᠦᠨ ᠴᠢᠳᠠᠯ ᠵᠶ᠋ᠠᠨ ᠨᠢᠭᠲᠠᠷᠠᠭᠤᠯᠤᠨ᠎ᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠱᠧᠩ ᠰᠢᠶᠣᠣ ᠶᠢᠥ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃

 

   ᠰᠠᠭᠤᠳᠠᠯ᠎ᠤᠨ ᠬᠤᠷᠠᠯ ᠳᠡᠭᠡᠷ᠎ᠡ᠂ ᠥᠪᠥᠷ ᠮᠣᠩᠭᠤᠯ᠎ᠤᠨ ᠦᠨᠳᠦᠰᠦᠲᠡᠨ᠎ᠤ ᠶᠡᠭᠡ ᠰᠤᠷᠭ᠋ᠠᠭᠤᠯᠢ ᠵᠢᠨ ᠫᠷᠤᠹᠧᠰᠰᠤᠷ᠂ ᠪᠠᠷᠠᠭᠤᠨ ᠯᠢᠶᠣᠤ ᠾᠧ ᠭᠤᠣᠯ᠎ᠤᠨ ᠪᠣᠯᠪᠠᠰᠤᠨ᠎ᠤ ᠰᠤᠳᠤᠯᠭ᠋ᠠᠨ᠎ᠤ ᠲᠤᠰᠬᠠᠢ ᠮᠡᠷᠭᠡᠵᠢᠯᠲᠡᠨ ᠵᠠᠩ ᠲᠢᠶᠧ ᠨᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠵᠤ ᠤᠮᠠᠷᠠᠲᠤ ᠵᠢᠨ ᠰᠣᠶᠣᠯ᠎ᠤᠨ ᠪᠠᠶ᠋ᠢᠭᠤᠯᠤᠯᠲᠠ ᠵᠢ ᠠᠬᠢᠭᠤᠯᠬᠤ᠎ᠲᠠᠢ ᠤᠶᠠᠯᠳᠤᠭᠤᠯᠵᠤ᠂ ᠪᠠᠷᠠᠭᠤᠨ ᠯᠢᠶᠣᠤ ᠾᠧ ᠭᠤᠣᠯ᠎ᠤᠨ ᠰᠣᠶᠣᠯ᠎ᠤᠨ ᠲᠤᠬᠠᠢ ᠲᠤᠰᠬᠠᠢ ᠰᠡᠳᠦᠪᠲᠦ ᠲᠠᠶ᠋ᠢᠯᠤᠮᠵᠢ ᠬᠢᠵᠦ᠂ ᠬᠡᠰᠡᠭ ᠨᠢᠭᠡᠴᠢ ᠰᠠᠨᠠᠯ ᠵᠶ᠋ᠠᠨ ᠰᠣᠯᠢᠯᠴᠠᠬᠤ ᠦᠭᠡ ᠬᠡᠯᠡᠪᠡ᠃    

  ᠱᠧᠩ ᠰᠢᠶᠣᠣ ᠶᠢᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠤᠨ ᠤᠰᠤ ᠵᠢ ᠵᠠᠰᠠᠬᠤ ᠲᠤᠬᠠᠢ ᠴᠢᠬᠤᠯᠠ ᠥᠭᠦᠯᠡᠯᠲᠡ᠎ᠨᠢ ᠭᠤᠣᠯ ᠮᠥᠷᠡᠨ᠎ᠤ ᠶᠣᠰᠣ ᠰᠤᠷᠲᠠᠬᠤᠨ᠎ᠤ ᠴᠢᠬᠤᠯᠠ ᠶᠡᠭᠡ ᠤᠨᠤᠯ ᠪᠣᠯᠤᠨ ᠦᠢ᠍ᠯᠡᠳᠦᠯᠭᠡ ᠵᠢᠨ ᠠᠰᠠᠭᠤᠳᠠᠯ᠎ᠢ ᠰᠢᠨᠵᠢᠯᠡᠬᠦ ᠤᠬᠠᠭ᠋ᠠᠨᠴᠢ᠎ᠪᠠᠷ ᠲᠣᠳᠣᠷᠬᠠᠶ᠋ᠢᠯᠠᠨ ᠥᠭᠦᠯᠡᠵᠦ᠂ ᠭᠤᠣᠯ ᠮᠥᠷᠡᠨ᠎ᠤ ᠠᠮᠢ ᠨᠠᠰᠤᠨ᠎ᠤ ᠤᠬᠠᠭᠳᠠᠬᠤᠨ᠎ᠢ ᠣᠯᠭᠤᠵᠤ᠂ ᠰᠢᠨ᠎ᠡ ᠴᠠᠭ ᠦᠶ᠎ᠡ ᠵᠢᠨ ᠭᠤᠣᠯ ᠮᠥᠷᠡᠨ᠎ᠤ ᠬᠠᠮᠠᠭ᠋ᠠᠯᠠᠯᠲᠠ ᠵᠠᠰᠠᠯᠲᠠ ᠵᠢᠨ ᠰᠢᠨ᠎ᠡ ᠴᠢᠭᠯᠡᠯ᠎ᠢ ᠵᠢᠭ᠋ᠠᠨ ᠵᠢᠯᠣᠭᠤᠳᠪᠠ᠃ ᠭᠤᠣᠯ ᠮᠥᠷᠡᠨ᠎ᠢ ᠠᠮᠢ ᠨᠠᠰᠤᠨ᠎ᠤ ᠴᠣᠭᠴᠠ ᠪᠣᠯᠭ᠋ᠠᠵᠤ᠂ ᠪᠢᠳᠡᠨ᠎ᠢ ᠵᠢᠮ᠎ᠡ ᠶᠣᠰᠣᠨ᠎ᠳᠤ ᠨᠡᠶ᠋ᠢᠴᠡᠭᠦᠯᠵᠦ᠂ ᠠᠮᠢ ᠨᠠᠰᠤ᠎ᠪᠠᠨ ᠬᠠᠮᠠᠭ᠋ᠠᠯᠠᠵᠤ᠂ ᠡᠷᠡᠭᠦᠯ ᠮᠡᠨᠳᠦ᠎ᠪᠠᠨ ᠬᠠᠮᠠᠭ᠋ᠠᠯᠠᠬᠤ ᠵᠢ ᠱᠠᠭ᠋ᠠᠷᠳᠠᠵᠤ᠂ ᠣᠨᠴᠠᠭ᠋ᠠᠶ᠋ᠢᠯᠠᠨ ᠤᠰᠤ ᠵᠠᠰᠠᠬᠤ ᠦᠢ᠍ᠯᠡᠳᠦᠯᠭᠡ ᠵᠢᠨ ᠳᠤᠮᠳᠠ᠂ ᠭᠤᠣᠯ ᠮᠥᠷᠡᠨ᠎ᠤ ᠶᠣᠰᠣ ᠰᠤᠷᠲᠠᠬᠤᠨ᠎ᠤ ᠬᠠᠷᠠᠭ᠋ᠠᠰᠤ᠎ᠠᠴᠠ ᠲᠠᠨᠢᠯᠲᠠ᠎ᠪᠠᠨ ᠳᠡᠭᠡᠭᠰᠢᠯᠡᠭᠦᠯᠵᠦ᠂ ᠤᠰᠤᠨ᠎ᠤ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠬᠤ ᠵᠢ ᠪᠠᠷᠢᠮᠲᠠᠯᠠᠵᠤ᠂ ᠤᠯᠤᠰ᠎ᠤᠨ 《ᠭᠤᠣᠯ ᠮᠥᠷᠡᠨ᠎ᠤ ᠪᠠᠶ᠋ᠢᠯᠳᠤᠬᠤ ᠪᠤᠳᠤᠯᠭ᠎ᠠ》 ᠵᠢ ᠬᠡᠷᠡᠭᠵᠢᠭᠦᠯᠬᠦ ᠵᠢ ᠪᠠᠷᠢᠮᠲᠠᠯᠠᠵᠤ᠂ ᠤᠯᠤᠰ᠎ᠤᠨ ᠤᠰᠤᠨ᠎ᠤ ᠲᠣᠣᠷ᠎ᠢ ᠲᠦᠷᠭᠡᠳᠬᠡᠨ ᠪᠠᠶ᠋ᠢᠭᠤᠯᠵᠤ᠂ ᠳᠤᠮᠳᠠᠳᠤ ᠵᠢᠨ ᠤᠰᠤᠨ᠎ᠤ ᠰᠣᠶᠣᠯ᠎ᠢ ᠬᠠᠮᠠᠭ᠋ᠠᠯᠠᠨ ᠤᠯᠠᠮᠵᠢᠯᠠᠬᠤ ᠵᠢ ᠪᠠᠷᠢᠮᠲᠠᠯᠠᠵᠤ᠂ ᠤᠰᠤᠨ᠎ᠤ ᠬᠤᠣᠷ ᠬᠥᠨᠥᠭᠡᠯ᠂ ᠤᠰᠤ ᠬᠡᠷᠡᠭᠯᠡᠬᠦ ᠠᠰᠢᠭ ᠬᠤᠣᠷ᠂ ᠤᠰᠤ ᠬᠡᠷᠡᠭᠯᠡᠬᠦ ᠭᠤᠸ᠎ᠠ ᠰᠠᠶ᠋ᠢᠬᠠᠨ᠎ᠢ ᠢᠯᠡᠷᠡᠭᠦᠯᠵᠦ᠂ ᠭᠤᠣᠯ ᠮᠥᠷᠡᠨ᠎ᠤ ᠠᠮᠢ ᠨᠠᠰᠤ ᠵᠢ ᠰᠡᠷᠭᠦᠭᠡᠬᠦ᠂ ᠰᠠᠪᠠ ᠭᠠᠵᠠᠷ᠎ᠲᠤ ᠠᠮᠢᠵᠢᠷᠠᠯ᠎ᠤᠨ ᠬᠦᠴᠦᠨ᠎ᠢ ᠢᠯᠡᠷᠡᠭᠦᠯᠬᠦ ᠵᠢ ᠪᠠᠷᠢᠮᠲᠠᠯᠠᠵᠤ᠂ ᠴᠢᠨᠠᠷ ᠰᠠᠶ᠋ᠢᠲᠠᠢ ᠭᠤᠣᠯ ᠮᠥᠷᠡᠨ ᠨᠠᠭᠤᠷ ᠴᠥᠭᠦᠷᠥᠮ᠎ᠤᠨ ᠠᠮᠢ ᠠᠬᠤᠢ ᠵᠢᠨ ᠣᠷᠴᠢᠨ ᠲᠣᠭᠤᠷᠢᠨ ᠵᠶ᠋ᠠᠷ ᠠᠵᠤ ᠠᠬᠤᠢ ᠨᠡᠶ᠋ᠢᠭᠡᠮ᠎ᠤᠨ ᠴᠢᠨᠠᠷ ᠰᠠᠶ᠋ᠢᠲᠠᠢ ᠬᠥᠭᠵᠢᠯᠲᠡ ᠵᠢ ᠲᠤᠯᠭ᠋ᠠᠭᠤᠷᠢᠯᠠᠬᠤ ᠬᠡᠷᠡᠭᠲᠡᠢ ᠭᠡᠵᠡᠢ᠃    

  ᠱᠧᠩ ᠰᠢᠶᠣᠣ ᠶᠢᠤ᠂ ᠭᠤᠣᠯ ᠮᠥᠷᠡᠨ᠎ᠤ ᠡᠰᠢ ᠶᠤᠰᠤ ᠵᠢ ᠪᠠᠶ᠋ᠢᠭᠤᠯᠬᠤ ᠪᠠ ᠤᠰᠤᠨ ᠲᠣᠣᠷ᠎ᠤᠨ ᠪᠦᠳᠦᠭᠡᠨ ᠪᠠᠶ᠋ᠢᠭᠤᠯᠤᠯᠲᠠ ᠵᠢ ᠠᠬᠢᠭᠤᠯᠬᠤ᠎ᠲᠠᠢ ᠬᠠᠷᠢᠯᠴᠠᠨ ᠳᠡᠭᠡᠳᠦ ᠬᠡᠮᠵᠢᠶ᠎ᠡ᠎ᠪᠠᠷ ᠨᠡᠶ᠋ᠢᠴᠡᠵᠦ ᠪᠠᠶ᠋ᠢᠨ᠎ᠠ᠂ ᠭᠤᠣᠯ ᠮᠥᠷᠡᠨ᠎ᠤ ᠶᠣᠰᠣ ᠰᠤᠷᠲᠠᠬᠤᠨ ᠵᠶ᠋ᠠᠷ ᠡᠨᠧᠷᠭᠢ ᠣᠯᠭᠤᠬᠤ ᠤᠰᠤᠨ ᠲᠣᠣᠷ᠎ᠤᠨ ᠪᠦᠳᠦᠭᠡᠨ ᠪᠠᠶ᠋ᠢᠭᠤᠯᠤᠯᠲᠠ᠂ ᠤᠰᠤᠨ ᠲᠣᠣᠷ᠎ᠤᠨ ᠪᠦᠳᠦᠭᠡᠨ ᠪᠠᠶ᠋ᠢᠭᠤᠯᠤᠯᠲᠠ᠎ᠪᠠᠷ ᠭᠤᠣᠯ ᠮᠥᠷᠡᠨ᠎ᠤ ᠡᠰᠢ ᠶᠤᠰᠤ ᠵᠢ ᠢᠯᠡᠷᠡᠭᠦᠯᠬᠦ ᠵᠢ ᠪᠠᠷᠢᠮᠲᠠᠯᠠᠵᠤ᠂ ᠭᠤᠣᠯ ᠮᠥᠷᠡᠨ ᠨᠠᠭᠤᠷ ᠴᠥᠭᠦᠷᠥᠮ᠎ᠤᠨ ᠠᠮᠢ ᠠᠬᠤᠢ ᠵᠢᠨ ᠣᠷᠴᠢᠨ ᠲᠣᠭᠤᠷᠢᠨ᠎ᠢ ᠬᠦᠴᠦᠯᠡᠨ ᠰᠡᠷᠭᠦᠭᠡᠵᠦ᠂ ᠭᠤᠣᠯ ᠮᠥᠷᠡᠨ ᠨᠠᠭᠤᠷ ᠴᠥᠭᠦᠷᠥᠮ᠎ᠤᠨ ᠴᠢᠳᠠᠮᠵᠢ ᠵᠢ ᠡᠭᠦᠷᠢᠳᠡ ᠦᠷᠭᠦᠯᠵᠢᠯᠡᠨ ᠠᠰᠢᠭᠯᠠᠬᠤ ᠵᠢ ᠪᠡᠶᠡᠯᠡᠭᠦᠯᠬᠦ ᠬᠡᠷᠡᠭᠲᠡᠢ᠃ ᠭᠤᠣᠯ ᠮᠥᠷᠡᠨ᠎ᠳᠤ ᠰᠠᠶ᠋ᠢᠲᠤᠷ ᠬᠠᠨᠳᠤᠵᠤ᠂ 《ᠬᠥᠮᠦᠨ ᠪᠠᠶ᠋ᠢᠭ᠋ᠠᠯᠢ ᠪᠣᠯ ᠠᠮᠢ ᠨᠠᠰᠤᠨ᠎ᠤ ᠬᠠᠮᠲᠤ ᠵᠢᠨ ᠴᠣᠭᠴᠠ ᠮᠥᠨ》 ᠭᠡᠬᠦ ᠣᠶ᠋ᠢᠯᠠᠭ᠋ᠠᠭᠳᠠᠬᠤᠨ᠎ᠢ ᠵᠢᠷᠤᠮᠯᠠᠨ᠂ ᠤᠰᠤᠨ ᠲᠣᠣᠷ᠎ᠢ ᠲᠥᠯᠥᠪᠵᠢᠭᠦᠯᠦᠨ ᠪᠠᠶ᠋ᠢᠭᠤᠯᠬᠤ ᠳᠤᠮᠳᠠ ᠬᠥᠮᠦᠨ ᠪᠣᠯᠤᠨ ᠭᠤᠣᠯ ᠮᠥᠷᠡᠨ᠎ᠤ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠦᠷᠳᠡᠭ᠎ᠤᠨ ᠦᠵᠡᠯᠲᠡ ᠵᠢ ᠰᠠᠨᠠᠭ᠋ᠠᠴᠢᠯᠠᠵᠤ᠂ ᠭᠤᠣᠯ ᠮᠥᠷᠡᠨ᠎ᠤ 《ᠣᠷᠣᠯᠠᠨ ᠥᠭᠦᠯᠡᠭᠴᠢ》 ᠵᠢᠨ ᠬᠠᠷᠢᠭᠤᠴᠠᠯᠭ᠎ᠠ ᠵᠢ ᠭᠦᠢ᠍ᠴᠡᠳᠬᠡᠵᠦ᠂ ᠭᠤᠣᠯ ᠮᠥᠷᠡᠨ᠎ᠢ ᠬᠠᠮᠠᠭ᠋ᠠᠯᠠᠨ ᠵᠠᠰᠠᠬᠤ ᠭᠤᠣᠯ ᠴᠣᠭᠴᠠ ᠵᠢᠨ ᠶᠣᠰᠣ ᠰᠤᠷᠲᠠᠬᠤᠨ ᠵᠠᠩ ᠴᠢᠨᠠᠷ᠎ᠢ ᠪᠤᠢ ᠪᠣᠯᠭ᠋ᠠᠵᠤ᠂ ᠪᠦᠬᠦ ᠣᠷᠣᠨ᠎ᠤ ᠭᠤᠣᠯ ᠮᠥᠷᠡᠨ ᠨᠠᠭᠤᠷ ᠴᠥᠭᠦᠷᠥᠮ᠎ᠤᠨ ᠳᠦᠷᠰᠦ ᠪᠠᠶ᠋ᠢᠳᠠᠯ᠎ᠢ ᠦᠨᠳᠦᠰᠦᠨ ᠴᠢᠨᠠᠷᠲᠠᠢ᠎ᠪᠠᠷ ᠰᠠᠶ᠋ᠢᠵᠢᠷᠠᠭᠤᠯᠬᠤ ᠵᠢ ᠠᠬᠢᠭᠤᠯᠬᠤ ᠬᠡᠷᠡᠭᠲᠡᠢ᠃ ᠭᠤᠣᠯ ᠮᠥᠷᠡᠨ᠎ᠢ ᠴᠢᠳᠠᠮᠠᠭ᠋ᠠᠢ ᠬᠡᠷᠡᠭᠯᠡᠵᠦ᠂ 《ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ》 ᠭᠡᠬᠦ ᠤᠢ᠍ᠢ᠍ᠯᠠᠭ᠋ᠠᠭᠳᠠᠬᠤᠨ᠎ᠢ ᠵᠢᠷᠤᠮᠯᠠᠵᠤ᠂ ᠤᠰᠤᠨ ᠲᠣᠣᠷ᠎ᠢ ᠲᠥᠯᠥᠪᠵᠢᠭᠦᠯᠦᠨ ᠪᠠᠶ᠋ᠢᠭᠤᠯᠬᠤ ᠳᠤᠮᠳᠠ ᠭᠤᠣᠯ ᠮᠥᠷᠡᠨ᠎ᠢ ᠵᠣᠬᠢᠰᠲᠠᠢ ᠨᠡᠭᠡᠭᠡᠨ ᠥᠨᠳᠥᠷ ᠪᠦᠲᠦᠮᠵᠢᠲᠡᠢ ᠠᠰᠢᠭᠯᠠᠵᠤ᠂ ᠤᠬᠠᠮᠰᠠᠷ᠎ᠠᠴᠠ᠎ᠪᠠᠨ ᠠᠵᠤ ᠠᠬᠤᠢ ᠵᠢᠨ ᠠᠵᠢᠯᠯᠠᠭ᠎ᠠ ᠪᠣᠯᠤᠨ ᠬᠥᠮᠦᠨ᠎ᠤ ᠨᠡᠶ᠋ᠢᠭᠡᠮ᠎ᠤᠨ ᠦᠢ᠍ᠯᠡᠳᠦᠯᠭᠡ ᠵᠢ ᠭᠤᠣᠯ ᠮᠥᠷᠡᠨ᠎ᠤ ᠠᠮᠢ ᠠᠬᠤᠢ ᠵᠢᠨ ᠰᠢᠰᠲ᠋ᠧᠮ᠎ᠤᠨ ᠳᠠᠭ᠋ᠠᠭ᠋ᠠᠵᠤ ᠳᠡᠶ᠋ᠢᠯᠬᠦ ᠬᠡᠪᠴᠢᠶᠡᠨ᠎ᠳᠤ ᠬᠢᠵᠠᠭ᠋ᠠᠷᠯᠠᠵᠤ᠂ ᠬᠥᠮᠦᠨ᠎ᠤ ᠭᠤᠣᠯ ᠮᠥᠷᠡᠨ᠎ᠤ ᠶᠣᠰᠣ ᠰᠤᠷᠲᠠᠬᠤᠨ᠎ᠤ ᠵᠢᠷᠤᠮᠵᠢᠯ᠎ᠢ ᠴᠢᠩᠭ᠋ᠠᠳᠬᠠᠵᠤ᠂ ᠪᠣᠬᠢᠷᠲᠤᠯ ᠦᠭᠡᠢ ᠬᠥᠭᠵᠢᠯᠲᠡ ᠵᠢᠨ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠬᠡᠷᠡᠭᠲᠡᠢ᠃ ᠭᠤᠣᠯ ᠮᠥᠷᠡᠨ᠎ᠢ ᠴᠢᠳᠠᠮᠠᠭ᠋ᠠᠢ᠎ᠪᠠᠷ ᠵᠠᠰᠠᠵᠤ᠂ 《ᠠᠭᠤᠯᠠ ᠤᠰᠤ ᠣᠢ ᠲᠠᠷᠢᠶ᠎ᠠ ᠨᠠᠭᠤᠷ ᠪᠡᠯᠴᠢᠭᠡᠷ ᠡᠯᠡᠰᠦ ᠵᠢᠨ ᠠᠮᠢ ᠨᠠᠰᠤᠨ᠎ᠤ ᠬᠠᠮᠲᠤ ᠵᠢᠨ ᠴᠣᠭᠴᠠ》 ᠵᠢᠨ ᠤᠢ᠍ᠢ᠍ᠯᠠᠭ᠋ᠠᠭᠳᠠᠬᠤᠨ᠎ᠢ ᠵᠢᠷᠤᠮᠯᠠᠵᠤ᠂ ᠤᠰᠤᠨ ᠲᠣᠣᠷ᠎ᠢ ᠲᠥᠯᠥᠪᠵᠢᠭᠦᠯᠦᠨ ᠪᠠᠶ᠋ᠢᠭᠤᠯᠬᠤ ᠳᠤᠮᠳᠠ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ᠂ ᠶᠡᠷᠦᠩᠬᠡᠶ᠋ᠢᠯᠡᠭᠰᠡᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠭᠤᠣᠯ ᠮᠥᠷᠡᠨ᠎ᠳᠠᠬᠢ ᠡᠰᠢ ᠶᠤᠰᠤᠨ᠎ᠤ ᠬᠠᠷᠢᠭᠤᠴᠠᠯᠭ᠎ᠠ ᠵᠢ ᠰᠠᠶ᠋ᠢᠲᠤᠷ ᠭᠦᠢ᠍ᠴᠡᠳᠬᠡᠵᠦ᠂ ᠭᠤᠣᠯ ᠮᠥᠷᠡᠨ᠎ᠤ ᠡᠷᠡᠭᠦᠯ ᠡᠩᠬᠡ ᠠᠮᠢ ᠨᠠᠰᠤ ᠵᠢ ᠦᠨᠡᠨ ᠬᠦ᠌ ᠬᠠᠮᠠᠭ᠋ᠠᠯᠠᠬᠤ ᠬᠡᠷᠡᠭᠲᠡᠢ᠃ ᠭᠤᠣᠯ ᠮᠥᠷᠡᠨ᠎ᠢ ᠴᠢᠳᠠᠮᠠᠭ᠋ᠠᠢ᠎ᠪᠠᠷ ᠡᠳ᠋ᠯᠡᠵᠦ᠂ 《ᠰᠠᠶ᠋ᠢᠨ ᠰᠠᠶ᠋ᠢᠬᠠᠨ ᠠᠮᠢ ᠠᠬᠤᠢ ᠵᠢᠨ ᠣᠷᠴᠢᠨ ᠲᠣᠭᠤᠷᠢᠨ ᠪᠣᠯ ᠬᠠᠮᠤᠭ᠎ᠤᠨ ᠲᠥᠪ ᠭᠤᠣᠯᠴᠢ ᠤᠯᠠᠨ ᠨᠡᠶ᠋ᠢᠲᠡ ᠵᠢᠨ ᠦᠢ᠍ᠯᠡᠳᠬᠦᠨ ᠮᠥᠨ᠂ ᠬᠠᠮᠤᠭ᠎ᠤᠨ ᠲᠦᠭᠡᠮᠡᠯ ᠠᠰᠢᠭ ᠬᠦᠷᠲᠡᠭᠡᠬᠦ ᠠᠷᠠᠳ᠎ᠤᠨ ᠠᠮᠢᠳᠤᠷᠠᠯ᠎ᠤᠨ ᠠᠵᠠ ᠵᠢᠷᠭ᠋ᠠᠯ ᠮᠥᠨ》 ᠭᠡᠬᠦ ᠣᠶ᠋ᠢᠯᠠᠭ᠋ᠠᠭᠳᠠᠬᠤᠨ᠎ᠢ ᠵᠢᠷᠤᠮᠯᠠᠨ᠂ ᠤᠰᠤᠨ ᠲᠣᠣᠷ᠎ᠢ ᠲᠥᠯᠥᠪᠵᠢᠭᠦᠯᠦᠨ ᠪᠠᠶ᠋ᠢᠭᠤᠯᠬᠤ ᠳᠤᠮᠳᠠ ᠨᠡᠶ᠋ᠢᠭᠡᠮ᠎ᠤᠨ ᠲᠥᠪ ᠭᠤᠣᠯᠴᠢ ᠰᠢᠳᠤᠷᠭᠤ ᠶᠣᠰᠣ ᠵᠢ ᠠᠬᠢᠭᠤᠯᠬᠤ᠂ ᠠᠷᠠᠳ ᠤᠯᠠᠨ᠎ᠤ ᠪᠤᠶᠠᠨ ᠵᠢᠷᠭ᠋ᠠᠯ᠎ᠢ ᠨᠡᠮᠡᠭᠳᠡᠭᠦᠯᠬᠦ᠎ᠪᠠᠷ ᠵᠣᠷᠢᠯᠲᠠ ᠪᠠ ᠲᠤᠰᠤᠯᠲᠠ ᠪᠣᠯᠭ᠋ᠠᠬᠤ ᠵᠢ ᠪᠠᠷᠢᠮᠲᠠᠯᠠᠵᠤ᠂ ᠵᠠᠰᠠᠭ᠎ᠤᠨ ᠣᠷᠳᠣᠨ ᠵᠶ᠋ᠠᠷ ᠭᠤᠣᠯᠯᠠᠭᠤᠯᠬᠤ᠂ ᠠᠵᠤ ᠠᠬᠤᠶ᠋ᠢᠯᠠᠯ ᠪᠠ ᠨᠡᠶ᠋ᠢᠭᠡᠮ ᠨᠡᠶ᠋ᠢᠲᠡ᠎ᠪᠠᠷ ᠵᠶ᠋ᠠᠨ ᠬᠠᠮᠲᠤ᠎ᠪᠠᠷ ᠣᠷᠣᠯᠴᠠᠬᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ᠂ ᠦᠷᠭᠦᠯᠵᠢᠯᠡᠭᠦᠯᠵᠦ ᠪᠣᠯᠬᠤ ᠭᠤᠣᠯ ᠮᠥᠷᠡᠨ᠎ᠤ ᠬᠠᠮᠠᠭ᠋ᠠᠯᠠᠯᠲᠠ ᠵᠠᠰᠠᠯᠲᠠ ᠵᠢ ᠪᠡᠶᠡᠯᠡᠭᠦᠯᠬᠦ ᠠᠷᠭ᠎ᠠ ᠵᠠᠮ᠎ᠢ ᠲᠦᠷᠭᠡᠨ ᠪᠠᠶ᠋ᠢᠭᠤᠯᠵᠤ᠂ ᠨᠡᠩ ᠤᠯᠠᠨ ᠠᠮᠢ ᠠᠬᠤᠢ ᠵᠢᠨ ᠪᠦᠲᠦᠭᠡᠭᠳᠡᠬᠦᠨ᠎ᠢ ᠠᠷᠠᠳ᠎ᠤᠨ ᠠᠮᠢᠳᠤᠷᠠᠯ᠎ᠳᠤ ᠨᠡᠶ᠋ᠢᠳᠡᠮ ᠠᠰᠢᠭ ᠬᠦᠷᠲᠡᠭᠡᠬᠦ ᠬᠡᠷᠡᠭᠲᠡᠢ ᠭᠡᠵᠦ ᠬᠡᠯᠡᠵᠡᠢ᠃    

  ᠱᠧᠩ ᠰᠢᠶᠣᠣ ᠶᠢᠤ᠂ ᠦᠢ᠍ᠯᠡᠳᠦᠯᠭᠡ ᠵᠢᠨ ᠠᠵᠢᠯᠯᠠᠭ᠎ᠠ ᠪᠣᠯ ᠤᠰᠤᠨ᠎ᠤ ᠰᠣᠶᠣᠯ᠎ᠤᠨ ᠬᠥᠭᠵᠢᠯᠲᠡ ᠵᠢ ᠠᠬᠢᠭᠤᠯᠬᠤ ᠬᠥᠳᠡᠯᠭᠡᠬᠦ ᠬᠦᠴᠦᠨ ᠮᠥᠨ᠂ ᠳᠤᠮᠳᠠᠳᠤ ᠵᠢᠨ ᠤᠰᠤᠨ᠎ᠤ ᠰᠣᠶᠣᠯ᠎ᠢ ᠬᠠᠮᠠᠭ᠋ᠠᠯᠠᠵᠤ ᠤᠯᠠᠮᠵᠢᠯᠠᠨ ᠪᠠᠳᠠᠷᠠᠭᠤᠯᠬᠤ᠎ᠳᠤ ᠡᠷᠬᠡᠪᠰᠢ ᠤᠰᠤᠨ᠎ᠤ ᠲᠣᠣᠷ᠎ᠢ ᠪᠠᠶ᠋ᠢᠭᠤᠯᠵᠤ ᠤᠰᠤ ᠵᠢ ᠵᠠᠰᠠᠬᠤ ᠦᠢ᠍ᠯᠡᠳᠦᠯᠭᠡ ᠳᠡᠭᠡᠷ᠎ᠡ ᠨᠠᠶ᠋ᠢᠳᠠᠪᠤᠷᠢᠵᠢᠭᠤᠯᠬᠤ ᠬᠡᠷᠡᠭᠲᠡᠢ ᠭᠡᠵᠦ ᠬᠡᠯᠡᠪᠡ᠃ ᠭᠤᠣᠯ ᠮᠥᠷᠡᠨ᠎ᠤ ᠡᠰᠢ ᠶᠤᠰᠤ ᠵᠢ ᠪᠠᠶ᠋ᠢᠭᠤᠯᠬᠤ ᠤᠨᠤᠯ᠎ᠤᠨ ᠡᠬᠢ ᠰᠤᠷᠪᠤᠯᠵᠢ᠂ ᠭᠤᠣᠯ ᠠᠭᠤᠯᠤᠭᠳᠠᠬᠤᠨ ᠪᠣᠯᠤᠨ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠦᠨᠡᠨ ᠬᠦ᠌ ᠰᠤᠷᠤᠯᠴᠠᠨ ᠣᠶ᠋ᠢᠯᠠᠭ᠋ᠠᠵᠤ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ᠂ ᠤᠰᠤ ᠠᠷᠪᠢᠯᠠᠬᠤ ᠠᠵᠢᠯᠯᠠᠭ᠎ᠠ ᠵᠢ ᠬᠡᠷᠡᠭᠵᠢᠭᠦᠯᠬᠦ ᠵᠢ ᠪᠦᠬᠦ ᠬᠦᠴᠦᠨ ᠵᠶ᠋ᠠᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠲᠣᠣᠷ᠎ᠲᠤ ᠭᠤᠣᠯ ᠮᠥᠷᠡᠨ᠎ᠤ ᠶᠣᠰᠣ ᠰᠤᠷᠲᠠᠬᠤᠨ᠎ᠢ ᠪᠠᠶ᠋ᠢᠭᠤᠯᠬᠤ ᠵᠢ ᠲᠦᠷᠭᠡᠳᠬᠡᠵᠦ᠂ ᠤᠰᠤ᠎ᠪᠠᠷ ᠡᠬᠢ ᠡᠭᠦᠰᠪᠦᠷᠢ᠂ ᠭᠤᠣᠯ ᠮᠥᠷᠡᠨ᠎ᠤ ᠠᠮᠢ ᠨᠠᠰᠤᠨ᠎ᠤ ᠰᠣᠶᠣᠯ᠎ᠤᠨ ᠭᠧᠨ᠎ᠢ ᠡᠵᠡᠮᠳᠡᠵᠦ᠂ ᠤᠰᠤ᠎ᠪᠠᠷ ᠭᠤᠣᠯ ᠮᠥᠷᠡᠨ᠎ᠢ ᠲᠠᠶ᠋ᠢᠯᠵᠤ᠂ ᠬᠥᠮᠦᠨ᠎ᠤ ᠤᠰᠤ ᠵᠢ ᠬᠠᠮᠲᠤ᠎ᠪᠠᠷ ᠡᠳ᠋ᠯᠡᠬᠦ ᠰᠣᠶᠣᠯ᠎ᠤᠨ ᠬᠠᠭᠤᠳᠠᠰᠤ ᠵᠢ ᠵᠢᠷᠤᠭᠯᠠᠵᠤ᠂ ᠤᠰᠤ᠎ᠪᠠᠷ ᠵᠠᠭᠤᠴᠢ ᠪᠣᠯᠭ᠋ᠠᠵᠤ᠂ ᠴᠠᠭ ᠦᠶ᠎ᠡ᠎ᠳᠤ ᠰᠣᠶᠣᠯ᠎ᠤᠨ ᠤᠯᠠᠮᠵᠢᠯᠠᠯ᠎ᠲᠠᠢ ᠪᠠᠶ᠋ᠢᠬᠤ ᠵᠢ ᠴᠤᠤᠷᠢᠶᠠᠲᠤᠭᠤᠯᠵᠤ᠂ ᠤᠰᠤᠨ᠎ᠤ ᠰᠣᠶᠣᠯ᠎ᠤᠨ ᠪᠠᠶ᠋ᠢᠭᠤᠯᠤᠯᠲᠠ ᠵᠢ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ᠎ᠲᠠᠢ ᠬᠠᠷᠢᠯᠴᠠᠨ ᠠᠰᠢᠭᠲᠠᠢ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠬᠦᠳᠦᠯᠦᠨ ᠵᠢᠯᠣᠭᠤᠳᠴᠤ ᠪᠠᠶ᠋ᠢᠭ᠋ᠠᠳ 《ᠭᠤᠣᠯ᠎ᠨᠢ ᠠᠮᠤᠭᠤᠯᠠᠩ ᠨᠠᠭᠤᠷ ᠠᠮᠤᠷ᠂ ᠤᠰᠤ᠎ᠨᠢ ᠲᠤᠩᠭ᠋ᠠᠯᠠᠭ ᠵᠢᠭ᠋ᠠᠰᠤ ᠦᠰᠦᠷᠬᠢᠯᠡᠭᠰᠡᠨ᠂ ᠡᠷᠭᠢ᠎ᠨᠢ ᠨᠣᠭᠤᠭ᠋ᠠᠨ ᠦᠵᠡᠮᠵᠢ ᠰᠠᠶ᠋ᠢᠬᠠᠨ᠂ ᠣᠷᠣᠰᠢᠨ ᠰᠠᠭᠤᠬᠤ᠎ᠳᠤ ᠲᠣᠬᠢᠷᠠᠮᠵᠢᠲᠠᠢ᠂ ᠬᠥᠮᠦᠨ ᠤᠰᠤ ᠡᠶ᠎ᠡ ᠵᠣᠬᠢᠴᠠᠩᠭᠤᠢ》 ᠭᠡᠬᠦ ᠵᠣᠯ ᠵᠢᠷᠭ᠋ᠠᠯᠲᠤ ᠭᠤᠣᠯ ᠮᠥᠷᠡᠨ ᠨᠠᠭᠤᠷ ᠴᠥᠭᠦᠷᠥᠮ᠎ᠢ ᠭᠠᠷ ᠬᠤᠯᠪᠣᠨ ᠬᠠᠮᠲᠤ᠎ᠪᠠᠷ ᠪᠠᠶ᠋ᠢᠭᠤᠯᠵᠤ᠂ ᠤᠰᠤ ᠵᠢ ᠵᠠᠰᠠᠵᠤ ᠲᠥᠷᠥ ᠵᠢ ᠠᠮᠤᠷᠵᠢᠭᠤᠯᠬᠤ᠂ ᠤᠰᠤ ᠵᠢ ᠬᠥᠭᠵᠢᠭᠦᠯᠵᠦ ᠠᠷᠠᠳ᠎ᠲᠤ ᠠᠰᠢᠭ ᠬᠦᠷᠲᠡᠭᠡᠬᠦ ᠰᠢᠨ᠎ᠡ ᠬᠠᠭᠤᠳᠠᠰᠤ ᠵᠢ ᠲᠠᠰᠤᠷᠠᠯᠲᠠ ᠦᠭᠡᠢ ᠪᠢᠴᠢᠭᠯᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠬᠥᠬᠡᠮᠦᠢ᠍ᠷᠡᠨ᠎ᠤ ᠳᠤᠮᠳᠠ ᠳᠤᠤᠷᠠᠳᠦ ᠤᠷᠤᠰᠬᠠᠯ᠎ᠤᠨ ᠭᠣᠣᠯ ᠤᠷᠤᠰᠬᠠᠯ ᠪᠣᠯᠬᠤ ᠳ᠋ᠦᠩ ᠲᠢᠩ ᠬᠤ᠌ ᠨᠠᠭᠤᠷ᠎ᠤᠨ ᠭᠣᠣᠯ ᠎ᠳᠤ ᠴᠢᠳᠬᠤᠬᠤ ᠠᠮᠠᠰᠠᠷ᠎ᠠᠴᠠ ᠳᠣᠷᠣᠭᠰᠢ ᠪᠦᠬᠦ ᠱᠤᠭᠤᠮ ᠵᠶ᠋ᠠᠷ ᠵᠶ᠋ᠠᠨ ᠰᠡᠷᠡᠮᠵᠢ ᠵᠢᠨ ᠱᠤᠭᠤᠮ᠎ᠠᠴᠠ ᠳᠠᠪᠠᠵᠠᠶ! ᠤᠰᠤᠨ ᠠᠰᠢᠭᠯᠠᠯᠲᠠ ᠵᠢᠨ ᠰᠠᠯᠠᠭ᠎ᠠ ᠮᠦᠴᠢᠷ ᠪᠦᠬᠦ ᠬᠦᠴᠦᠨ ᠵᠶ᠋ᠠᠷ ᠵᠶ᠋ᠠᠨ ᠦᠶᠡᠷ᠎ᠢ ᠰᠡᠷᠭᠡᠶ᠋ᠢᠯᠡᠬᠦ ᠠᠵᠢᠯ᠎ᠢ ᠰᠠᠶ᠋ᠢᠲᠤᠷ ᠬᠢᠨ᠎ᠡ
ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ ᠬᠠᠮᠲᠤᠷᠠᠨ ᠬᠥᠬᠡᠮᠦᠢ᠍ᠷᠡᠨ᠎ᠤ ᠳᠡᠭᠡᠳᠦ ᠳᠤᠮᠳᠠ ᠤᠷᠤᠰᠬᠠᠯ᠎ᠤᠨ ᠤᠰᠤᠨ ᠴᠥᠬᠥᠷᠡᠮ᠎ᠤᠨ ᠪᠦᠯᠦᠭᠵᠢᠯ᠎ᠢ ᠲᠣᠬᠢᠷᠠᠭᠤᠯᠵᠤ 91 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠦᠶᠡᠷ᠎ᠢ ᠬᠠᠰᠢᠵᠤ ᠬᠥᠬᠡᠮᠦᠢ᠍ᠷᠡᠨ᠎ᠤ 2024 ᠣᠨ᠎ᠤ 1 ᠳ᠋ᠦ᠍ᠭᠡᠷ ᠲᠣᠭ᠋ᠠᠲᠤ ᠦᠶᠡᠷ᠎ᠤᠨ ᠤᠰᠤ ᠵᠢ ᠪᠦᠬᠦ ᠬᠦᠴᠦᠨ ᠵᠶ᠋ᠡᠷ ᠵᠶ᠋ᠡᠨ ᠠᠷᠭ᠋ᠠᠴᠠᠪᠠ
2024 ᠣᠨ᠎ᠳᠤ ᠳ᠋ᠠᠨ ᠵᠢᠶᠠᠩ ᠺᠸᠤ ᠴᠥᠭᠦᠷᠥᠮ᠎ᠤᠨ ᠣᠷᠣᠨ ᠵᠢᠴᠢ ᠲᠡᠭᠦᠨ᠎ᠤ ᠳᠡᠭᠡᠳᠦ ᠤᠷᠤᠰᠬᠠᠯ᠎ᠤᠨ ᠰᠠᠪᠠ ᠭᠠᠵᠠᠷ᠎ᠤᠨ ᠤᠰᠤᠨ᠎ᠤ ᠴᠢᠨᠠᠷ᠎ᠤᠨ ᠠᠮᠤᠷ ᠲᠦᠪᠰᠢᠨ᠎ᠢ ᠪᠠᠲᠤᠯᠠᠬᠤ ᠤᠰᠤᠨ ᠠᠰᠢᠭᠯᠠᠯᠲᠠ ᠵᠢᠨ ᠠᠵᠢᠯ᠎ᠤᠨ ᠬᠤᠷᠠᠯ᠎ᠤᠨ ᠠᠩᠬᠠᠳᠤᠭ᠋ᠠᠷ ᠤᠳᠠᠭ᠋ᠠᠨ᠎ᠤ ᠬᠤᠷᠠᠯ ᠪᠡᠭᠡᠵᠢᠩ᠎ᠳᠤ ᠬᠤᠷᠠᠯᠳᠤᠪᠠ
ᠥᠨᠳᠥᠷ ᠳᠤᠯᠠᠭ᠋ᠠᠨ ᠳᠣᠤᠷᠠᠬᠢ ᠬᠥᠳᠡᠯᠮᠦᠷᠢᠴᠢᠳ᠎ᠤᠨ ᠠᠮᠤᠷ ᠲᠦᠪᠰᠢᠨ ᠡᠷᠡᠭᠦᠯ ᠮᠡᠨᠳᠦ ᠵᠢ ᠪᠠᠲᠤᠯᠠᠵᠤ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠶ ᠡᠪᠯᠡᠯ ᠬᠥᠳᠡᠯᠮᠦᠷᠢ ᠵᠢᠨ ᠬᠠᠤᠯᠢ ᠴᠠᠭ᠋ᠠᠵᠠ ᠵᠢᠨ ᠬᠢᠨᠠᠯᠲᠠ ᠲᠠᠯᠪᠢᠬᠤ ᠰᠠᠨᠠᠭᠤᠯᠤᠮᠵᠢ ᠵᠢᠨ ᠵᠠᠬᠢᠳᠠᠯ ᠶᠠᠪᠤᠭᠤᠯᠪᠠ
ᠰᠢᠵᠢᠶᠠᠩ᠎ᠳᠤ 2024 ᠣᠨ᠎ᠤ 4 ᠳ᠋ᠦ᠍ᠭᠡᠷ ᠲᠤᠭ᠋ᠠᠲᠦ ᠦᠶᠡᠷ᠎ᠤᠨ ᠭᠠᠮᠰᠢᠭ ᠡᠭᠦᠰᠪᠡ ᠤᠰᠤᠨ ᠠᠰᠢᠭᠯᠠᠯᠲᠠ ᠵᠢᠨ ᠶᠠᠮᠤᠨ ᠦᠶᠡᠷ᠎ᠢ ᠰᠡᠷᠭᠡᠶ᠋ᠢᠯᠡᠬᠦ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠪᠡ
 
            