ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
ᠲᠢᠶᠠᠨ ᠰᠢᠤᠸᠠᠢ ᠪᠢᠨ᠎ᠤ 2021 ᠣᠨ᠎ᠤ ᠪᠦᠬᠦ ᠤᠯᠤᠰ᠎ᠤᠨ ᠤᠰᠤᠨ ᠠᠰᠢᠭᠯᠠᠯᠲᠠ ᠵᠢᠨ ᠠᠵᠢᠯ᠎ᠤᠨ ᠬᠤᠷᠠᠯ ᠳᠡᠭᠡᠷᠡᠬᠢ ᠳ᠋ᠦᠩᠨᠡᠯᠲᠡ ᠵᠢᠨ ᠶᠠᠷᠢᠶ᠎ᠠ
ᠨᠡᠶ᠋ᠢᠲᠡᠯᠡᠭᠰᠡᠨ ᠴᠠᠭ᠄ 2021-05-25

      ᠲᠢᠶᠠᠨ ᠰᠢᠤᠸᠠᠢ ᠪᠢᠨ᠎ᠤ 2021 ᠣᠨ᠎ᠤ ᠪᠦᠬᠦ ᠤᠯᠤᠰ᠎ᠤᠨ ᠤᠰᠤᠨ ᠠᠰᠢᠭᠯᠠᠯᠲᠠ ᠵᠢᠨ ᠠᠵᠢᠯ᠎ᠤᠨ ᠬᠤᠷᠠᠯ ᠳᠡᠭᠡᠷᠡᠬᠢ ᠳ᠋ᠦᠩᠨᠡᠯᠲᠡ ᠵᠢᠨ ᠶᠠᠷᠢᠶ᠎ᠠ

                            ᠲᠢᠶᠠᠨ ᠰᠢᠤᠸᠠᠢ ᠪᠢᠨ


ᠨᠥᠬᠥᠳ ᠡ᠄
      ᠬᠤᠷᠠᠯ᠎ᠳᠤ ᠣᠷᠣᠯᠴᠠᠭᠰᠠᠨ ᠪᠦᠬᠦ ᠨᠥᠬᠥᠳ᠎ᠤᠨ ᠬᠠᠮᠲᠤ ᠵᠢᠨ ᠴᠢᠷᠮᠠᠶ᠋ᠢᠯᠭ᠎ᠠ᠎ᠪᠠᠷ᠂ 2021 ᠣᠨ᠎ᠤ ᠪᠦᠬᠦ ᠤᠯᠤᠰ᠎ᠤᠨ ᠤᠰᠤᠨ ᠠᠰᠢᠭᠯᠠᠯᠲᠠ ᠵᠢᠨ ᠠᠵᠢᠯ᠎ᠤᠨ ᠬᠤᠷᠠᠯ  ᠎ᠨᠢ ᠡᠯ᠎ᠡ   ᠵᠥᠪᠯᠡᠬᠦ   ᠵᠦᠢ᠍ᠯᠡᠰ ᠵᠶ᠋ᠠᠨ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠤᠳᠠᠯ ᠦᠭᠡᠢ ᠬᠤᠷᠠᠯ ᠦᠨᠳᠦᠷᠯᠡᠬᠦ ᠭᠡᠵᠦ   ᠪᠤᠢ᠃ ᠳᠣᠣᠷ᠎ᠠ ᠪᠢ ᠬᠤᠷᠠᠯᠳᠤᠭ᠋ᠠᠨ᠎ᠤ ᠲᠤᠬᠢᠷᠠᠭᠤᠯᠤᠯᠳᠠ ᠵᠢ ᠦᠨᠳᠦᠰᠦᠯᠡᠨ   ᠲᠤᠪᠴᠢ ᠳ᠋ᠦᠩᠨᠡᠯᠲᠡ ᠬᠢᠶ᠎ᠡ  ᠃
    ᠨᠢᠭᠡ᠂ ᠬᠤᠷᠠᠯ᠎ᠤᠨ ᠭᠣᠣᠯ ᠣᠯᠤᠯᠲᠠ ᠵᠢᠨ ᠲᠤᠬᠠᠶ
      ᠲᠤᠰ ᠤᠳᠠᠭ᠋ᠠᠨ᠎ᠤ ᠬᠤᠷᠠᠯᠳᠤᠭ᠋ᠠᠨ ᠪᠣᠯ ᠮᠠᠨ᠎ᠤ ᠤᠯᠤᠰ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠳᠤᠭᠡᠨ ᠪᠠᠶ᠋ᠢᠭᠤᠯᠬᠤ ᠰᠢᠨ᠎ᠡ ᠱᠠᠲᠤᠨ᠎ᠳᠤ ᠣᠷᠣᠵᠤ᠂ ᠤᠰᠤᠨ ᠠᠰᠢᠭᠯᠠᠯᠲᠠ ᠵᠢᠨ ᠦᠢ᠍ᠯᠡᠰ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠥᠭᠡᠷᠡᠴᠢᠯᠡᠯᠲᠡ ᠬᠥᠭᠵᠢᠯᠲᠡ ᠵᠢᠨ ᠰᠢᠨ᠎ᠡ ᠠᠶᠠᠨ᠎ᠳᠤ ᠤᠷᠤᠭᠰᠠᠨ᠎ᠤ ᠲᠠᠷᠠᠭ᠎ᠠ ᠬᠤᠷᠠᠯᠳᠤᠭᠰᠠᠨ ᠨᠢᠭᠡ ᠤᠳᠠᠭ᠋ᠠᠨ᠎ᠤ ᠴᠢᠬᠤᠯᠠ ᠬᠤᠷᠠᠯᠳᠤᠭ᠋ᠠᠨ ᠪᠣᠯᠤᠨ᠎ᠠ᠃   ᠯᠢ ᠺᠸ ᠴᠢᠶᠠᠩ ᠶᠡᠷᠦᠩᠬᠡᠶ ᠰᠠᠶ᠋ᠢᠳ   ᠲᠤᠰᠬᠠᠶ᠋ᠢᠯᠠᠨ ᠴᠢᠬᠤᠯᠠ ᠴᠣᠬᠣᠯᠠᠪᠤᠷᠢ ᠪᠢᠴᠢᠭᠰᠡᠨ᠎ᠨᠢ ᠤᠰᠤᠨ ᠠᠰᠢᠭᠯᠠᠯᠲᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠶ᠋ᠢᠭ᠎ᠠ ᠪᠠ ᠤᠰᠤᠨ ᠠᠰᠢᠭᠯᠠᠯᠲᠠ ᠵᠢᠨ ᠺᠠᠳ᠋ᠷ ᠠᠵᠢᠯᠴᠢᠨ᠎ᠳᠤ ᠴᠢᠩ ᠰᠡᠳᠬᠢᠯ᠎ᠤᠨ ᠬᠦᠰᠡᠯ ᠨᠠᠢ᠌ᠳᠠᠯᠭ᠎ᠠ ᠲᠠᠯᠪᠢᠵᠤ ᠪᠠᠶ᠋ᠢᠭ᠎ᠠ ᠵᠢ   ᠭᠦᠢ᠍ᠴᠡᠳ ᠬᠠᠷᠠᠭᠤᠯᠤᠭᠰᠠᠨ ᠪᠠᠶ᠋ᠢᠨ᠎ᠠ᠃ ᠧ ᠵᠢᠩ   ᠫᠢᠩ ᠰᠠᠶ᠋ᠢᠳ ᠪᠦᠬᠦ ᠲᠠᠯ᠎ᠠ᠎ᠪᠠᠷ ᠰᠢᠰᠲ᠋ᠧᠮ᠎ᠲᠠᠢ ᠶᠠᠷᠢᠶ᠎ᠠ ᠲᠠᠯᠪᠢᠵᠤ᠂ ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ ᠭᠦᠨᠵᠡᠭᠡᠶ   ᠶᠠᠷᠢᠯᠴᠠᠭ᠎ᠠ ᠦᠷᠨᠢᠬᠦᠯᠪᠡ᠃ ᠰᠢᠨ᠎ᠡ   ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠣᠯᠪᠣᠭᠳᠠᠯ ᠪᠥᠬᠥᠶ ᠱᠠᠭ᠋ᠠᠷᠳᠠᠯᠭ᠎ᠠ ᠶᠣᠰᠣᠭ᠋ᠠᠷ᠂ ᠲᠣᠰ ᠤᠳᠠᠭ᠋ᠠᠨ᠎ᠤ ᠬᠤᠷᠠᠯ᠎ᠢ   ᠸᠢᠳᠢᠤ᠋ ᠬᠡᠯᠪᠡᠷᠢ᠎ᠪᠠᠷ ᠬᠤᠷᠠᠯᠳᠤᠭᠤᠯᠵᠤ᠂ ᠬᠤᠷᠠᠯ᠎ᠤᠨ ᠴᠠᠭ᠎ᠢ ᠪᠠᠭ᠋ᠠᠰᠬᠠᠨ᠂ ᠵᠥᠪᠯᠡᠬᠦ   ᠵᠦᠢ᠍ᠯ᠎ᠢ ᠨᠠᠩ ᠠᠪᠴᠠᠯᠳᠣᠭᠣᠯᠣᠨ᠂ ᠬᠤᠷᠠᠯ᠎ᠤᠨ ᠰᠤᠷᠲᠠᠯ ᠨᠠᠩ ᠪᠣᠳᠠᠲᠠᠶ ᠵᠢ ᠡᠷᠬᠢᠮᠯᠡᠭᠰᠡᠨ ᠪᠠᠶ᠋ᠢᠨ᠎ᠠ᠃ ᠰᠠᠶᠢᠬᠠᠨ 5 ᠨᠢᠭᠡᠴᠡ ᠠᠳᠠᠯᠢ ᠪᠤᠰᠤ ᠲᠠᠯ᠎ᠠ᠎ᠠᠴᠠ ᠰᠠᠨᠠᠯ ᠵᠶ᠋ᠠᠨ ᠰᠣᠯᠢᠯᠴᠠᠬᠤ ᠶᠠᠷᠢᠶ᠎ᠠ ᠲᠠᠯᠪᠢᠵᠤ᠂ 7 ᠳᠤᠭᠤᠶ᠋ᠢᠯᠠᠩ᠎ᠤᠨ ᠬᠤᠷᠠᠯᠳᠤᠭᠤᠯᠤᠭᠴᠢ ᠳᠤᠭᠤᠶ᠋ᠢᠯᠠᠩ ᠬᠤᠪᠢᠶᠠᠨ ᠶᠠᠷᠢᠯᠴᠠᠭᠰᠠᠨ ᠪᠠᠶ᠋ᠢᠳᠠᠯ ᠵᠶ᠋ᠠᠨ ᠬᠠᠷᠢᠭᠤ ᠮᠡᠳᠡᠭᠦᠯᠵᠦ᠂ ᠮᠠᠰᠢ ᠰᠠᠢ᠍ᠢ᠍ᠨ ᠶᠠᠷᠢᠵᠠᠶ᠃ ᠶᠡᠷᠦᠩᠬᠡᠶ᠎ᠳᠤᠨᠢ ᠠᠪᠴᠤ ᠦᠵᠡᠪᠡᠯ᠂ ᠡᠨᠡ ᠤᠳᠠᠭ᠋ᠠᠨ᠎ᠤ ᠬᠤᠷᠠᠯ ᠵᠢᠱ᠌ᠢᠭᠰᠡᠨ ᠬᠠᠷᠠᠯᠲᠠ᠎ᠳᠠᠭᠠᠨ ᠬᠦᠷᠴᠦ᠂ ᠰᠢᠨ᠎ᠡ ᠡᠬᠢᠯᠡᠯᠲᠡ᠎ᠠᠴᠠ ᠦᠵᠡᠯ ᠰᠠᠨᠠᠭ᠎ᠠ᠎ᠪᠠᠨ ᠨᠢᠭᠡᠳᠬᠡᠨ᠂ ᠬᠠᠮᠲᠤ ᠵᠢᠨ ᠲᠠᠨᠢᠯᠲᠠ᠎ᠪᠠᠨ ᠨᠢᠭᠲᠠᠷᠠᠭᠤᠯᠵᠤ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢ ᠤᠬᠠᠭ᠋ᠠᠯᠠᠨ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠬᠤᠷᠢᠶᠠᠩᠭᠤᠶ᠋ᠢᠯᠠᠭ᠋ᠠᠳ ᠬᠡᠯᠡᠪᠡᠯ᠂ ᠣᠯᠠᠨ ᠵᠶ᠋ᠠᠷ ᠵᠶ᠋ᠠᠨ ᠴᠥᠮ ᠳᠣᠣᠷᠠᠬᠢ ᠮᠡᠲᠦ ᠣᠯᠤᠯᠲᠠ᠎ᠲᠠᠢ ᠭᠡᠵᠦ ᠦᠵᠡᠵᠦ ᠪᠠᠶ᠋ᠢᠨ᠎ᠠ᠃
      ᠨᠢᠭᠡ᠎ᠳᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠤᠰᠤ ᠵᠢ ᠵᠠᠰᠠᠵᠤ ᠤᠰᠤ ᠵᠢ ᠬᠥᠭᠵᠢᠭᠦᠯᠬᠦ   ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠪᠥᠬᠥ   ᠲᠠᠯ᠎ᠠ᠎ᠪᠠᠷ ᠲᠤᠤᠱᠯᠠᠭᠤᠯᠪᠠ᠃ ᠣᠯᠠᠨ ᠵᠶ᠋ᠠᠷ ᠵᠶ᠋ᠠᠨ᠂ ᠧ ᠵᠢᠩ ᠫᠢᠩ ᠰᠠᠶ᠋ᠢᠳ᠎ᠤᠨ ᠶᠠᠷᠢᠶ᠎ᠠ ᠎ᠳᠤ ᠰᠢ ᠵᠢᠨ ᠫᠢᠩ ᠶᠡᠷᠦᠩᠬᠡᠶ ᠱᠦᠵᠢ ᠵᠢᠨ 《3·14》 《9· 18》 《1· 03》 ᠵᠡᠷᠭᠡ ᠴᠢᠬᠤᠯᠠ ᠶᠠᠷᠢᠶᠠᠨ᠎ᠤ ᠵᠣᠷᠢᠭ ᠰᠠᠨᠠᠭ᠎ᠠ   ᠵᠢ ᠪᠦᠬᠦ ᠵᠤᠬᠢᠶᠠᠯ᠎ᠳᠤ ᠲᠤᠤᠱᠯᠠᠭᠤᠯᠤᠨ᠂ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠦᠭᠦᠳᠡ ᠬᠤᠷᠠᠯ᠂ ᠲᠥᠪ᠎ᠤᠨ ᠠᠵᠤ ᠠᠬᠤᠶ ᠵᠢᠨ ᠠᠵᠢᠯ᠎ᠤᠨ ᠬᠤᠷᠠᠯ᠂ ᠲᠥᠪ᠎ᠤᠨ ᠬᠥᠳᠡᠭᠡ ᠲᠣᠰᠬᠣᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠢ᠍ᠴᠡᠳ ᠢᠯᠡᠷᠡᠭᠦᠯᠵᠦ᠂ ᠲᠥᠪ ᠬᠣᠷᠢᠶᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠳᠠᠬᠢᠨ ᠰᠤᠷᠤᠯᠴᠠᠵᠤ᠂ ᠳᠠᠬᠢᠨ   ᠲᠠᠢ᠌ᠯᠪᠤᠷᠢᠯᠠᠵᠠᠢ᠂   ᠮᠦᠨ ᠴᠦ᠍ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠬᠤ ᠵᠢᠨ ᠳᠠᠬᠢᠨ ᠳᠠᠶ᠋ᠢᠴᠢᠯᠠᠯᠲᠠ᠂ ᠳᠠᠬᠢᠨ ᠪᠠᠶ᠋ᠢᠷᠢᠯᠠᠭᠤᠯᠤᠯᠲᠠ ᠮᠥᠨ᠂ ᠡᠨᠡ᠎ᠨᠢ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ 《ᠬᠣᠶᠠᠷ᠎ᠢ       ᠬᠦᠷᠢᠶᠡᠯᠡᠬᠦ》 ᠵᠢ ᠲᠦᠷᠦᠭᠦᠯᠡᠨ ᠪᠡᠶᠡᠯᠡᠭᠦᠯᠬᠦ ᠤᠯᠤᠰ ᠲᠥᠷᠥ ᠵᠢᠨ ᠡᠭᠦᠷᠭᠡᠯᠡᠯ ᠪᠠ ᠤᠯᠤᠰ ᠲᠥᠷᠥ ᠵᠢᠨ ᠪᠠᠶ᠋ᠢᠭᠤᠯᠭ᠎ᠠ ᠵᠢᠨ 《ᠡᠮᠦᠨ᠎ᠡ᠎ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ》 ᠠᠵᠢᠯᠯᠠᠭ᠋ᠠᠨ᠎ᠤ ᠤᠬᠠᠮᠰᠠᠷ᠎ᠢ ᠭᠦᠢ᠍ᠴᠡᠳ ᠬᠠᠷᠠᠭᠤᠯᠵᠠᠶ᠃ ᠤᠯᠠᠨ ᠵᠶ᠋ᠠᠷ ᠵᠶ᠋ᠠᠨ᠂ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ ᠡᠷᠬᠡᠪᠰᠢ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠤᠬᠠᠮᠰᠠᠷ᠎ᠠᠴᠠ᠎ᠪᠠᠨ   ᠪᠠᠷᠢᠮᠵᠢᠶ᠎ᠠ᠎ᠯᠤᠭ᠎ᠠ ᠬᠠᠷᠭᠤᠭᠤᠯᠵᠤ᠂ ᠤᠯᠤᠰ ᠲᠦᠷᠦ ᠵᠢ ᠡᠷᠬᠢᠮᠯᠡᠬᠦ ᠦᠨᠳᠦᠷᠴᠡ᠎ᠠᠴᠠ ᠤᠰᠤᠨ ᠠᠰᠢᠭᠯᠠᠯᠲᠠ ᠵᠢᠨ ᠠᠵᠢᠯ᠎ᠢ ᠲᠥᠯᠥᠪᠵᠢᠭᠦᠯᠵᠦ᠂ ᠪᠠᠶ᠋ᠢᠷᠢᠯᠠᠭᠤᠯᠵᠤ᠂ ᠠᠬᠢᠭᠤᠯᠵᠤ᠂ ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ ᠨᠠᠮ᠎ᠤᠨ ᠲᠥᠪ   ᠬᠤᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠬᠤ ᠬᠡᠷᠡᠭᠲᠡᠢ ᠭᠡᠳᠡᠭ᠎ᠢ ᠭᠦᠨᠵᠡᠭᠡᠢ ᠲᠠᠨᠢᠵᠤ ᠤᠯᠪᠠ᠃
      ᠬᠣᠶᠠᠷ᠎ᠲᠤ 2020 ᠣᠨ ᠪᠠ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢᠨ ᠤᠰᠤᠨ ᠠᠰᠢᠭᠯᠠᠯᠲᠠ ᠵᠢᠨ ᠠᠵᠢᠯ᠎ᠤᠨ ᠦᠷ᠎ᠡ ᠪᠦᠲᠦᠮᠵᠢ ᠲᠤᠷᠰᠢᠯᠭ᠎ᠠ ᠵᠢ ᠰᠢᠰᠲ᠋ᠧᠮ᠎ᠲᠠᠢ᠎ᠪᠠᠷ ᠳ᠋ᠦᠩᠨᠡᠪᠡ᠃ ᠧ   ᠵᠢᠩ ᠫᠢᠩ ᠰᠠᠶ᠋ᠢᠳ᠎ᠤᠨ ᠶᠠᠷᠢᠶ᠎ᠠ᠎ᠨᠢ 2020 ᠣᠨ ᠪᠠ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠬᠤᠭᠤᠴᠠᠭ᠋ᠠᠨ᠎ᠳᠠᠬᠢ ᠤᠰᠤᠨ ᠠᠰᠢᠭᠯᠠᠯᠲᠠ ᠵᠢᠨ ᠠᠵᠢᠯ᠎ᠤᠨ ᠦᠷ᠎ᠡ ᠪᠦᠲᠦᠮᠵᠢ ᠵᠢ ᠰᠢᠰᠲ᠋ᠧᠮ᠎ᠲᠠᠢ ᠳ᠋ᠦᠩᠨᠡᠵᠦ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ 《ᠵᠢᠷᠭᠤᠭ᠋ᠠᠨ ᠡᠷᠬᠡᠪᠰᠢ》 ᠵᠢᠨ ᠵᠢᠮ᠎ᠡ ᠶᠣᠰᠣᠴᠢ ᠴᠢᠨᠠᠷᠲᠠᠢ ᠲᠠᠨᠢᠯᠲᠠ ᠵᠢ ᠨᠠᠷᠢᠨ ᠲᠣᠳᠣᠷᠬᠠᠢ ᠬᠤᠷᠢᠶᠠᠩᠭᠤᠶ᠋ᠢᠯᠠᠵᠠᠢ᠃ ᠤᠢ᠍ᠢ᠍ᠷ᠎ᠠ ᠵᠢᠨ ᠵᠢᠯ᠎ᠤᠳ᠎ᠲᠤ ᠤᠰᠤᠨ ᠠᠰᠢᠭᠯᠠᠯᠲᠠ ᠵᠢᠨ ᠠᠵᠢᠯ ᠨᠢᠭᠡ ᠪᠦᠯᠦᠭ ᠪᠡᠯᠭᠡ ᠲᠡᠮᠳᠡᠭ᠎ᠤᠨ ᠴᠢᠨᠠᠷᠲᠠᠶ ᠶᠡᠬᠡ ᠶᠠᠪᠤᠳᠠᠯ᠎ᠢ ᠪᠦᠲᠦᠭᠡᠵᠦ᠂ ᠮᠠᠰᠢ ᠤᠯᠠᠨ ᠰᠢᠪᠲᠤᠯᠤᠯᠲᠠ ᠵᠢᠨ ᠴᠢᠨᠠᠷᠲᠠᠶ ᠠᠬᠢᠴᠠ᠎ᠲᠠᠢ ᠪᠤᠯᠵᠤ᠂ ᠤᠰᠤᠨ ᠠᠰᠢᠭᠯᠠᠯᠲᠠ ᠵᠢᠨ ᠦᠢ᠍ᠯᠡᠰ᠎ᠲᠤ ᠰᠢᠰᠲ᠋ᠧᠮᠲᠦ ᠴᠢᠨᠠᠷᠲᠠᠶ᠂ ᠲᠡᠦᠬᠡᠲᠦ ᠴᠢᠨᠠᠷᠲᠠᠶ ᠬᠤᠪᠢᠷᠠᠯᠲᠠ ᠭᠠᠷᠴᠠᠶ ᠭᠡᠵᠦ ᠤᠯᠠᠨ ᠵᠶ᠋ᠠᠷ ᠵᠶ᠋ᠠᠨ ᠨᠡᠶ᠋ᠢᠳᠡᠮ ᠦᠵᠡᠵᠦ ᠪᠠᠶ᠋ᠢᠨ᠎ᠠ᠃ ᠡᠶ᠋ᠢᠮᠦ ᠠᠮᠵᠢᠯᠲᠠ ᠵᠢ ᠣᠯᠵᠤ ᠴᠢᠳᠠᠭᠰᠠᠨ᠎ᠤ ᠦᠨᠳᠦᠰᠦ᠎ᠨᠢ 《ᠬᠣᠶᠠᠷ᠎ᠢ   ᠬᠦᠷᠢᠶᠡᠯᠡᠬᠦ》 ᠵᠢ ᠡᠷᠡᠰ       ᠪᠡᠶᠡᠯᠡᠭᠦᠯᠵᠦ᠂ 《ᠠᠷᠪᠠᠨ ᠵᠢᠷᠭᠤᠭ᠋ᠠᠨ ᠦᠰᠦᠭ》᠎ᠤᠨ ᠤᠰᠤ ᠵᠠᠰᠠᠬᠤ ᠰᠡᠳᠬᠢᠴᠡ ᠵᠢ ᠭᠦᠨᠵᠡᠭᠡᠢ   ᠨᠠᠢ᠌ᠳᠠᠪᠤᠷᠢᠵᠢᠭᠤᠯᠤᠭᠰᠠᠨ᠎ᠳᠤ ᠪᠤᠢ᠂ ᠵᠠᠩᠭᠢᠯᠠᠭ᠎ᠠ᠎ᠨᠢ ᠤᠰᠤ ᠵᠠᠰᠠᠬᠤ ᠭᠣᠣᠯ ᠵᠥᠷᠢᠴᠡᠯ᠎ᠢ ᠣᠨᠣᠪᠴᠢᠲᠠᠢ       ᠡᠵᠡᠮᠳᠡᠵᠦ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠢ ᠬᠦᠭ ᠠᠶᠠᠰ᠎ᠢ ᠭᠦᠨᠵᠡᠭᠡᠢ ᠦᠢ᠍ᠯᠡᠳᠦᠯᠭᠡᠵᠢᠭᠦᠯᠵᠦ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠭᠰᠠᠨ ᠠᠵᠢᠯᠯᠠᠬᠤ ᠠᠷᠭ᠎ᠠ ᠪᠣᠯᠤᠨ ᠰᠢᠨ᠎ᠡ ᠴᠠᠭ ᠦᠶ᠎ᠡ ᠵᠢᠨ ᠤᠰᠤᠨ ᠠᠰᠢᠭᠯᠠᠯᠲᠠ ᠵᠢᠨ ᠵᠣᠷᠢᠭ ᠰᠠᠨᠠᠭ᠎ᠠ ᠵᠢ ᠶᠡᠬᠡᠪᠡᠷ ᠪᠠᠳᠠᠷᠠᠭᠤᠯᠬᠤ᠎ᠳᠤ ᠲᠦᠰᠢᠭᠯᠡᠬᠦ᠎ᠳᠤ ᠪᠤᠢ᠃ ᠡᠳᠡᠭᠡᠷ ᠵᠢᠮ᠎ᠡ ᠶᠣᠰᠣᠴᠢ ᠴᠢᠨᠠᠷᠲᠠᠶ ᠲᠠᠨᠢᠯᠲᠠ ᠪᠣᠯ ᠪᠢᠳᠡᠨ᠎ᠤ ᠬᠤᠷᠠᠮᠳᠤᠭᠤᠯᠤᠭᠰᠠᠨ ᠡᠷᠬᠢᠮ ᠨᠠᠨᠳᠢᠨ ᠡᠳ᠋ ᠪᠠᠶᠠᠯᠢᠭ ᠮᠥᠨ᠂ ᠤᠰᠤᠨ ᠠᠰᠢᠭᠯᠠᠯᠲᠠ ᠵᠢᠨ ᠦᠢ᠍ᠯᠡᠰ᠎ᠤᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠲᠦᠯᠬᠢᠨ ᠠᠬᠢᠭᠤᠯᠬᠤ ᠴᠢᠬᠤᠯᠠ ᠡᠷᠳᠡᠨᠢ ᠮᠥᠨ᠂ ᠡᠭᠦᠨ᠎ᠢ ᠤᠷᠳᠤ ᠬᠤᠭᠤᠴᠠᠭ᠎ᠠ᠎ᠪᠠᠷ ᠪᠠᠷᠢᠮᠲᠠᠯᠠᠨ ᠪᠠᠳᠠᠷᠠᠭᠤᠯᠬᠤ ᠴᠢᠬᠤᠯᠠᠲᠠᠶ ᠶᠤᠮ᠃
      ᠭᠤᠷᠪᠠ᠎ᠳᠤ ᠰᠢᠨ᠎ᠡ ᠱᠠᠲᠤᠨ᠎ᠳᠠᠬᠢ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ᠎ᠳᠤ ᠲᠤᠯᠭ᠋ᠠᠷᠠᠵᠤ ᠪᠠᠶ᠋ᠢᠭ᠎ᠠ ᠪᠠᠶ᠋ᠢᠳᠠᠯ᠎ᠤᠨ ᠱᠠᠭ᠋ᠠᠷᠳᠠᠯᠭ᠎ᠠ ᠵᠢ ᠭᠦᠨᠵᠡᠭᠡᠶ ᠵᠠᠳᠠᠯᠪᠠ᠃ ᠧ   ᠵᠢᠩ ᠫᠢᠩ ᠰᠠᠶ᠋ᠢᠳ᠎ᠤᠨ ᠶᠠᠷᠢᠶ᠎ᠠ᠎ᠨᠢ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠲᠠᠢ ᠨᠢᠭᠲᠠ       ᠤᠶᠠᠯᠳᠤᠭᠤᠯᠤᠨ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ᠎ᠳᠤ ᠲᠤᠯᠭ᠋ᠠᠷᠠᠵᠤ ᠪᠠᠶ᠋ᠢᠭ᠎ᠠ ᠰᠢᠨ᠎ᠡ ᠪᠠᠶ᠋ᠢᠳᠠᠯ᠎ᠢ ᠭᠦᠨᠵᠡᠭᠡᠶ ᠵᠠᠳᠠᠯᠵᠤ᠂ ᠰᠢᠨ᠎ᠡ ᠬᠥᠭᠵᠢᠯᠲᠡ ᠵᠢᠨ ᠱᠠᠲᠤᠨ᠎ᠳᠤ ᠵᠣᠬᠢᠴᠠᠬᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠲᠤᠤᠱᠯᠠᠭᠤᠯᠬᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ ᠵᠢᠨ ᠤᠰᠤᠨ ᠠᠰᠢᠭᠯᠠᠯᠲᠠ ᠵᠢᠨ ᠠᠵᠢᠯ᠎ᠳᠤ ᠳᠤᠷᠠᠳᠤᠭᠰᠠᠨ ᠰᠢᠨ᠎ᠡ ᠱᠠᠭ᠋ᠠᠷᠳᠠᠯᠭ᠎ᠠ ᠵᠢ ᠭᠦᠨᠵᠡᠭᠡᠶ ᠲᠣᠳᠣᠷᠬᠠᠶ᠋ᠢᠯᠠᠨ ᠥᠭᠦᠯᠡᠵᠡᠶ᠃ ᠧ   ᠵᠢᠩ ᠫᠢᠩ ᠰᠠᠶ᠋ᠢᠳ ᠎ᠤᠨ ᠶᠠᠷᠢᠶ᠎ᠠ᠎ᠨᠢ ᠤᠰᠤᠨ ᠠᠰᠢᠭᠯᠠᠯᠲᠠ ᠵᠢᠨ ᠨᠠᠮ ᠪᠣᠯᠤᠨ ᠤᠯᠤᠰ᠎ᠤᠨ ᠦᠢ᠍ᠯᠡᠰ᠎ᠤᠨ ᠬᠥᠭᠵᠢᠯᠲᠡ ᠵᠢᠨ ᠪᠦᠬᠦ ᠲᠠᠯ᠎ᠠ᠎ᠳᠠᠬᠢ ᠰᠢᠨ᠎ᠡ ᠪᠠᠶ᠋ᠢᠷᠢ ᠲᠣᠭᠲᠠᠭ᠋ᠠᠯᠲᠠ ᠵᠢ ᠣᠨᠣᠪᠴᠢᠲᠠᠢ ᠣᠯᠵᠤ᠂ ᠰᠢᠨ᠎ᠡ ᠱᠠᠳᠤ ᠦᠶ᠎ᠡ ᠰᠢᠨ᠎ᠡ ᠱᠠᠭ᠋ᠠᠷᠳᠠᠯᠭ᠎ᠠ ᠳᠣᠣᠷᠠᠬᠢ ᠤᠰᠤᠨ ᠠᠰᠢᠭᠯᠠᠯᠲᠠ ᠵᠢᠨ ᠠᠵᠢᠯ᠎ᠳᠤ ᠶᠠᠭᠤ ᠵᠢ ᠠᠳᠬᠤᠬᠤ᠂ ᠬᠡᠷᠬᠢᠨ ᠠᠳᠬᠤᠬᠤ ᠵᠡᠷᠭᠡ ᠴᠢᠬᠤᠯᠠ ᠶᠡᠬᠡ ᠠᠰᠠᠭᠤᠳᠠᠯ᠎ᠳᠤ ᠬᠠᠷᠢᠭᠤᠯᠲᠠ ᠥᠭᠴᠦ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠰᠢᠨ᠎ᠡ ᠭᠠᠷᠤᠭ᠎ᠠ ᠳᠡᠭᠡᠷ᠎ᠡ ᠨᠢᠭᠡᠳᠦᠭᠡᠷ ᠠᠯᠬᠤᠮ ᠵᠶ᠋ᠠᠨ ᠰᠠᠶ᠋ᠢᠲᠤᠷ ᠠᠯᠬᠤᠬᠤ᠎ᠳᠤ ᠴᠢᠭᠯᠡᠯ᠎ᠢ ᠲᠣᠳᠣᠷᠬᠠᠢ ᠵᠢᠭ᠋ᠠᠵᠤ ᠥᠭᠴᠡᠢ ᠭᠡᠵᠦ ᠤᠯᠠᠨ ᠵᠶ᠋ᠠᠷ ᠵᠶ᠋ᠠᠨ ᠨᠡᠶ᠋ᠢᠳᠡᠮ ᠦᠵᠡᠵᠦ ᠪᠤᠢ᠃ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠤᠰᠤᠨ ᠠᠰᠢᠭᠯᠠᠯᠲᠠ ᠵᠢᠨ ᠠᠵᠢᠯ᠎ᠢ ᠰᠠᠶ᠋ᠢᠲᠤᠷ ᠬᠢᠬᠦ᠎ᠳᠤ ᠡᠷᠬᠡᠪᠰᠢ ᠰᠢᠨ᠎ᠡ ᠡᠭᠦᠷᠭᠡ ᠵᠢ ᠴᠢᠩᠭ᠎ᠠ   ᠠᠩᠬᠠᠷᠣᠨ᠂ ᠰᠢᠨ᠎ᠡ ᠪᠠᠶ᠋ᠢᠳᠠᠯ᠎ᠢ ᠲᠣᠳᠣᠷᠬᠠᠶ ᠲᠠᠨᠢᠵᠤ᠂ ᠰᠢᠨ᠎ᠡ ᠣᠷᠣᠨ ᠪᠠᠶ᠋ᠢᠷᠢ᠎ᠪᠠᠨ ᠣᠨᠣᠪᠴᠢᠲᠠᠶ ᠣᠯᠣᠨ᠂ ᠠᠵᠠ ᠲᠣᠬᠢᠶᠠᠯ᠎ᠢ ᠰᠠᠨᠠᠭ᠋ᠠᠴᠢᠯᠠᠭ᠎ᠠ᠎ᠠᠴᠠ᠎ᠪᠠᠨ ᠠᠳᠬᠤᠵᠤ᠂ ᠥᠷᠢᠰᠥᠯᠳᠦᠭᠡᠨ᠎ᠢ ᠢᠳᠡᠪᠬᠢᠲᠡᠶ᠎ᠪᠠᠷ ᠠᠷᠭ᠋ᠠᠴᠠᠨ᠂ ᠤᠰᠤᠨ ᠠᠰᠢᠭᠯᠠᠯᠲᠠ ᠵᠢᠨ ᠦᠢ᠍ᠯᠡᠰ᠎ᠤᠨ ᠰᠢᠨ᠎ᠡ ᠪᠠᠶ᠋ᠢᠳᠠᠯ᠎ᠢ ᠴᠢᠷᠮᠠᠶ᠋ᠢᠨ ᠪᠤᠢ ᠪᠣᠯᠭ᠋ᠠᠬᠤ ᠬᠡᠷᠡᠭᠲᠡᠶ᠃
      ᠲᠦᠷᠪᠡ᠎ᠳᠤ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠵᠢᠷᠤᠭ ᠲᠥᠯᠥᠪᠯᠡᠭᠡ ᠵᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠪᠡ᠃ ᠧ ᠵᠢᠩ ᠫᠢᠩ ᠰᠠᠶ᠋ᠢᠳ᠎ᠤᠨ ᠶᠠᠷᠢᠶ᠎ᠠ᠎ᠨᠢ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠶ ᠱᠠᠭ᠋ᠠᠷᠳᠠᠯᠭ᠎ᠠ᠂ ᠦᠨᠳᠦᠰᠦᠨ ᠵᠠᠷᠴᠢᠮ᠂ ᠭᠣᠣᠯ ᠬᠠᠷᠠᠯᠲᠠ ᠵᠢ ᠲᠣᠳᠣᠷᠬᠠᠶ ᠳᠤᠷᠠᠳᠤᠨ ᠭᠠᠷᠭ᠋ᠠᠵᠤ᠂ ᠰᠢᠰᠲ᠋ᠧᠮᠵᠢᠭᠦᠯᠬᠦ᠂ ᠬᠠᠮᠵᠢᠯᠴᠠᠭᠤᠯᠬᠤ᠂ ᠠᠮᠢ ᠠᠬᠤᠶ᠋ᠢᠵᠢᠭᠤᠯᠬᠤ᠂ ᠤᠶᠤᠨᠵᠢᠭᠤᠯᠬᠤ ᠵᠡᠷᠭᠡ ᠲᠠᠯ᠎ᠠ᠎ᠠᠴᠠ ᠤᠯᠤᠰ᠎ᠤᠨ ᠤᠰᠤᠨ ᠠᠰᠢᠭᠯᠠᠯᠲᠠ ᠵᠢᠨ ᠲᠣᠣᠷ᠎ᠤᠨ ᠪᠦᠲᠦᠭᠡᠨ ᠪᠠᠶ᠋ᠢᠭᠤᠯᠤᠯᠲᠠ ᠬᠢᠭᠡᠳ ᠥᠩᠭᠡᠷᠡᠭᠰᠡᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠢᠯᠡᠳᠲᠡ ᠢᠯᠭ᠋ᠠᠭ᠎ᠠ ᠵᠢ ᠵᠠᠳᠠᠯᠤᠨ ᠰᠢᠨᠵᠢᠯᠡᠵᠦ᠂ ᠪᠠᠶ᠋ᠢᠩᠭᠤᠵᠢᠭᠤᠯᠬᠤ᠂ ᠵᠢᠷᠤᠮᠵᠢᠭᠤᠯᠬᠤ᠂ ᠬᠠᠤᠯᠢᠵᠢᠭᠤᠯᠬᠤ ᠵᠡᠷᠭᠡ ᠲᠠᠯ᠎ᠠ᠎ᠠᠴᠠ ᠠᠵᠢᠯ ᠲᠦᠷᠦᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠴᠢᠭᠯᠡᠯ ᠪᠠ ᠠᠷᠭ᠎ᠠ ᠵᠠᠮ᠎ᠢ ᠲᠣᠳᠣᠷᠬᠠᠶ᠋ᠢᠯᠠᠪᠠ᠃ ᠧ ᠵᠢᠩ ᠫᠢᠩ ᠰᠠᠶ᠋ᠢᠳ᠎ᠤᠨ ᠶᠠᠷᠢᠶ᠎ᠠ᠎ᠨᠢ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠪᠠ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠵᠢ ᠬᠠᠷᠢᠯᠴᠠᠨ ᠨᠢᠭᠡᠳᠬᠡᠬᠦ ᠵᠢ ᠪᠠᠷᠢᠮᠲᠠᠯᠠᠵᠤ᠂ ᠪᠥᠬᠥ ᠲᠠᠯ᠎ᠠ᠎ᠪᠠᠷ ᠲᠥᠯᠥᠪᠵᠢᠭᠦᠯᠬᠦ ᠪᠠ ᠭᠣᠤᠯᠳᠠᠯᠭ᠎ᠠ ᠵᠢ ᠳᠣᠪᠣᠶ᠋ᠢᠯᠭ᠋ᠠᠬᠤ ᠵᠢ ᠬᠠᠷᠢᠯᠴᠠᠨ ᠵᠣᠬᠢᠴᠠᠭᠤᠯᠬᠤ ᠵᠢ   ᠪᠠᠷᠢᠮᠲᠠᠯᠠᠨ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ᠎ᠳᠤ ᠳᠡᠭᠡᠳᠦ ᠵᠡᠷᠭᠡᠯᠡᠯ᠎ᠤᠨ ᠵᠢᠷᠤᠭ ᠲᠥᠯᠥᠪᠯᠡᠭᠡ ᠵᠢ ᠰᠠᠶ᠋ᠢᠲᠤᠷ ᠬᠢᠵᠡᠶ ᠭᠡᠵᠦ ᠣᠯᠠᠨ ᠵᠶ᠋ᠠᠷ ᠵᠶ᠋ᠠᠨ ᠨᠡᠶ᠋ᠢᠳᠡᠮ ᠦᠵᠡᠵᠦ ᠪᠠᠶ᠋ᠢᠨ᠎ᠠ᠃ ᠡᠷᠬᠡᠪᠰᠢ ᠰᠢᠨ᠎ᠡ ᠱᠠᠲᠤᠨ᠎ᠳᠤ ᠤᠷᠤᠭᠰᠠᠨ᠎ᠤ ᠳᠠᠷᠠᠭ᠎ᠠ ᠳᠤᠲᠠᠭᠤᠳᠠᠯ᠎ᠢ ᠨᠥᠬᠥᠪᠥᠷᠢᠯᠡᠬᠦ ᠪᠠ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠰᠢᠨ᠎ᠡ ᠣᠨᠴᠠᠯᠢᠭ᠎ᠢ ᠣᠨᠣᠪᠴᠢᠲᠠᠶ ᠡᠵᠡᠮᠳᠡᠵᠦ᠂ 《ᠪᠦᠬᠦ ᠤᠯᠤᠰ ᠵᠶ᠋ᠠᠷ ᠵᠶ᠋ᠠᠨ ᠨᠢᠭᠡᠨ ᠬᠥᠯᠭᠡ ᠰᠢᠲᠠᠷ᠎ᠠ》 ᠵᠢᠨ ᠶᠡᠷᠦᠩᠬᠡᠶ ᠪᠣᠳᠣᠯᠬᠢᠯᠠᠯ ᠳᠣᠣᠷ᠎ᠠ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢ ᠰᠠᠶ᠋ᠢᠲᠤᠷ ᠲᠥᠯᠥᠪᠯᠡᠵᠦ᠂ ᠰᠠᠶ᠋ᠢᠲᠤᠷ ᠲᠣᠭᠲᠠᠭ᠋ᠠᠵᠤ᠂ ᠰᠠᠶ᠋ᠢᠲᠤᠷ ᠬᠡᠷᠡᠭᠵᠢᠭᠦᠯᠵᠦ᠂ ᠠᠤᠭ᠎ᠠ ᠲᠥᠰᠦᠪ᠎ᠢ ᠠᠯᠬᠤᠮ ᠠᠯᠬᠤᠮ ᠵᠶ᠋ᠠᠷ ᠰᠠᠢ᠍ᠢ᠍ᠨ ᠰᠠᠶ᠋ᠢᠬᠠᠨ ᠪᠣᠳᠠᠲᠤ ᠠᠬᠤᠶ ᠪᠣᠯᠭ᠋ᠠᠨ ᠬᠤᠪᠢᠷᠠᠭᠤᠯᠬᠤ ᠬᠡᠷᠡᠭᠲᠡᠶ᠃
      ᠲᠠᠪᠤ᠎ᠳᠤ 2021 ᠣᠨ᠎ᠤ ᠤᠰᠤᠨ ᠠᠰᠢᠭᠯᠠᠯᠲᠠ ᠵᠢᠨ   ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠬᠢᠬᠦ ᠬᠠᠷᠠᠯᠲᠠ ᠡᠭᠦᠷᠭᠡ ᠵᠢ ᠲᠣᠳᠣᠷᠬᠠᠶ ᠳᠤᠷᠠᠳᠤᠨ ᠭᠠᠷᠭ᠋ᠠᠪᠠ᠃ 2021 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢ ᠬᠡᠷᠡᠭᠵᠢᠭᠦᠯᠵᠦ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ᠎ᠢ ᠡᠬᠢᠯᠡᠭᠦᠯᠬᠦ ᠠᠩᠬᠠᠨ᠎ᠤ ᠵᠢᠯ ᠪᠣᠯᠤᠨ᠎ᠠ᠂ ᠮᠥᠨᠴᠦ ᠮᠠᠨ᠎ᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠪᠣᠯᠤᠨ᠎ᠠ᠂ 2021 ᠣᠨ᠎ᠤ ᠤᠰᠤᠨ ᠠᠰᠢᠭᠯᠠᠯᠲᠠ ᠵᠢᠨ ᠠᠵᠢᠯ᠎ᠢ ᠰᠠᠶ᠋ᠢᠲᠤᠷ ᠬᠢᠬᠦ᠎ᠨᠢ ᠣᠨᠴᠠᠭ᠋ᠠᠢ ᠴᠢᠬᠤᠯᠠ ᠠᠴᠢ ᠬᠣᠯᠪᠣᠭᠳᠠᠯ᠎ᠲᠠᠢ ᠶᠤᠮ᠃   ᠧ ᠵᠢᠩ ᠫᠢᠩ ᠰᠠᠢ᠌ᠳ᠎ᠤᠨ ᠶᠠᠷᠢᠶ᠎ᠠ᠎ᠨᠢ ᠰᠠᠢ᠌ᠨ ᠡᠬᠢᠯᠡᠯᠲᠡ   ᠵᠢ ᠡᠬᠢᠯᠡᠨ᠂   ᠠᠩᠬᠠᠨ᠎ᠤ   ᠠᠯᠬᠤᠮ᠎ᠢ ᠰᠠᠢ᠌ᠳᠣᠷ ᠠᠯᠬᠤᠬᠤ ᠵᠢᠨ ᠲᠤᠭᠤᠷᠢᠨ᠎ᠳᠤ ᠪᠦᠬᠦ ᠵᠢᠯ᠎ᠤᠨ ᠤᠰᠤᠨ ᠠᠰᠢᠭᠯᠠᠯᠲᠠ ᠵᠢᠨ ᠠᠵᠢᠯ᠎ᠳᠤ ᠨᠠᠷᠢᠨ ᠨᠢᠭᠲᠠ ᠪᠠᠶ᠋ᠢᠷᠢᠯᠠᠭᠤᠯᠤᠯᠲᠠ ᠬᠢᠵᠦ᠂ ᠪᠦᠬᠦ ᠵᠢᠯ᠎ᠤᠨ ᠠᠵᠢᠯ᠎ᠤᠨ ᠶᠡᠷᠦᠩᠬᠡᠢ ᠬᠠᠷᠠᠯᠲᠠ᠂ ᠶᠡᠷᠦᠩᠬᠡᠢ ᠱᠠᠭ᠋ᠠᠷᠳᠠᠯᠭ᠎ᠠ ᠵᠢ ᠲᠣᠳᠣᠷᠬᠠᠶ᠋ᠢᠯᠠᠭᠰᠠᠨ ᠵᠶ᠋ᠠᠷ ᠪᠠᠷᠠᠬᠤ ᠦᠭᠡᠢ ᠪᠠᠰᠠ ᠪᠣᠳᠠᠲᠠᠢ ᠠᠵᠢᠯ᠎ᠤᠨ   ᠡᠷᠬᠡᠪᠰᠢ ᠭᠦᠢ᠍ᠴᠡᠳᠬᠡᠬᠦ ᠲᠣᠭ᠎ᠠ᠂   ᠡᠷᠬᠡᠪᠰᠢ ᠭᠦᠢ᠍ᠴᠡᠳᠬᠡᠬᠦ ᠡᠭᠦᠷᠭᠡ ᠵᠢ ᠳᠤᠷᠠᠳᠴᠤ᠂ ᠮᠠᠰᠢ ᠴᠢᠩᠭ᠎ᠠ ᠵᠢᠯᠣᠭᠣᠳᠬᠤ ᠴᠢᠨᠠᠷ᠂ ᠬᠠᠨᠳᠤᠯᠭ᠋ᠠᠲᠤ ᠴᠢᠨᠠᠷ ᠪᠠ ᠬᠡᠷᠡᠭᠵᠢᠭᠦᠯᠵᠦ ᠪᠣᠯᠬᠤᠶ᠋ᠢᠴᠠ ᠴᠢᠨᠠᠷ᠎ᠲᠠᠢ ᠪᠣᠯᠵᠠᠢ᠃   ᠡᠳᠡᠭᠡᠷ ᠠᠵᠢᠯ᠎ᠤᠨ ᠪᠠᠶ᠋ᠢᠷᠢᠯᠠᠭᠤᠯᠤᠯᠲᠠ᠎ᠨᠢ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠰᠢᠪᠲᠤᠯᠤᠯᠲᠠ ᠵᠢᠨ ᠴᠡᠭ ᠪᠣᠯᠤᠨ ᠬᠦᠴᠦᠯᠡᠴᠡ ᠵᠢᠨ ᠴᠡᠭ᠎ᠢ ᠣᠨᠣᠪᠴᠢᠲᠠᠢ ᠣᠯᠵᠤ᠂ ᠤᠰᠤᠨ ᠠᠰᠢᠭᠯᠠᠯᠲᠠ ᠵᠢᠨ ᠰᠠᠭᠤᠷᠢ ᠵᠢ ᠪᠡᠬᠢᠵᠢᠭᠦᠯᠬᠦ᠂ ᠭᠣᠣᠯᠳᠠᠯᠭ᠎ᠠ᠎ᠲᠠᠢ ᠰᠢᠪᠲᠤᠯᠤᠯᠲᠠ ᠵᠢ ᠠᠬᠢᠭᠤᠯᠬᠤ᠂ ᠬᠥᠭᠵᠢᠯᠲᠡ ᠵᠢᠨ ᠬᠠᠨᠳᠤᠰᠢ ᠵᠢ ᠬᠤᠷᠠᠮᠳᠤᠭᠤᠯᠬᠤ᠎ᠳᠤ ᠴᠢᠬᠤᠯᠠ ᠦᠢ᠍ᠯᠡᠳᠦᠯ᠎ᠲᠠᠢ   ᠪᠠᠢ᠌ᠵᠤ ᠡᠷᠬᠡᠪᠰᠢ ᠬᠤᠷᠠᠯ᠎ᠤᠨ ᠪᠠᠶ᠋ᠢᠷᠢᠯᠠᠭᠤᠯᠤᠯᠲᠠ ᠲᠤᠬᠢᠷᠠᠭᠤᠯᠤᠯᠳᠠ ᠵᠢ ᠴᠢᠩᠭ᠎ᠠ ᠵᠢᠷᠤᠮᠯᠠᠨ᠂ ᠨᠢᠭᠡ ᠯᠡ ᠠᠮᠢᠰᠬᠤᠭ᠎ᠠ᠎ᠪᠠᠷ ᠠᠬᠢᠭᠤᠯᠵᠤ᠂ ᠨᠠᠶ᠋ᠢᠳᠠᠪᠤᠷᠢᠵᠢᠭᠤᠯᠤᠯᠲᠠ ᠵᠢ ᠲᠡᠷᠡ ᠶᠣᠰᠣᠭ᠋ᠠᠷ᠎ᠨᠢ ᠰᠠᠶ᠋ᠢᠲᠤᠷ ᠠᠳᠬᠤᠬᠤ ᠬᠡᠷᠡᠭᠲᠡᠢ ᠭᠡᠵᠦ ᠤᠯᠠᠨ ᠵᠶ᠋ᠠᠷ ᠵᠶ᠋ᠠᠨ ᠨᠡᠶ᠋ᠢᠳᠡᠮ ᠦᠵᠡᠵᠦ ᠪᠤᠢ᠃
      ᠵᠢᠷᠭᠤᠭ᠎ᠠ᠎ᠳᠤ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠬᠤ ᠦᠵᠡᠯ ᠰᠠᠨᠠᠭ᠋ᠠᠨ᠎ᠤ ᠬᠠᠮᠲᠤ ᠵᠢᠨ ᠲᠠᠨᠢᠯᠲᠠ ᠵᠢ ᠤᠯᠠᠮ ᠨᠢᠭᠡ ᠠᠯᠬᠤᠮ ᠨᠢᠭᠲᠠᠷᠠᠭᠤᠯᠪᠠ᠃ ᠧ ᠵᠢᠩ ᠫᠢᠩ ᠰᠠᠢ᠌ᠳ ᠶᠠᠷᠢᠶᠠᠨ᠎ᠳᠠᠭᠠᠨ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠦᠷ᠎ᠡ ᠪᠦᠲᠦᠮᠵᠢ ᠵᠢ ᠲᠤᠰᠬᠠᠢ ᠳ᠋ᠦᠩᠨᠡᠨ᠂ ᠨᠠᠮ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠡᠯ᠎ᠡ ᠵᠦᠢ᠍ᠯ᠎ᠤᠨ ᠠᠵᠢᠯ᠎ᠢ ᠪᠠᠶ᠋ᠢᠷᠢᠯᠠᠭᠤᠯᠵᠤ᠂ ᠪᠦᠬᠦ ᠠᠵᠢᠯ ᠲᠦᠷᠦᠯ᠎ᠤᠨ᠎ᠬᠢᠨ᠎ᠤ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠬᠤ ᠦᠵᠡᠯ ᠰᠠᠨᠠᠭ᠋ᠠᠨ᠎ᠤ ᠤᠬᠠᠮᠰᠠᠷ᠂ ᠤᠯᠤᠰ ᠲᠦᠷᠦ ᠵᠢᠨ ᠤᠬᠠᠮᠰᠠᠷ᠂ ᠠᠵᠢᠯᠯᠠᠭ᠋ᠠᠨ᠎ᠤ ᠤᠬᠠᠮᠰᠠᠷ᠎ᠢ ᠤᠯᠠᠮ ᠨᠢᠭᠡ ᠠᠯᠬᠤᠮ ᠪᠠᠲᠤᠳᠬᠠᠪᠠ᠃ ᠤᠯᠠᠨ ᠵᠶ᠋ᠠᠷ ᠵᠶ᠋ᠠᠨ᠂   ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠬᠤ ᠪᠣᠯ ᠤᠯᠤᠰ ᠪᠣᠯᠤᠨ ᠦᠨᠳᠦᠰᠦᠲᠡᠨ᠎ᠤ ᠬᠥᠭᠵᠢᠨ ᠮᠠᠨᠳᠤᠬᠤ ᠵᠢᠨ ᠦᠨᠳᠦᠰᠦᠨ ᠵᠦᠢ᠍ᠯ ᠮᠥᠨ᠂ ᠪᠠᠰᠠ ᠴᠤ᠌ ᠤᠰᠤᠨ ᠠᠰᠢᠭᠯᠠᠯᠲᠠ ᠵᠢᠨ ᠦᠢ᠍ᠯᠡᠰ᠎ᠤᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢᠨ ᠦᠨᠳᠦᠰᠦᠨ ᠵᠦᠢ᠍ᠯ ᠮᠥᠨ ᠭᠡᠵᠦ ᠨᠡᠶ᠋ᠢᠳᠡᠮ ᠦᠵᠡᠵᠦ ᠪᠤᠢ᠃ ᠡᠷᠬᠡᠪᠰᠢ ᠲᠤᠭ ᠲᠡᠮᠳᠡᠭ ᠲᠣᠳᠣᠷᠬᠠᠢ᠎ᠪᠠᠷ ᠨᠠᠮ᠎ᠤᠨ ᠤᠰᠤᠨ ᠠᠰᠢᠭᠯᠠᠯᠲᠠ ᠵᠢᠨ ᠠᠵᠢᠯ᠎ᠳᠠᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ᠂ ᠨᠠᠮ᠎ᠢ ᠬᠠᠮᠢᠶᠠᠷᠴᠤ ᠨᠠᠮ᠎ᠢ ᠵᠠᠰᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠡᠷᠡᠰ ᠨᠠᠶ᠋ᠢᠳᠠᠪᠤᠷᠢᠵᠢᠭᠤᠯᠵᠤ᠂ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠪᠣᠳᠠᠲᠠᠢ ᠨᠠᠷᠢᠯᠢᠭ ᠰᠠᠶ᠋ᠢᠲᠤᠷ ᠠᠳᠬᠤᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠪᠦᠲᠦᠭᠡᠯᠴᠢ ᠬᠦᠴᠦᠨ᠂ ᠨᠢᠭᠲᠠᠷᠠᠯ᠎ᠤᠨ ᠬᠦᠴᠦᠨ᠂ ᠳᠠᠢ᠍ᠢ᠍ᠴᠢᠨ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠤᠨ᠂ ᠴᠢᠨᠠᠷ ᠰᠠᠶ᠋ᠢᠲᠠᠢ ᠨᠠᠮ᠎ᠤᠨ ᠪᠠᠶ᠋ᠢᠭᠤᠯᠤᠯᠲᠠ᠎ᠪᠠᠷ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠬᠦᠳᠦᠯᠦᠨ ᠳᠠᠭ᠋ᠠᠭᠤᠯᠬᠤ ᠪᠠ ᠪᠠᠲᠤᠯᠠᠬᠤ ᠬᠡᠷᠡᠭᠲᠡᠢ᠃
ᠬᠤᠷᠠᠯ᠎ᠤᠨ ᠶᠠᠷᠢᠯᠴᠠᠭ᠋ᠠᠨ᠎ᠤ ᠳᠤᠮᠳᠠ ᠤᠯᠠᠨ ᠵᠶ᠋ᠠᠷ ᠵᠶ᠋ᠠᠨ ᠮᠠᠰᠢ ᠤᠯᠠᠨ ᠪᠦᠲᠦᠭᠡᠯᠴᠢ ᠴᠢᠨᠠᠷ᠎ᠲᠠᠢ ᠰᠠᠨᠠᠯ ᠰᠠᠨᠠᠭᠤᠯᠭ᠎ᠠ ᠳᠤᠷᠠᠳᠪᠠ᠃ ᠬᠤᠷᠠᠯ᠎ᠤᠨ ᠲᠠᠷᠠᠭ᠎ᠠ᠂ ᠠᠯᠪᠠᠨ ᠲᠢᠩᠬᠢᠮ ᠲᠥᠯᠥᠭᠡᠯᠡᠭᠴᠢᠳ᠎ᠤᠨ ᠰᠠᠨᠠᠯ ᠰᠠᠨᠠᠭᠤᠯᠭ᠎ᠠ ᠵᠢ ᠡᠮᠬᠢᠯᠡᠨ ᠬᠤᠷᠢᠶᠠᠩᠭᠤᠶ᠋ᠢᠯᠠᠬᠤ ᠠᠵᠢᠯ᠎ᠢ ᠰᠠᠶ᠋ᠢᠲᠤᠷ ᠬᠢᠵᠦ᠂ ᠬᠣᠯᠪᠣᠭᠳᠠᠯ ᠪᠦᠬᠦᠢ ᠵᠤᠷᠭ᠋ᠠᠨ ᠲᠣᠪᠴᠢᠶ᠎ᠠ ᠵᠢᠨ ᠨᠢᠭᠡᠴᠡ ᠵᠢ ᠵᠣᠬᠢᠶᠠᠨ ᠪᠠᠶ᠋ᠢᠭᠤᠯᠤᠨ ᠨᠠᠷᠢᠨ ᠬᠢᠨᠠᠮᠠᠭ᠋ᠠᠶ ᠵᠠᠳᠠᠯᠤᠨ ᠰᠤᠳᠤᠯᠵᠤ᠂ ᠭᠦᠢ᠍ᠴᠡᠳ ᠰᠢᠩᠭᠡᠭᠡᠨ ᠠᠪᠴᠤ᠂ ᠬᠣᠯᠪᠣᠭᠳᠠᠯ ᠪᠦᠬᠦᠢ ᠠᠵᠢᠯ᠎ᠤᠨ ᠳᠤᠮᠳᠠ᠎ᠪᠠᠨ ᠨᠠᠶ᠋ᠢᠳᠠᠪᠤᠷᠢᠵᠢᠭᠤᠯᠬᠤ ᠬᠡᠷᠡᠭᠲᠡᠶ᠃
    ᠬᠣᠶᠠᠷ᠂ ᠬᠤᠷᠠᠯ᠎ᠤᠨ ᠵᠣᠷᠢᠭ ᠰᠠᠨᠠᠭ᠎ᠠ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠲᠤᠬᠠᠶ
      ᠲᠤᠰ ᠤᠳᠠᠭ᠋ᠠᠨ᠎ᠤ ᠬᠤᠷᠠᠯ᠎ᠠᠴᠠ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ᠎ᠳᠤ ᠰᠢᠰᠲ᠋ᠧᠮ᠎ᠲᠠᠢ ᠠᠷᠭ᠎ᠠ ᠪᠤᠳᠤᠯᠭ᠎ᠠ ᠳᠤᠬᠢᠷᠠᠭᠤᠯᠤᠯᠲᠠ ᠬᠢᠵᠡᠢ᠃ ᠬᠤᠷᠠᠯ᠎ᠤᠨ ᠳᠠᠷᠠᠭ᠎ᠠ᠂ ᠣᠯᠠᠨ ᠵᠶ᠋ᠠᠷ ᠵᠶ᠋ᠠᠨ ᠠᠯᠢ ᠲᠦᠷᠭᠡᠨ ᠵᠶ᠋ᠠᠷ ᠬᠤᠷᠠᠯ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠢᠯᠠᠩᠭᠤᠶ᠎ᠠ ᠯᠢ ᠺᠸ ᠴᠢᠶᠠᠩ ᠶᠡᠷᠦᠩᠬᠡᠢ ᠰᠠᠶ᠋ᠢᠳ᠎ᠤᠨ ᠴᠢᠬᠤᠯᠠ ᠴᠣᠬᠣᠯᠠᠪᠤᠷᠢ ᠪᠣᠯᠤᠨ   ᠧ ᠵᠢᠩ ᠫᠢᠩ ᠰᠠᠶ᠋ᠢᠳ᠎ᠤᠨ ᠶᠠᠷᠢᠶ᠎ᠠ ᠵᠢ ᠨᠠᠮ᠎ᠤᠨ   ᠬᠤᠷᠢᠶ᠎ᠠ᠂ ᠵᠠᠰᠠᠭ᠎ᠤᠨ ᠣᠷᠳᠣᠨ᠎ᠳᠤ ᠬᠠᠷᠢᠭᠤ ᠮᠡᠳᠡᠭᠦᠯᠵᠦ᠂ ᠥᠷᠭᠡᠨ ᠤᠯᠠᠨ ᠤᠰᠤᠨ ᠠᠰᠢᠭᠯᠠᠯᠲᠠ ᠵᠢᠨ ᠺᠠᠳ᠋ᠷ ᠠᠵᠢᠯᠳᠠᠨ᠎ᠢ ᠵᠣᠬᠢᠶᠠᠨ ᠪᠠᠶ᠋ᠢᠭᠤᠯᠤᠨ ᠨᠠᠷᠢᠨ ᠬᠢᠨᠠᠮᠠᠭ᠋ᠠᠢ ᠰᠤᠷᠤᠯᠴᠠᠨ ᠣᠶ᠋ᠢᠯᠠᠭ᠋ᠠᠭᠤᠯᠵᠤ᠂ 《ᠠᠷᠪᠠᠨ ᠵᠢᠷᠭᠤᠭ᠋ᠠᠨ ᠦᠰᠦᠭ》᠎ᠤᠨ ᠤᠰᠤ ᠵᠢ ᠵᠠᠰᠠᠬᠤ ᠰᠡᠳᠬᠢᠴᠡ ᠵᠢ ᠪᠠᠷᠢᠮᠲᠠᠯᠠᠵᠤ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠢ ᠬᠦᠭ ᠠᠶᠠᠰ᠎ᠢ ᠭᠦᠨᠵᠡᠭᠡᠢ ᠦᠢ᠍ᠯᠡᠳᠦᠯᠭᠡᠵᠢᠭᠦᠯᠵᠦ᠂ ᠦᠵᠡᠯ ᠰᠠᠨᠠᠭ᠎ᠠ ᠪᠣᠯᠤᠨ ᠦᠢ᠍ᠯᠡ ᠠᠵᠢᠯᠯᠠᠭ᠎ᠠ᠎ᠪᠠᠨ ᠬᠤᠷᠠᠯ᠎ᠤᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠳᠡᠭᠡᠷ᠎ᠡ   ᠨᠢᠭᠡᠳᠬᠡᠨ᠂ ᠪᠣᠳᠠᠲᠠᠢ᠎ᠲᠠᠢ ᠤᠶᠠᠯᠳᠤᠭᠤᠯᠤᠨ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠵᠢ ᠰᠠᠶ᠋ᠢᠲᠤᠷ   ᠠᠳᠬᠤᠬᠤ ᠬᠡᠷᠡᠭᠲᠡᠢ᠃ ᠡ᠊ᠨᠳᠡ ᠪᠢ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠲᠤᠬᠠᠶ ᠬᠡᠳᠦᠨ ᠰᠠᠨᠠᠯ ᠵᠶ᠋ᠠᠨ   ᠶᠠᠷᠢᠶ᠎ᠠ᠃
      ᠨᠢᠭᠡ᠎ᠳᠤ ᠶᠡᠬᠡ ᠲᠠᠯ᠎ᠠ ᠵᠢᠨ ᠤᠬᠠᠮᠰᠠᠷ᠎ᠢ ᠪᠤᠢ ᠪᠣᠯᠭ᠋ᠠᠵᠤ᠂ ᠣᠰᠣᠨ ᠠᠰᠢᠭᠯᠠᠯᠲᠠ ᠵᠢᠨ ᠠᠵᠢᠯ᠎ᠤᠨ ᠪᠠᠶ᠋ᠢᠷᠢ ᠲᠣᠭᠲᠠᠭ᠋ᠠᠬᠤ ᠬᠠᠷᠠᠯᠲᠠ ᠵᠢ ᠣᠨᠣᠪᠴᠢᠲᠠᠶ ᠡᠵᠡᠮᠳᠡᠬᠦ ᠬᠡᠷᠡᠭᠲᠡᠢ᠃ ᠪᠦᠬᠦ ᠲᠠᠯ᠎ᠠ ᠵᠢ   ᠠᠵᠢᠭᠯᠠᠵᠤ᠂ ᠶᠡᠬᠡ ᠬᠠᠨᠳᠤᠰᠢ ᠵᠢ ᠲᠣᠳᠣᠷᠬᠠᠢ ᠮᠡᠳᠡᠮᠡᠨᠵᠢᠨ ᠰᠠᠶᠢ ᠶᠡᠬᠡ ᠶᠠᠪᠤᠳᠠᠯ᠎ᠢ ᠪᠦᠲᠦᠭᠡᠵᠦ᠂ ᠶᠡᠬᠡ ᠦᠢ᠍ᠯᠡᠰ᠎ᠢ ᠪᠦᠲᠦᠭᠡᠵᠦ ᠴᠢᠳᠠᠨ᠎ᠠ᠃ ᠣᠳᠣᠬᠠᠨ᠎ᠳᠤ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠶᠡᠬᠡ ᠪᠠᠶ᠋ᠢᠳᠠᠯ᠎ᠳᠤ ᠶᠠᠭ ᠭᠦᠨᠵᠡᠭᠡᠶ ᠬᠤᠪᠢᠷᠠᠯᠲᠠ ᠭᠠᠷᠴᠤ ᠪᠠᠶ᠋ᠢᠨ᠎ᠠ᠃ ᠬᠤᠷᠠᠯ᠎ᠤᠨ ᠵᠣᠷᠢᠭ ᠰᠠᠨᠠᠭ᠎ᠠ ᠵᠢ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠬᠤ᠎ᠳᠤ᠂ ᠡᠷᠬᠡᠪᠰᠢ ᠲᠥᠪ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠵᠤ᠂ ᠨᠡᠪᠳᠡᠷᠡᠳᠡᠯ᠎ᠠ   ᠤᠢ᠌ᠯᠠᠭ᠋ᠠᠨ᠂ ᠲᠥᠪ᠎ᠤᠨ ᠵᠣᠷᠢᠭ ᠰᠠᠨᠠᠭ᠎ᠠ᠎ᠪᠠᠷ ᠪᠠᠶ᠋ᠢᠳᠠᠯ᠎ᠢ ᠵᠠᠳᠠᠯᠬᠤ᠂ ᠠᠵᠢᠯ ᠵᠶ᠋ᠠᠨ ᠠᠬᠢᠭᠤᠯᠬᠤ ᠵᠢ ᠪᠠᠷᠢᠮᠲᠠᠯᠠᠵᠤ᠂ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ᠎ᠲᠠᠢ ᠢᠮᠠᠭᠲᠠ ᠳᠡᠭᠡᠳᠦ   ᠬᠡᠮᠵᠢᠶ᠎ᠡ᠎ᠪᠠᠷ ᠨᠢᠭᠡᠳᠦᠯᠲᠡᠢ ᠪᠠᠶ᠋ᠢᠵᠤ᠂ ᠶᠡᠬᠡ ᠲᠠᠯ᠎ᠠ ᠵᠢ ᠵᠥᠪ ᠲᠠᠨᠢᠵᠤ᠂ ᠶᠡᠬᠡ ᠲᠠᠯ᠎ᠠ ᠵᠢ ᠡᠷᠡᠰ   ᠬᠠᠮᠠᠭ᠋ᠠᠯᠠᠨ᠂ ᠤᠬᠠᠮᠰᠠᠷ᠎ᠠᠴᠠ᠎ᠪᠠᠨ ᠶᠡᠬᠡ ᠲᠠᠯ᠎ᠠ ᠵᠢ ᠲᠠᠭ᠋ᠠᠬᠤ ᠵᠢ ᠪᠡᠶᠡᠯᠡᠭᠦᠯᠬᠦ ᠬᠡᠷᠡᠭᠲᠡᠢ; ᠡᠷᠬᠡᠪᠰᠢ 《ᠤᠯᠤᠰ᠎ᠤᠨ   ᠶᠡᠬᠡ ᠲᠠᠯ᠎ᠠ》 ᠵᠢᠨ ᠲᠤᠬᠠᠢ ᠳᠣᠲᠣᠷ᠎ᠠ᠎ᠪᠠᠨ ᠲᠣᠭ᠎ᠠ᠎ᠲᠠᠢ ᠪᠠᠶ᠋ᠢᠵᠤ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠨ᠂ ᠰᠢᠨ᠎ᠡ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠪᠠᠲᠤ ᠪᠤᠢ ᠪᠣᠯᠭ᠋ᠠᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠦᠢ᠍ᠯᠡᠴᠢᠯᠡᠵᠦ᠂ ᠤᠰᠤᠨ ᠠᠰᠢᠭᠯᠠᠯᠲᠠ ᠵᠢᠨ ᠠᠵᠢᠯ᠎ᠢ ᠨᠠᠮ ᠪᠣᠯᠤᠨ ᠤᠯᠤᠰ᠎ᠤᠨ ᠦᠢ᠍ᠯᠡᠰ᠎ᠤᠨ ᠲᠤᠮᠤ ᠰᠢᠲᠠᠷ᠎ᠠ ᠵᠢᠨ ᠬᠥᠯᠭᠡ ᠳᠡᠭᠡᠷ᠎ᠡ ᠠᠭᠤᠰᠤᠯᠴᠠᠭᠤᠯᠵᠤ᠂ ᠣᠷᠣᠨ ᠪᠠᠶ᠋ᠢᠷᠢ᠎ᠪᠠᠨ ᠣᠨᠣᠪᠴᠢᠲᠠᠢ   ᠰᠣᠩᠭᠤᠨ᠂ ᠬᠠᠷᠠᠯᠲᠠ᠎ᠪᠠᠨ       ᠣᠨᠢᠯᠠᠵᠤ᠂ ᠨᠢᠭᠡ   ᠲᠠᠯ᠎ᠠ᠎ᠳᠤ ᠦᠩᠭᠡ ᠭᠡᠷᠡᠯ ᠨᠡᠮᠡᠷᠢᠯᠡᠬᠦ᠎ᠪᠠᠷ ᠪᠠᠷᠠᠬᠤ ᠦᠭᠡᠢ ᠪᠦᠬᠦ ᠲᠠᠯ᠎ᠠ᠎ᠳᠤ ᠦᠩᠭᠡ ᠭᠡᠷᠡᠯ ᠨᠡᠮᠡᠷᠢᠯᠡᠬᠦ ᠵᠢ ᠪᠡᠶᠡᠯᠡᠭᠦᠯᠬᠦ ᠬᠡᠷᠡᠭᠲᠡᠢ᠃
      ᠬᠣᠶᠠᠷ᠎ᠲᠤ ᠰᠢᠰᠲ᠋ᠧᠮ᠎ᠤᠨ ᠦᠵᠡᠯᠲᠡ᠎ᠪᠠᠨ ᠴᠢᠩᠭ᠋ᠠᠳᠬᠠᠨ᠂ ᠣᠰᠣᠨ ᠠᠰᠢᠭᠯᠠᠯᠲᠠ ᠵᠢᠨ ᠦᠢ᠍ᠯᠡᠰ᠎ᠤᠨ ᠬᠦᠢ᠍ᠭᠵᠢᠯᠲᠠ ᠵᠢᠨ ᠪᠠᠶ᠋ᠢᠷᠢᠰᠢᠯ᠎ᠢ ᠨᠢᠭᠡᠳᠦᠯᠲᠡᠶ ᠲᠥᠯᠥᠪᠯᠡᠨ ᠰᠦᠪᠡᠭᠴᠢᠯᠡᠬᠦ ᠬᠡᠷᠡᠭᠲᠡᠢ᠃ ᠰᠢᠨ᠎ᠡ ᠬᠥᠭᠵᠢᠯᠲᠡ ᠵᠢᠨ ᠱᠠᠲᠤᠨ᠎ᠳᠤ ᠤᠷᠤᠭᠰᠠᠨ᠎ᠤ ᠲᠠᠷᠠᠭ᠎ᠠ᠂ ᠤᠰᠤᠨ ᠠᠰᠢᠭᠯᠠᠯᠲᠠ ᠵᠢᠨ ᠠᠵᠢᠯ᠎ᠤᠨ ᠦᠢ᠍ᠯᠡᠳᠦᠯᠭᠡ ᠤᠯᠠᠮ ᠪᠠᠶᠠᠯᠢᠭᠵᠢᠵᠤ᠂ ᠬᠣᠯᠪᠣᠭᠳᠠᠯ ᠪᠦᠬᠦᠢ ᠬᠦᠷᠢᠶ᠎ᠡ ᠬᠡᠪᠴᠢᠶ᠎ᠡ᠎ᠯᠦᠭᠡ ᠵᠢᠨ ᠬᠠᠷᠢᠯᠴᠠᠭ᠎ᠠ ᠤᠯᠠᠮ ᠨᠢᠭᠲᠠᠷᠠᠵᠤ᠂ ᠨᠥᠯᠥᠭᠡ᠎ᠨᠢ ᠴᠦ᠍   ᠤᠯᠠᠮ ᠥᠷᠭᠡᠨ ᠳᠡᠯᠭᠡᠷ ᠪᠥᠭᠡᠳ ᠠᠯᠤᠰ ᠬᠡᠳᠤ ᠵᠢᠨ ᠪᠤᠯᠵᠤ ᠪᠠᠶ᠋ᠢᠨ᠎ᠠ᠃ ᠬᠤᠷᠠᠯ᠎ᠤᠨ ᠵᠣᠷᠢᠭ ᠰᠠᠨᠠᠭ᠎ᠠ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠬᠤ᠎ᠳᠤ ᠡᠷᠬᠡᠪᠰᠢ ᠰᠢᠰᠲ᠋ᠧᠮᠲᠦ ᠦᠵᠡᠯᠲᠡ ᠵᠢ ᠪᠠᠲᠤ ᠪᠤᠢ ᠪᠣᠯᠭ᠋ᠠᠵᠤ᠂ ᠪᠠᠷᠠᠭ᠋ᠠᠯᠬᠢᠯᠠᠯ᠎ᠤᠨ ᠴᠢᠨᠠᠷᠲᠠᠢ ᠪᠣᠳᠣᠯᠬᠢᠯᠠᠯ᠂ ᠪᠦᠬᠦ ᠲᠠᠯ᠎ᠠ ᠵᠢᠨ ᠴᠢᠨᠠᠷᠲᠠᠢ ᠲᠥᠯᠥᠪᠵᠢᠭᠦᠯᠭᠡ᠂ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠢ ᠪᠠᠶ᠋ᠢᠷᠢᠰᠢᠭᠤᠯᠤᠯᠲᠠ᠂ ᠪᠦᠬᠦᠯᠢ ᠴᠣᠭᠴᠠ ᠵᠢᠨ ᠴᠢᠨᠠᠷᠲᠠᠢ ᠠᠬᠢᠭᠤᠯᠤᠯᠲᠠ ᠵᠢ ᠴᠢᠩᠭ᠋ᠠᠳᠬᠠᠬᠤ ᠬᠡᠷᠡᠭᠲᠡᠢ᠃ ᠡᠯᠧᠮᠧᠨ᠋ᠲ ᠪᠣᠯᠤᠨ ᠡᠯᠧᠮᠧᠨ᠋ᠲ᠎ᠤᠨ ᠬᠠᠷᠢᠴᠠᠭ᠎ᠠ ᠵᠢ ᠰᠠᠶ᠋ᠢᠲᠤᠷ ᠰᠢᠢ᠍ᠳᠪᠦᠷᠢᠯᠡᠵᠦ᠂ ᠤᠰᠤ ᠪᠣᠯᠤᠨ ᠠᠮᠢ ᠠᠬᠤᠢ ᠵᠢᠨ ᠰᠢᠰᠲ᠋ᠧᠮ᠂ ᠠᠵᠤ ᠠᠬᠤᠢ ᠵᠢᠨ ᠰᠢᠰᠲ᠋ᠧᠮ᠎ᠤᠨ ᠪᠤᠰᠤᠳ ᠡᠯᠧᠮᠧᠨ᠋ᠲ᠎ᠤᠨ ᠬᠠᠷᠢᠯᠴᠠᠨ   ᠠᠪᠴᠠᠯᠳᠣᠬᠤ᠂ ᠨᠥᠯᠥᠭᠡᠯᠡᠬᠦ ᠵᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠤᠰᠤᠨ᠎ᠤ ᠠᠮᠤᠷ ᠲᠦᠪᠰᠢᠨ ᠤᠰᠤᠨ᠎ᠤ ᠡᠬᠢ ᠪᠠᠶᠠᠯᠢᠭ ᠤᠰᠤᠨ᠎ᠤ ᠠᠮᠢ ᠠᠬᠤᠢ ᠤᠰᠤᠨ᠎ᠤ ᠣᠷᠴᠢᠨ ᠲᠣᠭᠣᠷᠢᠨ᠎ᠤ ᠠᠰᠠᠭᠤᠳᠠᠯ᠎ᠳᠤ ᠶᠡᠷᠦᠩᠬᠡᠶ᠋ᠢᠯᠡᠭᠰᠡᠨ ᠠᠷᠭ᠎ᠠ ᠪᠤᠳᠤᠯᠭ᠎ᠠ ᠵᠢ ᠬᠡᠷᠡᠭᠵᠢᠭᠦᠯᠵᠦ᠂ ᠭᠠᠭᠴᠠ ᠲᠠᠯ᠎ᠠ᠎ᠪᠠᠷ ᠭᠠᠪᠰᠢᠭ᠋ᠠᠶ᠋ᠢᠯᠠᠨ ᠤᠷᠤᠭᠰᠢᠯᠠᠵᠤ ᠪᠠᠶ᠋ᠢᠭᠰᠠᠨ᠎ᠠᠴᠠ   ᠰᠢᠰᠲᠸᠮᠳᠦ ᠵᠠᠰᠠᠯᠲᠠ ᠲᠡᠰᠢ ᠬᠤᠪᠢᠷᠠᠭᠤᠯᠬᠤ ᠬᠡᠷᠡᠭᠲᠡᠢ᠃ ᠬᠡᠰᠡᠭ ᠲᠠᠯ᠎ᠠ ᠬᠢᠭᠡᠳ ᠪᠦᠬᠦᠯᠢ ᠴᠣᠭᠴᠠ ᠵᠢᠨ ᠬᠠᠷᠢᠴᠠᠭ᠎ᠠ ᠵᠢ ᠰᠠᠶ᠋ᠢᠲᠤᠷ   ᠰᠢᠢ᠍ᠳᠪᠦᠷᠢᠯᠡᠨ᠂ ᠰᠠᠪᠠ ᠭᠠᠵᠠᠷ᠎ᠤᠨ ᠣᠷᠣᠨ ᠪᠦᠰᠡ ᠵᠢᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠤᠯᠤᠰ᠎ᠤᠨ ᠤᠰᠤᠨ ᠠᠰᠢᠭᠯᠠᠯᠲᠠ ᠵᠢᠨ ᠲᠣᠣᠷ ᠭᠡᠬᠦ ᠡᠨᠡ ᠬᠦ᠌ ᠶᠡᠷᠦᠩᠬᠡᠶ ᠪᠣᠷᠣ ᠲᠥᠯᠥᠪ᠎ᠤᠨ ᠳᠣᠣᠷ᠎ᠠ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠲᠠ ᠵᠢ ᠨᠠᠷᠢᠯᠢᠭ ᠣᠨᠣᠴᠠᠲᠠᠶ᠎ᠪᠠᠷ ᠪᠠᠶ᠋ᠢᠷᠢᠰᠢᠭᠤᠯᠵᠤ᠂ ᠳᠡᠭᠡᠳᠦ ᠲᠤᠤᠷᠠᠳᠤ ᠱᠠᠳᠤ᠎ᠪᠠᠷ ᠵᠶ᠋ᠠᠨ ᠬᠣᠯᠪᠣᠭ᠋ᠠᠯᠠᠨ ᠬᠥᠳᠡᠯᠦᠯᠴᠡᠭᠰᠡᠨ ᠬᠢᠨᠠᠨ ᠬᠠᠮᠢᠶᠠᠷᠬᠤ ᠰᠢᠰᠲ᠋ᠧᠮ᠎ᠳᠤ ᠤᠰᠤᠨ ᠠᠰᠢᠭᠯᠠᠯᠲᠠ ᠵᠢᠨ ᠠᠵᠢᠯ ᠲᠦᠷᠦᠯ᠎ᠤᠨ ᠬᠢᠨᠠᠯᠲᠠ ᠬᠠᠮᠢᠶᠠᠷᠤᠯᠲᠠ ᠵᠢ ᠭᠦᠨᠵᠡᠭᠡᠶ᠋ᠢᠷᠡᠭᠦᠯᠦᠨ ᠠᠬᠢᠭᠤᠯᠬᠤ ᠬᠡᠷᠡᠭᠲᠡᠶ᠃ ᠣᠳᠣᠬᠠᠨ᠎ᠤ ᠪᠠ ᠠᠯᠤᠰ ᠬᠡᠳᠤ ᠵᠢᠨ ᠬᠠᠷᠢᠴᠠᠭ᠎ᠠ ᠵᠢ ᠰᠠᠶ᠋ᠢᠲᠤᠷ   ᠰᠢᠢ᠍ᠳᠪᠦᠷᠢᠯᠡᠵᠦ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠬᠠᠷᠠᠯᠲᠠ ᠵᠢ   ᠲᠤᠭᠳᠠᠭ᠋ᠠᠨ᠂ ᠠᠳᠠᠯᠢ ᠪᠤᠰᠤ ᠱᠠᠲᠤᠨ᠎ᠤ ᠭᠣᠣᠯ ᠡᠭᠦᠷᠭᠡ ᠵᠢ ᠵᠦᠢ ᠵᠣᠬᠢᠰᠲᠠᠶ ᠲᠣᠭᠲᠠᠭ᠋ᠠᠵᠤ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠎ᠠ ᠪᠠ ᠨᠡᠩ ᠤᠷᠳᠤ ᠬᠤᠭᠤᠴᠠᠭ᠋ᠠᠨ᠎ᠤ ᠤᠰᠤᠨ ᠠᠰᠢᠭᠯᠠᠯᠲᠠ ᠵᠢᠨ ᠠᠵᠢᠯ᠎ᠢ ᠦᠷᠭᠦᠯᠵᠢᠯᠡᠨ ᠲᠦᠯᠬᠢᠨ ᠠᠬᠢᠭᠤᠯᠬᠤ ᠬᠡᠷᠡᠭᠲᠡᠶ᠃
      ᠭᠤᠷᠪᠠ᠎ᠳᠤ᠂ ᠬᠣᠷᠢᠭ᠎ᠠ ᠱᠤᠭᠤᠮ᠎ᠤᠨ ᠰᠡᠳᠬᠢᠬᠦᠢ ᠵᠢ ᠪᠠᠷᠢᠮᠲᠠᠯᠠᠵᠤ᠂ ᠤᠰᠤᠨ ᠠᠰᠢᠭᠯᠠᠯᠲᠠ ᠵᠢᠨ ᠬᠥᠭᠵᠢᠯᠲᠡ ᠵᠢᠨ ᠠᠮᠤᠷ ᠲᠦᠪᠰᠢᠨ᠎ᠤ ᠬᠠᠯᠬᠠᠪᠴᠢ ᠵᠢ ᠦᠨᠡᠨᠬᠦ ᠪᠡᠬᠢᠵᠢᠭᠦᠯᠬᠦ ᠬᠡᠷᠡᠭᠲᠡᠢ᠃ ᠤᠰᠤᠨ᠎ᠤ ᠠᠮᠤᠷ ᠲᠦᠪᠰᠢᠨ᠎ᠨᠢ ᠤᠯᠤᠰ᠎ᠤᠨ ᠠᠵᠤ ᠠᠬᠤᠶ ᠵᠢᠨ ᠠᠮᠤᠷ ᠲᠦᠪᠰᠢᠨ᠂ ᠡᠬᠢ ᠪᠠᠶᠠᠯᠢᠭ᠎ᠤᠨ ᠠᠮᠤᠷ ᠲᠦᠪᠰᠢᠨ᠂ ᠠᠮᠢ ᠠᠬᠤᠶ ᠵᠢᠨ ᠠᠮᠤᠷ ᠲᠦᠪᠰᠢᠨ ᠪᠠ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ᠎ᠳᠤ ᠬᠣᠯᠪᠣᠭᠳᠠᠵᠤ ᠪᠠᠶ᠋ᠢᠳᠠᠭ᠃ ᠣᠳᠣᠬᠠᠨ᠎ᠳᠤ᠂ ᠤᠰᠤᠨ ᠠᠰᠢᠭᠯᠠᠯᠲᠠ ᠵᠢᠨ ᠬᠥᠭᠵᠢᠯᠲᠡ ᠵᠢᠨ ᠪᠠᠶ᠋ᠢᠳᠠᠯ ᠲᠠᠰᠤᠷᠠᠯᠲᠠ ᠥᠬᠡᠶ ᠰᠠᠶ᠋ᠢᠵᠢᠷᠠᠵᠤ᠂ ᠤᠰᠤᠨ᠎ᠤ ᠠᠮᠤᠷ ᠲᠦᠪᠰᠢᠨ᠎ᠤ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠴᠢᠳᠠᠪᠤᠷᠢ ᠦᠷᠭᠦᠯᠵᠢᠯᠡᠨ ᠴᠢᠩᠭ᠋ᠠᠷᠠᠵᠤ ᠪᠠᠶ᠋ᠢᠨ᠎ᠠ᠂ ᠭᠡᠪᠡᠴᠦ ᠥᠩᠭᠡᠷᠡᠭᠰᠡᠨ᠎ᠤ ᠣᠷᠳᠣ ᠬᠤᠭᠤᠴᠠᠭ᠋ᠠᠨ᠎ᠳᠤ ᠬᠤᠷᠠᠮᠳᠤᠭᠰᠠᠨ ᠵᠥᠷᠢᠴᠡᠯ ᠪᠠ ᠲᠦᠭᠰᠢᠭᠦᠷᠢ ᠵᠢ ᠣᠬᠣᠷᠬᠠᠨ ᠬᠤᠭᠤᠴᠠᠭ᠋ᠠᠨ᠎ᠳᠤ   ᠰᠢᠢ᠍ᠳᠪᠦᠷᠢᠯᠡᠵᠦ ᠴᠢᠳᠠᠬᠤ ᠥᠬᠡᠶ᠂   ᠦᠢ᠍ᠯᠡᠳᠦᠯᠭᠡ᠎ᠶᠢᠨ ᠬᠤᠪᠢᠷᠠᠯᠲᠠ᠎ᠠᠴᠠ ᠪᠣᠯᠤᠭᠰᠠᠨ ᠰᠢᠨ᠎ᠡ ᠪᠠᠶ᠋ᠢᠳᠠᠯ ᠪᠠᠰᠠ ᠲᠠᠰᠤᠷᠠᠯᠲᠠ ᠥᠬᠡᠶ ᠢᠯᠡᠷᠡᠨ ᠭᠠᠷᠬᠤ ᠵᠢ ᠴᠤ᠌ ᠣᠯᠵᠤ ᠬᠠᠷᠠᠬᠤ ᠬᠡᠷᠡᠭᠲᠡᠶ᠃ ᠡᠷᠬᠡᠪᠰᠢ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠂ ᠬᠣᠷᠢᠭ᠎ᠠ ᠱᠤᠭᠤᠮ᠎ᠤᠨ ᠰᠡᠳᠬᠢᠬᠦᠢ ᠵᠢ ᠪᠠᠲᠤ ᠪᠤᠢ ᠪᠣᠯᠭ᠋ᠠᠵᠤ᠂ ᠰᠠᠨᠠᠭ᠋ᠠᠰᠢᠷᠠᠨ ᠵᠣᠪᠠᠨᠢᠬᠤ ᠤᠬᠠᠮᠰᠠᠷ᠂ ᠠᠶᠤᠯ ᠲᠦᠭᠰᠢᠭᠦᠷᠢ ᠵᠢᠨ ᠤᠬᠠᠮᠰᠠᠷ ᠵᠶ᠋ᠠᠨ ᠦᠨᠡᠨᠬᠦ ᠴᠢᠩᠭ᠋ᠠᠳᠬᠠᠵᠤ᠂ ᠤᠰᠤᠨ ᠠᠰᠢᠭᠯᠠᠯᠲᠠ ᠵᠢᠨ ᠬᠦᠷᠢᠶᠡᠨ᠎ᠳᠠᠬᠢ 《ᠬᠠᠷ᠎ᠠ ᠬᠤᠨ ᠭᠠᠯᠠᠭᠤ》 ᠪᠣᠯᠤᠨ 《ᠪᠣᠷᠣ ᠬᠡᠷᠢᠰ》᠎ᠤᠨ ᠬᠡᠷᠡᠭ᠎ᠢ ᠰᠡᠷᠡᠮᠵᠢᠯᠡᠵᠦ᠂ ᠠᠶᠤᠯ ᠲᠦᠭᠰᠢᠭᠦᠷᠢ ᠬᠠᠮᠢᠭ᠎ᠠ       ᠪᠠᠶ᠋ᠢᠬᠤ᠂ ᠢᠯᠡᠷᠡᠬᠦ ᠬᠡᠯᠪᠡᠷᠢ᠎ᠨᠢ ᠶᠠᠭᠤ ᠪᠣᠯᠬᠤ᠂ ᠬᠥᠭᠵᠢᠯᠲᠡ ᠵᠢᠨ ᠬᠠᠨᠳᠤᠰᠢ᠎ᠨᠢ ᠶᠠᠮᠠᠷ ᠪᠣᠯᠬᠤ ᠵᠢ ᠮᠡᠳᠡᠵᠦ᠂ ᠳᠠᠯᠳᠠ ᠠᠶᠤᠯ ᠲᠦᠭᠰᠢᠭᠦᠷᠢ ᠵᠢᠨ ᠲᠤᠬᠠᠢ ᠳᠣᠲᠣᠷ᠎ᠠ᠎ᠪᠠᠨ ᠲᠣᠭ᠎ᠠ᠎ᠲᠠᠢ ᠪᠠᠶ᠋ᠢᠬᠤ ᠬᠡᠷᠡᠭᠲᠡᠢ᠃   ᠬᠡᠷᠡᠭ  ᠎ᠤᠨ ᠰᠡᠭᠦᠯᠴᠢ ᠵᠢᠨ ᠰᠢᠢ᠍ᠳᠪᠦᠷᠢᠯᠡᠬᠦ ᠵᠢ ᠬᠡᠷᠡᠭ᠎ᠤᠨ ᠡᠮᠦᠨ᠎ᠡ ᠤᠷᠢᠳᠴᠢᠯᠠᠨ ᠰᠡᠷᠭᠡᠶ᠋ᠢᠯᠡᠬᠦ ᠳᠠᠰᠢ ᠬᠤᠪᠢᠷᠠᠭᠤᠯᠬᠤ ᠵᠢ ᠴᠢᠬᠤᠯᠠᠴᠢᠯᠠᠨ᠂ ᠬᠣᠬᠢᠷᠠᠯ᠎ᠢ ᠪᠠᠭ᠋ᠠᠰᠬᠠᠬᠤ᠎ᠠᠴᠠ ᠲᠦᠭᠰᠢᠭᠦᠷᠢ ᠵᠢ ᠪᠠᠭ᠋ᠠᠰᠬᠠᠬᠤ ᠳᠠᠰᠢ ᠬᠤᠪᠢᠷᠠᠭᠤᠯᠵᠤ᠂ ᠰᠡᠷᠭᠡᠶ᠋ᠢᠯᠡᠬᠦ᠎ᠪᠠᠷ ᠭᠣᠤᠯ ᠪᠣᠯᠭ᠋ᠠᠨ᠂ ᠰᠡᠷᠭᠡᠶ᠋ᠢᠯᠡᠬᠦ ᠪᠠ ᠡᠵᠡᠮᠳᠡᠬᠦ ᠵᠢ ᠤᠶᠠᠯᠳᠤᠭᠤᠯᠤᠨ᠂ ᠬᠦᠴᠢᠷᠳᠡᠯ᠎ᠲᠠᠢ ᠪᠠᠶ᠋ᠢᠳᠠᠯ᠎ᠢ ᠠᠷᠭ᠋ᠠᠴᠠᠬᠤ ᠪᠡᠯᠡᠳᠬᠡᠯ᠎ᠢ ᠤᠷᠢᠳᠴᠢᠯᠠᠨ ᠰᠠᠶ᠋ᠢᠲᠤᠷ ᠬᠢᠵᠦ᠂ ᠤᠰᠤᠨ᠎ᠤ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠶ᠃
      ᠲᠦᠷᠪᠡ᠎ᠳᠤ᠂ ᠪᠣᠳᠠᠲᠠᠢ᠎ᠪᠠᠷ ᠠᠵᠢᠯᠯᠠᠬᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠬᠦᠴᠢᠷ ᠪᠡᠷᠬᠡᠰᠢᠶᠡᠯ᠎ᠢ ᠢᠯᠠᠨ ᠳᠠᠪᠠᠵᠤ ᠡᠷᠡᠯᠬᠡᠭᠯᠡᠨ ᠤᠷᠤᠭᠰᠢᠯᠠᠬᠤ ᠬᠦᠴᠦᠷᠬᠡᠭ ᠶᠡᠬᠡ ᠬᠦᠴᠦᠨ᠎ᠢ ᠬᠦᠴᠦᠯᠡᠨ ᠬᠥᠭᠵᠢᠭᠡᠬᠦ ᠬᠡᠷᠡᠭᠲᠡᠢ᠃ ᠪᠣᠳᠠᠲᠠᠶ ᠠᠵᠢᠯᠯᠠᠪᠠᠯ ᠰᠠᠶᠢ ᠪᠣᠳᠠᠲᠠᠶ ᠠᠮᠵᠢᠯᠲᠠ ᠪᠦᠲᠦᠮᠵᠢ ᠭᠠᠷᠭ᠋ᠠᠵᠤ ᠴᠢᠳᠠᠨ᠎ᠠ᠃   ᠧ ᠵᠢᠩ ᠫᠢᠩ ᠰᠠᠶ᠋ᠢᠳ᠎ᠤᠨ ᠶᠠᠷᠢᠶ᠎ᠠ᠎ᠨᠢ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠱᠠᠳᠤᠴᠢ ᠴᠢᠨᠠᠷᠲᠠᠢ ᠣᠨᠴᠠᠯᠢᠭ᠎ᠢ ᠪᠠᠲᠤ ᠡᠵᠡᠮᠳᠡᠵᠦ᠂ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠤᠰᠤᠨ ᠠᠰᠢᠭᠯᠠᠯᠲᠠ ᠵᠢᠨ ᠠᠵᠢᠯ᠎ᠢ ᠰᠠᠶ᠋ᠢᠲᠤᠷ ᠬᠢᠬᠦ᠎ᠳᠤ ᠵᠠᠮ ᠱᠤᠭᠤᠮ᠎ᠤᠨ ᠵᠢᠷᠤᠭ ᠪᠣᠯᠤᠨ ᠴᠠᠭ᠎ᠤᠨ ᠬᠦᠰᠦᠨᠦᠭᠲᠦ ᠵᠢ ᠲᠣᠭᠲᠠᠭ᠋ᠠᠵᠠᠢ᠃ ᠬᠤᠷᠠᠯ᠎ᠤᠨ ᠵᠣᠷᠢᠭ ᠰᠠᠨᠠᠭ᠎ᠠ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠬᠡᠯᠪᠡᠷᠢᠴᠢ ᠦᠵᠡᠯ ᠨᠣᠶᠠᠨᠴᠢ ᠰᠤᠷᠲᠠᠯ᠎ᠢ ᠡᠷᠡᠰ ᠡᠰᠡᠷᠭᠦᠴᠡᠨ᠂ 《ᠪᠣᠳᠠᠲᠠᠢ》 ᠪᠠᠶ᠋ᠢᠬᠤ ᠵᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠵᠤ᠂ ᠬᠤᠷᠠᠯ᠎ᠠᠴᠠ ᠲᠣᠭᠲᠠᠭ᠋ᠠᠭᠰᠠᠨ ᠬᠠᠷᠠᠯᠲᠠ ᠡᠭᠦᠷᠭᠡ ᠵᠢ ᠪᠣᠳᠠᠲᠠᠢ᠎ᠲᠠᠢ ᠤᠶᠠᠯᠳᠤᠭᠤᠯᠤᠨ ᠨᠢᠭᠡᠳ ᠨᠢᠭᠡ᠎ᠪᠠᠷ ᠨᠠᠷᠢᠯᠢᠬ᠍ᠵᠢᠭᠤᠯᠤᠨ ᠪᠣᠳᠠᠲᠠᠶ᠋ᠢᠵᠢᠭᠤᠯᠵᠤ᠂ ᠠᠵᠢᠯ᠎ᠤᠨ ᠲᠥᠰᠦᠯ ᠲᠣᠭᠲᠠᠭ᠋ᠠᠨ᠂ ᠠᠵᠢᠯ᠎ᠤᠨ ᠡᠬᠡ ᠳᠠᠩᠰᠠ ᠪᠠᠶ᠋ᠢᠭᠤᠯᠵᠤ᠂ ᠡᠭᠦᠷᠭᠡ ᠨᠢᠭᠡᠪᠦᠷᠢ ᠵᠢᠨ ᠬᠠᠷᠢᠭᠤᠴᠠᠯᠭ᠋ᠠᠲᠤ ᠨᠢᠭᠡᠴᠡ᠂ ᠭᠦᠢ᠍ᠴᠡᠳᠬᠡᠬᠦ ᠴᠠᠭ᠎ᠤᠨ ᠬᠢᠵᠠᠭ᠋ᠠᠷ ᠪᠣᠯᠤᠨ ᠶᠠᠰᠤ ᠴᠢᠨᠠᠷ᠎ᠤᠨ ᠱᠠᠭ᠋ᠠᠷᠳᠠᠯᠭ᠎ᠠ ᠵᠢ ᠲᠣᠳᠣᠷᠬᠠᠶ᠋ᠢᠯᠠᠵᠤ᠂ ᠬᠥᠳᠡᠯᠦᠩᠭᠦᠢ᠎ᠪᠠᠷ ᠮᠥᠷᠳᠡᠵᠦ᠂ ᠴᠠᠭ ᠲᠤᠬᠠᠢ᠎ᠳᠤᠨᠢ ᠲᠤᠬᠢᠷᠠᠭᠤᠯᠵᠤ᠂ ᠭᠦᠢ᠍ᠴᠡᠳᠬᠡᠵᠦ ᠳᠠᠭᠤᠰᠬᠠᠭ᠋ᠠᠳ ᠳ᠋ᠤᠭ᠋ᠠᠷ᠎ᠢ᠎ᠨᠢ ᠬᠠᠰᠤᠵᠤ᠂ ᠨᠢᠭᠡᠳ ᠨᠢᠭᠡ᠎ᠪᠠᠷ ᠨᠠᠶ᠋ᠢᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ᠃ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ᠎ᠳᠤ ᠬᠢᠨᠠᠯᠲᠠ ᠲᠠᠯᠪᠢᠵᠤ ᠬᠢᠨᠠᠨ ᠰᠢᠯᠭ᠋ᠠᠬᠤ ᠵᠢ ᠴᠢᠩᠭ᠋ᠠᠳᠬᠠᠨ᠂ ᠮᠥᠷᠳᠡᠨ ᠳᠠᠭ᠋ᠠᠵᠤ ᠦᠷ᠎ᠡ ᠪᠦᠲᠦᠮᠵᠢ ᠵᠢ᠎ᠨᠢ ᠨᠡᠬᠡᠮᠵᠢᠯᠡᠬᠦ ᠵᠢ ᠴᠢᠩᠭ᠋ᠠᠳᠬᠠᠵᠤ᠂ ᠪᠠᠷᠢᠮᠵᠢᠶ᠎ᠠ᠎ᠲᠠᠢ᠂ ᠵᠢᠯᠣᠭᠣᠳᠣᠯᠭ᠎ᠠ᠎ᠲᠠᠢ᠂ ᠪᠠᠶ᠋ᠢᠴᠠᠭ᠋ᠠᠯᠲᠠ᠎ᠲᠠᠢ᠂ ᠬᠠᠷᠢᠭᠤᠴᠠᠯᠭ᠎ᠠ ᠨᠡᠬᠡᠮᠵᠢᠯᠡᠬᠦ ᠵᠢ ᠪᠡᠶᠡᠯᠡᠭᠦᠯᠬᠦ ᠬᠡᠷᠡᠭᠲᠡᠶ᠃ ᠤᠷᠮᠠᠰᠢᠭᠤᠯᠤᠨ ᠬᠠᠮᠠᠭ᠋ᠠᠯᠠᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠵᠣᠷᠢᠭᠲᠠᠢ᠎ᠪᠠᠷ ᠬᠠᠷᠢᠭᠤᠴᠠᠬᠤ ᠺᠠᠳ᠋ᠷ᠎ᠲᠤ ᠬᠠᠷᠢᠭᠤᠴᠠᠵᠤ᠂ ᠵᠣᠷᠢᠭᠲᠠᠢ᠎ᠪᠠᠷ ᠡᠭᠦᠷᠭᠡᠯᠡᠬᠦ ᠺᠠᠳ᠋ᠷ᠎ᠲᠤ ᠡᠭᠦᠷᠭᠡᠯᠡᠵᠦ᠂ ᠺᠠᠳ᠋ᠷ   ᠠᠵᠢᠯᠴᠢᠨ᠎ᠤ ᠠᠵᠢᠯ ᠬᠢᠵᠦ ᠦᠢ᠍ᠯᠡᠰ ᠪᠤᠰᠬᠠᠬᠤ ᠬᠠᠯᠠᠭᠤᠨ ᠰᠡᠳᠬᠢᠯᠭᠡ ᠵᠢ ᠬᠥᠭᠵᠢᠭᠡᠬᠦ ᠬᠡᠷᠡᠭᠲᠡᠢ᠃
      ᠲᠠᠪᠤ᠎ᠳᠤ᠂ ᠨᠠᠮ᠎ᠤᠨ ᠤᠳᠤᠷᠢᠳᠤᠯᠭ᠎ᠠ ᠵᠢ ᠴᠢᠩᠭ᠋ᠠᠳᠬᠠᠵᠤ᠂ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠬᠦᠳᠦᠯᠦᠨ ᠳᠠᠭ᠋ᠠᠭᠤᠯᠬᠤ ᠪᠠᠲᠤᠯᠠᠪᠤᠷᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ᠃ ᠣᠳᠣᠬᠠᠨ᠎ᠳᠤ ᠤᠰᠤᠨ ᠠᠰᠢᠭᠯᠠᠯᠲᠠ ᠵᠢᠨ ᠠᠵᠢᠯ᠎ᠤᠨ ᠡᠭᠦᠷᠭᠡ ᠬᠦᠨᠳᠦ᠂ ᠬᠦᠴᠢᠷᠳᠡᠯ ᠶᠡᠬᠡ ᠪᠠᠶ᠋ᠢᠨ᠎ᠠ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠢ ᠬᠦᠭ ᠠᠶᠠᠰ᠎ᠢ ᠭᠦᠨᠵᠡᠭᠡᠢ ᠦᠢ᠍ᠯᠡᠳᠦᠯᠭᠡᠵᠢᠭᠦᠯᠬᠦ᠎ᠳᠤ ᠡᠷᠬᠡᠪᠰᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂ ᠤᠯᠤᠰ ᠲᠦᠷᠦ ᠵᠢᠨ ᠵᠣᠭᠰᠣᠴᠠ᠎ᠪᠠᠨ   ᠣᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠲᠦᠷᠦ ᠵᠢᠨ ᠡᠭᠦᠷᠭᠡᠯᠡᠯ ᠵᠶ᠋ᠠᠨ ᠴᠢᠩᠭ᠋ᠠᠳᠬᠠᠨ᠂ 《ᠲᠦᠷᠪᠡᠨ ᠤᠬᠠᠮᠰᠠᠷ》᠎ᠢ ᠴᠢᠩᠭ᠋ᠠᠳᠬᠠᠬᠤ᠂ 《ᠲᠦᠷᠪᠡᠨ ᠢᠲᠡᠭᠡᠯ》᠎ᠢ ᠪᠠᠲᠤᠳᠬᠠᠬᠤ᠂ 《ᠬᠣᠶᠠᠷ᠎ᠢ   ᠬᠦᠷᠢᠶᠡᠯᠡᠬᠦ》 ᠲᠠᠯ᠎ᠠ᠎ᠪᠠᠷ   ᠴᠢᠬᠤᠯᠠᠴᠢᠯᠠᠨ ᠦᠷ᠎ᠡ ᠪᠦᠲᠦᠮᠵᠢ ᠣᠯᠵᠤ᠂ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠲᠤᠤᠱᠲᠠᠢ ᠨᠠᠶ᠋ᠢᠳᠠᠪᠤᠷᠢᠵᠢᠭᠤᠯᠬᠤ ᠬᠡᠷᠡᠭᠲᠡᠢ᠃ 《ᠴᠢᠩᠭ᠎ᠠ》 ᠭᠡᠬᠦ ᠭᠣᠣᠯ ᠬᠦᠭ ᠠᠶᠠᠰ᠎ᠢ ᠤᠷᠳᠤ ᠬᠤᠭᠤᠴᠠᠭ᠎ᠠ᠎ᠪᠠᠷ ᠪᠠᠷᠢᠮᠲᠠᠯᠠᠵᠤ᠂ ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠠᠲᠤᠳᠬᠠᠨ᠂ ᠲᠦᠷᠢᠮ᠎ᠤᠨ ᠰᠢᠩᠭᠡᠯᠢᠭ᠎ᠢ   ᠴᠢᠩᠭ᠋ᠠᠯᠠᠵᠤ᠂ ᠰᠤᠷᠲᠠᠯ᠎ᠤᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠤᠨ᠂ ᠨᠠᠮ᠎ᠤᠨ ᠳᠣᠲᠣᠭ᠋ᠠᠳᠤ ᠵᠢᠨ ᠬᠢᠨᠠᠯᠲᠠ ᠵᠢ ᠴᠢᠩᠭ᠋ᠠᠳᠬᠠᠵᠤ᠂ ᠰᠠᠬᠢᠯᠭ᠎ᠠ ᠪᠠᠲᠤ ᠵᠢ ᠬᠡᠷᠡᠭᠵᠢᠭᠦᠯᠵᠦ ᠬᠠᠷᠢᠭᠤᠴᠠᠯᠭ᠎ᠠ ᠨᠡᠬᠡᠮᠵᠢᠯᠡᠬᠦ ᠵᠢ ᠴᠢᠩᠳᠠᠯᠠᠵᠤ᠂ ᠤᠰᠤᠨ ᠠᠰᠢᠭᠯᠠᠯᠲᠠ ᠵᠢᠨ ᠰᠢᠰᠲᠸᠮ᠎ᠤᠨ ᠨᠠᠮ᠎ᠤᠨ ᠤᠳᠤᠷᠢᠳᠤᠯᠭ᠎ᠠ ᠵᠢ ᠪᠦᠬᠦ ᠲᠠᠯ᠎ᠠ᠎ᠪᠠᠷ ᠴᠢᠩᠭ᠋ᠠᠳᠬᠠᠬᠤ᠂ ᠨᠠᠮ᠎ᠤᠨ ᠪᠠᠶ᠋ᠢᠭᠤᠯᠤᠯᠲᠠ ᠵᠢᠨ ᠶᠠᠰᠤ ᠴᠢᠨᠠᠷ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠵᠢ ᠠᠬᠢᠭᠤᠯᠬᠤ ᠬᠡᠷᠡᠭᠲᠡᠢ᠃
  ᠭᠤᠷᠪᠠ᠂ ᠣᠳᠣᠬᠠᠨ᠎ᠳᠤ ᠬᠦᠴᠦᠯᠡᠨ ᠰᠠᠶ᠋ᠢᠲᠤᠷ ᠠᠳᠬᠤᠬᠤ ᠬᠡᠷᠡᠭᠲᠡᠶ ᠠᠵᠢᠯ᠎ᠤᠨ ᠲᠤᠬᠠᠶ
ᠬᠠᠮᠤᠭ ᠰᠡᠬᠦᠯ᠎ᠳᠤᠨᠢ ᠪᠢ   ᠣᠳᠣᠬᠠᠨ᠎ᠤ ᠬᠦᠴᠦᠯᠡᠨ ᠰᠠᠶ᠋ᠢᠲᠤᠷ ᠬᠢᠬᠦ ᠬᠡᠷᠡᠭᠲᠡᠶ ᠬᠡᠳᠦᠨ ᠵᠦᠢ᠍ᠯ᠎ᠤᠨ ᠠᠵᠢᠯ᠎ᠢ ᠲᠠᠬᠢᠨ ᠴᠢᠬᠤᠯᠠᠴᠢᠯᠠᠶ᠎ᠠ᠃
      ᠨᠢᠭᠡ᠎ᠳᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠠᠵᠢᠯ᠎ᠢ ᠥᠴᠦᠬᠡᠨ ᠴᠦ᠍ ᠰᠤᠯᠠᠷᠠᠭᠤᠯᠤᠯ ᠦᠭᠡᠢ ᠰᠠᠶ᠋ᠢᠲᠤᠷ ᠠᠳᠬᠤᠬᠤ ᠬᠡᠷᠡᠭᠲᠡᠶ᠃ ᠣᠶ᠋ᠢᠷ᠎ᠠ ᠵᠢᠨ ᠨᠢᠭᠡ ᠬᠤᠭᠤᠴᠠᠭ᠋ᠠᠨ᠎ᠳᠤ᠂ ᠮᠠᠨ᠎ᠤ ᠤᠯᠤᠰ᠎ᠲᠤ ᠣᠯᠠᠨ ᠭᠠᠵᠠᠷ᠎ᠲᠤ ᠲᠠᠷᠬᠠᠭᠰᠠᠨ ᠪᠠ ᠬᠡᠰᠡᠭ ᠭᠠᠵᠠᠷ᠎ᠲᠤ ᠴᠤᠭᠯᠠᠷᠠᠯ᠎ᠤᠨ ᠴᠢᠨᠠᠷᠲᠠᠶ ᠰᠢᠨ᠎ᠡ ᠳᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠢᠯᠡᠷᠡᠵᠦ᠂ ᠰᠡᠷᠭᠡᠶ᠋ᠢᠯᠡᠨ ᠡᠵᠡᠮᠳᠡᠬᠦ ᠪᠠᠶ᠋ᠢᠳᠠᠯ ᠮᠥᠨ ᠬᠦ᠌ ᠬᠦᠨᠳᠦ ᠬᠡᠴᠡᠭᠦᠤ ᠪᠥᠭᠡᠳ ᠪᠤᠳᠤᠯᠢᠶᠠᠨᠲᠠᠶ ᠪᠠᠶ᠋ᠢᠨ᠎ᠠ᠃ ᠴᠠᠭ᠋ᠠᠨ ᠰᠠᠷ᠎ᠠ ᠪᠣᠯᠬᠤ ᠭᠡᠵᠦ ᠪᠠᠶ᠋ᠢᠭ᠎ᠠ   ᠴᠠᠭ᠎ᠲᠤ᠂ ᠡᠯ᠎ᠡ ᠨᠢᠭᠡᠴᠡ ᠵᠢᠨ᠎ᠬᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠡᠨᠡᠬᠦ ᠬᠥᠪᠴᠢ ᠵᠢ ᠴᠢᠩᠭ᠎ᠠ ᠠᠳᠬᠤᠵᠤ᠂ ᠰᠤᠯᠠᠷᠠᠨ ᠲᠠᠶ᠋ᠢᠪᠤᠰᠢᠷᠠᠬᠤ ᠦᠵᠡᠯ ᠰᠠᠨᠠᠭ᠎ᠠ ᠵᠢ ᠡᠷᠡᠰ   ᠲᠡᠪᠴᠢᠨ᠂ ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠰᠡᠷᠭᠡᠶ᠋ᠢᠯᠡᠨ ᠡᠵᠡᠮᠳᠡᠬᠦ ᠲᠣᠣᠷ᠎ᠢ ᠨᠢᠭᠲᠠ ᠪᠠᠶ᠋ᠢᠭᠤᠯᠵᠤ᠂ ᠬᠠᠷᠢᠶ᠎ᠠ ᠭᠠᠵᠠᠷ᠎ᠤᠨ ᠱᠠᠭ᠋ᠠᠷᠳᠠᠯᠭ᠎ᠠ ᠶᠣᠰᠣᠭ᠋ᠠᠷ ᠪᠠᠶ᠋ᠢᠩᠭᠤ ᠵᠢᠨ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠴᠢᠩᠭ᠎ᠠ ᠨᠠᠶ᠋ᠢᠳᠠᠪᠤᠷᠢᠵᠢᠭᠤᠯᠬᠤ ᠬᠡᠷᠡᠭᠲᠡᠢ᠃ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠬᠥᠳᠡᠭᠡ ᠲᠣᠰᠬᠣᠨ᠎ᠤ ᠤᠰᠤ ᠬᠠᠩᠭ᠋ᠠᠬᠤ᠂ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠠᠮᠤᠷ ᠲᠦᠪᠰᠢᠨ ᠵᠶ᠋ᠠᠷ ᠠᠵᠢᠯᠯᠠᠬᠤ᠂ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠵᠦᠢ᠍ᠯᠡᠰ᠎ᠤᠨ ᠠᠵᠢᠯ᠎ᠢ ᠦᠯᠡᠳᠡᠭᠡᠵᠦ ᠭᠠᠷᠤᠯᠲᠠ ᠵᠢ ᠲᠣᠭᠲᠠᠪᠤᠷᠢᠵᠢᠭᠤᠯᠬᠤ ᠪᠠ ᠠᠵᠢᠯ ᠦᠢ᠍ᠯᠡᠳᠪᠦᠷᠢᠯᠡᠯ᠎ᠢ ᠰᠡᠷᠭᠦᠭᠡᠬᠦ ᠵᠡᠷᠭᠡ ᠠᠵᠢᠯ᠎ᠢ ᠤᠷᠢᠳᠴᠢᠯᠠᠨ ᠰᠠᠶ᠋ᠢᠲᠤᠷ ᠲᠥᠯᠥᠪᠵᠢᠭᠦᠯᠬᠦ ᠬᠡᠷᠡᠭᠲᠡᠶ᠃ ᠠᠵᠢᠯᠲᠠᠨ᠎ᠤ ᠬᠥᠳᠡᠯᠦᠩᠭᠦᠶ ᠬᠠᠮᠢᠶᠠᠷᠤᠯᠲᠠ᠂ ᠡᠷᠡᠭᠦᠯ ᠮᠡᠨᠳᠦ ᠵᠢᠨ ᠪᠠᠶ᠋ᠢᠳᠠᠯ᠎ᠢ ᠵᠢᠭᠰᠠᠭ᠋ᠠᠨ ᠪᠠᠶ᠋ᠢᠴᠠᠭ᠋ᠠᠬᠤ᠂ ᠬᠢᠵᠢᠭ᠎ᠤᠨ ᠪᠠᠶ᠋ᠢᠳᠠᠯ᠎ᠤᠨ ᠮᠡᠳᠡᠭᠡ ᠵᠠᠩᠭᠢ ᠵᠢ ᠮᠡᠳᠡᠭᠦᠯᠬᠦ ᠪᠠ ᠭᠣᠤᠯᠳᠠᠯᠭ᠎ᠠ᠎ᠲᠠᠢ ᠣᠷᠣᠨ ᠪᠦᠰᠡ ᠵᠢ   ᠠᠷᠢᠭᠤᠳᠬᠠᠬᠤ ᠵᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠂ ᠪᠠᠶᠠᠷ ᠳᠤᠷᠠᠰᠬᠠᠯ᠎ᠤᠨ ᠠᠮᠠᠷᠠᠯᠲᠠ ᠵᠢᠨ ᠬᠤᠭᠤᠴᠠᠭ᠋ᠠᠨ᠎ᠳᠠᠬᠢ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠰᠢᠨᠵᠢᠯᠡᠬᠦ ᠤᠬᠠᠭ᠋ᠠᠨᠴᠢ᠎ᠪᠠᠷ       ᠲᠤᠭᠳᠠᠭ᠋ᠠᠨ᠂ ᠭᠡᠨᠡᠳᠲᠡ ᠵᠢᠨ ᠬᠡᠪ᠎ᠤᠨ ᠪᠤᠰᠤ ᠪᠠᠶ᠋ᠢᠳᠠᠯ ᠲᠣᠬᠢᠶᠠᠯᠳᠤᠪᠠᠯ ᠴᠠᠭ ᠲᠤᠬᠠᠶ᠎ᠳᠤᠨᠢ ᠳᠡᠭᠡᠭᠰᠢ ᠮᠡᠳᠡᠭᠦᠯᠬᠦ ᠵᠢᠨ ᠬᠠᠮᠲᠤ ᠲᠣᠬᠢᠲᠠᠶ   ᠰᠢᠢ᠍ᠳᠪᠦᠷᠢᠯᠡᠬᠦ ᠬᠡᠷᠡᠭᠲᠡᠶ᠃
      ᠬᠣᠶᠠᠷ᠎ᠲᠤ ᠰᠦᠩ ᠬᠠᠯᠢᠶ᠎ᠠ ᠵᠢ ᠰᠡᠷᠭᠡᠶ᠋ᠢᠯᠡᠨ ᠭᠠᠩ᠎ᠲᠠᠢ ᠲᠡᠮᠡᠴᠡᠬᠦ ᠠᠵᠢᠯ᠎ᠢ ᠨᠠᠷᠢᠨ ᠨᠢᠮᠪᠠᠶ ᠰᠠᠶ᠋ᠢᠲᠤᠷ ᠬᠢᠬᠦ ᠬᠡᠷᠡᠭᠲᠡᠶ᠃ ᠣᠳᠣᠬᠠᠨ᠎ᠳᠤ ᠬᠠᠲᠤᠨ ᠭᠣᠤᠯ ᠮᠥᠨ ᠬᠦ᠌ ᠬᠥᠯᠳᠡᠵᠦ ᠪᠢᠳᠡᠭᠦᠮᠵᠢᠯᠡᠭᠰᠡᠨ ᠱᠠᠳᠣᠨ᠎ᠳᠤ ᠪᠠᠢ᠌ᠵᠤ  ᠂ ᠮᠠᠨ᠎ᠤ ᠤᠯᠤᠰ᠎ᠤᠨ ᠡᠮᠦᠨᠡᠲᠦ ᠣᠷᠣᠨ᠎ᠤ ᠳᠤᠮᠳᠠ ᠪᠠ ᠵᠡᠭᠦᠨ ᠬᠡᠰᠡᠭ᠂ ᠵᠢᠶᠠᠩᠨᠠᠨ ᠣᠷᠣᠨ᠎ᠤ ᠡᠮᠦᠨᠡᠲᠦ ᠬᠡᠰᠡᠭ᠎ᠲᠤ ᠡᠪᠦᠯ ᠬᠠᠪᠤᠷ ᠵᠠᠯᠭ᠋ᠠᠭ᠎ᠠ᠎ᠪᠠᠷ ᠭᠠᠩᠳᠠᠬᠤ ᠪᠠᠶ᠋ᠢᠳᠠᠯ ᠭᠠᠷᠴᠤ ᠮᠡᠳᠡᠨ᠎ᠡ ᠭᠡᠵᠦ ᠵᠢᠱ᠌ᠢᠵᠦ ᠪᠠᠶ᠋ᠢᠨ᠎ᠠ᠃ ᠬᠣᠯᠪᠣᠭᠳᠠᠯ ᠪᠦᠬᠦᠢ ᠰᠠᠪᠠ ᠭᠠᠵᠠᠷ ᠪᠣᠯᠤᠨ ᠮᠤᠵᠢ ᠣᠷᠣᠨ ᠰᠦᠩ ᠬᠠᠯᠢᠶ᠎ᠠ ᠵᠢ ᠰᠡᠷᠭᠡᠶ᠋ᠢᠯᠡᠬᠦ ᠬᠠᠷᠢᠭᠤᠴᠠᠯᠭ᠎ᠠ᠎ᠪᠠᠨ ᠴᠢᠩᠭ᠎ᠠ ᠨᠠᠶ᠋ᠢᠳᠠᠪᠤᠷᠢᠵᠢᠭᠤᠯᠵᠤ᠂ ᠰᠦᠩ ᠬᠠᠯᠢᠶ᠎ᠠ ᠵᠢᠨ ᠪᠠᠶ᠋ᠢᠳᠠᠯ᠎ᠢ ᠵᠠᠳᠠᠯᠬᠤ ᠪᠠ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠵᠢ ᠴᠢᠩᠭ᠋ᠠᠳᠬᠠᠨ᠂ ᠭᠣᠣᠯᠯᠠᠭᠴᠢ ᠢᠨᠵᠧᠨᠧᠷᠢᠩ᠎ᠢ ᠨᠠᠷᠢᠯᠢᠭ ᠲᠤᠬᠢᠷᠠᠭᠤᠯᠵᠤ᠂ ᠵᠢᠵᠢᠭᠦᠷᠯᠡᠨ ᠰᠠᠬᠢᠵᠤ ᠲᠣᠭᠣᠷᠢᠨ ᠪᠠᠶ᠋ᠢᠴᠠᠭ᠋ᠠᠬᠤ ᠵᠡᠷᠭᠡ ᠰᠦᠩ ᠬᠠᠯᠢᠶ᠎ᠠ ᠵᠢ ᠰᠡᠷᠭᠡᠶ᠋ᠢᠯᠡᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠣᠨᠴᠠᠭ᠋ᠠᠢ ᠴᠠᠭ ᠠᠭᠤᠷ᠎ᠢ ᠠᠷᠭ᠋ᠠᠴᠠᠬᠤ ᠪᠡᠯᠡᠳᠬᠡᠯ᠎ᠢ ᠰᠠᠶ᠋ᠢᠲᠤᠷ ᠬᠢᠵᠦ᠂ ᠰᠦᠩ ᠬᠠᠯᠢᠶ᠎ᠠ ᠵᠢ ᠰᠡᠷᠭᠡᠶ᠋ᠢᠯᠡᠬᠦ ᠠᠮᠤᠷ ᠲᠦᠪᠰᠢᠨ᠎ᠢ ᠪᠠᠲᠤᠯᠠᠬᠤ ᠬᠡᠷᠡᠭᠲᠡᠢ᠃ ᠡᠮᠦᠨᠡᠲᠦ ᠣᠷᠣᠨ᠎ᠤ ᠭᠠᠩ᠎ᠤᠨ ᠪᠠᠶ᠋ᠢᠳᠠᠯ᠎ᠤᠨ ᠬᠥᠭᠵᠢᠯᠲᠡ ᠵᠢᠨ ᠪᠠᠶ᠋ᠢᠳᠠᠯ᠎ᠢ ᠨᠢᠭᠲᠠ ᠮᠥᠷᠳᠡᠵᠦ᠂ ᠣᠲᠣ ᠵᠢᠨ ᠪᠠᠶ᠋ᠢᠭ᠎ᠠ ᠤᠰᠤᠨ᠎ᠤ ᠡᠬᠢ ᠰᠤᠷᠪᠤᠯᠵᠢ ᠵᠢ ᠵᠦᠶ ᠵᠣᠬᠢᠰᠲᠠᠶ ᠳᠣᠭᠢᠷᠠᠭᠤᠯᠤᠨ᠂ ᠭᠠᠩ᠎ᠢ ᠡᠰᠡᠷᠭᠦᠴᠡᠬᠦ ᠡᠯ᠎ᠡ   ᠵᠦᠢ᠍ᠯ᠎ᠤᠨ ᠠᠷᠭ᠎ᠠ ᠬᠡᠮᠵᠢᠶ᠎ᠡ ᠵᠢ   ᠴᠢᠭᠯᠡᠯᠲᠦ ᠴᠢᠨᠠᠷᠲᠠᠶ᠎ᠪᠠᠷ ᠨᠠᠶ᠋ᠢᠳᠠᠪᠤᠷᠢᠵᠢᠭᠤᠯᠵᠤ᠂ ᠬᠣᠲᠠ ᠬᠥᠳᠡᠭᠡ ᠵᠢᠨ ᠤᠰᠤ ᠬᠡᠷᠡᠭᠯᠡᠬᠦ ᠠᠮᠤᠷ ᠲᠦᠪᠰᠢᠨ᠎ᠢ ᠪᠠᠲᠤᠯᠠᠬᠤ ᠬᠡᠷᠡᠭᠲᠡᠶ᠃
      ᠭᠤᠷᠪᠠ᠎ᠳᠤ ᠠᠶᠤᠯᠭᠦᠶ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠬᠤ ᠬᠡᠷᠡᠭᠲᠡᠢ᠃ ᠠᠶᠤᠯᠭᠦᠢ ᠦᠢ᠍ᠯᠡᠳᠪᠦᠷᠢᠯᠡᠯ ᠪᠣᠯ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ᠎ᠲᠠᠢ ᠬᠣᠯᠪᠣᠭᠳᠠᠵᠤ᠂ ᠬᠦᠨᠳᠡᠵᠦ ᠪᠣᠯᠤᠰᠢ ᠦᠭᠡᠢ   ᠬᠤᠷᠢᠭ᠎ᠠ ᠱᠤᠭᠤᠮ ᠮᠥᠨ᠃ ᠣᠳᠣᠬᠠᠨ᠎ᠳᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠶᠤᠯᠭᠦᠶ ᠦᠢ᠍ᠯᠡᠳᠪᠦᠷᠢᠯᠡᠯ᠎ᠤᠨ ᠳᠠᠷᠤᠯᠲᠠ ᠳᠠᠪᠬᠤᠴᠠᠵᠤ᠂ ᠠᠶᠤᠯ ᠲᠦᠭᠰᠢᠭᠦᠷᠢ ᠵᠢᠨ ᠥᠷᠢᠰᠥᠯᠳᠦᠭᠡᠨ ᠨᠡᠮᠡᠭᠳᠡᠵᠦ ᠪᠠᠶ᠋ᠢᠨ᠎ᠠ᠃ ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠳ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠪᠠᠶᠠᠷ  ᠎ᠤᠨ ᠡᠳᠦᠷ᠎ᠠᠴᠠ ᠡᠮᠦᠨᠡᠬᠢ ᠠᠶᠤᠯ ᠥᠭᠡᠢ ᠵᠢᠨ ᠶᠡᠬᠡ ᠪᠠᠶ᠋ᠢᠴᠠᠭ᠋ᠠᠯᠲᠠ ᠵᠢ ᠬᠢᠨᠠᠮᠠᠭ᠋ᠠᠶ ᠥᠷᠨᠢᠭᠦᠯᠦᠨ᠂ ᠭᠣᠣᠯᠳᠠᠯᠭ᠎ᠠ᠎ᠲᠠᠢ ᠬᠦᠷᠢᠶ᠎ᠡ ᠪᠣᠯᠤᠨ ᠵᠠᠩᠭᠢᠯᠠᠭ᠎ᠠ ᠵᠢᠨ ᠭᠣᠭᠴᠣᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠠᠯᠳᠠ ᠭᠡᠮ᠎ᠢ ᠴᠢᠩᠭ᠎ᠠ ᠪᠠᠶ᠋ᠢᠴᠠᠭ᠋ᠠᠵᠤ᠂ ᠲᠦᠭᠰᠢᠭᠦᠷᠢ ᠵᠢ ᠴᠢᠩᠭ᠎ᠠ ᠡᠵᠡᠮᠳᠡᠵᠦ᠂ ᠡᠯ᠎ᠡ ᠵᠦᠢ᠍ᠯ  ᠎ᠤᠨ ᠠᠶᠤᠯ ᠥᠭᠡᠢ ᠵᠢᠨ ᠰᠡᠷᠭᠡᠶ᠋ᠢᠯᠡᠯᠲᠡ ᠵᠢᠨ ᠠᠷᠭ᠎ᠠ ᠬᠡᠮᠵᠢᠶ᠎ᠡ ᠵᠢ ᠥᠴᠦᠬᠡᠨ ᠴᠦ᠍ ᠰᠤᠯᠠᠷᠠᠭᠤᠯᠤᠯ ᠥᠭᠡᠢ᠎ᠪᠠᠷ ᠪᠣᠳᠠᠲᠠᠶ ᠨᠠᠷᠢᠯᠢᠭ ᠠᠳᠬᠤᠨ ᠨᠠᠶ᠋ᠢᠳᠠᠪᠤᠷᠢᠵᠢᠭᠤᠯᠵᠤ᠂ ᠡ᠊ᠨᠳᠡᠯ ᠭᠠᠷᠬᠤ ᠵᠢ ᠡᠷᠡᠰ ᠰᠡᠷᠭᠡᠶ᠋ᠢᠯᠡᠨ᠂ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ  ᠎ᠤᠨ   ᠪᠠᠶ᠋ᠢᠳᠠᠯ  ᠎ᠤᠨ ᠲᠣᠭᠲᠠᠭᠤᠨ ᠪᠠᠶ᠋ᠢᠬᠤ ᠵᠢ ᠪᠠᠲᠤᠯᠠᠬᠤ       ᠬᠡᠷᠡᠭᠲᠡᠶ᠃
      ᠲᠦᠷᠪᠡ᠎ᠳᠤ ᠠᠷᠢᠭᠤᠨ ᠴᠢᠬᠡᠴᠢ᠎ᠪᠠᠷ ᠪᠡᠶ᠎ᠡ᠎ᠪᠠᠨ ᠪᠠᠷᠢᠬᠤ ᠲᠣᠭᠲᠠᠭ᠋ᠠᠯ᠎ᠢ ᠴᠢᠩᠭ᠎ᠠ ᠨᠠᠶ᠋ᠢᠳᠠᠪᠤᠷᠢᠵᠢᠭᠤᠯᠬᠤ ᠬᠡᠷᠡᠭᠲᠡᠶ᠃ ᠪᠠᠶᠠᠷ ᠳᠤᠷᠠᠰᠬᠠᠯ᠎ᠤᠨ ᠠᠮᠠᠷᠠᠯᠲᠠ ᠵᠢᠨ ᠬᠤᠭᠤᠴᠠᠭ᠋ᠠᠨ᠎ᠳᠤ 《ᠳᠥᠷᠪᠡᠨ ᠰᠤᠷᠲᠠᠯ》᠎ᠤᠨ ᠠᠰᠠᠭᠤᠳᠠᠯ ᠠᠮᠠᠷᠬᠠᠨ ᠡᠭᠦᠰᠴᠦ ᠣᠯᠠᠨ ᠡᠭᠦᠰᠳᠡᠭ᠃ ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠳ ᠲᠥᠪ᠎ᠤᠨ   ᠨᠠᠢ᠍ᠮᠠᠨ ᠵᠤᠷᠪᠤᠰ ᠲᠤᠭᠳᠠᠭ᠋ᠠᠯ᠎ᠤᠨ   ᠵᠣᠷᠢᠭ ᠰᠠᠨᠠᠭ᠎ᠠ ᠪᠣᠯᠤᠨ ᠪᠠᠶᠠᠷ ᠳᠤᠷᠠᠰᠬᠠᠯ᠎ᠤᠨ ᠠᠮᠠᠷᠠᠯᠲᠠ ᠵᠢᠨ ᠬᠤᠭᠤᠴᠠᠭ᠋ᠠᠨ᠎ᠳᠠᠬᠢ ᠰᠤᠷᠲᠠᠯ᠎ᠢ ᠲᠥᠪ ᠪᠣᠯᠭ᠋ᠠᠨ ᠰᠠᠬᠢᠯᠭ᠎ᠠ ᠪᠠᠲᠤ ᠵᠢ ᠴᠢᠩᠳᠠᠯᠠᠬᠤ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠡᠯᠳᠡᠪ   ᠵᠦᠢ᠍ᠯ᠎ᠤᠨ ᠨᠡᠷ᠎ᠡ᠎ᠪᠠᠷ ᠵᠣᠭᠣᠰ ᠵᠠᠷᠤᠬᠤ ᠪᠠ   ᠠᠰᠠᠷᠠᠮᠵᠢ᠂ ᠨᠥᠬᠥᠪᠥᠷᠢ᠂ ᠱᠠᠩᠨᠠᠯ᠎ᠤᠨ ᠮᠥᠩᠭᠥ᠂ ᠡᠳ᠋ ᠪᠣᠳᠠᠰ᠎ᠢ ᠳᠤᠷ᠎ᠠ᠎ᠪᠠᠷ ᠵᠶ᠋ᠠᠨ ᠥᠭᠬᠦ ᠵᠢ ᠴᠢᠩᠭ᠎ᠠ ᠴᠠᠭ᠋ᠠᠵᠠᠯᠠᠵᠤ᠂ ᠪᠠᠶᠠᠷ᠎ᠤᠨ ᠡᠳᠦᠷ᠎ᠢ ᠪᠣᠯᠪᠠᠰᠤᠨ ᠵᠶ᠋ᠠᠷ ᠥᠩᠭᠡᠷᠡᠭᠦᠯᠬᠦ᠂ ᠠᠷᠢᠭᠤᠨ ᠴᠢᠬᠡᠴᠢ᠎ᠪᠠᠷ ᠥᠩᠭᠡᠷᠡᠭᠦᠯᠬᠦ ᠵᠢ ᠪᠡᠶᠡᠯᠡᠭᠦᠯᠬᠦ ᠬᠡᠷᠡᠭᠲᠡᠶ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ ᠶᠣᠰᠣᠭ᠋ᠠᠷ ᠰᠤᠷᠪᠤᠯᠵᠢᠯᠠᠨ ᠲᠣᠬᠣᠨᠢᠭᠤᠯᠬᠤ᠂ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠵᠡᠷᠭᠡ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ᠂ ᠤᠯᠠᠨ ᠲᠦᠮᠡᠨ᠎ᠤ ᠵᠠᠬᠢᠳᠠᠯ ᠰᠤᠷᠪᠤᠯᠵᠢᠯᠠᠭ᠎ᠠ ᠵᠢᠨ ᠠᠵᠢᠯ᠎ᠢ ᠰᠠᠶ᠋ᠢᠲᠤᠷ ᠬᠢᠵᠦ᠂ ᠺᠠᠳ᠋ᠷ ᠤᠯᠠᠨ ᠲᠦᠮᠡᠨ᠎ᠤ ᠪᠣᠳᠠᠲᠠᠢ ᠬᠦᠴᠢᠷᠳᠡᠯ᠎ᠢ ᠦᠨᠡᠨᠬᠦ ᠰᠢᠢ᠍ᠳᠪᠦᠷᠢᠯᠡᠨ᠂ ᠤᠯᠠᠨ ᠲᠥᠮᠡᠨ᠎ᠢ ᠪᠠᠶᠠᠷ ᠪᠠᠶᠠᠰᠬᠤᠯᠠᠩ᠎ᠲᠠᠢ᠎ᠪᠠᠷ ᠴᠠᠭ᠋ᠠᠨ ᠰᠠᠷ᠎ᠠ ᠵᠢ ᠥᠩᠭᠡᠷᠡᠭᠦᠯᠬᠦ ᠬᠡᠷᠡᠭᠲᠡᠢ᠃
   
    ᠬᠠᠷᠢᠭᠤᠴᠠᠭᠰᠠᠨ   ᠨᠠᠢ᠌ᠷᠠᠭᠤᠯᠤᠭᠴᠢ᠄   ᠸᠧᠶ ᠶᠦᠩ ᠵᠢᠩ

ᠢᠷᠡᠯᠲᠡ᠄
          
ᠬᠠᠮᠢᠶ᠎ᠡ ᠪᠦᠬᠦᠢ ᠰᠣᠨᠢᠨ
 
            