ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠢᠯᠠᠩ (ᠥᠷᠭᠡᠳᠭᠡᠭ᠌ᠰᠡᠨ)᠎ᠤᠨ ᠠᠷᠪᠠᠳᠤᠭᠠᠷ ᠤᠳᠠᠭᠠᠨ᠎ᠤ ᠬᠠᠮᠲᠤ᠎ᠶ᠋ᠢᠨ ᠰᠤᠷᠤᠯᠴᠠᠯᠭ᠎ᠠ ᠵᠢᠴᠢ ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠵᠥᠷᠢᠴᠡᠭ᠌ᠰᠡᠨ ᠡᠰᠡᠷᠭᠦ᠌ ᠲᠠᠯ᠎ᠠ᠎ᠶ᠋ᠢᠨ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠵᠠᠳᠠᠯᠤᠨ ᠰᠤᠳᠤᠯᠬᠤ ᠲᠤᠰᠭᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-07-26

  7 ᠳ᠋ᠤᠭᠠᠷ ᠰᠠᠷ᠎ᠠ᠎ᠶ᠋ᠢᠨ 25 ᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠢᠯᠠᠩ (ᠥᠷᠭᠡᠳᠭᠡᠭ᠌ᠰᠡᠨ)᠎ᠤᠨ ᠠᠷᠪᠠᠳᠤᠭᠠᠷ ᠤᠳᠠᠭᠠᠨ᠎ᠤ ᠬᠠᠮᠲᠤ᠎ᠶ᠋ᠢᠨ ᠰᠤᠷᠤᠯᠴᠠᠯᠭ᠎ᠠ ᠵᠢᠴᠢ ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠵᠥᠷᠢᠴᠡᠭ᠌ᠰᠡᠨ ᠡᠰᠡᠷᠭᠦ᠌ ᠲᠠᠯ᠎ᠠ᠎ᠶ᠋ᠢᠨ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠵᠠᠳᠠᠯᠤᠨ ᠰᠤᠳᠤᠯᠬᠤ ᠲᠤᠰᠭᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠱᠧᠩ ᠱᠢᠶᠣᠣ ᠶᠢᠥ ᠬᠤᠷᠠᠯ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠪᠠ᠃

 

 

  ᠬᠤᠷᠠᠯ ᠳᠡᠭᠡᠷ᠎ᠡ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠨᠠᠮ᠎ᠤᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠶ ᠴᠢᠬᠤᠯᠠ ᠥᠭᠦᠯᠡᠯᠲᠡ ᠢᠯᠠᠩᠭᠤᠶ᠎ᠠ ᠥᠪᠥᠷ ᠮᠣᠩᠭᠤᠯ᠎ᠤᠨ ᠲᠤᠬᠠᠶ ᠴᠢᠬᠤᠯᠠ ᠶᠠᠷᠢᠶᠠᠨ᠎ᠤ ᠬᠤᠯᠪᠣᠭ᠍ᠳᠠᠯ ᠪᠦᠬᠦᠢ ᠴᠢᠬᠤᠯᠠ ᠥᠭᠦᠯᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠶ ᠰᠤᠷᠤᠯᠴᠠᠵᠤ᠂ ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠵᠥᠷᠢᠴᠡᠭ᠌ᠰᠡᠨ ᠡᠰᠡᠷᠭᠦ᠌ ᠲᠠᠯ᠎ᠠ᠎ᠶ᠋ᠢᠨ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠵᠠᠷᠯᠠᠨ ᠮᠡᠳᠡᠭ᠌ᠳᠡᠵᠦ᠍᠂ ᠰᠡᠷᠡᠮᠵᠢᠯᠡᠭᠦᠯᠬᠦ᠌ ᠬᠥᠮᠦᠵᠢᠯ᠎ᠢ ᠥᠷᠨᠢᠭᠦᠯᠵᠦ᠍᠂ 《ᠡᠰᠡᠷᠭᠦ᠌ ᠲᠠᠯ᠎ᠠ᠎ᠶ᠋ᠢᠨ ᠨᠡᠢᠲᠡᠯᠢᠭ ᠬᠡᠷᠡᠭ᠎ᠤᠨ ᠵᠢᠱ᠌ᠢᠶ᠎ᠡ᠎ᠪᠠᠷ ᠲᠣᠯᠢ ᠪᠣᠯᠭᠠᠵᠤ᠂ ᠡᠴᠦᠰ᠎ᠲᠤ ᠨᠢ ᠲᠤᠯᠲᠠᠯ᠎ᠠ ᠠᠵᠢᠯ᠎ᠤᠨ ᠰᠤᠷᠲᠠᠯ᠎ᠢᠶᠠᠨ ᠰᠠᠢᠵᠢᠷᠠᠭᠤᠯᠬᠤ》 ᠭᠤᠤᠯ ᠰᠡᠳᠦᠪ᠎ᠤᠨ ᠲᠣᠭᠤᠷᠢᠨ᠎ᠳᠤ ᠲᠤᠰᠭᠠᠶ ᠰᠡᠳᠦᠪᠲᠦ ᠰᠤᠳᠤᠯᠤᠨ ᠶᠠᠷᠢᠯᠴᠠᠵᠤ ᠰᠠᠨᠠᠯ᠎ᠢᠶᠠᠨ ᠰᠣᠯᠢᠯᠴᠠᠪᠠ᠃ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠱᠢᠭᠦᠨ ᠪᠠ ᠲᠢᠩᠬᠢᠮ᠎ᠤᠨ ᠬᠠᠷᠢᠶ᠎ᠠ ᠬᠡᠰᠡᠭ ᠨᠢᠭᠡᠴᠢ᠎ᠶ᠋ᠢᠨ ᠬᠠᠷᠢᠭᠤᠴᠠᠯᠭᠠᠲᠠᠨ ᠨᠥᠬᠦᠳ ᠪᠤᠷᠤᠭᠤ ᠲᠠᠯ᠎ᠠ᠎ᠶ᠋ᠢᠨ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠵᠠᠳᠠᠯᠤᠨ ᠰᠣᠯᠢᠯᠴᠠᠬᠤ ᠶᠠᠷᠢᠶ᠎ᠠ ᠲᠠᠯᠪᠢᠵᠤ᠂ ᠪᠤᠰᠤᠳ ᠣᠨᠣᠯ᠎ᠤᠨ ᠰᠤᠷᠤᠯᠴᠠᠯᠭ᠎ᠠ᠎ᠶ᠋ᠢᠨ ᠭᠤᠤᠯ ᠳᠤᠭᠤᠢᠯᠠᠩ᠎ᠤᠨ ᠭᠡᠱᠢᠭᠦᠨ ᠨᠡᠷ ᠪᠢᠴᠢᠭ᠎ᠢᠶᠠᠷ ᠰᠠᠨᠠᠯ᠎ᠢᠶᠠᠨ ᠰᠣᠯᠢᠯᠴᠠᠪᠠ᠃

  ᠬᠤᠷᠠᠯ᠎ᠠᠴᠠ᠂ ᠤᠰᠤᠨ ᠠᠱᠢᠭ᠍ᠯᠠᠯᠲᠠ᠎ᠶ᠋ᠢᠨ ᠱᠢᠰᠲ᠋ᠧᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠲᠥᠪ᠎ᠤᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ᠎ᠤᠨ 14 ᠳ᠋ᠦ᠍ᠭᠡᠷ ᠤᠳᠠᠭ᠎ᠠ᠎ᠶ᠋ᠢᠨ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《ᠨᠠᠢ᠍ᠮᠠ᠎ᠶ᠋ᠢ ᠭᠦᠨᠵᠡᠭᠡᠢ ᠰᠤᠷᠤᠯᠴᠠᠨ ᠣᠢᠯᠠᠭᠠᠬᠤ》 ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠴᠠᠭ ᠲᠤᠬᠠᠢ᠎ᠳᠦ ᠨᠢ ᠮᠥᠷᠳᠡᠨ ᠰᠤᠷᠤᠯᠴᠠᠵᠤ᠂ ᠰᠤᠷᠲᠠᠯ᠎ᠤᠨ ᠪᠠᠢᠭᠤᠯᠤᠯᠲᠠ᠎ᠶ᠋ᠢᠨ ᠴᠢᠬᠤᠯᠠ ᠴᠢᠨᠠᠷ᠎ᠤᠨ ᠲᠤᠬᠠᠢ ᠣᠢᠯᠠᠭᠠᠯᠲᠠ ᠲᠠᠨᠢᠯᠲᠠ ᠪᠣᠯᠤᠨ ᠡᠵᠡᠮᠱᠢᠨ ᠬᠡᠷᠡᠭ᠌ᠯᠡᠬᠦ᠌᠎ᠪᠠᠨ ᠲᠠᠰᠤᠷᠠᠯᠲᠠ ᠦᠭᠡᠢ ᠴᠢᠩᠭᠠᠳᠭᠠᠵᠤ᠂ ᠰᠤᠷᠤᠯᠴᠠᠯᠭ᠎ᠠ᠎ᠶ᠋ᠢᠨ ᠦᠷ᠎ᠡ ᠪᠦᠲᠦᠮᠵᠢ᠎ᠪᠠᠨ ᠦᠨᠡᠨ ᠬᠦ᠌ ᠨᠠᠮᠴᠢ ᠴᠢᠨᠠᠷ᠎ᠪᠣᠯᠭᠠᠨ ᠳᠠᠪᠲᠠᠨ ᠪᠣᠯᠪᠠᠰᠤᠷᠠᠭᠤᠯᠬᠤ᠂ ᠰᠤᠷᠲᠠᠯ᠎ᠢᠶᠠᠨ ᠰᠠᠢᠵᠢᠷᠠᠭᠤᠯᠬᠤ ᠳᠡᠭᠡᠳᠦ ᠬᠡᠮᠵᠢᠶᠡᠨ᠎ᠤ ᠤᠬᠠᠮᠰᠠᠷ ᠪᠣᠯᠭᠠᠨ ᠬᠤᠪᠢᠷᠠᠭᠤᠯᠬᠤ ᠬᠡᠷᠡᠭ᠌ᠲᠡᠢ᠃ ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠠᠴᠠ ᠵᠥᠷᠢᠴᠡᠭ᠌ᠰᠡᠨ ᠨᠠᠮ᠎ᠤᠨ ᠰᠤᠷᠲᠠᠯ᠎ᠤᠨ ᠪᠠᠢᠭᠤᠯᠤᠯᠲᠠ᠎ᠳᠠᠬᠢ ᠬᠦᠨᠳᠦ ᠨᠣᠴᠢᠲᠠᠢ ᠬᠤᠣᠷ ᠬᠥᠨᠥᠭᠡᠯ᠎ᠢ ᠰᠡᠷᠭᠡᠭ᠎ᠢᠶᠠᠷ ᠲᠠᠨᠢᠵᠤ᠂ ᠥᠪᠡᠷ᠎ᠢ᠎ᠪᠠᠨ ᠪᠠᠢᠴᠠᠭᠠᠵᠤ ᠥᠪᠡᠷ᠎ᠢ᠎ᠪᠠᠨ ᠵᠠᠯᠠᠷᠠᠭᠤᠯᠬᠤ᠎ᠶ᠋ᠢ ᠭᠦᠨᠵᠡᠭᠡᠢ ᠥᠷᠨᠢᠭᠦᠯᠵᠦ᠍᠂ ᠨᠢᠭᠡᠨᠲᠡ ᠲᠣᠳᠣᠷᠬᠠᠢᠯᠠᠭ᠍ᠰᠠᠨ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠪᠠ ᠴᠡᠭ᠌ᠴᠡᠯᠡᠨ ᠰᠠᠢᠵᠢᠷᠠᠭᠤᠯᠬᠤ ᠴᠠᠭ᠎ᠤᠨ ᠬᠢᠵᠠᠭᠠᠷ ᠶᠣᠰᠣᠭᠠᠷ᠂ ᠡᠯ᠎ᠡ ᠲᠦᠷᠦᠯ᠎ᠤᠨ ᠠᠰᠠᠭᠤᠳᠠᠯ᠎ᠢ ᠪᠣᠳᠠᠲᠠᠢ ᠴᠡᠭ᠌ᠴᠡᠯᠡᠨ ᠰᠠᠢᠵᠢᠷᠠᠭᠤᠯᠵᠤ᠂ ᠲᠦᠢᠯᠪᠤᠷᠢᠲᠠᠢ ᠴᠡᠭ᠌ᠴᠡᠯᠡᠨ ᠰᠠᠢᠵᠢᠷᠠᠭᠤᠯᠬᠤ᠎ᠶ᠋ᠢ ᠪᠠᠲᠤᠯᠠᠵᠤ᠂ 《ᠣᠳᠣᠬᠠᠨ᠎ᠳᠤ ᠥᠭᠡᠷᠡᠴᠢᠯᠡᠬᠦ᠌》 ᠪᠠ 《ᠤᠷᠳᠤ ᠬᠤᠭᠤᠴᠠᠭ᠎ᠠ᠎ᠪᠠᠷ ᠪᠠᠢᠭᠤᠯᠬᠤ》 ᠶ᠋ᠢ ᠤᠶᠠᠯᠳᠤᠭᠤᠯᠬᠤ᠎ᠶ᠋ᠢ ᠪᠠᠷᠢᠮᠲᠠᠯᠠᠬᠤ ᠬᠡᠷᠡᠭ᠌ᠲᠡᠢ᠃ ᠲᠢᠩᠬᠢᠮ᠎ᠤᠨ ᠠᠵᠢᠯ᠎ᠤᠨ ᠲᠤᠰᠭᠠᠶ ᠠᠩᠭᠢ᠎ᠨᠢ ᠰᠤᠷᠤᠯᠴᠠᠯᠭ᠎ᠠ ᠬᠥᠮᠦᠵᠢᠯ᠎ᠢ ᠨᠠᠷᠢᠨ ᠨᠢᠮᠪᠠᠶ ᠵᠣᠬᠢᠶᠠᠨ ᠪᠠᠢᠭᠤᠯᠤᠨ ᠡᠷᠭᠢᠵᠦ᠍ ᠬᠠᠷᠠᠵᠤ᠂ ᠬᠢᠨᠠᠨ ᠵᠢᠯᠣᠭᠤᠳᠴᠤ᠌ ᠵᠢᠯᠣᠭᠤᠳᠭᠤ ᠠᠵᠢᠯ᠎ᠢ ᠰᠠᠢᠲᠤᠷ ᠬᠢᠵᠦ᠍᠂ ᠰᠤᠷᠤᠯᠴᠠᠯᠭ᠎ᠠ ᠬᠥᠮᠦᠵᠢᠯ᠎ᠤᠨ ᠪᠣᠳᠠᠲᠤ ᠦᠷ᠎ᠡ ᠪᠦᠲᠦᠮᠵᠢ ᠤᠯᠬᠤ᠎ᠶ᠋ᠢ ᠠᠬᠢᠭᠤᠯᠬᠤ ᠬᠡᠷᠡᠭ᠌ᠲᠡᠶ᠃ ᠲᠢᠩᠬᠢᠮ᠎ᠤᠨ ᠪᠠᠢᠭᠤᠯᠭ᠎ᠠ᠎ᠶ᠋ᠢᠨ ᠡᠯ᠎ᠡ ᠭᠠᠵᠠᠷ ᠠᠯᠪᠠᠨ ᠲᠠᠰᠤᠭ ᠪᠠ ᠲᠢᠩᠬᠢᠮ᠎ᠤᠨ ᠬᠠᠷᠢᠶ᠎ᠠ ᠡᠯ᠎ᠡ ᠨᠢᠭᠡᠴᠢ᠎ᠶ᠋ᠢᠨ᠎ᠬᠢᠨ ᠰᠤᠷᠤᠯᠴᠠᠯᠭ᠎ᠠ ᠬᠥᠮᠦᠵᠢᠯ᠎ᠤᠨ ᠡᠭᠦᠷᠭᠡ᠎ᠪᠠᠷ ᠬᠥᠲᠥᠯᠦᠮᠵᠢ ᠪᠣᠯᠭᠠᠵᠤ᠂ ᠴᠠᠭ᠎ᠤᠨ ᠵᠠᠩᠭᠢᠶᠠᠰᠤ ᠶᠣᠰᠣᠭᠠᠷ᠂ ᠳᠡᠭᠡᠷ᠎ᠡ ᠬᠠᠭᠠᠰ ᠵᠢᠯ᠎ᠤᠨ ᠠᠵᠢᠯ᠎ᠤᠨ ᠡᠭᠦᠷᠭᠡ᠎ᠶ᠋ᠢ ᠪᠥᠬᠦ᠌ ᠬᠦᠴᠦᠨ᠎ᠢᠶᠠᠷ᠎ᠢᠶᠠᠨ ᠪᠡᠶᠡᠯᠡᠭᠦᠯᠦᠭ᠌ᠰᠡᠨ ᠰᠠᠭᠤᠷᠢᠨ ᠳᠡᠭᠡᠷ᠎ᠡ ᠳᠣᠤᠷ᠎ᠠ ᠬᠠᠭᠠᠰ ᠵᠢᠯ᠎ᠤᠨ ᠠᠵᠢᠯ᠎ᠤᠨ ᠡᠭᠦᠷᠭᠡ ᠬᠠᠷᠠᠯᠲᠠ᠎ᠶ᠋ᠢ ᠴᠢᠩᠭ᠎ᠠ ᠠᠩᠬᠠᠷᠴᠤ᠌᠂ ᠪᠥᠬᠦ᠌ ᠵᠢᠯ᠎ᠤᠨ ᠠᠵᠢᠯ᠎ᠤᠨ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠬᠦ᠌᠎ᠶ᠋ᠢ ᠱᠠᠯᠠᠪᠳᠠᠨ ᠠᠬᠢᠭᠤᠯᠬᠤ ᠬᠡᠷᠡᠭ᠌ᠲᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠪᠣᠯᠤᠨ ᠵᠠᠰᠠᠭ᠎ᠤᠨ ᠣᠷᠳᠣᠨ᠎ᠤ ᠪᠠᠢᠷᠢᠯᠠᠭᠤᠯᠤᠭ᠍ᠰᠠᠨ ᠭᠤᠤᠯᠳᠠᠯᠭ᠎ᠠ᠎ᠲᠠᠢ ᠡᠭᠦᠷᠭᠡ᠎ᠶ᠋ᠢ ᠨᠠᠷᠢᠨ ᠬᠢᠨᠠᠮᠠᠭᠠᠶ ᠡᠮᠬᠢᠯᠡᠵᠦ᠍᠂ ᠵᠦᠢᠯ ᠳᠠᠷᠠᠭᠠᠯᠠᠨ ᠪᠡᠶᠡᠯᠡᠭᠦᠯᠬᠦ᠌ ᠬᠡᠷᠡᠭ᠌ᠲᠡᠶ᠃ ᠠᠵᠢᠯ᠎ᠤᠨ ᠳᠤᠮᠳᠠᠬᠢ ᠲᠤᠪᠤᠢᠮ᠎ᠠ ᠠᠰᠠᠭᠤᠳᠠᠯ᠎ᠢ ᠠᠩᠬᠠᠷᠴᠤ᠌᠂ ᠭᠤᠣᠯᠳᠠᠯᠭ᠎ᠠ᠎ᠲᠠᠢ ᠬᠦᠷᠢᠶᠡᠨ᠎ᠳᠠᠬᠢ ᠠᠶᠤᠯ ᠲᠦᠭ᠌ᠰᠢᠭᠦᠷᠢ ᠳᠠᠯᠳᠠ ᠭᠡᠮ᠎ᠢ ᠵᠠᠰᠠᠬᠤ ᠠᠵᠢᠯ᠎ᠢ ᠰᠠᠢᠲᠤᠷ ᠠᠳᠭᠤᠵᠤ᠂ ᠤᠰᠤᠨ ᠠᠱᠢᠭ᠍ᠯᠠᠯᠲᠠ᠎ᠶ᠋ᠢᠨ ᠥᠭᠡᠷᠡᠴᠢᠯᠡᠯᠲᠡ᠎ᠶ᠋ᠢᠨ ᠡᠯ᠎ᠡ ᠵᠦᠢᠯ᠎ᠤᠨ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠵᠤ᠂ ᠤᠰᠤᠨ ᠠᠱᠢᠭ᠍ᠯᠠᠯᠲᠠ᠎ᠶ᠋ᠢᠨ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃

  ᠬᠤᠷᠠᠯ᠎ᠠᠴᠠ᠂ ᠤᠰᠤᠨ ᠠᠱᠢᠭ᠍ᠯᠠᠯᠲᠠ᠎ᠶ᠋ᠢᠨ ᠲᠢᠩᠬᠢᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ ᠤᠳᠤᠷᠢᠳᠭᠤ ᠺᠠᠳ᠋ᠷᠴᠤᠳ ᠡᠰᠡᠷᠭᠦ᠌ ᠲᠠᠯ᠎ᠠ᠎ᠶ᠋ᠢᠨ ᠨᠡᠢᠲᠡᠯᠢᠭ ᠬᠡᠷᠡᠭ᠎ᠤᠨ ᠵᠢᠱ᠌ᠢᠶ᠎ᠡ᠎ᠪᠠᠷ ᠲᠣᠯᠢ ᠪᠣᠯᠭᠠᠨ ᠭᠦᠨᠵᠡᠭᠡᠶ ᠪᠠᠢᠴᠠᠭᠠᠨ ᠦᠵᠡᠵᠦ᠍᠂ ᠡᠰᠡᠷᠭᠦ᠌ ᠲᠠᠯ᠎ᠠ᠎ᠶ᠋ᠢᠨ ᠨᠡᠢᠲᠡᠯᠢᠭ ᠬᠡᠷᠡᠭ᠎ᠤᠨ ᠬᠦᠨᠳᠦ ᠰᠤᠷᠭᠠᠮᠵᠢ᠎ᠶ᠋ᠢ ᠱᠢᠩᠭᠡᠭᠡᠨ ᠠᠪᠴᠤ᠌᠂ ᠬᠤᠪᠢ ᠬᠥᠮᠦᠨ᠎ᠤ ᠦᠵᠡᠯ ᠰᠠᠨᠠᠭ᠎ᠠ᠂ ᠰᠤᠷᠤᠯᠴᠠᠯᠭ᠎ᠠ ᠪᠠ ᠠᠵᠢᠯ᠎ᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ᠂ 《ᠲᠠᠪᠤ᠎ᠶ᠋ᠢ ᠤᠯᠠᠮ ᠨᠢᠭᠡ ᠠᠯᠬᠤᠮ ᠪᠣᠳᠠᠲᠠᠢᠵᠢᠭᠤᠯᠬᠤ》 ᠱᠠᠭᠠᠷᠳᠠᠯᠭ᠎ᠠ᠎ᠶ᠋ᠢ ᠪᠥᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠪᠡᠶᠡᠴᠢ ᠲᠠᠯ᠎ᠠ᠎ᠠᠴᠠ᠂ ᠦᠵᠡᠯ ᠰᠠᠨᠠᠭᠠᠨ᠎ᠤ ᠲᠠᠯ᠎ᠠ᠎ᠪᠠᠷ ᠥᠪᠡᠷ᠎ᠤᠨ ᠪᠡᠶ᠎ᠡ᠎ᠳᠡᠭᠡᠨ ᠣᠷᠣᠱᠢᠵᠤ ᠪᠠᠢᠭ᠎ᠠ ᠵᠥᠷᠢᠶ᠎ᠡ ᠪᠠ ᠬᠦᠷᠦᠯᠴᠡᠬᠦ᠌ ᠥᠬᠡᠶ ᠲᠠᠯ᠎ᠠ᠎ᠪᠠᠨ ᠬᠠᠷᠢᠴᠠᠭᠤᠯᠤᠨ ᠪᠠᠢᠴᠠᠭᠠᠨ ᠳᠡᠯᠭᠡᠬᠦ᠌᠎ᠶ᠋ᠢ ᠴᠢᠬᠤᠯᠠᠴᠢᠯᠠᠬᠤ ᠬᠡᠷᠡᠭ᠌ᠲᠡᠶ᠃ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠦᠨᠡᠨ ᠬᠦ᠌ ᠡᠭᠦᠷᠭᠡᠯᠡᠵᠦ᠍᠂ ᠨᠢᠭᠡᠳᠦᠭᠡᠷ ᠬᠠᠷᠢᠭᠤᠴᠠᠯᠭᠠᠲᠠᠨ᠎ᠤ ᠬᠠᠷᠢᠭᠤᠴᠠᠯᠭ᠎ᠠ᠂ ᠤᠳᠤᠷᠢᠳᠭᠤ ᠺᠠᠳ᠋ᠷ᠎ᠤᠨ 《ᠨᠢᠭᠡ ᠠᠵᠢᠯ᠎ᠤᠨ ᠪᠠᠢᠷᠢ᠎ᠳᠤ ᠬᠣᠣᠰ ᠬᠠᠷᠢᠭᠤᠴᠠᠯᠭ᠎ᠠ ᠡᠭᠦᠷᠭᠡᠯᠡᠬᠦ᠌》᠎ᠶ᠋ᠢ ᠨᠠᠷᠢᠨ ᠨᠠᠢᠳᠠᠪᠤᠷᠢᠵᠢᠭᠤᠯᠵᠤ᠂ ᠬᠠᠷᠢᠭᠤᠴᠠᠯᠭ᠎ᠠ ᠪᠣᠯᠤᠨ ᠳᠠᠷᠤᠯᠲᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠤᠨᠢᠨ ᠳᠡᠭᠡᠷ᠎ᠡ᠎ᠨᠢ ᠳᠠᠮᠵᠢᠭᠤᠯᠵᠤ᠂ ᠰᠤᠷᠲᠠᠯ᠎ᠤᠨ ᠪᠠᠢᠭᠤᠯᠤᠯᠲᠠ᠎ᠶ᠋ᠢ ᠡᠴᠦᠰ᠎ᠲᠤᠨᠢ ᠲᠤᠯᠲᠠᠯ᠎ᠠ ᠴᠢᠩᠭ᠎ᠠ ᠠᠳᠭᠤᠵᠤ᠂ ᠴᠥᠬᠦᠷᠡᠰᠢ ᠦᠭᠡᠢ ᠠᠳᠭᠤᠵᠤ᠂ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠬᠡᠷᠡᠭ᠌ᠲᠡᠢ᠃ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠰᠠᠢᠲᠤᠷ ᠠᠳᠭᠤᠵᠤ᠂ ᠴᠢᠩᠭ᠎ᠠ ᠪᠠᠷᠢᠮᠵᠢᠶ᠎ᠠ᠂ ᠪᠣᠳᠠᠲᠠᠢ ᠰᠤᠷᠲᠠᠯ᠎ᠢ ᠢᠮᠠᠭ᠍ᠲᠠ ᠪᠠᠷᠢᠮᠲᠠᠯᠠᠵᠤ᠂ ᠲᠥᠪ᠎ᠤᠨ ᠵᠢᠯᠣᠭᠤᠳᠭᠤ ᠳᠤᠭᠤᠢᠯᠠᠩ᠎ᠤᠨ ᠬᠠᠷᠢᠭᠤ ᠲᠤᠰᠭᠠᠭ᠍ᠰᠠᠨ ᠠᠰᠠᠭᠤᠳᠠᠯ᠎ᠤᠨ ᠰᠠᠨᠠᠭᠤᠯᠭ᠎ᠠ᠎ᠲᠠᠢ ᠬᠠᠷᠢᠴᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠲᠤᠰᠭᠠᠢ ᠠᠩᠬᠢ᠎ᠶ᠋ᠢᠨ ᠠᠵᠢᠯ᠎ᠤᠨ ᠲᠤᠬᠢᠷᠠᠭᠤᠯᠤᠯᠳᠠ᠎ᠶ᠋ᠢᠨ ᠬᠤᠷᠠᠯ ᠳᠡᠭᠡᠷ᠎ᠡ ᠵᠢᠭᠠᠵᠤ ᠭᠠᠷᠭᠠᠭ᠍ᠰᠠᠨ ᠠᠰᠠᠭᠤᠳᠠᠯ᠎ᠲᠠᠢ ᠬᠠᠷᠢᠴᠠᠭᠤᠯᠵᠤ᠂ ᠵᠦᠢᠯ ᠵᠤᠷᠪᠤᠰ ᠳᠠᠷᠠᠭᠠᠯᠠᠨ ᠪᠠᠢᠴᠠᠭᠠᠵᠤ᠂ ᠨᠢᠭᠡ᠎ᠠᠴᠠ ᠵᠦᠢᠴᠢᠯᠡᠵᠦ᠍ ᠨᠦᠬᠦᠭᠡ᠎ᠶ᠋ᠢ ᠵᠦᠢᠴᠢᠯᠡᠨ ᠰᠠᠢᠵᠢᠷᠠᠭᠤᠯᠵᠤ᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ ᠤᠨᠢᠨ ᠳᠡᠭᠡᠷ᠎ᠡ᠎ᠨᠢ ᠬᠦᠴᠦᠲᠡᠢ ᠨᠠᠢᠳᠠᠪᠤᠷᠢᠵᠢᠭᠤᠯᠵᠤ᠂ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠠᠷᠠᠯ᠎ᠢ ᠡᠰᠡᠷᠭᠦᠴᠡᠬᠦ᠌ ᠰᠦᠷ ᠬᠦᠴᠦᠲᠦ ᠪᠠᠢᠳᠠᠯ᠎ᠢ ᠪᠠᠲᠤᠯᠠᠵᠤ᠂ ᠰᠤᠷᠤᠯᠴᠠᠯᠭ᠎ᠠ ᠬᠥᠮᠦᠵᠢᠯ᠎ᠤᠨ ᠪᠣᠳᠠᠲᠤ ᠦᠷ᠎ᠡ ᠪᠦᠲᠦᠮᠵᠢ ᠤᠯᠬᠤ᠎ᠶ᠋ᠢ ᠪᠠᠲᠤᠯᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

  ᠬᠤᠷᠠᠯ᠎ᠠᠴᠠ᠂ ᠠᠵᠢᠯ᠎ᠤᠨ ᠰᠤᠷᠲᠠᠯ᠎ᠢ ᠴᠢᠩᠭᠠᠳᠭᠠᠨ ᠰᠠᠢᠵᠢᠷᠠᠭᠤᠯᠬᠤ᠎ᠶ᠋ᠢ ᠡᠴᠦᠰ᠎ᠲᠤᠨᠢ ᠲᠤᠯᠲᠠᠯ᠎ᠠ ᠠᠳᠭᠤᠵᠤ᠂ ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠨᠠᠢᠳᠠᠪᠤᠷᠢᠵᠢᠭᠤᠯᠵᠤ᠂ ᠲᠤᠰ ᠤᠳᠠᠭ᠎ᠠ᠎ᠶ᠋ᠢᠨ ᠱᠢᠨ᠎ᠡ ᠨᠢᠭᠡ ᠡᠭᠡᠯᠵᠢ᠎ᠶ᠋ᠢᠨ ᠱᠢᠷᠦᠭᠦᠨ ᠪᠣᠷᠣᠭᠠᠨ᠎ᠤ ᠶᠠᠪᠤᠴᠠ᠎ᠳᠤ᠂ ᠤᠰᠤᠨ ᠠᠱᠢᠭ᠍ᠯᠠᠯᠲᠠ᠎ᠶ᠋ᠢᠨ ᠱᠢᠰᠲ᠋ᠧᠮ᠎ᠤᠨ ᠪᠦᠬᠦ᠌ ᠺᠠᠳ᠋ᠷ ᠠᠵᠢᠯᠳᠠᠨ ᠠᠵᠢᠯᠴᠢᠨ ᠬᠤᠷᠢᠭ᠎ᠠ ᠱᠤᠭᠤᠮ᠎ᠤᠨ ᠰᠡᠳᠭᠢᠬᠦᠢ᠎ᠶ᠋ᠢ ᠪᠠᠲᠤ ᠪᠤᠢ ᠪᠣᠯᠭᠠᠵᠤ᠂ ᠬᠠᠷᠢᠭᠤᠴᠠᠯᠭ᠎ᠠ ᠡᠭᠦᠷᠭᠡᠯᠡᠯ᠎ᠢᠶᠠᠨ ᠴᠢᠩᠭᠠᠳᠭᠠᠵᠤ᠂ ᠦᠶᠡᠷ᠎ᠢ ᠰᠡᠷᠭᠡᠢᠯᠡᠵᠦ᠍ ᠭᠠᠩ᠎ᠲᠠᠢ ᠲᠡᠮᠡᠴᠡᠬᠦ᠌ ᠡᠨᠡ ᠬᠦ᠌ ᠬᠥᠪᠴᠢ᠎ᠶ᠋ᠢ ᠴᠠᠭ ᠢᠮᠠᠭ᠍ᠲᠠ ᠴᠢᠩᠭᠠᠷᠠᠭᠤᠯᠵᠤ᠂ ᠦᠶᠡᠷ᠎ᠢ ᠰᠡᠷᠭᠡᠢᠯᠡᠵᠦ᠍ ᠭᠠᠮᠱᠢᠭ᠎ᠠᠴᠠ ᠠᠪᠤᠷᠠᠬᠤ ᠠᠵᠢᠯ᠎ᠢ ᠯᠠᠪᠳᠠᠭᠤᠨ ᠪᠠᠲᠤᠲᠠᠢ ᠰᠠᠢᠲᠤᠷ ᠠᠳᠭᠤᠵᠤ᠂ ᠠᠷᠠᠳ ᠤᠯᠠᠨ᠎ᠤ ᠠᠮᠢ ᠨᠠᠰᠤ ᠡᠳ᠋ ᠬᠦᠷᠦᠩᠭᠡ᠎ᠶ᠋ᠢᠨ ᠠᠮᠤᠷ ᠲᠦᠪᠱᠢᠨ ᠪᠣᠯᠤᠨ ᠨᠡᠢᠭᠡᠮ᠎ᠤᠨ ᠶᠡᠭᠡ ᠲᠠᠯ᠎ᠠ᠎ᠶ᠋ᠢᠨ ᠲᠣᠭ᠍ᠲᠠᠭᠤᠨ᠎ᠢ ᠪᠠᠲᠤᠯᠠᠬᠤ ᠬᠡᠷᠡᠭ᠌ᠲᠡᠢ ᠭᠡᠵᠦ᠍ ᠱᠠᠭᠠᠷᠳᠠᠪᠠ᠃

  ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠢᠯᠠᠩ (ᠥᠷᠭᠡᠳᠭᠡᠭ᠌ᠰᠡᠨ)᠎ᠤᠨ ᠭᠡᠱᠢᠬᠦᠨ᠂ ᠲᠢᠩᠬᠢᠮ᠎ᠤᠨ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠲᠤᠰᠭᠠᠶ ᠠᠩᠭᠢ᠎ᠶ᠋ᠢᠨ ᠭᠡᠱᠢᠭᠦᠨ ᠰᠤᠷᠤᠯᠴᠠᠯᠭ᠎ᠠ᠎ᠳᠤ ᠣᠷᠣᠯᠴᠠᠪᠠ᠃ ( ᠡᠬᠡ ᠪᠢᠴᠢᠭ᠎ᠢ ᠲᠢᠩᠬᠢᠮ᠎ᠤᠨ ᠪᠠᠢᠭᠤᠯᠭ᠎ᠠ᠎ᠶ᠋ᠢᠨ ᠨᠠᠮ᠎ᠤᠨ ᠬᠤᠷᠢᠶ᠎ᠠ᠎ᠡᠴᠡ ᠬᠠᠩᠭᠠᠪᠠ )

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠱᠢᠠᠠᠯᠠᠯᠳᠡ᠎ᠶ᠋ᠢᠨ ᠳᠢᠩᠬᠢᠮ
          
ᠬᠠᠮᠢᠶ᠎ᠡ ᠪᠦᠬᠦᠢ ᠰᠣᠨᠢᠨ
 
            