ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠭᠣᠣᠯ ᠲᠤᠰᠢᠶᠠᠯ ᠬᠠᠷᠢᠭᠤᠴᠠᠯᠭ᠎ᠠ ᠵᠢᠨ ᠳᠣᠲᠣᠭ᠋ᠠᠳᠤ ᠪᠠᠶ᠋ᠢᠭᠤᠯᠤᠮᠵᠢ ᠪᠠ ᠠᠵᠢᠯᠲᠠᠨ᠎ᠤ ᠣᠷᠣᠨ ᠲᠣᠭ᠎ᠠ ᠵᠢᠨ ᠲᠣᠭᠲᠠᠭ᠋ᠠᠯ
ᠨᠢᠭᠡᠳᠦᠭᠡᠷ ᠵᠤᠷᠪᠤᠰ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ᠎ᠠᠴᠠ ᠵᠥᠪᠰᠢᠶᠡᠷᠡᠭᠰᠡᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠲᠥᠰᠦᠯ》 ᠪᠣᠯᠤᠨ ᠥᠪᠡᠷᠲᠡᠭᠡᠨ ᠵᠠᠰᠠᠬᠤ ᠣᠷᠣᠨ᠎ᠠᠴᠠ ᠳᠠᠷᠤᠮᠠᠯᠯᠠᠨ ᠲᠠᠷᠬᠠᠭ᠋ᠠᠭᠰᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠬᠡᠷᠡᠭᠵᠢᠭᠦᠯᠬᠦ ᠰᠠᠨᠠᠯ》᠎ᠢ ᠦᠨᠳᠦᠰᠦᠯᠡᠨ᠂ ᠲᠣᠰ ᠲᠣᠭᠲᠠᠭ᠋ᠠᠯ᠎ᠢ ᠲᠣᠭᠲᠠᠭ᠋ᠠᠪᠠ᠃
ᠬᠣᠶᠠᠳᠤᠭ᠋ᠠᠷ ᠵᠤᠷᠪᠤᠰ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠪᠣᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠦᠷᠢᠯᠳᠦᠬᠦᠨ ᠰᠠᠯᠠᠭ᠎ᠠ ᠮᠥᠴᠢᠷ ᠪᠣᠯᠬᠤ ᠪᠥᠭᠡᠳ ᠵᠢᠩᠬᠢᠨᠢ ᠲᠢᠩᠬᠢᠮ᠎ᠤᠨ ᠲᠡᠰ ᠪᠣᠯᠤᠨ᠎ᠠ᠃
ᠭᠤᠷᠪᠠᠳᠤᠭ᠋ᠠᠷ ᠵᠤᠷᠪᠤᠰ ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠨᠢ ᠤᠰᠤᠨ ᠠᠰᠢᠭᠯᠠᠯᠲᠠ ᠵᠢᠨ ᠠᠵᠢᠯ᠎ᠤᠨ ᠲᠤᠬᠠᠶ ᠨᠠᠮ᠎ᠤᠨ ᠲᠥᠪ ᠬᠤᠷᠢᠶ᠎ᠠ ᠵᠢᠨ ᠴᠢᠭᠯᠡᠯᠲᠡ ᠲᠥᠷᠥ ᠵᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠬᠣᠯᠪᠤᠭᠳᠠᠯ ᠪᠦᠬᠦᠢ ᠰᠢᠢ᠍ᠳᠪᠦᠷᠢᠳᠦ ᠪᠣᠳᠣᠯᠭ᠎ᠠ ᠵᠢᠨ ᠪᠠᠢ᠌ᠷᠢᠯᠠᠭᠤᠯᠤᠯᠳᠠ ᠵᠢ ᠲᠣᠭᠣᠰᠢᠯᠠᠭᠣᠯᠣᠨ ᠨᠠᠢ᠌ᠳᠠᠪᠦᠷᠢᠵᠢᠭᠤᠯᠵᠦ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠭᠡᠬᠦ ᠶᠠᠪᠤᠴᠠ᠎ᠳᠤ ᠤᠰᠤᠨ ᠠᠰᠢᠭᠯᠠᠯᠲᠠ ᠵᠢᠨ ᠠᠵᠢᠯ᠎ᠳᠠᠬᠢ ᠨᠠᠮ᠎ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠨ᠎ᠠ᠃
ᠭᠣᠣᠯ ᠡᠭᠦᠷᠭᠡ ᠬᠠᠷᠢᠭᠤᠴᠠᠯᠭ᠎ᠠ᠄
(ᠨᠢᠭᠡ) ᠤᠰᠤᠨ᠎ᠤ ᠡᠬᠢ ᠪᠠᠶᠠᠯᠢᠭ᠎ᠢ ᠵᠦᠢ ᠵᠣᠬᠢᠰᠲᠠᠶ ᠨᠡᠭᠡᠭᠡᠨ ᠠᠰᠢᠭᠯᠠᠬᠤ ᠵᠢ ᠪᠠᠲᠤᠯᠠᠬᠤ ᠵᠢ ᠬᠠᠷᠢᠭᠤᠴᠠᠨ᠎ᠠ᠃ ᠪᠦᠬᠦ ᠣᠷᠣᠨ᠎ᠤ ᠤᠰᠤᠨ ᠠᠰᠢᠭᠯᠠᠯᠲᠠ ᠵᠢᠨ ᠲᠥᠯᠥᠪᠵᠢᠭᠦᠯᠭᠡ ᠪᠣᠯᠤᠨ ᠲᠥᠷᠥ ᠵᠢᠨ ᠪᠣᠳᠣᠯᠭ᠎ᠠ ᠵᠢ ᠲᠤᠭᠤᠷᠪᠢᠵᠤ᠂ ᠬᠣᠯᠪᠣᠭᠳᠠᠯ ᠪᠦᠬᠦᠢ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠂ ᠳᠦᠷᠢᠮ᠎ᠤᠨ ᠲᠥᠰᠦᠯ᠎ᠢ ᠲᠤᠭᠤᠷᠪᠢᠵᠤ᠂ ᠪᠦᠬᠦ ᠣᠷᠣᠨ᠎ᠤ ᠤᠰᠤᠨ᠎ᠤ ᠡᠬᠢ ᠪᠠᠶᠠᠯᠢᠭ᠎ᠤᠨ ᠲᠥᠯᠥᠪᠵᠢᠭᠦᠯᠭᠡ᠂ ᠴᠢᠬᠤᠯᠠ ᠭᠤᠤᠯ ᠮᠥᠷᠡᠨ ᠨᠠᠭᠤᠷ ᠴᠥᠭᠥᠷᠥᠮ᠎ᠤᠨ ᠰᠠᠪᠠ ᠭᠠᠵᠠᠷ᠎ᠤᠨ ᠶᠡᠷᠦᠩᠬᠡᠶ᠋ᠢᠯᠡᠭᠰᠡᠨ ᠲᠥᠯᠥᠪᠵᠢᠭᠦᠯᠭᠡ᠂ ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ ᠵᠡᠷᠭᠡ ᠴᠢᠬᠤᠯᠠ ᠶᠡᠬᠡ ᠤᠰᠤᠨ ᠠᠰᠢᠭᠯᠠᠯᠲᠠ ᠵᠢᠨ ᠲᠥᠯᠥᠪᠵᠢᠭᠦᠯᠭᠡ ᠵᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠨ᠎ᠠ᠃
(ᠬᠣᠶᠠᠷ) ᠠᠮᠢᠳᠤᠷᠠᠯ᠂ ᠦᠢ᠍ᠯᠡᠳᠪᠦᠷᠢᠯᠡᠯ ᠡᠵᠡᠩᠨᠡᠯᠲᠡ ᠪᠠ ᠠᠮᠢ ᠠᠬᠤᠶ ᠵᠢᠨ ᠣᠷᠴᠢᠨ ᠲᠣᠭᠣᠷᠢᠨ᠎ᠳᠤ ᠬᠡᠷᠡᠭᠯᠡᠬᠦ ᠤᠰᠤ ᠵᠢ ᠨᠢᠭᠡᠳᠦᠯᠲᠡᠶ ᠲᠥᠯᠥᠪᠯᠡᠬᠦ ᠪᠠ ᠪᠠᠲᠤᠯᠠᠬᠤ ᠵᠢ ᠬᠠᠷᠢᠭᠤᠴᠠᠨ᠎ᠠ᠃ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠠᠮᠤᠭ᠎ᠤᠨ ᠴᠢᠩᠭ᠎ᠠ ᠳᠦᠷᠢᠮ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠤᠰᠤᠨ᠎ᠤ ᠡᠬᠢ ᠪᠠᠶᠠᠯᠢᠭ᠎ᠢ ᠨᠢᠭᠡᠳᠦᠯᠲᠡᠶ ᠬᠢᠨᠠᠨ ᠬᠠᠮᠢᠶᠠᠷᠬᠤ ᠵᠢ ᠬᠡᠷᠡᠭᠵᠢᠭᠦᠯᠵᠦ᠂ ᠪᠦᠬᠦ ᠣᠷᠣᠨ᠎ᠤ ᠤᠰᠤᠨ᠎ᠤ ᠤᠷᠲᠤᠪᠲᠤᠷ ᠪᠠ ᠤᠷᠲᠤ ᠬᠤᠭᠤᠴᠠᠭ᠋ᠠᠨ᠎ᠤ ᠬᠠᠩᠭ᠋ᠠᠯᠭ᠎ᠠ ᠬᠡᠷᠡᠭᠴᠡᠭᠡ ᠵᠢᠨ ᠲᠥᠯᠥᠪᠵᠢᠭᠦᠯᠭᠡ᠂ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ᠎ᠢ ᠲᠤᠭᠤᠷᠪᠢᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠣᠷᠣᠨ᠎ᠤ ᠴᠢᠬᠤᠯᠠ ᠰᠠᠪᠠ ᠭᠠᠵᠠᠷ᠂ ᠣᠷᠣᠨ ᠪᠦᠰᠡ ᠵᠢᠴᠢ ᠤᠰᠤ ᠲᠠᠲᠠᠬᠤ ᠴᠢᠬᠤᠯᠠ ᠶᠡᠬᠡ ᠢᠨᠵᠸᠨ᠋ᠸᠷᠢᠩ᠎ᠤᠨ ᠤᠰᠤᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠬᠠᠷᠢᠭᠤᠴᠠᠨ᠎ᠠ᠃ ᠤᠰᠤ ᠠᠪᠬᠤ ᠵᠥᠪᠰᠢᠶᠡᠷᠡᠯ᠂ ᠤᠰᠤᠨ᠎ᠤ ᠡᠬᠢ ᠪᠠᠶᠠᠯᠢᠭ᠎ᠤᠨ ᠨᠤᠲᠠᠯᠠᠯᠲᠠ ᠪᠠ ᠦᠶᠡᠷ᠎ᠢ ᠰᠡᠷᠭᠡᠶ᠋ᠢᠯᠡᠬᠦ ᠨᠤᠲᠠᠯᠠᠯᠲᠠ ᠵᠢᠨ ᠳᠦᠷᠢᠮ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠤᠰᠤᠨ᠎ᠤ ᠡᠬᠢ ᠪᠠᠶᠠᠯᠢᠭ᠎ᠢ ᠲᠥᠯᠥᠪᠦᠷᠢ᠎ᠲᠠᠢ ᠬᠡᠷᠡᠭᠯᠡᠬᠦ ᠠᠵᠢᠯ᠎ᠢ ᠵᠢᠯᠣᠭᠣᠳᠤᠨ ᠥᠷᠨᠢᠭᠦᠯᠦᠨ᠎ᠡ᠃ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠤᠰᠤ ᠬᠠᠩᠭ᠋ᠠᠬᠤ ᠪᠠ ᠰᠤᠮᠤ ᠰᠢᠶᠠᠩ ᠪᠠᠯᠭ᠋ᠠᠰᠤ ᠵᠢᠨ ᠤᠰᠤ ᠬᠠᠩᠭ᠋ᠠᠬᠤ ᠠᠵᠢᠯ᠎ᠢ ᠵᠢᠯᠣᠭᠣᠳᠤᠨ᠎ᠠ᠃
(ᠭᠤᠷᠪᠠ) ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠬᠣᠯᠪᠣᠭᠳᠠᠯ ᠪᠦᠬᠦᠢ ᠳᠦᠷᠢᠮ᠎ᠢ ᠲᠣᠭᠲᠠᠭ᠋ᠠᠯ ᠶᠣᠰᠣᠭ᠋ᠠᠷ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠤᠰᠤᠨ ᠠᠰᠢᠭᠯᠠᠯᠲᠠ ᠵᠢᠨ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠪᠡᠯᠡ ᠣᠷᠣᠭᠤᠯᠤᠯᠲᠠ ᠵᠢ ᠲᠣᠬᠢᠷᠠᠭᠤᠯᠬᠤ ᠰᠠᠨᠠᠭᠤᠯᠭ᠎ᠠ ᠳᠤᠷᠠᠳᠬᠤ ᠵᠢ ᠬᠠᠷᠢᠭᠤᠴᠠᠵᠤ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠴᠢᠨᠠᠷᠲᠠᠶ ᠪᠡᠯᠡ ᠮᠥᠩᠭᠥ ᠵᠢ ᠲᠣᠬᠢᠷᠠᠭᠤᠯᠬᠤ ᠰᠠᠨᠠᠯ᠎ᠢ ᠳᠤᠷᠠᠳᠴᠤ᠂ ᠲᠥᠷᠥᠯ ᠵᠦᠢ᠍ᠯ᠎ᠢ ᠬᠡᠷᠡᠭᠵᠢᠭᠦᠯᠬᠦ᠎ᠳᠠᠬᠢ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ᠃ ᠲᠣᠭᠲᠠᠭ᠋ᠠᠭᠰᠠᠨ ᠡᠷᠬᠡ ᠮᠡᠳᠡᠯ᠎ᠤᠨ ᠶᠣᠰᠣᠭ᠋ᠠᠷ ᠲᠥᠯᠥᠪᠵᠢᠭᠦᠯᠭᠡ ᠵᠢᠨ ᠳᠣᠲᠣᠷᠠᠬᠢ ᠪᠠ ᠣᠨ᠎ᠤ ᠲᠥᠯᠥᠪᠯᠡᠭᠡ ᠵᠢᠨ ᠬᠡᠪᠴᠢᠶᠡᠨ ᠳᠣᠲᠣᠷᠠᠬᠢ ᠲᠥᠷᠥᠯ ᠵᠦᠢ᠍ᠯ᠎ᠢ ᠬᠢᠨᠠᠨ ᠵᠥᠪᠰᠢᠶᠡᠷᠡᠵᠦ᠂ ᠬᠢᠨᠠᠨ ᠵᠥᠪᠰᠢᠶᠡᠷᠡᠬᠦ ᠬᠡᠷᠡᠭᠲᠡᠶ᠃
(ᠳᠥᠷᠪᠡ) ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠬᠤ ᠠᠵᠢᠯ᠎ᠢ ᠵᠢᠯᠣᠭᠣᠳᠤᠨ᠎ᠠ᠃ ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠬᠤ ᠲᠥᠯᠥᠪᠵᠢᠭᠦᠯᠭᠡ ᠵᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠵᠢᠯᠣᠭᠣᠳᠤᠨ ᠬᠡᠷᠡᠭᠵᠢᠭᠦᠯᠦᠨ᠎ᠡ᠃ ᠭᠠᠵᠠᠷ ᠳᠤᠤᠷᠠᠬᠢ ᠤᠰᠤ ᠵᠢ ᠨᠡᠭᠡᠭᠡᠨ ᠠᠰᠢᠭᠯᠠᠬᠤ ᠪᠠ ᠭᠠᠵᠠᠷ ᠳᠤᠤᠷᠠᠬᠢ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠬᠠᠮᠠᠭ᠋ᠠᠯᠠᠯᠲᠠ ᠵᠢ ᠵᠢᠯᠣᠭᠣᠳᠤᠨ᠎ᠠ᠃ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠣᠷᠣᠨ᠎ᠢ ᠶᠡᠷᠦᠩᠬᠡᠶ᠋ᠢᠯᠡᠨ ᠵᠠᠰᠠᠬᠤ ᠵᠢ ᠵᠣᠬᠢᠶᠠᠨ ᠪᠠᠶ᠋ᠢᠭᠤᠯᠤᠨ ᠵᠢᠯᠣᠭᠣᠳᠤᠨ᠎ᠠ᠃
(ᠲᠠᠪᠤ) ᠤᠰᠤ ᠵᠢ ᠠᠷᠪᠢᠯᠠᠨ ᠬᠡᠷᠡᠭᠯᠡᠬᠦ ᠠᠵᠢᠯ᠎ᠢ ᠬᠠᠷᠢᠭᠤᠴᠠᠨ᠎ᠠ᠃ ᠤᠰᠤ ᠵᠢ ᠠᠷᠪᠢᠯᠠᠨ ᠬᠡᠷᠡᠭᠯᠡᠬᠦ ᠲᠥᠷᠥ ᠵᠢᠨ ᠪᠣᠳᠣᠯᠭ᠎ᠠ ᠵᠢ ᠲᠤᠭᠤᠷᠪᠢᠵᠤ᠂ ᠤᠰᠤ ᠵᠢ ᠠᠷᠪᠢᠯᠠᠨ ᠬᠡᠷᠡᠭᠯᠡᠬᠦ ᠲᠥᠯᠥᠪᠵᠢᠭᠦᠯᠭᠡ ᠵᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠣᠯᠪᠣᠭᠳᠠᠯ ᠪᠦᠬᠦᠢ ᠪᠠᠷᠢᠮᠵᠢᠶ᠎ᠠ ᠵᠢ ᠵᠣᠬᠢᠶᠠᠨ ᠪᠠᠶ᠋ᠢᠭᠤᠯᠤᠨ ᠲᠣᠭᠲᠠᠭ᠋ᠠᠨ᠎ᠠ᠃ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠡᠵᠡᠮᠳᠡᠬᠦ ᠵᠡᠷᠭᠡ ᠬᠠᠮᠢᠶᠠᠷᠤᠯᠲᠠ ᠵᠢᠨ ᠳᠦᠷᠢᠮ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠤᠰᠤ ᠠᠷᠪᠢᠯᠠᠬᠤ ᠮᠠᠶᠢᠭ᠎ᠤᠨ ᠨᠡᠶ᠋ᠢᠭᠡᠮ᠎ᠤᠨ ᠪᠠᠶ᠋ᠢᠭᠤᠯᠤᠯᠲᠠ ᠵᠢᠨ ᠠᠵᠢᠯ᠎ᠢ ᠵᠢᠯᠣᠭᠣᠳᠬᠤ ᠪᠠ ᠲᠦᠯᠬᠢᠨ ᠠᠬᠢᠭᠤᠯᠤᠨ᠎ᠠ᠃
(ᠵᠢᠷᠭᠤᠭ᠎ᠠ) ᠤᠰᠤᠨ ᠰᠢᠨᠵᠢᠯᠡᠭᠡᠨ᠎ᠤ ᠠᠵᠢᠯ᠎ᠢ ᠵᠢᠯᠣᠭᠣᠳᠤᠨ᠎ᠠ᠃ ᠤᠰᠤᠨ ᠵᠦᠢ ᠤᠰᠤᠨ᠎ᠤ ᠡᠬᠢ ᠪᠠᠶᠠᠯᠢᠭ᠎ᠢ ᠬᠢᠨᠠᠨ ᠬᠡᠮᠵᠢᠬᠦ᠂ ᠥᠪᠡᠷᠲᠡᠭᠡᠨ ᠵᠠᠰᠠᠬᠤ ᠣᠷᠣᠨ᠎ᠤ ᠤᠰᠤᠨ ᠵᠦᠢ ᠥᠷᠲᠡᠭᠡᠨ᠎ᠤ ᠲᠣᠣᠷ᠎ᠤᠨ ᠪᠦᠲᠦᠭᠡᠨ ᠪᠠᠶ᠋ᠢᠭᠤᠯᠤᠯᠲᠠ ᠪᠣᠯᠤᠨ ᠬᠠᠮᠢᠶᠠᠷᠤᠯᠲᠠ ᠵᠢ ᠬᠠᠷᠢᠭᠤᠴᠠᠵᠤ᠂ ᠪᠤᠰᠤᠳ ᠡᠩ᠎ᠤᠨ ᠤᠰᠤᠨ ᠵᠦᠢ ᠵᠢ ᠬᠡᠮᠵᠢᠬᠦ ᠥᠷᠲᠡᠭᠡ ᠪᠠᠶ᠋ᠢᠭᠤᠯᠬᠤ ᠪᠠ ᠲᠣᠬᠢᠷᠠᠭᠤᠯᠤᠯᠲᠠ ᠬᠢᠬᠦ᠂ ᠲᠤᠰᠬᠠᠶ ᠬᠡᠷᠡᠭᠯᠡᠬᠦ ᠤᠰᠤᠨ ᠵᠦᠢ ᠵᠢ ᠬᠡᠮᠵᠢᠬᠦ ᠥᠷᠲᠡᠭᠡ ᠪᠠᠶ᠋ᠢᠭᠤᠯᠬᠤ ᠪᠠ ᠬᠠᠰᠤᠬᠤ ᠵᠢ ᠬᠢᠨᠠᠨ ᠵᠥᠪᠰᠢᠶᠡᠷᠡᠨ᠎ᠡ᠃ ᠭᠤᠤᠯ ᠮᠥᠷᠡᠨ ᠨᠠᠭᠤᠷ ᠴᠥᠭᠥᠷᠥᠮ ᠪᠣᠯᠤᠨ ᠭᠠᠵᠠᠷ ᠳᠤᠤᠷᠠᠬᠢ ᠤᠰᠤ ᠵᠢ ᠬᠢᠨᠠᠨ ᠬᠡᠮᠵᠢᠬᠦ ᠵᠢ ᠬᠡᠷᠡᠭᠵᠢᠭᠦᠯᠵᠦ᠂ ᠤᠰᠤᠨ ᠰᠢᠨᠵᠢᠯᠡᠭᠡᠨ᠎ᠤ ᠤᠰᠤᠨ᠎ᠤ ᠡᠬᠢ ᠪᠠᠶᠠᠯᠢᠭ᠎ᠤᠨ ᠮᠡᠳᠡᠭᠡ ᠵᠠᠩᠭᠢ᠂ ᠮᠡᠳᠡᠭᠡᠯᠡᠯ᠎ᠤᠨ ᠤᠷᠢᠳᠴᠢᠯᠠᠭᠰᠠᠨ ᠮᠡᠳᠡᠭᠡ ᠪᠣᠯᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠡᠬᠢ ᠪᠠᠶᠠᠯᠢᠭ᠎ᠤᠨ ᠠᠯᠪᠠᠨ ᠮᠡᠳᠡᠭᠡ ᠵᠢ ᠨᠡᠶ᠋ᠢᠲᠡᠯᠡᠨ᠎ᠡ᠃ ᠤᠰᠤᠨ᠎ᠤ ᠡᠬᠢ ᠪᠠᠶᠠᠯᠢᠭ᠂ ᠤᠰᠤᠨ᠎ᠤ ᠡᠨᠧᠷᠭᠢ ᠵᠢᠨ ᠡᠬᠢ ᠪᠠᠶᠠᠯᠢᠭ᠎ᠢ ᠪᠠᠶ᠋ᠢᠴᠠᠭ᠋ᠠᠨ ᠦᠨᠡᠯᠡᠬᠦ ᠪᠠ ᠤᠰᠤᠨ᠎ᠤ ᠡᠬᠢ ᠪᠠᠶᠠᠯᠢᠭ᠎ᠤᠨ ᠳᠠᠭ᠋ᠠᠭ᠋ᠠᠬᠤ ᠴᠢᠳᠠᠪᠤᠷᠢ ᠵᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ᠎ᠢ ᠲᠣᠭᠲᠠᠭ᠋ᠠᠯ ᠶᠣᠰᠣᠭ᠋ᠠᠷ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃
(ᠳᠣᠯᠣᠭ᠎ᠠ) ᠤᠰᠤᠨ ᠠᠰᠢᠭᠯᠠᠯᠲᠠ ᠵᠢᠨ ᠪᠡᠯᠡᠳᠬᠡᠮᠵᠢ᠂ ᠤᠰᠤᠨ ᠣᠷᠣᠨ ᠵᠢᠴᠢ ᠡᠷᠭᠢ ᠵᠢᠨ ᠱᠤᠭᠤᠮ᠎ᠤᠨ ᠬᠠᠮᠢᠶᠠᠷᠤᠯᠲᠠ᠂ ᠬᠠᠮᠠᠭ᠋ᠠᠯᠠᠯᠲᠠ ᠪᠣᠯᠤᠨ ᠶᠡᠷᠦᠩᠬᠡᠶ᠋ᠢᠯᠡᠭᠰᠡᠨ ᠠᠰᠢᠭᠯᠠᠯᠲᠠ ᠵᠢ ᠵᠢᠯᠣᠭᠣᠳᠤᠨ᠎ᠠ᠃ ᠪᠦᠬᠦ ᠣᠷᠣᠨ᠎ᠤ ᠤᠰᠤᠨ ᠠᠰᠢᠭᠯᠠᠯᠲᠠ ᠵᠢᠨ ᠰᠠᠭᠤᠷᠢ ᠪᠡᠯᠡᠳᠬᠡᠮᠵᠢ ᠵᠢᠨ ᠲᠣᠣᠷ ᠰᠦᠯᠵᠢᠶᠡᠨ᠎ᠤ ᠪᠠᠶ᠋ᠢᠭᠤᠯᠤᠯᠲᠠ ᠵᠢ ᠵᠣᠬᠢᠶᠠᠨ ᠪᠠᠶ᠋ᠢᠭᠤᠯᠤᠨ ᠵᠢᠯᠣᠭᠣᠳᠤᠨ᠎ᠠ᠃ ᠪᠦᠬᠦ ᠣᠷᠣᠨ᠎ᠤ ᠴᠢᠬᠤᠯᠠ ᠭᠣᠣᠯ ᠮᠥᠷᠡᠨ᠂ ᠨᠠᠭᠤᠷ ᠴᠥᠭᠥᠷᠥᠮ᠎ᠢ ᠵᠠᠰᠠᠬᠤ᠂ ᠨᠡᠭᠡᠭᠡᠨ ᠬᠥᠭᠵᠢᠭᠦᠯᠬᠦ ᠪᠠ ᠬᠠᠮᠠᠭ᠋ᠠᠯᠠᠬᠤ ᠵᠢ ᠵᠢᠯᠣᠭᠣᠳᠤᠨ᠎ᠠ᠃ ᠪᠦᠬᠦ ᠣᠷᠣᠨ᠎ᠤ ᠭᠣᠣᠯ ᠮᠥᠷᠡᠨ ᠨᠠᠭᠤᠷ ᠴᠥᠭᠥᠷᠥᠮ᠎ᠤᠨ ᠤᠰᠤᠨ᠎ᠤ ᠠᠮᠢ ᠠᠬᠤᠶ ᠵᠢ ᠬᠠᠮᠠᠭ᠋ᠠᠯᠠᠬᠤ ᠪᠠ ᠰᠡᠷᠭᠦᠭᠡᠬᠦ᠂ ᠭᠣᠣᠯ ᠮᠥᠷᠡᠨ ᠨᠠᠭᠤᠷ ᠴᠥᠭᠥᠷᠥᠮ᠎ᠤᠨ ᠠᠮᠢ ᠠᠬᠤᠶ ᠵᠢᠨ ᠤᠷᠤᠰᠬᠠᠯ᠎ᠤᠨ ᠤᠰᠤᠨ᠎ᠤ ᠬᠡᠮᠵᠢᠶ᠎ᠡ ᠵᠢᠨ ᠬᠠᠮᠢᠶᠠᠷᠤᠯᠲᠠ ᠵᠢᠴᠢ ᠭᠣᠣᠯ ᠮᠥᠷᠡᠨ ᠨᠠᠭᠤᠷ ᠴᠥᠭᠥᠷᠥᠮ᠎ᠤᠨ ᠤᠰᠤᠨ ᠰᠢᠰᠲ᠋ᠧᠮ᠎ᠢ ᠬᠣᠯᠪᠣᠨ ᠨᠡᠪᠲᠡᠷᠡᠭᠦᠯᠬᠦ ᠠᠵᠢᠯ᠎ᠢ ᠵᠢᠯᠣᠭᠣᠳᠤᠨ᠎ᠠ᠃
(ᠨᠠᠢ᠍ᠮᠠ) ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠬᠢᠭᠡᠳ ᠠᠵᠢᠯᠯᠠᠭ᠋ᠠᠨ᠎ᠤ ᠬᠠᠮᠢᠶᠠᠷᠤᠯᠲᠠ ᠵᠢ ᠵᠢᠯᠣᠭᠣᠳᠤᠨ ᠬᠢᠨᠠᠯᠲᠠ ᠲᠠᠯᠪᠢᠨ᠎ᠠ᠃ ᠪᠦᠬᠦ ᠣᠷᠣᠨ᠎ᠤ ᠡᠵᠡᠮᠳᠡᠬᠦ ᠴᠢᠨᠠᠷᠲᠠᠶ ᠪᠠ ᠣᠷᠣᠨ ᠪᠦᠰᠡ ᠠᠯᠤᠰᠯᠠᠭᠰᠠᠨ ᠰᠠᠪᠠ ᠭᠠᠵᠠᠷ ᠠᠯᠤᠰᠯᠠᠭᠰᠠᠨ ᠴᠢᠬᠤᠯᠠ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠬᠢᠭᠡᠳ ᠠᠵᠢᠯᠯᠠᠭ᠋ᠠᠨ᠎ᠤ ᠬᠠᠮᠢᠶᠠᠷᠤᠯᠲᠠ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠵᠢᠯᠣᠭᠣᠳᠴᠤ᠂ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢ ᠵᠢᠯᠣᠭᠣᠳᠴᠤ ᠬᠢᠨᠠᠯᠲᠠ ᠲᠠᠯᠪᠢᠨ᠎ᠠ᠃ ᠲᠣᠭᠲᠠᠭ᠋ᠠᠭᠰᠠᠨ ᠡᠷᠬᠡ ᠵᠢᠨ ᠬᠡᠪᠴᠢᠶ᠎ᠡ ᠶᠣᠰᠣᠭ᠋ᠠᠷ ᠬᠣᠯᠪᠣᠭᠳᠠᠯ ᠪᠦᠬᠦᠢ ᠪᠠᠷᠢᠯᠭ᠎ᠠ ᠵᠢ ᠰᠢᠯᠭ᠋ᠠᠨ ᠠᠪᠬᠤ ᠠᠵᠢᠯ᠎ᠢ ᠵᠣᠬᠢᠶᠠᠨ ᠪᠠᠶ᠋ᠢᠭᠤᠯᠤᠨ᠎ᠠ᠃ ᠦᠶᠡᠷ ᠤᠰᠤᠳᠠᠯ ᠭᠠᠩ᠎ᠤᠨ ᠭᠠᠮᠰᠢᠭ᠎ᠢ ᠰᠡᠷᠭᠡᠶ᠋ᠢᠯᠡᠬᠦ ᠠᠵᠢᠯ᠎ᠢ ᠵᠣᠬᠢᠴᠠᠭᠤᠯᠤᠨ ᠵᠢᠯᠣᠭᠣᠳᠤᠨ᠎ᠠ᠃
(ᠶᠢᠰᠦ) ᠤᠰᠤ ᠰᠢᠷᠣᠶ ᠵᠢ ᠬᠠᠮᠠᠭ᠋ᠠᠯᠠᠬᠤ ᠠᠵᠢᠯ᠎ᠢ ᠬᠠᠷᠢᠭᠤᠴᠠᠨ᠎ᠠ᠃ ᠤᠰᠤ ᠰᠢᠷᠣᠶ ᠵᠢ ᠬᠠᠮᠠᠭ᠋ᠠᠯᠠᠬᠤ ᠲᠥᠯᠥᠪᠵᠢᠭᠦᠯᠭᠡ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠤᠰᠤ ᠰᠢᠷᠣᠶ ᠵᠢᠨ ᠢᠳᠡᠭᠳᠡᠯ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠵᠢᠨ ᠬᠠᠮᠲᠤ ᠲᠣᠭᠲᠠᠮᠠᠯ ᠬᠤᠭᠤᠴᠠᠭ᠎ᠠ᠎ᠲᠠᠢ᠎ᠪᠠᠷ ᠵᠠᠷᠯᠠᠨ ᠨᠡᠶ᠋ᠢᠲᠡᠯᠡᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠲᠥᠷᠥᠯ ᠵᠦᠢ᠍ᠯ ᠪᠠᠶ᠋ᠢᠭᠤᠯᠤᠭᠰᠠᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠤᠰᠤ ᠰᠢᠷᠤᠢ ᠵᠢ ᠬᠠᠮᠠᠭ᠋ᠠᠯᠠᠬᠤ᠎ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠢ ᠬᠠᠷᠢᠭᠤᠴᠠᠨ᠎ᠠ᠃ ᠤᠰᠤ ᠰᠢᠷᠤᠢ ᠵᠢ ᠬᠠᠮᠠᠭ᠋ᠠᠯᠠᠬᠤ ᠭᠣᠣᠯᠳᠠᠯᠭ᠎ᠠ᠎ᠲᠠᠢ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃
(ᠠᠷᠪᠠ) ᠲᠠᠷᠢᠶᠠᠯᠠᠬᠤ ᠮᠠᠯᠵᠢᠬᠤ ᠣᠷᠣᠨ᠎ᠤ ᠤᠰᠤᠨ ᠠᠰᠢᠭᠯᠠᠯᠲᠠ ᠵᠢᠨ ᠠᠵᠢᠯ᠎ᠢ ᠵᠢᠯᠣᠭᠣᠳᠤᠨ᠎ᠠ᠃ ᠲᠣᠮᠣ ᠳᠤᠮᠳᠠ ᠬᠡᠯᠪᠡᠷᠢ ᠵᠢᠨ ᠤᠰᠤᠯᠠᠵᠤ ᠤᠰᠤ ᠵᠠᠯᠠᠬᠤ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠬᠢᠭᠡᠳ ᠥᠭᠡᠷᠡᠴᠢᠯᠡᠯᠲᠡ ᠵᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ᠎ᠤ ᠤᠤᠭᠤᠬᠤ ᠤᠰᠤᠨ᠎ᠤ ᠠᠶᠤᠯ ᠦᠭᠡᠶ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠠᠵᠢᠯ᠎ᠢ ᠵᠣᠬᠢᠶᠠᠨ ᠪᠠᠶ᠋ᠢᠭᠤᠯᠤᠨ ᠵᠢᠯᠣᠭᠣᠳᠴᠤ᠂ ᠤᠰᠤ ᠠᠷᠪᠢᠯᠠᠬᠤ ᠤᠰᠤᠯᠠᠯᠲᠠ ᠵᠢᠨ ᠬᠣᠯᠪᠣᠭᠳᠠᠯ ᠪᠦᠬᠦᠢ ᠠᠵᠢᠯ᠎ᠢ ᠵᠢᠯᠣᠭᠣᠳᠤᠨ᠎ᠠ᠃ ᠲᠠᠷᠢᠶᠠᠯᠠᠬᠤ ᠮᠠᠯᠵᠢᠬᠤ ᠣᠷᠣᠨ᠎ᠤ ᠤᠰᠤᠨ ᠡᠨᠧᠷᠭᠢ ᠵᠢᠨ ᠡᠬᠢ ᠪᠠᠶᠠᠯᠢᠭ᠎ᠢ ᠨᠡᠭᠡᠭᠡᠬᠦ᠂ ᠵᠢᠵᠢᠭ ᠤᠰᠤᠨ ᠴᠠᠬᠢᠯᠭ᠋ᠠᠨ᠎ᠤ ᠥᠭᠡᠷᠡᠴᠢᠯᠡᠯᠲᠡ ᠪᠣᠯᠤᠨ ᠤᠰᠤᠨ ᠴᠠᠬᠢᠯᠭ᠋ᠠᠨ ᠵᠶ᠋ᠠᠷ ᠬᠥᠳᠡᠭᠡ ᠲᠣᠰᠬᠣᠨ᠎ᠢ ᠴᠠᠬᠢᠯᠭ᠋ᠠᠨᠵᠢᠭᠤᠯᠬᠤ ᠠᠵᠢᠯ᠎ᠢ ᠵᠣᠬᠢᠶᠠᠨ ᠪᠠᠶ᠋ᠢᠭᠤᠯᠤᠨ ᠵᠢᠯᠣᠭᠣᠳᠤᠨ᠎ᠠ᠃
(ᠠᠷᠪᠠᠨ ᠨᠢᠭᠡ) ᠤᠰᠤᠨ᠎ᠳᠤ ᠬᠣᠯᠪᠣᠭᠳᠠᠬᠤ ᠬᠠᠤᠯᠢ᠎ᠠᠴᠠ ᠵᠥᠷᠢᠴᠡᠭᠰᠡᠨ ᠬᠦᠨᠳᠦ ᠶᠡᠬᠡ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ᠂ ᠵᠣᠬᠢᠴᠠᠭᠤᠯᠬᠤ᠂ ᠬᠥᠨᠳᠡᠯᠡᠨ᠎ᠠᠴᠠ ᠲᠠᠰᠤᠯᠬᠤ ᠵᠢ ᠬᠠᠷᠢᠭᠤᠴᠠᠵᠤ᠂ ᠤᠰᠤᠨ᠎ᠤ ᠶᠠᠪᠤᠳᠠᠯ᠎ᠢ ᠬᠢᠨᠠᠨ ᠪᠠᠶ᠋ᠢᠴᠠᠭ᠋ᠠᠬᠤ ᠪᠠ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠢ ᠵᠣᠬᠢᠶᠠᠨ ᠪᠠᠶ᠋ᠢᠭᠤᠯᠤᠨ ᠵᠢᠯᠣᠭᠣᠳᠤᠨ᠎ᠠ᠃ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠢ ᠬᠠᠤᠯᠢ ᠶᠣᠰᠣᠭ᠋ᠠᠷ ᠬᠠᠷᠢᠭᠤᠴᠠᠵᠤ᠂ ᠤᠰᠤᠨ ᠴᠥᠭᠥᠷᠥᠮ᠂ ᠤᠰᠤᠨ ᠴᠠᠬᠢᠯᠭ᠋ᠠᠨ᠎ᠤ ᠥᠷᠲᠡᠭᠡ ᠵᠢᠨ ᠲᠣᠮᠣ ᠬᠠᠰᠢᠯᠭ᠎ᠠ᠂ ᠬᠥᠳᠡᠭᠡ ᠲᠣᠰᠬᠣᠨ᠎ᠤ ᠤᠰᠤᠨ ᠴᠠᠬᠢᠯᠭ᠋ᠠᠨ᠎ᠤ ᠥᠷᠲᠡᠭᠡ ᠵᠢᠨ ᠠᠶᠤᠯᠭᠦᠢ ᠵᠢᠨ ᠬᠢᠨᠠᠯᠲᠠ ᠬᠠᠮᠢᠶᠠᠷᠤᠯᠲᠠ ᠵᠢ ᠵᠣᠬᠢᠶᠠᠨ ᠪᠠᠶ᠋ᠢᠭᠤᠯᠤᠨ ᠵᠢᠯᠣᠭᠣᠳᠤᠨ᠎ᠠ᠃
(ᠠᠷᠪᠠᠨ ᠬᠤᠶᠠᠷ) ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ ᠪᠣᠯᠤᠨ ᠭᠠᠳᠠᠭ᠋ᠠᠳᠤ ᠶᠠᠪᠤᠳᠠᠯ᠎ᠤᠨ ᠠᠵᠢᠯ᠎ᠢ ᠥᠷᠨᠢᠭᠦᠯᠦᠨ᠎ᠡ᠃ ᠪᠦᠬᠦ ᠣᠷᠣᠨ᠎ᠤ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠶᠠᠰᠤ ᠴᠢᠨᠠᠷ᠎ᠲᠤ ᠬᠢᠨᠠᠯᠲᠠ ᠲᠠᠯᠪᠢᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠪᠦᠬᠦ ᠣᠷᠣᠨ᠎ᠤ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠳᠦᠷᠢᠮ ᠲᠣᠭᠲᠠᠭ᠋ᠠᠯ᠎ᠢ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃ ᠤᠰᠤᠨ ᠠᠰᠢᠭᠯᠠᠯᠲᠠ ᠵᠢᠨ ᠲᠣᠭ᠎ᠠ ᠪᠦᠷᠢᠳᠬᠡᠯ᠎ᠤᠨ ᠠᠵᠢᠯ᠎ᠢ ᠡᠭᠦᠷᠭᠡᠯᠡᠨ᠎ᠡ᠃ ᠣᠯᠠᠨ ᠤᠯᠤᠰ᠎ᠤᠨ ᠭᠤᠤᠯ ᠮᠥᠷᠡᠨ᠎ᠤ ᠬᠣᠯᠪᠣᠭᠳᠠᠯ ᠪᠦᠬᠦᠢ ᠬᠡᠷᠡᠭ ᠶᠠᠪᠤᠳᠠᠯ᠎ᠢ ᠭᠦᠢ᠍ᠴᠡᠳᠭᠡᠬᠦ᠃
(ᠠᠷᠪᠠᠨ ᠭᠤᠷᠪᠠ) ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠲᠤᠰᠢᠶᠠᠭᠰᠠᠨ ᠪᠤᠰᠤᠳ ᠡᠭᠦᠷᠭᠡ ᠵᠢ ᠪᠡᠶᠡᠯᠡᠭᠦᠯᠦᠨ᠎ᠡ᠃
(ᠠᠷᠪᠠᠨ ᠳᠥᠷᠪᠡ) ᠡᠭᠦᠷᠭᠡ ᠴᠢᠳᠠᠪᠤᠷᠢ ᠵᠢ ᠬᠤᠪᠢᠷᠠᠭᠤᠯᠬᠤ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠨᠢ ᠤᠰᠤᠨ᠎ᠤ ᠡᠬᠢ ᠪᠠᠶᠠᠯᠢᠭ᠎ᠢ ᠵᠦᠢ ᠵᠣᠬᠢᠰᠲᠠᠶ ᠠᠰᠢᠭᠯᠠᠬᠤ᠂ ᠰᠢᠯᠢᠳᠡᠭᠵᠢᠭᠦᠯᠦᠨ ᠲᠣᠬᠢᠷᠠᠭᠤᠯᠬᠤ ᠪᠠ ᠠᠷᠪᠢᠯᠠᠨ ᠬᠠᠮᠠᠭ᠋ᠠᠯᠠᠬᠤ ᠵᠢ ᠦᠨᠡᠨᠬᠦ ᠴᠢᠩᠭ᠋ᠠᠳᠬᠠᠬᠤ ᠬᠡᠷᠡᠭᠲᠡᠶ᠃ ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠨ᠂ ᠬᠠᠩᠭ᠋ᠠᠯᠭ᠎ᠠ ᠵᠢ ᠨᠡᠮᠡᠭᠳᠡᠭᠦᠯᠬᠦ᠎ᠠᠴᠠ᠎ᠨᠢ ᠬᠡᠷᠡᠭᠴᠡᠭᠡ ᠱᠠᠭ᠋ᠠᠷᠳᠠᠯᠭ᠎ᠠ ᠵᠢᠨ ᠬᠠᠮᠢᠶᠠᠷᠤᠯᠲᠠ ᠵᠢ ᠨᠡᠩ ᠴᠢᠬᠤᠯᠠᠴᠢᠯᠠᠬᠤ ᠲᠡᠰᠢ ᠬᠤᠪᠢᠷᠠᠭᠤᠯᠵᠤ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠴᠢᠩᠭ᠎ᠠ ᠬᠢᠵᠠᠭ᠋ᠠᠷᠯᠠᠬᠤ ᠪᠠ ᠤᠰᠤ ᠬᠡᠷᠡᠭᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠬᠠᠮᠠᠭ᠋ᠠᠯᠠᠬᠤ ᠵᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠵᠤ᠂ ᠤᠰᠤᠨ᠎ᠤ ᠡᠬᠢ ᠪᠠᠶᠠᠯᠢᠭ᠂ ᠤᠰᠤᠨ ᠣᠷᠣᠨ ᠪᠠ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠬᠠᠮᠢᠶᠠᠷᠤᠯᠲᠠ ᠬᠠᠮᠠᠭ᠋ᠠᠯᠠᠯᠲᠠ ᠵᠢ ᠴᠢᠩᠭ᠋ᠠᠳᠬᠠᠵᠤ᠂ ᠭᠣᠣᠯ ᠨᠠᠭᠤᠷ᠎ᠤᠨ ᠡᠷᠡᠭᠦᠯ ᠴᠢᠭᠢᠷᠠᠭ ᠦᠵᠡᠰᠬᠦᠯᠡᠩᠲᠦ ᠰᠠᠶ᠋ᠢᠬᠠᠨ ᠪᠠᠶ᠋ᠢᠬᠤ ᠵᠢ ᠬᠠᠮᠠᠭ᠋ᠠᠯᠠᠬᠤ ᠬᠡᠷᠡᠭᠲᠡᠢ᠃ ᠨᠢᠭᠡᠳᠦᠯᠲᠡᠶ ᠲᠥᠯᠥᠪᠯᠡᠨ ᠨᠡᠶ᠋ᠢᠲᠡᠳᠤᠨᠢ ᠬᠠᠷᠠᠭ᠋ᠠᠯᠵᠠᠬᠤ ᠵᠢ ᠪᠠᠷᠢᠮᠲᠠᠯᠠᠨ᠂ ᠤᠰᠤ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠪᠠ ᠤᠰᠤᠨ᠎ᠤ ᠡᠬᠢ ᠪᠠᠶᠠᠯᠢᠭ᠎ᠢ ᠵᠦᠢ ᠵᠣᠬᠢᠰᠲᠠᠶ ᠦᠷᠭᠦᠯᠵᠢᠯᠡᠨ ᠠᠰᠢᠭᠯᠠᠬᠤ ᠵᠢ ᠪᠠᠲᠤᠯᠠᠵᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠬᠠᠩᠭ᠋ᠠᠨ᠎ᠠ᠃
ᠳᠣᠲᠣᠭ᠋ᠠᠳᠤ ᠪᠠᠶ᠋ᠢᠭᠤᠯᠤᠮᠵᠢ᠄
(ᠨᠢᠭᠡ) ᠠᠯᠪᠠᠨ ᠭᠡᠷ᠃ ᠪᠠᠶ᠋ᠢᠭᠤᠯᠭ᠎ᠠ ᠵᠢᠨ ᠡᠳᠦᠷ ᠲᠤᠲᠤᠮ᠎ᠤᠨ ᠠᠵᠢᠯᠯᠠᠭ᠋ᠠᠨ᠎ᠤ ᠠᠵᠢᠯ᠎ᠢ ᠬᠠᠷᠢᠭᠤᠴᠠᠵᠤ᠂ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠵᠢ ᠬᠠᠮᠠᠭ᠋ᠠᠯᠠᠬᠤ᠂ ᠵᠠᠬᠢᠳᠠᠯ ᠰᠤᠷᠪᠤᠯᠵᠢᠯᠠᠯ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ᠂ ᠮᠡᠳᠡᠭᠡ ᠵᠠᠩᠭᠢᠵᠢᠯᠲᠠ᠂ ᠰᠣᠨᠢᠨ ᠮᠡᠳᠡᠭᠡᠨ᠎ᠤ ᠤᠬᠠᠭᠤᠯᠭ᠎ᠠ ᠵᠡᠷᠭᠡ ᠠᠵᠢᠯ᠎ᠢ ᠡᠭᠦᠷᠭᠡᠯᠡᠨ᠎ᠡ᠃
(ᠬᠣᠶᠠᠷ) ᠠᠵᠢᠯᠲᠠᠨ᠎ᠤ ᠶᠠᠪᠤᠳᠠᠯ᠎ᠤᠨ ᠭᠠᠵᠠᠷ᠃ ᠪᠠᠢ᠌ᠭᠤᠯᠭ᠎ᠠ ᠪᠣᠯᠤᠨ ᠬᠠᠷᠢᠶ᠎ᠠ ᠨᠢᠭᠡᠴᠢ ᠵᠢᠨ ᠺᠠᠳ᠋ᠷ ᠠᠵᠢᠯᠲᠠᠨ᠎ᠤ ᠶᠠᠪᠤᠳᠠᠯ᠂ ᠪᠠᠶ᠋ᠢᠭᠤᠯᠤᠮᠵᠢ ᠵᠢᠨ ᠣᠷᠣᠨ ᠲᠣᠭ᠎ᠠ᠂ ᠬᠥᠳᠡᠯᠮᠦᠷᠢ ᠴᠠᠯᠢᠩ᠂ ᠲᠤᠰᠢᠶᠠᠯ᠎ᠤᠨ ᠴᠣᠯᠠ ᠵᠢᠨ ᠬᠠᠮᠢᠶᠠᠷᠤᠯᠲᠠ ᠵᠡᠷᠭᠡ ᠠᠵᠢᠯ᠎ᠢ ᠬᠠᠷᠢᠭᠤᠴᠠᠵᠤ᠂ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠴᠢᠳᠠᠪᠤᠷᠢᠲᠠᠨ᠎ᠤ ᠡᠩᠨᠡᠭᠡᠨ᠎ᠤ ᠪᠠᠶ᠋ᠢᠭᠤᠯᠤᠯᠲᠠ ᠵᠢ ᠵᠢᠯᠣᠭᠣᠳᠤᠨ᠎ᠠ᠃
(ᠭᠤᠷᠪᠠ) ᠲᠥᠯᠥᠪᠯᠡᠭᠡ ᠵᠢᠨ ᠡᠳ᠋᠎ᠤᠨ ᠶᠠᠪᠤᠳᠠᠯ᠎ᠤᠨ ᠭᠠᠵᠠᠷ᠃ ᠴᠢᠬᠤᠯᠠ ᠶᠡᠬᠡ ᠤᠰᠤᠨ ᠠᠰᠢᠭᠯᠠᠯᠲᠠ ᠵᠢᠨ ᠶᠡᠷᠦᠩᠬᠡᠶ᠋ᠢᠯᠡᠭᠰᠡᠨ ᠲᠥᠯᠥᠪᠵᠢᠭᠦᠯᠭᠡ᠂ ᠲᠤᠰᠬᠠᠶ ᠠᠵᠢᠯ᠎ᠤᠨ ᠲᠥᠯᠥᠪᠵᠢᠭᠦᠯᠭᠡ ᠪᠣᠯᠤᠨ ᠲᠤᠰᠬᠠᠶ ᠵᠦᠢ᠍ᠯ᠎ᠤᠨ ᠲᠥᠯᠥᠪᠵᠢᠭᠦᠯᠭᠡ ᠵᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠵᠤ᠂ ᠪᠦᠬᠦ ᠣᠷᠣᠨ᠎ᠤ ᠭᠣᠣᠯᠳᠠᠯᠭ᠎ᠠ᠎ᠲᠠᠢ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠲᠥᠷᠥᠯ ᠵᠦᠢ᠍ᠯ᠎ᠤᠨ ᠰᠠᠨᠠᠭᠤᠯᠭ᠎ᠠ ᠵᠢᠨ ᠪᠢᠴᠢᠭ᠂ ᠪᠣᠯᠤᠮᠵᠢᠲᠤ ᠰᠤᠳᠤᠯᠤᠯ᠎ᠤᠨ ᠮᠡᠳᠡᠭᠦᠯᠦᠯᠲᠡ ᠵᠢ ᠬᠢᠨᠠᠨ ᠬᠠᠷᠭᠤᠭᠤᠯᠤᠨ᠎ᠠ᠃ ᠤᠰᠤᠨ᠎ᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠲᠣᠭᠲᠠᠭ᠋ᠠᠯ᠎ᠳᠤ ᠨᠡᠶ᠋ᠢᠴᠡᠬᠦ ᠴᠢᠨᠠᠷ᠎ᠢ ᠬᠢᠨᠠᠨ ᠪᠠᠶ᠋ᠢᠴᠠᠭ᠋ᠠᠬᠤ ᠠᠵᠢᠯ᠎ᠢ ᠵᠢᠯᠣᠭᠣᠳᠤᠨ᠎ᠠ᠃ ᠬᠣᠯᠪᠣᠭᠳᠠᠯ ᠪᠦᠬᠦᠢ ᠦᠶᠡᠷ᠎ᠢ ᠰᠡᠷᠭᠡᠶ᠋ᠢᠯᠡᠬᠦ ᠨᠤᠲᠠᠯᠠᠯᠲᠠ ᠵᠢᠨ ᠠᠵᠢᠯ᠎ᠢ ᠵᠣᠬᠢᠶᠠᠨ ᠪᠠᠶ᠋ᠢᠭᠤᠯᠤᠨ ᠵᠢᠯᠣᠭᠣᠳᠴᠤ᠂ ᠤᠰᠤ ᠲᠠᠲᠠᠬᠤ ᠲᠣᠮᠣ ᠬᠡᠯᠪᠡᠷᠢ ᠵᠢᠨ ᠢᠨᠵᠸᠨ᠋ᠸᠷᠢᠩ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃ ᠪᠦᠬᠦ ᠣᠷᠣᠨ᠎ᠤ ᠤᠰᠤᠨ ᠠᠰᠢᠭᠯᠠᠯᠲᠠ ᠵᠢᠨ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠪᠡᠯᠡ ᠣᠷᠣᠭᠤᠯᠤᠯᠲᠠ ᠵᠢᠨ ᠲᠥᠯᠥᠪᠯᠡᠭᠡ ᠪᠣᠯᠤᠨ ᠤᠰᠤᠨ ᠠᠰᠢᠭᠯᠠᠯᠲᠠ ᠵᠢᠨ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠲᠣᠬᠢᠷᠠᠭᠤᠯᠤᠯᠲᠠ ᠵᠢᠨ ᠰᠠᠨᠠᠭᠤᠯᠭ᠎ᠠ ᠵᠢ ᠳᠤᠷᠠᠳᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠰᠠᠯᠠᠭ᠎ᠠ ᠮᠥᠴᠢᠷ᠎ᠤᠨ ᠲᠥᠰᠦᠪ ᠪᠠ ᠲᠥᠰᠦᠪ᠎ᠤᠨ ᠭᠦᠢ᠍ᠴᠡᠳᠭᠡᠯ᠎ᠢ ᠨᠠᠶ᠋ᠢᠷᠠᠭᠤᠯᠤᠨ ᠵᠣᠬᠢᠶᠠᠬᠤ ᠪᠠ ᠭᠦᠢ᠍ᠴᠡᠳᠭᠡᠬᠦ᠂ ᠡᠳ᠋᠎ᠤᠨ ᠶᠠᠪᠤᠳᠠᠯ ᠪᠠ ᠡᠳ᠋ ᠬᠥᠷᠥᠩᠭᠡ ᠵᠢᠨ ᠬᠠᠮᠢᠶᠠᠷᠤᠯᠲᠠ᠂ ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠵᠢᠨ ᠬᠢᠨᠠᠯᠲᠠ ᠬᠠᠮᠢᠶᠠᠷᠤᠯᠲᠠ ᠪᠠ ᠠᠵᠢᠯ᠎ᠤᠨ ᠠᠮᠵᠢᠯᠲᠠ ᠪᠦᠲᠦᠮᠵᠢ ᠵᠢ ᠦᠨᠡᠯᠡᠬᠦ ᠵᠢ ᠬᠠᠷᠢᠭᠤᠴᠠᠨ᠎ᠠ᠃
(ᠳᠥᠷᠪᠡ) ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠭᠠᠵᠠᠷ᠃ ᠪᠦᠬᠦ ᠣᠷᠣᠨ᠎ᠤ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠠᠵᠢᠯ᠎ᠢ ᠵᠣᠬᠢᠶᠠᠨ ᠪᠠᠶ᠋ᠢᠭᠤᠯᠤᠨ ᠵᠢᠯᠣᠭᠣᠳᠴᠤ᠂ ᠲᠣᠭᠲᠠᠭ᠋ᠠᠭᠰᠠᠨ ᠡᠷᠬᠡ ᠮᠡᠳᠡᠯ᠎ᠤᠨ ᠶᠣᠰᠣᠭ᠋ᠠᠷ ᠭᠣᠣᠯᠳᠠᠯᠭ᠎ᠠ᠎ᠲᠠᠢ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠢ ᠬᠢᠨᠠᠨ ᠵᠥᠪᠰᠢᠶᠡᠷᠡᠨ᠎ᠡ᠃ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠠᠵᠢᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠪᠣᠯᠤᠨ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠰᠢᠰᠲᠸᠮᠵᠢ ᠵᠢᠨ ᠪᠠᠶ᠋ᠢᠭᠤᠯᠤᠯᠲᠠ ᠵᠢᠨ ᠠᠵᠢᠯ᠎ᠢ ᠵᠢᠯᠣᠭᠣᠳᠤᠨ᠎ᠠ᠃
(ᠲᠠᠪᠤ) ᠤᠰᠤ ᠰᠢᠷᠤᠢ ᠬᠠᠮᠠᠭ᠋ᠠᠯᠠᠬᠤ ᠭᠠᠵᠠᠷ᠃ ᠪᠦᠬᠦ ᠣᠷᠣᠨ᠎ᠤ ᠤᠰᠤ ᠰᠢᠷᠤᠢ ᠵᠢᠨ ᠢᠳᠡᠭᠳᠡᠯ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠠᠵᠢᠯ᠎ᠢ ᠬᠠᠷᠢᠭᠤᠴᠠᠨ᠎ᠠ᠃ ᠤᠰᠤ ᠰᠢᠷᠤᠢ ᠵᠢ ᠬᠠᠮᠠᠭ᠋ᠠᠯᠠᠬᠤ ᠲᠥᠯᠥᠪᠵᠢᠭᠦᠯᠭᠡ ᠵᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠤᠰᠤ ᠰᠢᠷᠤᠢ ᠵᠢᠨ ᠢᠳᠡᠭᠳᠡᠯ᠎ᠢ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ ᠵᠢ ᠵᠣᠬᠢᠶᠠᠨ ᠪᠠᠶ᠋ᠢᠭᠤᠯᠬᠤ ᠵᠢᠨ ᠬᠠᠮᠲᠤ ᠵᠠᠷᠯᠠᠨ ᠨᠡᠶ᠋ᠢᠲᠡᠯᠡᠨ᠎ᠡ᠃ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠤᠰᠤ ᠰᠢᠷᠤᠢ ᠵᠢ ᠬᠠᠮᠠᠭ᠋ᠠᠯᠠᠬᠤ ᠲᠥᠰᠦᠯ᠎ᠢ ᠬᠢᠨᠠᠨ ᠵᠥᠪᠰᠢᠶᠡᠷᠡᠬᠦ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃
(ᠵᠢᠷᠭᠤᠭ᠎ᠠ) ᠲᠠᠷᠢᠶᠠᠯᠠᠩ ᠮᠠᠯ ᠠᠵᠤ ᠠᠬᠤᠶ ᠵᠢᠨ ᠤᠰᠤᠨ ᠠᠰᠢᠭᠯᠠᠯᠲᠠ ᠵᠢᠨ ᠭᠠᠵᠠᠷ᠃ ᠲᠣᠮᠣ ᠳᠤᠮᠳᠠ ᠬᠡᠯᠪᠡᠷᠢ ᠵᠢᠨ ᠤᠰᠤᠯᠠᠬᠤ ᠤᠰᠤ ᠵᠠᠯᠠᠬᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠬᠢᠭᠡᠳ ᠥᠭᠡᠷᠡᠴᠢᠯᠡᠯᠲᠡ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠲᠣᠭᠲᠠᠭ᠋ᠠᠭᠰᠠᠨ ᠡᠷᠬᠡ ᠮᠡᠳᠡᠯ᠎ᠤᠨ ᠶᠣᠰᠣᠭ᠋ᠠᠷ ᠭᠣᠣᠯᠳᠠᠯᠭ᠎ᠠ᠎ᠲᠠᠢ ᠲᠠᠷᠢᠶᠠᠯᠠᠩ ᠮᠠᠯ ᠠᠵᠤ ᠠᠬᠤᠶ ᠵᠢᠨ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠢ ᠬᠢᠨᠠᠨ ᠵᠥᠪᠰᠢᠶᠡᠷᠡᠨ᠎ᠡ᠃ ᠲᠠᠷᠢᠶᠠᠯᠠᠬᠤ ᠮᠠᠯᠵᠢᠬᠤ ᠣᠷᠣᠨ᠎ᠤ ᠤᠤᠭᠤᠬᠤ ᠤᠰᠤᠨ᠎ᠤ ᠠᠶᠤᠯ ᠦᠭᠡᠶ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠬᠢᠭᠡᠳ ᠬᠠᠮᠢᠶᠠᠷᠤᠯᠲᠠ ᠵᠢᠨ ᠠᠵᠢᠯ᠎ᠢ ᠵᠣᠬᠢᠶᠠᠨ ᠪᠠᠶ᠋ᠢᠭᠤᠯᠤᠨ ᠵᠢᠯᠣᠭᠣᠳᠤᠨ᠎ᠠ᠃ ᠲᠠᠷᠢᠶᠠᠯᠠᠬᠤ ᠮᠠᠯᠵᠢᠬᠤ ᠣᠷᠣᠨ᠎ᠤ ᠤᠰᠤᠨ ᠡᠨᠧᠷᠭᠢ ᠵᠢᠨ ᠡᠬᠢ ᠪᠠᠶᠠᠯᠢᠭ᠎ᠢ ᠨᠡᠭᠡᠭᠡᠬᠦ ᠲᠥᠯᠥᠪᠵᠢᠭᠦᠯᠭᠡ ᠵᠢ ᠵᠣᠬᠢᠶᠠᠨ ᠪᠠᠶ᠋ᠢᠭᠤᠯᠤᠨ ᠲᠤᠭᠤᠷᠪᠢᠵᠤ᠂ ᠤᠰᠤᠨ ᠴᠠᠬᠢᠯᠭ᠋ᠠᠨ ᠵᠶ᠋ᠠᠷ ᠬᠥᠳᠡᠭᠡ ᠲᠣᠰᠬᠣᠨ᠎ᠢ ᠴᠠᠬᠢᠯᠭ᠋ᠠᠨᠵᠢᠭᠤᠯᠬᠤ᠂ ᠬᠥᠳᠡᠭᠡ ᠲᠣᠰᠬᠣᠨ᠎ᠤ ᠤᠰᠤᠨ ᠴᠠᠬᠢᠯᠭ᠋ᠠᠨ᠎ᠤ ᠠᠰᠢᠭᠯᠠᠮᠵᠢ ᠵᠢ ᠨᠡᠮᠡᠭᠳᠡᠭᠦᠯᠦᠨ ᠪᠠᠭᠲᠠᠭ᠋ᠠᠮᠵᠢ ᠵᠢ ᠥᠷᠭᠡᠳᠬᠡᠨ ᠥᠭᠡᠷᠡᠴᠢᠯᠡᠬᠦ ᠵᠢᠴᠢ ᠵᠢᠵᠢᠭ ᠤᠰᠤᠨ ᠴᠠᠬᠢᠯᠭ᠋ᠠᠨ ᠵᠶ᠋ᠠᠷ ᠲᠦᠯᠡᠰᠢ ᠵᠢ ᠣᠷᠣᠯᠠᠭᠤᠯᠬᠤ ᠵᠡᠷᠭᠡ ᠬᠥᠳᠡᠭᠡ ᠲᠣᠰᠬᠣᠨ᠎ᠤ ᠤᠰᠤᠨ ᠡᠨᠧᠷᠭᠢ ᠵᠢᠨ ᠡᠬᠢ ᠪᠠᠶᠠᠯᠢᠭ᠎ᠢ ᠨᠡᠭᠡᠭᠡᠬᠦ ᠠᠵᠢᠯ᠎ᠢ ᠵᠢᠯᠣᠭᠣᠳᠤᠨ᠎ᠠ᠃ ᠲᠠᠷᠢᠶᠠᠯᠠᠩ ᠮᠠᠯ ᠠᠵᠤ ᠠᠬᠤᠶ ᠵᠢᠨ ᠤᠰᠤᠨ ᠠᠰᠢᠭᠯᠠᠯᠲᠠ ᠵᠢᠨ ᠠᠵᠢᠯ᠎ᠢ ᠵᠢᠯᠣᠭᠣᠳᠤᠨ᠎ᠠ᠃
(ᠳᠣᠯᠣᠭ᠎ᠠ) ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠭᠠᠵᠠᠷ᠃ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠠᠮᠤᠭ᠎ᠤᠨ ᠴᠢᠩᠭ᠎ᠠ ᠳᠦᠷᠢᠮ᠎ᠢ ᠬᠡᠷᠡᠭᠵᠢᠭᠦᠯᠬᠦ ᠬᠠᠮᠢᠶ᠎ᠠ ᠪᠦᠬᠦᠢ ᠠᠵᠢᠯ᠎ᠢ ᠡᠭᠦᠷᠭᠡᠯᠡᠵᠦ᠂ ᠤᠰᠤᠨ᠎ᠤ ᠡᠬᠢ ᠪᠠᠶᠠᠯᠢᠭ᠎ᠤᠨ ᠤᠰᠤ ᠲᠠᠲᠠᠬᠤ ᠵᠥᠪᠰᠢᠶᠡᠷᠡᠯ᠂ ᠤᠰᠤᠨ᠎ᠤ ᠡᠬᠢ ᠪᠠᠶᠠᠯᠢᠭ᠎ᠤᠨ ᠨᠤᠲᠠᠯᠠᠯᠲᠠ ᠵᠡᠷᠭᠡ ᠳᠦᠷᠢᠮ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠠᠵᠢᠯ᠎ᠢ ᠵᠢᠯᠣᠭᠣᠳᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠬᠤ ᠲᠥᠯᠥᠪᠵᠢᠭᠦᠯᠭᠡ ᠵᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠵᠤ᠂ ᠤᠤᠭᠤᠬᠤ ᠤᠰᠤᠨ᠎ᠤ ᠡᠬᠢ ᠰᠤᠷᠪᠤᠯᠵᠢ ᠵᠢ ᠬᠠᠮᠠᠭ᠋ᠠᠯᠠᠬᠤ ᠬᠣᠯᠪᠣᠭᠳᠠᠯ ᠪᠦᠬᠦᠢ ᠠᠵᠢᠯ᠎ᠢ ᠵᠢᠯᠣᠭᠣᠳᠤᠨ᠎ᠠ᠃ ᠤᠰᠤᠨ᠎ᠤ ᠡᠬᠢ ᠪᠠᠶᠠᠯᠢᠭ᠎ᠢ ᠪᠠᠶ᠋ᠢᠴᠠᠭ᠋ᠠᠬᠤ᠂ ᠦᠨᠡᠯᠡᠬᠦ ᠬᠣᠯᠪᠣᠭᠳᠠᠯ ᠪᠦᠬᠦᠢ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠡᠬᠢ ᠪᠠᠶᠠᠯᠢᠭ᠎ᠤᠨ ᠠᠯᠪᠠᠨ ᠮᠡᠳᠡᠭᠡ ᠵᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠨᠡᠶ᠋ᠢᠲᠡᠯᠡᠵᠦ᠂ ᠤᠰᠤᠨ᠎ᠤ ᠴᠢᠳᠠᠮᠵᠢᠲᠦ ᠣᠷᠣᠨ᠎ᠤ ᠬᠤᠪᠢᠶᠠᠷᠢᠯᠠᠯ᠎ᠢ ᠨᠠᠶ᠋ᠢᠷᠠᠭᠤᠯᠤᠨ ᠵᠣᠬᠢᠶᠠᠬᠤ ᠪᠠ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠭᠠᠷᠭ᠋ᠠᠬᠤ ᠬᠠᠮᠢᠶᠠᠷᠤᠯᠲᠠ ᠵᠢᠨ ᠠᠵᠢᠯ᠎ᠢ ᠵᠢᠯᠣᠭᠣᠳᠬᠤ᠎ᠳᠤ ᠣᠷᠣᠯᠴᠠᠨ᠎ᠠ᠃ ᠤᠰᠤ ᠵᠢ ᠠᠷᠪᠢᠯᠠᠨ ᠬᠡᠷᠡᠭᠯᠡᠬᠦ ᠲᠥᠷᠥ ᠵᠢᠨ ᠪᠣᠳᠣᠯᠭ᠎ᠠ ᠵᠢ ᠲᠤᠭᠤᠷᠪᠢᠵᠤ᠂ ᠤᠰᠤ ᠵᠢ ᠠᠷᠪᠢᠯᠠᠨ ᠬᠡᠷᠡᠭᠯᠡᠬᠦ ᠲᠥᠯᠥᠪᠵᠢᠭᠦᠯᠭᠡ ᠵᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠵᠣᠬᠢᠴᠠᠭᠤᠯᠤᠨ ᠬᠡᠷᠡᠭᠵᠢᠭᠦᠯᠵᠦ᠂ ᠤᠰᠤ ᠵᠢ ᠠᠷᠪᠢᠯᠠᠨ ᠬᠡᠷᠡᠭᠯᠡᠬᠦ ᠠᠵᠢᠯ᠎ᠢ ᠵᠣᠬᠢᠶᠠᠨ ᠪᠠᠶ᠋ᠢᠭᠤᠯᠤᠨ ᠵᠢᠯᠣᠭᠣᠳᠴᠤ᠂ ᠤᠰᠤ ᠠᠷᠪᠢᠯᠠᠬᠤ ᠮᠠᠶᠢᠭ᠎ᠤᠨ ᠨᠡᠶ᠋ᠢᠭᠡᠮ᠎ᠤᠨ ᠪᠠᠶ᠋ᠢᠭᠤᠯᠤᠯᠲᠠ ᠵᠢᠨ ᠠᠵᠢᠯ᠎ᠢ ᠵᠢᠯᠣᠭᠣᠳᠬᠤ ᠪᠠ ᠲᠦᠯᠬᠢᠨ ᠠᠬᠢᠭᠤᠯᠤᠨ᠎ᠠ᠃ ᠤᠰᠤᠨ᠎ᠤ ᠡᠷᠬᠡ ᠵᠢ ᠬᠤᠷᠢᠶᠠᠨ ᠬᠠᠳᠠᠭ᠋ᠠᠯᠠᠬᠤ ᠠᠵᠢᠯ᠎ᠢ ᠵᠢᠯᠣᠭᠣᠳᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃
(ᠨᠠᠢ᠍ᠮᠠ) ᠠᠵᠢᠯᠯᠠᠭ᠋ᠠᠨ᠎ᠤ ᠬᠠᠮᠢᠶᠠᠷᠤᠯᠲᠠ ᠬᠢᠨᠠᠯᠲᠠ ᠲᠠᠯᠪᠢᠬᠤ ᠭᠠᠵᠠᠷ᠃ ᠤᠰᠤᠨ ᠠᠰᠢᠭᠯᠠᠯᠲᠠ ᠵᠢᠨ ᠴᠢᠬᠤᠯᠠ ᠶᠡᠬᠡ ᠲᠥᠷᠥ ᠵᠢᠨ ᠪᠣᠳᠣᠯᠭ᠎ᠠ᠂ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠪᠣᠯᠤᠨ ᠭᠤᠤᠯᠳᠠᠯᠭ᠎ᠠ᠎ᠲᠠᠢ ᠠᠵᠢᠯ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠰᠢᠮᠳᠠᠭᠤᠯᠤᠨ ᠪᠠᠶ᠋ᠢᠴᠠᠭ᠋ᠠᠬᠤ ᠬᠡᠷᠡᠭᠲᠡᠶ᠃ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠶᠠᠰᠤ ᠴᠢᠨᠠᠷ ᠪᠣᠯᠤᠨ ᠠᠶᠤᠯ ᠦᠭᠡᠶ᠎ᠳᠤ ᠬᠢᠨᠠᠯᠲᠠ ᠲᠠᠯᠪᠢᠬᠤ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠵᠢᠨ ᠪᠠᠶ᠋ᠢᠴᠠᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠢ ᠵᠢᠯᠣᠭᠣᠳᠤᠨ᠎ᠠ᠃ ᠤᠰᠤᠨ ᠴᠥᠭᠥᠷᠥᠮ᠂ ᠤᠰᠤᠨ ᠴᠠᠬᠢᠯᠭ᠋ᠠᠨ᠎ᠤ ᠥᠷᠲᠡᠭᠡ ᠵᠢᠨ ᠲᠣᠮᠣ ᠬᠠᠰᠢᠯᠭ᠎ᠠ᠂ ᠬᠠᠰᠢᠯᠭ᠎ᠠ᠂ ᠤᠰᠤᠨ ᠬᠠᠭ᠋ᠠᠯᠲᠠ ᠵᠡᠷᠭᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠵᠢᠯᠯᠠᠭ᠋ᠠᠨ ᠪᠠ ᠬᠠᠮᠢᠶᠠᠷᠤᠯᠲᠠ ᠵᠢ ᠬᠠᠷᠢᠭᠤᠴᠠᠨ ᠵᠢᠯᠣᠭᠣᠳᠤᠨ᠎ᠠ᠃
(ᠶᠢᠰᠦ) ᠤᠰᠤᠨ᠎ᠤ ᠶᠠᠪᠤᠳᠠᠯ᠎ᠤᠨ ᠭᠠᠵᠠᠷ᠃ ᠣᠷᠣᠨ ᠨᠤᠲᠤᠭ᠎ᠤᠨ ᠴᠢᠨᠠᠷᠲᠠᠶ ᠬᠣᠯᠪᠣᠭᠳᠠᠯ ᠪᠦᠬᠦᠢ ᠬᠠᠤᠯᠢ ᠲᠣᠭᠲᠠᠭ᠋ᠠᠯ᠂ ᠳᠦᠷᠢᠮ᠎ᠤᠨ ᠲᠥᠰᠦᠯ᠎ᠢ ᠲᠤᠭᠤᠷᠪᠢᠬᠤ ᠵᠢ ᠬᠠᠷᠢᠭᠤᠴᠠᠵᠤ᠂ ᠤᠰᠤᠨ ᠠᠰᠢᠭᠯᠠᠯᠲᠠ ᠵᠢᠨ ᠠᠵᠢᠯ᠎ᠤᠨ ᠲᠥᠷᠥ ᠵᠢᠨ ᠪᠣᠳᠣᠯᠭ᠎ᠠ ᠵᠢ ᠰᠤᠳᠤᠯᠤᠨ ᠲᠤᠭᠤᠷᠪᠢᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠵᠢᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠠᠵᠢᠯ᠎ᠢ ᠵᠢᠯᠣᠭᠣᠳᠬᠤ ᠵᠢᠨ ᠬᠠᠮᠲᠤ ᠬᠢᠨᠠᠯᠲᠠ ᠲᠠᠯᠪᠢᠵᠤ ᠪᠠᠶ᠋ᠢᠴᠠᠭ᠋ᠠᠨ᠎ᠠ᠃ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ᠂ ᠵᠠᠰᠠᠭ ᠵᠠᠬᠢᠷᠭ᠋ᠠᠨ᠎ᠤ ᠵᠠᠷᠭᠤ ᠬᠦᠯᠢᠶᠡᠬᠦ᠂ ᠵᠠᠰᠠᠭ ᠵᠠᠬᠢᠷᠭ᠋ᠠᠨ᠎ᠤ ᠲᠥᠯᠥᠪᠦᠷᠢ ᠵᠢᠨ ᠠᠵᠢᠯ᠎ᠢ ᠳᠠᠭ᠋ᠠᠭ᠋ᠠᠨ ᠭᠦᠢ᠍ᠴᠡᠳᠭᠡᠨ᠎ᠡ᠃ ᠤᠰᠤᠨ᠎ᠤ ᠶᠠᠪᠤᠳᠠᠯ᠎ᠢ ᠬᠢᠨᠠᠨ ᠪᠠᠶ᠋ᠢᠴᠠᠭ᠋ᠠᠬᠤ ᠪᠠ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠢ ᠵᠣᠬᠢᠶᠠᠨ ᠪᠠᠶ᠋ᠢᠭᠤᠯᠤᠨ ᠵᠢᠯᠣᠭᠣᠳᠴᠤ᠂ ᠠᠶ᠋ᠢᠮᠠᠭ ᠬᠣᠲᠠ ᠠᠯᠤᠰᠯᠠᠭᠰᠠᠨ ᠤᠰᠤᠨ᠎ᠤ ᠶᠠᠪᠤᠳᠠᠯ᠎ᠤᠨ ᠵᠢᠭᠤᠷᠠᠯᠳᠤᠭ᠋ᠠᠨ᠎ᠢ ᠵᠣᠬᠢᠴᠠᠭᠤᠯᠤᠨ᠂ ᠤᠰᠤᠨ᠎ᠳᠤ ᠬᠣᠯᠪᠣᠭᠳᠠᠭᠰᠠᠨ ᠬᠠᠤᠯᠢ᠎ᠠᠴᠠ ᠵᠥᠷᠢᠴᠡᠭᠰᠡᠨ ᠬᠦᠨᠳᠦ ᠶᠡᠬᠡ ᠬᠡᠷᠡᠭ᠎ᠢ ᠵᠣᠬᠢᠶᠠᠨ ᠪᠠᠶ᠋ᠢᠭᠤᠯᠤᠨ ᠪᠠᠶ᠋ᠢᠴᠠᠭ᠋ᠠᠨ ᠰᠢᠢ᠍ᠳᠪᠦᠷᠢᠯᠡᠨ᠎ᠡ᠃
(ᠠᠷᠪᠠ) ᠭᠣᠣᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠵᠢᠨ ᠭᠠᠵᠠᠷ᠃ ᠥᠪᠡᠷᠲᠡᠭᠡᠨ ᠵᠠᠰᠠᠬᠤ ᠣᠷᠣᠨ᠎ᠤ ᠭᠣᠣᠯ ᠮᠥᠷᠡᠨ᠎ᠤ ᠳᠠᠷᠤᠭ᠎ᠠ ᠵᠢᠨ ᠳᠦᠷᠢᠮ᠎ᠤᠨ ᠠᠯᠪᠠᠨ ᠭᠡᠷ᠎ᠤᠨ ᠡᠳᠦᠷ ᠲᠤᠲᠤᠮ᠎ᠤᠨ ᠠᠵᠢᠯ᠎ᠢ ᠡᠭᠦᠷᠭᠡᠯᠡᠨ᠎ᠡ᠃ ᠭᠤᠤᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠤᠨ ᠠᠵᠢᠯ᠎ᠢ ᠵᠣᠬᠢᠴᠠᠭᠤᠯᠬᠤ᠂ ᠲᠣᠬᠢᠷᠠᠭᠤᠯᠬᠤ᠂ ᠬᠢᠨᠠᠨ ᠵᠢᠯᠣᠭᠣᠳᠬᠤ ᠪᠠ ᠰᠢᠯᠭ᠋ᠠᠨ ᠬᠢᠨᠠᠬᠤ ᠠᠵᠢᠯ᠎ᠢ ᠬᠠᠷᠢᠭᠤᠴᠠᠨ᠎ᠠ᠃ ᠭᠣᠣᠯ ᠮᠥᠷᠡᠨ ᠨᠠᠭᠤᠷ ᠴᠥᠭᠥᠷᠥᠮ᠎ᠤᠨ ᠤᠰᠤᠨ ᠣᠷᠣᠨ ᠵᠢᠴᠢ ᠲᠡᠭᠦᠨ᠎ᠤ ᠡᠷᠭᠢ ᠵᠢᠨ ᠱᠤᠭᠤᠮ᠎ᠤᠨ ᠬᠠᠮᠢᠶᠠᠷᠤᠯᠲᠠ ᠪᠠ ᠬᠠᠮᠠᠭ᠋ᠠᠯᠠᠯᠲᠠ ᠵᠢ ᠵᠢᠯᠣᠭᠣᠳᠤᠨ᠎ᠠ᠃ ᠭᠣᠣᠯ᠎ᠤᠨ ᠵᠠᠮ᠎ᠤᠨ ᠬᠠᠶ᠋ᠢᠷ ᠮᠠᠯᠲᠠᠬᠤ᠎ᠲᠤ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠢ ᠵᠢᠯᠣᠭᠣᠳᠤᠨ᠎ᠠ᠃ ᠪᠦᠬᠦ ᠣᠷᠣᠨ᠎ᠤ ᠤᠰᠤᠨ ᠰᠢᠨᠵᠢᠯᠡᠭᠡᠨ᠎ᠤ ᠠᠵᠢᠯ᠎ᠢ ᠵᠢᠯᠣᠭᠣᠳᠴᠤ᠂ ᠡᠩ᠎ᠤᠨ ᠤᠰᠤᠨ ᠰᠢᠨᠵᠢᠯᠡᠭᠡᠨ᠎ᠤ ᠬᠡᠮᠵᠢᠯᠲᠡ ᠵᠢᠨ ᠥᠷᠲᠡᠭᠡ ᠪᠠᠶ᠋ᠢᠭᠤᠯᠬᠤ ᠪᠠ ᠲᠣᠬᠢᠷᠠᠭᠤᠯᠬᠤ ᠵᠢ ᠬᠢᠨᠠᠨ ᠵᠥᠪᠰᠢᠶᠡᠷᠡᠵᠦ᠂ ᠲᠤᠰᠬᠠᠶ ᠤᠰᠤᠨ ᠰᠢᠨᠵᠢᠯᠡᠭᠡᠨ᠎ᠤ ᠬᠡᠮᠵᠢᠯᠲᠡ ᠵᠢᠨ ᠥᠷᠲᠡᠭᠡ ᠪᠠᠶ᠋ᠢᠭᠤᠯᠬᠤ ᠪᠠ ᠬᠠᠰᠤᠬᠤ ᠬᠡᠷᠡᠭᠲᠡᠶ᠃ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯ᠎ᠢ ᠬᠠᠷᠢᠭᠤᠴᠠᠨ᠎ᠠ᠃
(ᠠᠷᠪᠠᠨ ᠨᠢᠭᠡ) ᠦᠶᠡᠷ ᠤᠰᠤᠳᠠᠯ ᠭᠠᠩ᠎ᠤᠨ ᠭᠠᠮᠰᠢᠭ᠎ᠢ ᠰᠡᠷᠭᠡᠶ᠋ᠢᠯᠡᠬᠦ ᠭᠠᠵᠠᠷ᠃ ᠦᠶᠡᠷ ᠤᠰᠤᠳᠠᠯ ᠭᠠᠩ᠎ᠤᠨ ᠭᠠᠮᠰᠢᠭ᠎ᠢ ᠰᠡᠷᠭᠡᠶ᠋ᠢᠯᠡᠨ ᠵᠠᠰᠠᠬᠤ ᠲᠥᠯᠥᠪᠵᠢᠭᠦᠯᠭᠡ ᠪᠣᠯᠤᠨ ᠰᠡᠷᠭᠡᠶ᠋ᠢᠯᠡᠨ ᠬᠠᠮᠠᠭ᠋ᠠᠯᠠᠬᠤ ᠪᠠᠷᠢᠮᠵᠢᠶ᠎ᠠ ᠵᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠵᠢᠯᠣᠭᠣᠳᠤᠨ ᠬᠡᠷᠡᠭᠵᠢᠭᠦᠯᠦᠨ᠎ᠡ᠃ ᠤᠰᠤᠨ᠎ᠤ ᠪᠠᠶ᠋ᠢᠳᠠᠯ ᠭᠠᠩ᠎ᠤᠨ ᠪᠠᠶ᠋ᠢᠳᠠᠯ᠎ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠠᠵᠢᠯ᠎ᠢ ᠡᠭᠦᠷᠭᠡᠯᠡᠨ᠎ᠡ᠃ ᠴᠢᠬᠤᠯᠠ ᠭᠣᠣᠯ ᠮᠥᠷᠡᠨ ᠨᠠᠭᠤᠷ ᠴᠥᠭᠥᠷᠥᠮ ᠪᠣᠯᠤᠨ ᠴᠢᠬᠤᠯᠠ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠦᠶᠡᠷ᠎ᠢ ᠰᠡᠷᠭᠡᠶ᠋ᠢᠯᠡᠨ ᠭᠠᠩ᠎ᠲᠠᠢ ᠲᠡᠮᠡᠴᠡᠬᠦ ᠲᠣᠬᠢᠷᠠᠭᠤᠯᠭ᠎ᠠ ᠵᠢᠴᠢ ᠪᠠᠴᠢᠮ ᠪᠠᠶ᠋ᠢᠳᠠᠯ᠎ᠢ ᠠᠷᠭ᠋ᠠᠴᠠᠬᠤ ᠤᠰᠤᠨ ᠬᠡᠮᠵᠢᠶ᠎ᠡ ᠵᠢ ᠲᠣᠬᠢᠷᠠᠭᠤᠯᠬᠤ ᠲᠥᠰᠦᠯ᠎ᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠵᠤ᠂ ᠳᠡᠰ ᠳᠠᠷᠠᠭ᠋ᠠᠯᠠᠯ᠎ᠤᠨ ᠶᠣᠰᠣᠭ᠋ᠠᠷ ᠮᠡᠳᠡᠭᠦᠯᠦᠨ ᠵᠥᠪᠰᠢᠶᠡᠷᠡᠭᠦᠯᠬᠦ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠦᠶᠡᠷ ᠲᠣᠭᠲᠠᠭ᠋ᠠᠬᠤ ᠣᠷᠣᠨ᠎ᠤ ᠠᠶᠤᠯᠭᠦᠢ ᠪᠦᠲᠦᠭᠡᠨ ᠪᠠᠶ᠋ᠢᠭᠤᠯᠤᠯᠲᠠ᠂ ᠬᠠᠮᠢᠶᠠᠷᠤᠯᠲᠠ ᠪᠣᠯᠤᠨ ᠬᠡᠷᠡᠭᠯᠡᠯᠲᠡ᠎ᠳᠤ ᠨᠥᠬᠥᠪᠥᠷᠢ ᠥᠭᠬᠦ ᠠᠵᠢᠯ᠎ᠢ ᠵᠣᠬᠢᠶᠠᠨ ᠪᠠᠶ᠋ᠢᠭᠤᠯᠤᠨ ᠵᠣᠬᠢᠴᠠᠭᠤᠯᠵᠤ ᠵᠢᠯᠣᠭᠣᠳᠤᠨ᠎ᠠ᠃ ᠦᠶᠡᠷᠯᠡᠭᠰᠡᠨ ᠣᠷᠣᠨ᠂ ᠦᠶᠡᠷ ᠬᠤᠷᠠᠭᠤᠯᠵᠤ ᠦᠶᠡᠷ ᠲᠣᠭᠲᠠᠭ᠋ᠠᠬᠤ ᠣᠷᠣᠨ ᠪᠣᠯᠤᠨ ᠦᠶᠡᠷ᠎ᠢ ᠰᠡᠷᠭᠡᠶ᠋ᠢᠯᠡᠬᠦ ᠬᠠᠮᠠᠭ᠋ᠠᠯᠠᠯᠲᠠ ᠵᠢᠨ ᠣᠷᠣᠨ᠎ᠤ ᠦᠶᠡᠷ᠎ᠤᠨ ᠨᠥᠯᠥᠭᠡ ᠵᠢ ᠦᠨᠡᠯᠡᠬᠦ ᠠᠵᠢᠯ᠎ᠢ ᠡᠭᠦᠷᠭᠡᠯᠡᠨ᠎ᠡ᠃ ᠦᠶᠡᠷ᠎ᠤᠨ ᠤᠰᠤᠨ᠎ᠤ ᠪᠠᠴᠢᠮ ᠪᠠᠶ᠋ᠢᠳᠠᠯ᠎ᠢ ᠠᠷᠭ᠋ᠠᠴᠠᠵᠤ ᠠᠶᠤᠯ᠎ᠠᠴᠠ ᠠᠪᠤᠷᠠᠬᠤ ᠮᠡᠷᠭᠡᠵᠢᠯ᠎ᠤᠨ ᠲᠤᠯᠭ᠋ᠠᠭᠤᠷᠢᠯᠠᠬᠤ ᠠᠵᠢᠯ᠎ᠢ ᠡᠭᠦᠷᠭᠡᠯᠡᠨ᠎ᠡ᠃
ᠪᠠᠶ᠋ᠢᠭᠤᠯᠭ᠎ᠠ ᠵᠢᠨ ᠨᠠᠮ᠎ᠤᠨ ᠬᠣᠷᠢᠶ᠎ᠠ᠃ ᠪᠠᠶ᠋ᠢᠭᠤᠯᠭ᠎ᠠ ᠪᠠ ᠬᠠᠷᠢᠶ᠎ᠠ ᠨᠢᠭᠡᠴᠢ ᠵᠢᠨ ᠨᠠᠮ ᠪᠠ ᠤᠯᠠᠨ ᠲᠦᠮᠡᠨ᠂ ᠰᠠᠬᠢᠯᠭ᠎ᠠ ᠪᠠᠲᠤ ᠪᠠᠶ᠋ᠢᠴᠠᠭ᠋ᠠᠬᠤ ᠵᠡᠷᠭᠡ ᠠᠵᠢᠯ᠎ᠢ ᠬᠠᠷᠢᠭᠤᠴᠠᠨ᠎ᠠ᠃
ᠠᠵᠢᠯ᠎ᠠᠴᠠ ᠠᠮᠠᠷᠠᠭᠰᠠᠳ᠎ᠤᠨ ᠠᠵᠢᠯ᠎ᠤᠨ ᠭᠠᠵᠠᠷ᠃ ᠪᠠᠢ᠌ᠭᠤᠯᠭ᠎ᠠ ᠵᠢᠨ ᠠᠵᠢᠯ᠎ᠠᠴᠠ᠎ᠪᠠᠨ ᠠᠮᠠᠷᠠᠭᠰᠠᠳ᠎ᠤᠨ ᠠᠵᠢᠯ᠎ᠢ ᠬᠠᠷᠢᠭᠤᠴᠠᠨ᠎ᠠ᠃ ᠬᠠᠷᠢᠶ᠎ᠠ ᠨᠢᠭᠡᠴᠢ ᠵᠢᠨ ᠠᠵᠢᠯ᠎ᠠᠴᠠ᠎ᠪᠠᠨ ᠠᠮᠠᠷᠠᠭᠰᠠᠳ᠎ᠤᠨ ᠠᠵᠢᠯ᠎ᠢ ᠵᠢᠯᠣᠭᠣᠳᠤᠨ᠎ᠠ᠃
ᠠᠵᠢᠯᠯᠠᠬᠤ ᠭᠠᠵᠠᠷ᠄ ᠬᠥᠬᠡᠬᠣᠲᠠ ᠵᠢᠨ ᠬᠥᠯᠥᠨ ᠡᠮᠦᠨ᠎ᠡ ᠵᠠᠮ᠎ᠤᠨ 119 ᠳ᠋ᠦ᠍ᠭᠡᠷ ᠨᠤᠮᠸᠷ
ᠠᠵᠢᠯᠯᠠᠬᠤ ᠴᠠᠭ᠄ ᠠᠵᠢᠯᠯᠠᠬᠤ ᠡᠳᠦᠷ᠎ᠤᠨ 9᠄ 00 —12᠄ 00᠂ 13᠄ 30 —17᠄ 00
ᠠᠯᠪᠠᠨ ᠤᠲᠠᠰᠤ᠄ 0471— 5259680
ᠬᠠᠷᠢᠭᠤᠴᠠᠯᠭ᠋ᠠᠲᠠᠨ᠄ ᠱᠸᠩ ᠰᠢᠶᠤᠤ ᠶᠢᠦ