ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠪᠠᠶ᠋ᠢᠭᠤᠯᠤᠮᠵᠢ
ᠰᠢᠭᠤᠳ ᠬᠠᠷᠢᠶ᠎ᠠ ᠨᠢᠭᠡᠴᠢ
ᠨᠡᠶ᠋ᠢᠲᠡᠯᠡᠭᠰᠡᠨ ᠴᠠᠭ᠄ 2024-01-10

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠦᠢ᠍ᠯᠡᠰ᠎ᠤᠨ ᠬᠦᠭᠵᠢᠯᠲᠡ ᠵᠢᠨ ᠲᠦᠪ


  1 . ᠤᠰᠤᠨ ᠠᠰᠢᠭᠯᠠᠯᠲᠠ ᠵᠢᠨ ᠤᠷᠲᠤᠪᠲᠤᠷ ᠪᠠ ᠤᠷᠲᠤ ᠬᠤᠭᠤᠴᠠᠭ᠋ᠠᠨ᠎ᠤ ᠬᠥᠭᠵᠢᠯᠲᠡ ᠵᠢᠨ ᠲᠥᠯᠥᠪᠵᠢᠭᠦᠯᠭᠡ᠂ ᠴᠢᠬᠤᠯᠠ ᠶᠡᠬᠡ ᠤᠰᠤᠨ ᠠᠰᠢᠭᠯᠠᠯᠲᠠ ᠵᠢᠨ ᠶᠡᠷᠦᠩᠬᠡᠶ᠋ᠢᠯᠡᠭᠰᠡᠨ ᠲᠥᠯᠥᠪᠵᠢᠭᠦᠯᠭᠡ᠂ ᠲᠤᠰᠬᠠᠶ ᠠᠵᠢᠯ᠎ᠤᠨ ᠲᠥᠯᠥᠪᠵᠢᠭᠦᠯᠭᠡ ᠪᠣᠯᠤᠨ ᠲᠤᠰᠬᠠᠶ ᠵᠦᠢ᠍ᠯ᠎ᠤᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠬᠠᠮᠢᠶ᠎ᠠ ᠪᠦᠬᠦᠢ ᠠᠵᠢᠯ᠎ᠳᠤ ᠣᠷᠣᠯᠴᠠᠨ᠎ᠠ᠃ ᠤᠰᠤᠨ ᠠᠰᠢᠭᠯᠠᠯᠲᠠ ᠵᠢᠨ ᠲᠥᠯᠥᠪᠯᠡᠭᠡ ᠵᠢ ᠬᠡᠷᠡᠭᠵᠢᠭᠦᠯᠬᠦ᠂ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠬᠣᠯᠪᠣᠭᠳᠠᠯ ᠪᠦᠬᠦᠢ ᠳᠦᠷᠢᠮ᠎ᠢ ᠬᠡᠷᠡᠭᠵᠢᠭᠦᠯᠬᠦ ᠬᠠᠮᠢᠶ᠎ᠠ ᠪᠦᠬᠦᠢ ᠠᠵᠢᠯ᠎ᠳᠤ ᠣᠷᠣᠯᠴᠠᠨ᠎ᠠ᠃ ᠲᠣᠮᠣ ᠳᠤᠮᠳᠠ ᠬᠡᠯᠪᠡᠷᠢ ᠵᠢᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠸᠨ᠋ᠸᠷᠢᠩ᠎ᠤᠨ ᠲᠥᠯᠥᠪᠵᠢᠭᠦᠯᠭᠡ᠂ ᠲᠥᠷᠥᠯ ᠵᠦᠢ᠍ᠯ᠎ᠤᠨ ᠰᠠᠨᠠᠭᠤᠯᠭ᠎ᠠ ᠵᠢᠨ ᠪᠢᠴᠢᠭ᠂ ᠪᠣᠯᠤᠮᠵᠢᠲᠤ ᠰᠤᠳᠤᠯᠤᠯ᠂ ᠠᠩᠬ᠎ᠠ ᠠᠯᠬᠤᠮ᠎ᠤᠨ ᠵᠢᠷᠤᠭ ᠲᠥᠯᠥᠪᠯᠡᠭᠡ᠂ ᠪᠠᠷᠢᠯᠭ᠎ᠠ ᠵᠢᠨ ᠵᠢᠷᠤᠭ᠂ ᠤᠰᠤᠨ᠎ᠤ ᠡᠬᠢ ᠪᠠᠶᠠᠯᠢᠭ᠎ᠤᠨ ᠨᠤᠲᠠᠯᠠᠯᠲᠠ᠂ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠤᠰᠤ ᠰᠢᠷᠣᠶ ᠵᠢ ᠬᠠᠮᠠᠭ᠋ᠠᠯᠠᠬᠤ ᠲᠥᠰᠦᠯ᠂ ᠭᠣᠣᠯ᠎ᠤᠨ ᠵᠠᠮ᠎ᠤᠨ ᠬᠠᠮᠢᠶᠠᠷᠤᠯᠲᠠ ᠵᠢᠨ ᠬᠡᠪᠴᠢᠶᠡᠨ᠎ᠳᠠᠬᠢ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠲᠥᠰᠦᠯ ᠵᠢᠴᠢ ᠤᠰᠤᠨ ᠰᠢᠨᠵᠢᠯᠡᠭᠡᠨ᠎ᠤ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠵᠢᠷᠤᠭ ᠲᠥᠯᠥᠪᠯᠡᠭᠡ ᠵᠢᠨ ᠮᠡᠳᠡᠭᠦᠯᠦᠯᠲᠡ ᠵᠡᠷᠭᠡ ᠬᠣᠯᠪᠣᠭᠳᠠᠯ ᠪᠦᠬᠦᠢ ᠮᠡᠳᠡᠭᠦᠯᠦᠯᠲᠡ ᠪᠠ ᠲᠥᠰᠦᠯ ᠮᠡᠷᠭᠡᠵᠢᠯ᠎ᠤᠨ ᠲᠤᠯᠭ᠋ᠠᠭᠤᠷᠢᠯᠠᠯ᠎ᠤᠨ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃

  2 . ᠪᠦᠬᠦ ᠣᠷᠣᠨ᠎ᠤ ᠤᠰᠤ ᠰᠢᠷᠤᠢ ᠵᠢᠨ ᠢᠳᠡᠭᠳᠡᠯ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ᠂ ᠬᠢᠨᠠᠯᠲᠠ ᠲᠠᠯᠪᠢᠵᠤ ᠬᠠᠮᠢᠶᠠᠷᠬᠤ ᠪᠠ ᠬᠢᠨᠠᠨ ᠬᠡᠮᠵᠢᠵᠦ ᠦᠨᠡᠯᠡᠬᠦ ᠮᠡᠷᠭᠡᠵᠢᠯ᠎ᠤᠨ ᠲᠤᠯᠭ᠋ᠠᠭᠤᠷᠢᠯᠠᠬᠤ ᠠᠵᠢᠯ᠎ᠢ ᠡᠭᠦᠷᠭᠡᠯᠡᠨ᠎ᠡ; ᠪᠦᠬᠦ ᠣᠷᠣᠨ᠎ᠤ ᠤᠰᠤ ᠰᠢᠷᠣᠶ ᠵᠢᠨ ᠢᠳᠡᠭᠳᠡᠯ᠎ᠢ ᠪᠠᠶ᠋ᠢᠴᠠᠭ᠋ᠠᠬᠤ᠂ ᠬᠥᠳᠡᠯᠦᠩᠭᠦᠶ ᠪᠠᠶ᠋ᠢᠳᠠᠯ᠎ᠢ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ ᠮᠡᠷᠭᠡᠵᠢᠯ᠎ᠤᠨ ᠲᠤᠯᠭ᠋ᠠᠭᠤᠷᠢᠯᠠᠬᠤ ᠠᠵᠢᠯ᠎ᠢ ᠡᠭᠦᠷᠭᠡᠯᠡᠨ᠎ᠡ᠃

  3 . ᠬᠥᠳᠡᠭᠡ ᠲᠣᠰᠬᠣᠨ᠎ᠤ ᠤᠰᠤᠨ ᠠᠰᠢᠭᠯᠠᠯᠲᠠ ᠪᠣᠯᠤᠨ ᠬᠥᠳᠡᠭᠡ ᠲᠣᠰᠬᠣᠨ᠎ᠤ ᠤᠰᠤᠨ ᠴᠠᠬᠢᠯᠭ᠋ᠠᠨ ᠵᠡᠷᠭᠡ ᠬᠠᠮᠢᠶ᠎ᠠ ᠪᠦᠬᠦᠢ ᠠᠵᠢᠯ᠎ᠤᠨ ᠮᠡᠷᠭᠡᠵᠢᠯ᠎ᠤᠨ ᠲᠤᠯᠭ᠋ᠠᠭᠤᠷᠢᠯᠠᠬᠤ ᠠᠵᠢᠯ᠎ᠢ ᠡᠭᠦᠷᠭᠡᠯᠡᠨ᠎ᠡ; ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ ᠪᠣᠯᠤᠨ ᠲᠣᠮᠣ ᠳᠤᠮᠳᠠ ᠬᠡᠯᠪᠡᠷᠢ ᠵᠢᠨ ᠤᠰᠤᠯᠠᠬᠤ ᠤᠰᠤ ᠵᠠᠯᠠᠬᠤ ᠬᠥᠭᠡᠷᠭᠡ ᠵᠢᠨ ᠥᠷᠲᠡᠭᠡ ᠵᠢᠨ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠬᠢᠭᠡᠳ ᠥᠭᠡᠷᠡᠴᠢᠯᠡᠯᠲᠡ ᠵᠢᠨ ᠮᠡᠷᠭᠡᠵᠢᠯ᠎ᠤᠨ ᠲᠤᠯᠭ᠋ᠠᠭᠤᠷᠢᠯᠠᠬᠤ ᠠᠵᠢᠯ᠎ᠢ ᠡᠭᠦᠷᠭᠡᠯᠡᠨ᠎ᠡ᠃ ᠲᠠᠷᠢᠶᠠᠯᠠᠬᠤ ᠮᠠᠯᠵᠢᠬᠤ ᠣᠷᠣᠨ᠎ᠤ ᠤᠤᠭᠤᠬᠤ ᠤᠰᠤᠨ᠎ᠤ ᠠᠶᠤᠯᠭᠦᠢ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠬᠢᠭᠡᠳ ᠬᠠᠮᠢᠶᠠᠷᠤᠯᠲᠠ ᠵᠢᠨ ᠮᠡᠷᠭᠡᠵᠢᠯ᠎ᠤᠨ ᠲᠤᠯᠭ᠋ᠠᠭᠤᠷᠢᠯᠠᠬᠤ ᠠᠵᠢᠯ᠎ᠢ ᠡᠭᠦᠷᠭᠡᠯᠡᠨ᠎ᠡ᠃

  4 . ᠤᠰᠤᠨ᠎ᠤ ᠡᠬᠢ ᠪᠠᠶᠠᠯᠢᠭ᠎ᠤᠨ ᠳᠠᠭ᠋ᠠᠭ᠋ᠠᠬᠤ ᠴᠢᠳᠠᠪᠤᠷᠢ᠂ ᠤᠰᠤᠨ᠎ᠤ ᠡᠬᠢ ᠪᠠᠶᠠᠯᠢᠭ᠎ᠤᠨ ᠬᠢᠨᠠᠨ ᠡᠵᠡᠮᠳᠡᠬᠦ ᠴᠢᠳᠠᠪᠤᠷᠢ ᠵᠢᠨ ᠪᠠᠶ᠋ᠢᠭᠤᠯᠤᠯᠲᠠ ᠵᠢᠨ ᠮᠡᠷᠭᠡᠵᠢᠯ᠎ᠤᠨ ᠲᠤᠯᠭ᠋ᠠᠭᠤᠷᠢᠯᠠᠬᠤ ᠠᠵᠢᠯ᠎ᠢ ᠡᠭᠦᠷᠭᠡᠯᠡᠨ᠎ᠡ; ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠠᠮᠤᠭ᠎ᠤᠨ ᠴᠢᠩᠭ᠎ᠠ ᠳᠦᠷᠢᠮ᠎ᠢ ᠰᠢᠯᠭ᠋ᠠᠨ ᠬᠢᠨᠠᠬᠤ ᠵᠡᠷᠭᠡ ᠬᠠᠮᠢᠶ᠎ᠠ ᠪᠦᠬᠦᠢ ᠰᠢᠯᠭ᠋ᠠᠨ ᠬᠢᠨᠠᠬᠤ ᠵᠠᠰᠠᠭ ᠵᠠᠬᠢᠷᠭ᠋ᠠᠨ᠎ᠤ ᠴᠢᠨᠠᠷᠲᠠᠶ ᠲᠤᠰᠠᠯᠠᠮᠵᠢ ᠪᠠ ᠮᠡᠷᠭᠡᠵᠢᠯ᠎ᠤᠨ ᠲᠤᠯᠭ᠋ᠠᠭᠤᠷᠢᠯᠠᠬᠤ ᠠᠵᠢᠯ᠎ᠢ ᠡᠭᠦᠷᠭᠡᠯᠡᠨ᠎ᠡ; ᠤᠰᠤᠨ᠎ᠤ ᠡᠷᠬᠡ ᠵᠢ ᠬᠤᠳᠠᠯᠳᠤᠨ ᠠᠪᠴᠤ ᠬᠠᠳᠠᠭ᠋ᠠᠯᠠᠬᠤ᠂ ᠤᠰᠤᠨ᠎ᠤ ᠡᠷᠬᠡ ᠵᠢ ᠰᠢᠯᠵᠢᠭᠦᠯᠦᠨ ᠥᠭᠬᠦ ᠬᠢᠭᠡᠳ ᠠᠷᠠᠯᠵᠢᠶᠠᠯᠠᠬᠤ ᠮᠡᠷᠭᠡᠵᠢᠯ᠎ᠤᠨ ᠲᠤᠯᠭ᠋ᠠᠭᠤᠷᠢᠯᠠᠯ ᠪᠣᠯᠤᠨ ᠵᠠᠰᠠᠭ ᠵᠠᠬᠢᠷᠭ᠋ᠠᠨ᠎ᠤ ᠬᠠᠪᠰᠤᠷᠤᠮᠵᠢ ᠵᠢᠨ ᠴᠢᠨᠠᠷᠲᠠᠶ ᠠᠵᠢᠯ᠎ᠢ ᠡᠭᠦᠷᠭᠡᠯᠡᠨ᠎ᠡ᠃ ᠤᠰᠤ ᠵᠢ ᠠᠷᠪᠢᠯᠠᠨ ᠬᠡᠷᠡᠭᠯᠡᠬᠦ ᠵᠢᠴᠢ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠠᠶ᠋ᠢᠭᠤᠯᠤᠯᠲᠠ ᠵᠢᠨ ᠮᠡᠷᠭᠡᠵᠢᠯ᠎ᠤᠨ ᠲᠤᠯᠭ᠋ᠠᠭᠤᠷᠢᠯᠠᠬᠤ ᠠᠵᠢᠯ᠎ᠢ ᠡᠭᠦᠷᠭᠡᠯᠡᠨ᠎ᠡ᠃

  5 . ᠪᠦᠬᠦ ᠣᠷᠣᠨ᠎ᠤ ᠤᠰᠤᠨ ᠠᠰᠢᠭᠯᠠᠯᠲᠠ ᠵᠢᠨ ᠣᠷᠣᠨ ᠨᠤᠲᠤᠭ᠎ᠤᠨ ᠬᠠᠤᠯᠢ ᠲᠣᠭᠲᠠᠭ᠋ᠠᠬᠤ ᠲᠥᠷᠥᠯ ᠵᠦᠢ᠍ᠯ᠎ᠤᠨ ᠰᠠᠨᠠᠭᠤᠯᠭ᠎ᠠ ᠵᠢᠴᠢ ᠬᠣᠯᠪᠣᠭᠳᠠᠯ ᠪᠦᠬᠦᠢ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ ᠪᠣᠯᠤᠨ ᠵᠢᠷᠤᠮᠵᠢᠯ᠎ᠤᠨ ᠴᠢᠨᠠᠷᠲᠠᠶ ᠪᠢᠴᠢᠭ ᠮᠠᠲᠸᠷᠢᠶᠠᠯ᠎ᠤᠨ ᠲᠥᠰᠦᠯ᠎ᠢ ᠲᠤᠭᠤᠷᠪᠢᠬᠤ ᠮᠡᠷᠭᠡᠵᠢᠯ᠎ᠤᠨ ᠲᠤᠯᠭ᠋ᠠᠭᠤᠷᠢᠯᠠᠬᠤ ᠠᠵᠢᠯ᠎ᠢ ᠡᠭᠦᠷᠭᠡᠯᠡᠨ᠎ᠡ᠃ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠢᠨᠵᠸᠨ᠋ᠸᠷᠢᠩ᠎ᠤᠨ ᠮᠡᠷᠭᠡᠵᠢᠯ᠎ᠤᠨ ᠪᠠᠷᠢᠮᠵᠢᠶ᠎ᠠ᠂ ᠳᠦᠷᠢᠮ ᠵᠢᠷᠤᠮᠵᠢᠯ᠎ᠢ ᠰᠤᠳᠤᠯᠬᠤ᠂ ᠨᠠᠶ᠋ᠢᠷᠠᠭᠤᠯᠤᠨ ᠵᠣᠬᠢᠶᠠᠬᠤ᠂ ᠤᠬᠠᠭᠤᠯᠬᠤ᠂ ᠳᠡᠯᠭᠡᠷᠡᠭᠦᠯᠦᠨ ᠬᠡᠷᠡᠭᠯᠡᠬᠦ ᠵᠢᠴᠢ ᠦᠨᠡᠯᠡᠨ ᠵᠢᠱ᠌ᠢᠬᠦ ᠵᠡᠷᠭᠡ ᠠᠵᠢᠯ᠎ᠳᠤ ᠣᠷᠣᠯᠴᠠᠨ᠎ᠠ᠃

  6 . ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠠᠵᠢᠯᠯᠠᠭ᠋ᠠᠨ᠎ᠤ ᠬᠠᠮᠢᠶᠠᠷᠤᠯᠲᠠ ᠵᠢᠨ ᠮᠡᠷᠭᠡᠵᠢᠯ᠎ᠤᠨ ᠲᠤᠯᠭ᠋ᠠᠭᠤᠷᠢᠯᠠᠬᠤ ᠠᠵᠢᠯ᠎ᠢ ᠡᠭᠦᠷᠭᠡᠯᠡᠨ᠎ᠡ; ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠠᠶᠤᠯᠭᠦᠢ ᠦᠢ᠍ᠯᠡᠳᠪᠦᠷᠢᠯᠡᠯ ᠵᠢᠴᠢ ᠶᠠᠰᠤ ᠴᠢᠨᠠᠷ᠎ᠤᠨ ᠡᠨᠳᠡᠯ᠎ᠢ ᠪᠠᠶ᠋ᠢᠴᠠᠭ᠋ᠠᠬᠤ ᠵᠡᠷᠭᠡ ᠮᠡᠷᠭᠡᠵᠢᠯ᠎ᠤᠨ ᠲᠤᠯᠭ᠋ᠠᠭᠤᠷᠢᠯᠠᠬᠤ ᠠᠵᠢᠯ᠎ᠢ ᠡᠭᠦᠷᠭᠡᠯᠡᠨ᠎ᠡ᠃

  7 . ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶ᠋ᠢᠯᠡᠭᠰᠡᠨ ᠴᠢᠨᠠᠷᠲᠠᠶ ᠪᠠ ᠴᠢᠬᠤᠯᠠ ᠶᠡᠬᠡ ᠤᠰᠤᠨ ᠠᠰᠢᠭᠯᠠᠯᠲᠠ ᠵᠢᠨ ᠲᠥᠷᠥ ᠵᠢᠨ ᠪᠣᠳᠣᠯᠭ᠎ᠠ ᠵᠢ ᠰᠤᠳᠤᠯᠤᠨ ᠲᠣᠭᠲᠠᠭ᠋ᠠᠬᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠥᠷᠥ ᠵᠢᠨ ᠪᠣᠳᠣᠯᠭ᠎ᠠ ᠵᠢᠨ ᠰᠤᠳᠤᠯᠤᠯ ᠬᠢᠭᠡᠳ ᠳᠦᠷᠢᠮ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠲᠥᠯᠥᠪᠵᠢᠭᠦᠯᠭᠡ ᠪᠣᠯᠤᠨ ᠣᠨ᠎ᠤ ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠬᠤ ᠮᠡᠷᠭᠡᠵᠢᠯ᠎ᠤᠨ ᠲᠤᠯᠭ᠋ᠠᠭᠤᠷᠢᠯᠠᠬᠤ ᠠᠵᠢᠯ᠎ᠢ ᠡᠭᠦᠷᠭᠡᠯᠡᠨ᠎ᠡ᠃

  8 . ᠭᠤᠤᠯ ᠮᠥᠷᠡᠨ ᠨᠠᠭᠤᠷ ᠴᠦᠬᠦᠷᠦᠮ᠎ᠤᠨ ᠳᠠᠷᠤᠭ᠎ᠠ ᠵᠢᠨ ᠲᠦᠷᠢᠮ᠎ᠤᠨ ᠠᠵᠢᠯ᠎ᠢ ᠰᠢᠮᠳᠠᠭᠤᠯᠤᠨ ᠪᠠᠶ᠋ᠢᠴᠠᠭ᠋ᠠᠬᠤ᠂ ᠰᠢᠯᠭ᠋ᠠᠨ ᠬᠢᠨᠠᠬᠤ ᠵᠡᠷᠭᠡ ᠬᠣᠯᠪᠣᠭᠳᠠᠯ ᠪᠥᠬᠥᠶ ᠠᠵᠢᠯ ᠶᠠᠪᠤᠳᠠᠯ᠎ᠤᠨ ᠴᠢᠨᠠᠷᠲᠠᠶ ᠠᠵᠢᠯ ᠪᠠ ᠮᠡᠷᠭᠡᠵᠢᠯ᠎ᠤᠨ ᠲᠤᠯᠭ᠋ᠠᠭᠤᠷᠢᠯᠠᠯ᠎ᠢ ᠡᠭᠦᠷᠭᠡᠯᠡᠨ᠎ᠡ; ᠭᠤᠤᠯ ᠮᠥᠷᠡᠨ ᠨᠠᠭᠤᠷ ᠴᠥᠭᠥᠷᠥᠮ᠎ᠤᠨ ᠤᠰᠤᠨ ᠣᠷᠣᠨ ᠵᠢᠴᠢ ᠲᠡᠭᠦᠨ᠎ᠤ ᠡᠷᠭᠢ ᠳᠠᠭ᠋ᠠᠤ ᠵᠢᠨ ᠬᠠᠮᠢᠶᠠᠷᠤᠯᠲᠠ᠂ ᠭᠤᠤᠯ ᠮᠥᠷᠡᠨ ᠨᠠᠭᠤᠷ ᠴᠥᠭᠥᠷᠥᠮ ᠳᠠᠷᠤᠭ᠎ᠠ᠎ᠤᠨ ᠬᠠᠮᠢᠶᠠᠷᠤᠯᠲᠠ ᠵᠢᠨ ᠬᠦᠷᠢᠶ᠎ᠡ ᠬᠡᠪᠴᠢᠶ᠎ᠡ ᠵᠢ ᠬᠤᠪᠢᠶᠠᠷᠢᠯᠠᠨ ᠲᠣᠭᠲᠠᠭ᠋ᠠᠬᠤ᠎ᠳᠤ ᠬᠣᠯᠪᠣᠭᠳᠠᠬᠤ ᠠᠵᠢᠯ ᠶᠠᠪᠤᠳᠠᠯ᠎ᠤᠨ ᠴᠢᠨᠠᠷᠲᠠᠶ ᠠᠵᠢᠯ ᠪᠠ ᠮᠡᠷᠭᠡᠵᠢᠯ᠎ᠤᠨ ᠲᠤᠯᠭ᠋ᠠᠭᠤᠷᠢᠯᠠᠬᠤ ᠠᠵᠢᠯ᠎ᠢ ᠡᠭᠦᠷᠭᠡᠯᠡᠨ᠎ᠡ; ᠭᠤᠤᠯ ᠮᠥᠷᠡᠨ ᠨᠠᠭᠤᠷ ᠴᠥᠭᠥᠷᠥᠮ᠎ᠤᠨ 《ᠳᠥᠷᠪᠡᠨ ᠰᠠᠮᠠᠭᠤᠨ᠎ᠢ ᠠᠷᠢᠯᠭ᠋ᠠᠬᠤ》᠂ ᠭᠤᠤᠯ᠎ᠤᠨ ᠵᠠᠮ᠎ᠠᠴᠠ ᠬᠠᠶ᠋ᠢᠷ ᠮᠠᠯᠲᠠᠬᠤ ᠵᠢ ᠬᠢᠨᠠᠨ ᠬᠠᠮᠢᠶᠠᠷᠬᠤ᠂ ᠭᠤᠤᠯ᠎ᠤᠨ ᠵᠠᠮ᠎ᠤᠨ ᠬᠠᠮᠢᠶᠠᠷᠤᠯᠲᠠ ᠵᠢᠨ ᠬᠡᠪᠴᠢᠶᠡᠨ ᠳᠣᠲᠣᠷᠠᠬᠢ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ ᠪᠠ ᠠᠵᠢᠯᠯᠠᠭ᠎ᠠ ᠵᠢ ᠬᠢᠨᠠᠨ ᠬᠠᠮᠢᠶᠠᠷᠬᠤ ᠬᠣᠯᠪᠣᠭᠳᠠᠯ ᠪᠦᠬᠦᠢ ᠲᠤᠰᠠᠯᠠᠬᠤ ᠴᠢᠨᠠᠷᠲᠠᠶ ᠠᠵᠢᠯ ᠪᠠ ᠬᠠᠮᠢᠶ᠎ᠠ ᠪᠦᠬᠦᠢ ᠮᠡᠷᠭᠡᠵᠢᠯ᠎ᠤᠨ ᠲᠤᠯᠭ᠋ᠠᠭᠤᠷᠢᠯᠠᠬᠤ ᠠᠵᠢᠯ᠎ᠢ ᠡᠭᠦᠷᠭᠡᠯᠡᠨ᠎ᠡ᠃

  9 . ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠲᠤᠰᠢᠶᠠᠨ ᠭᠦᠢ᠍ᠴᠡᠳᠬᠡᠯᠭᠡᠬᠦ ᠪᠤᠰᠤᠳ ᠠᠵᠢᠯ᠎ᠤᠨ ᠡᠭᠦᠷᠭᠡ ᠵᠢ ᠪᠡᠶᠡᠯᠡᠭᠦᠯᠦᠨ᠎ᠡ᠃

  

   ᠳᠣᠲᠣᠭ᠋ᠠᠳᠤ ᠵᠢᠨ ᠪᠠᠢ᠌ᠭᠣᠯᠣᠮᠵᠢ᠄ ᠠᠯᠪᠠᠨ ᠭᠡᠷ᠂ ᠠᠵᠢᠯᠲᠠᠨ᠎ᠤ ᠶᠠᠪᠤᠳᠠᠯ᠎ᠤᠨ ᠬᠡᠯᠲᠡᠰ  ᠂ ᠡᠳ᠋᠎ᠤᠨ ᠶᠠᠪᠤᠳᠠᠯ᠎ᠤᠨ ᠬᠡᠯᠲᠡᠰ᠂ ᠨᠠᠮ ᠣᠯᠠᠨ ᠲᠦᠮᠡᠨ᠎ᠤ ᠠᠵᠢᠯ᠎ᠤᠨ ᠬᠡᠯᠲᠡᠰ᠂ ᠰᠠᠬᠢᠯᠭ᠎ᠠ ᠪᠠᠲᠤ ᠪᠠᠶ᠋ᠢᠴᠠᠭ᠋ᠠᠬᠤ ᠲᠠᠰᠤᠭ᠂ ᠶᠡᠷᠦᠩᠬᠡᠶ ᠢᠨᠵᠧᠨᠧᠷ᠎ᠤᠨ ᠠᠯᠪᠠᠨ ᠭᠡᠷ᠂ ᠢᠨᠵᠸᠨ᠋ᠸᠷᠢᠩ᠎ᠤᠨ ᠲᠥᠯᠥᠪᠵᠢᠭᠦᠯᠭᠡ ᠵᠢᠨ ᠬᠡᠯᠲᠡᠰ᠂ ᠡᠬᠢ ᠪᠠᠶᠠᠯᠢᠭ ᠣᠷᠴᠢᠨ ᠲᠣᠭᠣᠷᠢᠨ᠎ᠤ ᠲᠥᠯᠥᠪᠵᠢᠭᠦᠯᠭᠡ ᠵᠢᠨ ᠬᠡᠯᠲᠡᠰ᠂ ᠬᠥᠭᠵᠢᠭᠦᠯᠦᠯᠲᠡ ᠵᠢᠨ ᠲᠥᠯᠥᠪᠵᠢᠭᠦᠯᠭᠡ ᠵᠢᠨ ᠬᠡᠯᠲᠡᠰ᠂ ᠮᠡᠷᠭᠡᠵᠢᠯ᠎ᠤᠨ ᠬᠢᠨᠠᠨ ᠪᠠᠶ᠋ᠢᠴᠠᠭ᠋ᠠᠬᠤ ᠬᠡᠯᠲᠡᠰ᠂ ᠤᠰᠤ ᠰᠢᠷᠣᠶ ᠵᠢ ᠬᠠᠮᠠᠭ᠋ᠠᠯᠠᠬᠤ ᠬᠡᠯᠲᠡᠰ᠂ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠬᠡᠯᠲᠡᠰ᠂ ᠬᠢᠨᠠᠨ ᠵᠥᠪᠰᠢᠶᠡᠷᠡᠬᠦ ᠦᠢ᠍ᠯᠡᠴᠢᠯᠡᠭᠡᠨ᠎ᠤ ᠬᠡᠯᠲᠡᠰ᠂ ᠲᠠᠷᠢᠶᠠᠯᠠᠬᠤ ᠮᠠᠯᠵᠢᠬᠤ ᠣᠷᠣᠨ᠎ᠤ ᠤᠰᠤ ᠬᠠᠩᠭ᠋ᠠᠬᠤ ᠬᠡᠯᠲᠡᠰ᠂ ᠤᠰᠤᠯᠠᠯᠲᠠ ᠤᠰᠤ ᠲᠠᠲᠠᠷᠠᠭᠤᠯᠬᠤ ᠬᠡᠯᠲᠡᠰ᠂ ᠤᠰᠤᠨ᠎ᠤ ᠡᠬᠢ ᠪᠠᠶᠠᠯᠢᠭ᠎ᠤᠨ ᠬᠠᠮᠠᠭ᠋ᠠᠯᠠᠯᠲᠠ ᠵᠢᠨ ᠬᠡᠯᠲᠡᠰ᠂ ᠤᠰᠤ ᠵᠢ ᠠᠷᠪᠢᠯᠠᠨ ᠬᠡᠷᠡᠭᠯᠡᠬᠦ ᠵᠢ ᠠᠬᠢᠭᠤᠯᠬᠤ ᠬᠡᠯᠲᠡᠰ᠂ ᠢᠨᠵᠸᠨ᠋ᠸᠷᠢᠩ᠎ᠤᠨ ᠠᠵᠢᠯᠯᠠᠭ᠋ᠠᠨ᠎ᠤ ᠬᠡᠯᠲᠡᠰ᠂ ᠶᠠᠰᠤ ᠴᠢᠨᠠᠷ᠎ᠤᠨ ᠠᠶᠤᠯᠭᠦᠢ ᠵᠢᠨ ᠠᠵᠢᠯ᠎ᠤᠨ ᠬᠡᠯᠲᠡᠰ᠂ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠳᠦᠷᠢᠮ᠎ᠤᠨ ᠠᠵᠢᠯ᠎ᠤᠨ ᠬᠡᠯᠲᠡᠰ᠂ ᠮᠡᠳᠡᠭᠡ ᠵᠠᠩᠭᠢ ᠵᠢᠨ ᠮᠡᠷᠭᠡᠵᠢᠯ᠎ᠤᠨ ᠬᠡᠷᠡᠭᠯᠡᠭᠡᠨ᠎ᠤ ᠬᠡᠯᠲᠡᠰ᠂ ᠰᠣᠨᠢᠨ ᠮᠡᠳᠡᠭᠡᠨ᠎ᠤ ᠤᠬᠠᠭᠤᠯᠬᠤ ᠬᠡᠯᠲᠡᠰ᠂    ᠬᠠᠤᠯᠢ᠎ᠪᠠᠷ ᠵᠠᠰᠠᠬᠤ ᠪᠠᠲᠤᠯᠠᠭ᠋ᠠᠨ᠎ᠤ ᠦᠢ᠍ᠯᠡᠴᠢᠯᠡᠭᠡᠨ᠎ᠤ ᠭᠠᠵᠠᠷ᠂ ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭᠰᠠᠳ᠎ᠤᠨ ᠠᠵᠢᠯ᠎ᠤᠨ ᠭᠠᠵᠠᠷ᠃

  

   ᠠᠵᠢᠯᠯᠠᠬᠤ ᠭᠠᠵᠠᠷ᠄ ᠬᠥᠬᠡᠬᠣᠲᠠ ᠵᠢᠨ ᠬᠥᠯᠥᠨ ᠡᠮᠦᠨ᠎ᠡ ᠵᠠᠮ᠎ᠤᠨ 119 ᠳ᠋ᠦ᠍ᠭᠡᠷ ᠨᠣᠮᠧᠷ

   ᠠᠵᠢᠯᠯᠠᠬᠤ ᠴᠠᠭ᠄ ᠠᠵᠢᠯᠯᠠᠬᠤ ᠡᠳᠦᠷ᠎ᠤᠨ 9᠄ 00 —12᠄ 00᠂ 13᠄ 30 —17᠄ 00

   ᠬᠠᠷᠢᠯᠴᠠᠬᠤ ᠠᠷᠭ᠎ᠠ᠄ 0471 – 5259680

   ᠬᠠᠷᠢᠭᠤᠴᠠᠯᠭ᠋ᠠᠲᠠᠨ᠄ ᠵᠠᠩ ᠸᠧᠶ


ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠤᠤᠯ᠎ᠤᠨ ᠰᠠᠨ ᠱᠧᠩ ᠬᠥᠩ ᠤᠰᠤᠨ ᠠᠰᠢᠭᠯᠠᠯᠲᠠ ᠵᠢᠨ ᠵᠠᠩᠭᠢᠯᠠᠭ᠎ᠠ ᠵᠢᠨ ᠬᠠᠮᠢᠶᠠᠷᠤᠯᠲᠠ ᠵᠢᠨ ᠲᠥᠪ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠠᠭᠤᠨ   ᠣᠷᠣᠨ᠎ᠤ ᠤᠰᠤᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠤᠨ ᠫᠠᠶ᠋ᠢᠰᠠ ᠵᠢ ᠡᠯᠭᠦᠨ᠎ᠡ)

 

   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠤᠤᠯ᠎ᠤᠨ ᠰᠠᠨ ᠱᠧᠩ ᠬᠥᠩ ᠤᠰᠤᠨ ᠠᠰᠢᠭᠯᠠᠯᠲᠠ ᠵᠢᠨ ᠵᠠᠩᠭᠢᠯᠠᠭ᠎ᠠ ᠵᠢᠨ ᠬᠠᠮᠢᠶᠠᠷᠤᠯᠲᠠ ᠵᠢᠨ ᠲᠥᠪ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠠᠭᠤᠨ ᠬᠡᠰᠡᠭ᠎ᠤᠨ ᠤᠰᠤᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠤᠨ ᠫᠠᠶ᠋ᠢᠰᠠ ᠵᠢ ᠡᠯᠭᠦᠨ᠎ᠡ) ᠪᠣᠯ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠬᠠᠷᠢᠶ᠎ᠠ ᠪᠥᠬᠥᠶ ᠭᠠᠵᠠᠷ᠎ᠤᠨ ᠲᠠᠰ᠎ᠤᠨ ᠨᠡᠶ᠋ᠢᠲᠡ ᠵᠢᠨ ᠠᠰᠠᠷᠠᠮᠵᠢ ᠵᠢᠨ ᠬᠣᠶᠠᠳᠤᠭ᠋ᠠᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ ᠪᠣᠯᠤᠨ᠎ᠠ᠃

  (ᠨᠢᠭᠡ) ᠭᠣᠣᠯ ᠡᠭᠦᠷᠭᠡ ᠬᠠᠷᠢᠭᠤᠴᠠᠯᠭ᠎ᠠ

  1 . ᠥᠪᠥᠷ ᠮᠣᠩᠭᠣᠯ᠎ᠤᠨ ᠪᠣᠷᠣᠲᠣᠬᠣᠢ ᠵᠢᠨ ᠤᠰᠤᠯᠠᠯᠲᠠ ᠵᠢᠨ ᠣᠷᠣᠨ᠂ ᠤᠷᠳᠤᠰ᠎ᠤᠨ ᠡᠮᠦᠨᠡᠲᠦ ᠡᠷᠭᠢ ᠵᠢᠨ ᠤᠰᠤᠯᠠᠯᠲᠠ ᠵᠢᠨ ᠣᠷᠣᠨ᠎ᠤ ᠲᠠᠷᠢᠶᠠᠯᠠᠩ᠎ᠤᠨ ᠤᠰᠤᠯᠠᠯᠲᠠ ᠵᠢᠨ ᠤᠰᠤ ᠲᠠᠲᠠᠬᠤ᠂ ᠡᠷᠬᠢᠨ ᠲᠣᠭᠣᠷᠢᠨ᠎ᠤ ᠭᠠᠵᠠᠷ ᠣᠷᠣᠨ᠎ᠤ ᠠᠮᠢ ᠠᠬᠤᠢ ᠵᠢ ᠵᠠᠰᠠᠬᠤ ᠤᠰᠤ ᠨᠥᠬᠥᠪᠥᠷᠢᠯᠡᠬᠦ᠂ ᠬᠠᠳᠤᠨ ᠭᠣᠣᠯ᠎ᠤᠨ ᠰᠠᠨ ᠱᠧᠩ ᠬᠦᠩ ᠤᠰᠤᠨ ᠠᠰᠢᠭᠯᠠᠯᠲᠠ ᠵᠢᠨ ᠵᠠᠩᠭᠢᠯᠠᠭ᠎ᠠ ᠵᠢᠨ ᠢᠨᠵᠸᠨ᠋ᠸᠷᠢᠩ᠎ᠤᠨ ᠠᠶᠤᠯ ᠥᠭᠡᠢ ᠠᠵᠢᠯᠯᠠᠭ᠋ᠠᠨ᠎ᠤ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠨ᠎ᠡ᠃

  2 . ᠵᠠᠩᠭᠢᠯᠠᠭ᠎ᠠ ᠵᠢᠨ ᠣᠨ᠎ᠤ ᠡᠵᠡᠮᠳᠡᠯ᠎ᠤᠨ ᠠᠵᠢᠯᠯᠠᠭ᠋ᠠᠨ᠎ᠤ ᠲᠥᠯᠥᠪᠯᠡᠭᠡ ᠪᠣᠯᠤᠨ ᠣᠨ᠎ᠤ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ᠎ᠢ ᠨᠠᠶ᠋ᠢᠷᠠᠭᠤᠯᠤᠨ ᠵᠣᠬᠢᠶᠠᠬᠤ᠎ᠳᠤ ᠣᠷᠣᠯᠴᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃

  3 . ᠵᠠᠩᠭᠢᠯᠠᠭ᠎ᠠ ᠵᠢᠨ ᠢᠨᠵᠸᠨ᠋ᠸᠷᠢᠩ᠎ᠤᠨ ᠦᠶᠡᠷ᠎ᠤᠨ ᠤᠰᠤ ᠵᠢ ᠬᠣᠷᠢᠭᠯᠠᠬᠤ ᠲᠥᠰᠦᠯ ᠪᠣᠯᠤᠨ ᠦᠶᠡᠷ᠎ᠤᠨ ᠬᠤᠭᠤᠴᠠᠭ᠋ᠠᠨ᠎ᠤ ᠲᠤᠬᠢᠷᠠᠭᠤᠯᠤᠨ ᠬᠡᠷᠡᠭᠯᠡᠬᠦ ᠲᠥᠯᠥᠪᠯᠡᠭᠡ ᠵᠢ ᠲᠣᠭᠲᠠᠭ᠋ᠠᠬᠤ᠂ ᠵᠠᠩᠭᠢᠯᠠᠭ᠎ᠠ ᠵᠢᠨ ᠬᠠᠷᠢᠶ᠎ᠠ ᠣᠷᠣᠨ᠎ᠤ ᠰᠥᠩ ᠬᠠᠯᠢᠶ᠎ᠠ ᠦᠶᠡᠷ᠎ᠢ ᠰᠡᠷᠭᠡᠶ᠋ᠢᠯᠡᠬᠦ᠂ ᠰᠥᠩ᠎ᠢ ᠰᠠᠯᠭ᠋ᠠᠬᠤ᠂ ᠦᠶᠡᠷ᠎ᠢ ᠰᠠᠯᠭ᠋ᠠᠬᠤ ᠵᠡᠷᠭᠡ ᠬᠠᠮᠢᠶ᠎ᠠ ᠪᠥᠬᠥᠢ ᠠᠵᠢᠯ᠎ᠢ ᠡᠭᠦᠷᠭᠡᠯᠡᠨ᠎ᠡ᠃

  4 . ᠵᠠᠩᠭᠢᠯᠠᠭ᠎ᠠ ᠵᠢᠨ ᠪᠠᠷᠢᠯᠭ᠎ᠠ ᠵᠢᠨ ᠮᠡᠷᠭᠡᠵᠢᠯ᠎ᠢ ᠰᠢᠨᠡᠳᠬᠡᠬᠦ᠂ ᠥᠭᠡᠷᠡᠴᠢᠯᠡᠵᠦ ᠥᠷᠭᠡᠳᠬᠡᠨ ᠪᠠᠶ᠋ᠢᠭᠤᠯᠬᠤ᠂ ᠲᠤᠰᠬᠠᠢ ᠵᠦᠢ᠍ᠯ ᠵᠶ᠋ᠠᠷ ᠵᠠᠰᠠᠬᠤ ᠮᠡᠷᠭᠡᠵᠢᠯ᠎ᠤᠨ ᠪᠠᠲᠤᠯᠠᠭ᠎ᠠ ᠵᠢᠨ ᠠᠵᠢᠯ᠎ᠢ ᠵᠣᠬᠢᠶᠠᠨ ᠪᠠᠶ᠋ᠢᠭᠤᠯᠤᠨ ᠶᠠᠪᠤᠭᠳᠠᠭᠤᠯᠬᠤ ᠵᠢ ᠡᠭᠦᠷᠭᠡᠯᠡᠨ᠎ᠡ᠃

  5 . ᠬᠠᠳᠤᠨ ᠭᠣᠣᠯ᠎ᠤᠨ ᠰᠠᠨ ᠱᠧᠩ ᠭᠥᠩ ᠤᠰᠤᠨ ᠠᠰᠢᠭᠯᠠᠯᠲᠠ ᠵᠢᠨ ᠵᠠᠩᠭᠢᠯᠠᠭ᠎ᠠ ᠵᠢᠨ ᠤᠰᠤᠨ ᠵᠦᠢ᠂ ᠤᠰᠤᠨ᠎ᠤ ᠪᠠᠶ᠋ᠢᠳᠠᠯ᠎ᠢ ᠬᠡᠮᠵᠢᠨ ᠮᠡᠳᠡᠭᠦᠯᠬᠦ ᠵᠢᠴᠢ ᠳᠠᠮᠵᠢᠭᠤᠯᠬᠤ ᠵᠡᠷᠭᠡ ᠬᠠᠮᠢᠶ᠎ᠠ ᠪᠥᠬᠥᠢ ᠠᠵᠢᠯ᠎ᠢ ᠡᠭᠦᠷᠭᠡᠯᠡᠨ᠎ᠡ; ᠬᠠᠷᠢᠶ᠎ᠠ ᠬᠡᠪᠴᠢᠶᠡᠨ ᠳᠣᠲᠣᠷᠠᠬᠢ ᠤᠰᠤᠨ᠎ᠤ ᠡᠬᠢ ᠪᠠᠶᠠᠯᠢᠭ᠎ᠤᠨ ᠬᠠᠮᠠᠭ᠋ᠠᠯᠠᠯᠲᠠ᠂ ᠤᠰᠤ ᠰᠢᠷᠣᠶ ᠵᠢᠨ ᠬᠠᠮᠠᠭ᠋ᠠᠯᠠᠯᠲᠠ ᠵᠡᠷᠭᠡ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃

  6 . ᠥᠪᠥᠷ ᠮᠣᠩᠭᠣᠯ᠎ᠤᠨ ᠪᠠᠷᠠᠭᠤᠨ ᠬᠡᠰᠡᠭ᠎ᠤᠨ ᠭᠠᠵᠠᠷ ᠣᠷᠣᠨ᠎ᠤ ᠤᠰᠤᠨ᠎ᠤ ᠶᠠᠪᠤᠳᠠᠯ᠎ᠤᠨ ᠬᠣᠯᠪᠣᠭᠳᠠᠯ ᠪᠥᠬᠥᠢ ᠠᠵᠢᠯ᠎ᠢ ᠡᠭᠦᠷᠭᠡᠯᠡᠨ᠎ᠡ᠃

  7 . ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠲᠤᠰᠢᠶᠠᠨ ᠭᠦᠢ᠍ᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃

  (ᠬᠣᠶᠠᠷ) ᠳᠣᠲᠣᠭ᠋ᠠᠳᠤ ᠵᠢᠨ ᠪᠠᠶ᠋ᠢᠭᠤᠯᠤᠮᠵᠢ

   ᠳᠣᠲᠣᠭ᠋ᠠᠳᠤ᠎ᠳᠠᠭᠠᠨ ᠵᠢᠩᠬᠢᠨᠢ ᠰᠠᠯᠠᠭ᠋ᠠᠨ᠎ᠤ ᠲᠠᠰ᠎ᠤᠨ ᠪᠠᠶ᠋ᠢᠭᠤᠯᠤᠮᠵᠢ 15 ᠪᠣᠶ᠄ ᠨᠠᠮ᠎ᠤᠨ ᠬᠣᠷᠢᠶᠠᠨ᠎ᠤ ᠠᠯᠪᠠᠨ ᠬᠡᠷ᠂ ᠵᠠᠰᠠᠭ ᠵᠠᠬᠢᠷᠭ᠋ᠠᠨ᠎ᠤ ᠠᠯᠪᠠᠨ ᠬᠡᠷ᠂ ᠠᠵᠢᠯᠲᠠᠨ᠎ᠤ ᠶᠠᠪᠤᠳᠠᠯ᠎ᠤᠨ ᠰᠠᠯᠠᠭ᠎ᠠ᠂ ᠲᠥᠯᠥᠪᠯᠡᠭᠡ ᠵᠢᠨ ᠡᠳ᠋᠎ᠤᠨ ᠶᠠᠪᠤᠳᠠᠯ᠎ᠤᠨ ᠰᠠᠯᠠᠭ᠎ᠠ᠂ ᠢᠨᠵᠸᠨ᠋ᠸᠷᠢᠩ᠎ᠤᠨ ᠪᠥᠲᠥᠭᠡᠨ ᠪᠠᠶ᠋ᠢᠭᠤᠯᠤᠯᠲᠠ ᠬᠢᠭᠡᠳ ᠬᠠᠮᠢᠶᠠᠷᠤᠯᠲᠠ ᠵᠢᠨ ᠰᠠᠯᠠᠭ᠎ᠠ᠂ ᠤᠰᠤᠨ᠎ᠤ ᠶᠠᠪᠤᠳᠠᠯ᠎ᠤᠨ ᠬᠠᠮᠠᠭ᠋ᠠᠯᠠᠯᠲᠠ ᠵᠢᠨ ᠰᠠᠯᠠᠭ᠎ᠠ᠂ ᠠᠷᠤ ᠲᠠᠯ᠎ᠠ ᠵᠢᠨ ᠦᠢ᠍ᠯᠡᠴᠢᠯᠡᠭᠡ ᠬᠢᠭᠡᠳ ᠠᠵᠢᠯ᠎ᠠᠴᠠ᠎ᠪᠠᠨ ᠪᠠᠭᠤᠵᠤ ᠠᠮᠠᠷᠠᠭᠰᠠᠳ᠎ᠤᠨ ᠬᠠᠮᠢᠶᠠᠷᠤᠯᠲᠠ ᠵᠢᠨ ᠰᠠᠯᠠᠭ᠎ᠠ᠂ ᠰᠦᠯᠵᠢᠶᠡᠨ᠎ᠤ ᠮᠡᠳᠡᠭᠡ ᠵᠠᠩᠭᠢ ᠵᠢᠨ ᠰᠠᠯᠠᠭ᠎ᠠ᠂ ᠵᠠᠩᠭᠢᠯᠠᠭ᠎ᠠ ᠵᠢᠨ ᠬᠠᠮᠢᠶᠠᠷᠤᠯᠲᠠ ᠵᠢᠨ ᠭᠠᠵᠠᠷ᠂ ᠤᠰᠤᠨ ᠰᠢᠨᠵᠢᠯᠡᠭᠡᠨ᠎ᠤ ᠲᠤᠷᠰᠢᠯᠲᠠ ᠵᠢᠨ ᠥᠷᠲᠡᠭᠡ᠂ ᠱᠸᠨ ᠡᠤ ᠬᠠᠮᠢᠶᠠᠷᠤᠯᠲᠠ ᠵᠢᠨ ᠭᠠᠵᠠᠷ᠂ ᠠᠮᠢ ᠠᠬᠤᠶ ᠵᠢᠨ ᠬᠠᠮᠠᠭ᠋ᠠᠯᠠᠯᠲᠠ ᠵᠢᠨ ᠥᠷᠲᠡᠭᠡ᠂ ᠵᠠᠩᠭᠢᠯᠠᠭ᠎ᠠ ᠵᠢᠨ ᠶᠡᠷᠦᠩᠬᠡᠢ ᠭᠤᠤᠯ ᠰᠤᠪᠠᠭ᠎ᠤᠨ ᠬᠠᠮᠢᠶᠠᠷᠤᠯᠲᠠ ᠵᠢᠨ ᠭᠠᠵᠠᠷ᠂ ᠵᠠᠩᠭᠢᠯᠠᠭ᠎ᠠ ᠵᠢᠨ ᠦᠵᠡᠮᠵᠢ ᠵᠢᠨ ᠣᠷᠣᠨ᠎ᠤ ᠬᠠᠮᠢᠶᠠᠷᠤᠯᠲᠠ ᠵᠢᠨ ᠲᠥᠪ᠂ ᠢᠨᠵᠧᠨᠧᠷᠢᠩ ᠬᠢᠭᠡᠳ ᠭᠤᠤᠯ᠎ᠤᠨ ᠵᠠᠮ᠎ᠤᠨ ᠬᠠᠮᠠᠭ᠋ᠠᠯᠠᠯᠲᠠ ᠵᠢᠨ ᠠᠵᠢᠯ᠎ᠤᠨ ᠥᠷᠲᠡᠭᠡ᠃

  

   ᠠᠵᠢᠯᠯᠠᠬᠤ ᠭᠠᠵᠠᠷ᠄ ᠪᠠᠶᠠᠨᠨᠠᠭᠤᠷ ᠬᠣᠲᠠ ᠵᠢᠨ ᠳ᠋ᠸᠩᠺᠸᠤ ᠰᠢᠶᠠᠨ᠎ᠤ ᠪᠠᠶᠠᠨᠭᠣᠣᠯ ᠪᠠᠯᠭ᠋ᠠᠰᠤ

   ᠠᠵᠢᠯᠯᠠᠬᠤ ᠴᠠᠭ᠄ ᠠᠵᠢᠯᠯᠠᠬᠤ ᠡᠳᠦᠷ᠎ᠤᠨ 9᠄ 00 —12᠄ 00᠂ 13᠄ 30 —17᠄ 00

   ᠬᠠᠷᠢᠯᠴᠠᠬᠤ ᠠᠷᠭ᠎ᠠ᠄ 0478 — 4237620

   ᠬᠠᠷᠢᠭᠤᠴᠠᠯᠭ᠋ᠠᠲᠠᠨ᠄ ᠯᠢᠦ ᠰᠢ ᠵᠢᠶᠦ᠋ᠨ


ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠣᠯ᠎ᠤᠨ ᠳ᠋ᠸᠩᠺᠸᠤ ᠵᠢᠨ   ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠥᠪ

 

   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠣᠯ᠎ᠤᠨ ᠳ᠋ᠸᠩᠺᠸᠤ ᠵᠢᠨ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠥᠪ ᠪᠣᠯ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠬᠠᠷᠢᠶ᠎ᠠ ᠪᠥᠬᠥᠶ ᠭᠠᠵᠠᠷ᠎ᠤᠨ ᠲᠠᠰ᠎ᠤᠨ ᠨᠡᠶ᠋ᠢᠲᠡ ᠵᠢᠨ ᠠᠰᠠᠷᠠᠮᠵᠢ ᠵᠢᠨ ᠬᠣᠶᠠᠳᠤᠭ᠋ᠠᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ᠎ᠲᠠᠢ ᠲᠡᠩᠴᠡᠨ᠎ᠡ᠃

  (ᠨᠢᠭᠡ) ᠭᠣᠣᠯ ᠡᠭᠦᠷᠭᠡ ᠬᠠᠷᠢᠭᠤᠴᠠᠯᠭ᠎ᠠ

  1 . ᠴᠠᠬᠢᠯᠭ᠋ᠠᠨ ᠬᠦᠴᠦᠨ ᠵᠶ᠋ᠠᠷ ᠤᠰᠤ ᠲᠠᠲᠠᠬᠤ᠎ᠪᠠᠷ ᠤᠰᠤᠯᠠᠯᠲᠠ ᠵᠢᠨ ᠣᠷᠣᠨ᠎ᠤ ᠲᠠᠷᠢᠶᠠᠯᠠᠩ᠎ᠤᠨ ᠭᠠᠩ ᠬᠠᠭᠰᠠᠷᠠᠭ᠋ᠠᠨ᠎ᠲᠠᠢ ᠲᠡᠮᠡᠴᠡᠬᠦ᠎ᠳᠤ ᠤᠰᠤᠯᠠᠯᠲᠠ ᠵᠢᠨ ᠦᠢ᠍ᠯᠡᠴᠢᠯᠡᠭᠡ ᠬᠠᠩᠭ᠋ᠠᠵᠤ᠂ ᠲᠠᠷᠢᠶᠠᠯᠠᠩ᠎ᠤᠨ ᠤᠰᠤᠯᠠᠯᠲᠠ ᠵᠢᠨ ᠤᠰᠤ ᠬᠡᠷᠡᠭᠯᠡᠬᠦ ᠵᠢ ᠪᠠᠲᠤᠯᠠᠨ᠂ ᠬᠠᠷᠠᠠᠤᠰᠤ ᠨᠠᠭᠤᠷ᠎ᠤᠨ ᠨᠤᠭᠤ ᠭᠠᠵᠠᠷ᠎ᠤᠨ ᠠᠮᠢ ᠠᠬᠤᠶ ᠵᠢᠨ ᠤᠰᠤ ᠨᠥᠬᠥᠪᠥᠷᠢᠯᠡᠬᠦ ᠡᠭᠦᠷᠭᠡ ᠵᠢ ᠡᠭᠦᠷᠭᠡᠯᠡᠨ᠎ᠡ᠃

  2 .  ᠤᠰᠤᠯᠠᠯᠲᠠ ᠵᠢᠨ ᠣᠷᠣᠨ᠎ᠤ ᠤᠷᠲᠤᠪᠲᠤᠷ ᠪᠠ ᠤᠷᠳᠤ ᠬᠤᠭᠤᠴᠠᠭ᠋ᠠᠨ᠎ᠤ ᠬᠥᠭᠵᠢᠯᠲᠡ ᠵᠢᠨ ᠲᠥᠯᠥᠪᠵᠢᠭᠦᠯᠭᠡ ᠵᠢ ᠲᠤᠭᠤᠷᠪᠢᠨ ᠲᠣᠭᠲᠠᠭ᠋ᠠᠬᠤ᠎ᠲᠤ ᠣᠷᠣᠯᠴᠠᠵᠤ᠂ ᠤᠰᠤᠯᠠᠯᠲᠠ ᠵᠢᠨ ᠣᠷᠣᠨ᠎ᠤ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠥᠳᠥᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ᠂ ᠠᠵᠢᠯᠯᠠᠭ᠋ᠠᠨ᠎ᠤ       ᠬᠠᠮᠠᠭ᠋ᠠᠯᠠᠯᠲᠠ᠂ ᠮᠡᠷᠭᠡᠵᠢᠯ᠎ᠤᠨ ᠰᠢᠨᠡᠴᠢᠯᠡᠯᠲᠡ ᠥᠭᠡᠷᠡᠴᠢᠯᠡᠯᠲᠡ ᠪᠣᠯᠤᠨ ᠣᠳᠣᠬᠢᠴᠢᠯᠠᠭᠰᠠᠨ ᠤᠰᠤᠯᠠᠯᠲᠠ ᠵᠢᠨ ᠣᠷᠣᠨ᠎ᠤ ᠪᠥᠳᠥᠭᠡᠨ ᠪᠠᠶ᠋ᠢᠭᠤᠯᠤᠯᠲᠠ ᠵᠢ ᠡᠭᠦᠷᠭᠡᠯᠡᠨ᠎ᠡ᠃

  3 . ᠤᠰᠤᠯᠠᠯᠲᠠ ᠵᠢᠨ ᠣᠷᠣᠨ᠎ᠤ ᠤᠰᠤᠨ ᠠᠰᠢᠭᠯᠠᠯᠲᠠ ᠵᠢᠨ  ᠢᠨᠵᠸᠨ᠋ᠸᠷᠢᠩ᠎ᠤᠨ ᠬᠠᠩᠭ᠋ᠠᠬᠤ ᠤᠰᠤᠨ᠎ᠤ ᠦᠨ᠎ᠡ ᠬᠠᠩᠰᠢ ᠵᠢᠨ ᠲᠣᠬᠢᠷᠠᠭᠤᠯᠤᠯᠲᠠ᠎ᠳᠤ ᠣᠷᠣᠯᠴᠠᠵᠤ᠂ ᠤᠰᠤᠨ᠎ᠤ ᠰᠦᠢ᠍ᠳᠬᠡᠯ᠎ᠢ ᠪᠣᠳᠣᠵᠤ ᠬᠤᠷᠢᠶᠠᠬᠤ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠨ᠎ᠡ᠃

  4 . ᠤᠰᠤᠯᠠᠯᠲᠠ ᠵᠢᠨ ᠣᠷᠣᠨ᠎ᠤ ᠤᠰᠤᠨ᠎ᠤ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠬᠤ ᠪᠠ ᠤᠰᠤ ᠲᠠᠲᠠᠵᠤ ᠬᠡᠷᠡᠭᠯᠡᠬᠦ ᠵᠢ ᠲᠣᠬᠢᠷᠠᠭᠤᠯᠬᠤ ᠵᠢ ᠡᠭᠦᠷᠭᠡᠯᠡᠵᠦ᠂ ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠵᠤ ᠪᠠᠶ᠋ᠢᠭ᠎ᠠ᠎ᠳᠤ ᠬᠢᠨᠠᠯᠲᠠ ᠲᠠᠯᠪᠢᠬᠤ ᠪᠠ ᠥᠨᠳᠥᠷ ᠦᠷ᠎ᠡ ᠪᠦᠲᠦᠮᠵᠢᠲᠡᠶ ᠠᠰᠢᠭᠯᠠᠬᠤ ᠵᠢ ᠡᠭᠦᠷᠭᠡᠯᠡᠵᠦ᠂ ᠤᠰᠤᠯᠠᠯᠲᠠ ᠵᠢᠨ ᠣᠷᠣᠨ᠎ᠤ ᠤᠰᠤᠨ᠎ᠤ ᠠᠮᠢ ᠠᠬᠤᠶ ᠵᠢᠨ ᠪᠦᠲᠦᠭᠡᠨ ᠪᠠᠶ᠋ᠢᠭᠤᠯᠤᠯᠲᠠ᠎ᠳᠤ ᠣᠷᠣᠯᠴᠠᠨ᠎ᠠ᠃

  5 . ᠤᠰᠤᠯᠠᠯᠲᠠ ᠵᠢᠨ ᠣᠷᠣᠨ᠎ᠤ ᠬᠠᠷᠢᠶ᠎ᠠ ᠣᠷᠣᠨ᠎ᠤ ᠰᠦᠩ ᠬᠠᠯᠢᠶ᠎ᠠ ᠵᠢ ᠰᠡᠷᠭᠡᠶ᠋ᠢᠯᠡᠵᠦ ᠦᠶᠡᠷ᠎ᠢ ᠰᠡᠷᠭᠡᠶ᠋ᠢᠯᠡᠬᠦ ᠪᠡᠯᠡᠳᠬᠡᠯ ᠲᠥᠰᠦᠯ᠎ᠢ ᠲᠣᠭᠲᠠᠭ᠋ᠠᠬᠤ᠎ᠳᠤ ᠣᠷᠣᠯᠴᠠᠵᠤ᠂ ᠤᠰᠤᠯᠠᠯᠲᠠ ᠵᠢᠨ ᠣᠷᠣᠨ᠎ᠤ ᠤᠰᠤ ᠦᠶᠡᠷ᠎ᠤᠨ ᠭᠠᠩ᠎ᠤᠨ ᠭᠠᠮᠰᠢᠭ᠎ᠤᠨ ᠪᠠᠴᠢᠮ ᠪᠠᠶ᠋ᠢᠳᠠᠯ᠎ᠢ ᠠᠷᠭ᠋ᠠᠴᠠᠵᠤ ᠠᠶᠤᠯ᠎ᠠᠴᠠ ᠠᠪᠤᠷᠠᠬᠤ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠤᠰᠤᠯᠠᠯᠲᠠ ᠵᠢᠨ ᠣᠷᠣᠨ᠎ᠤ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠡᠯᠡᠳᠬᠡᠮᠵᠢ ᠵᠢᠨ ᠠᠵᠢᠯᠯᠠᠭ᠋ᠠᠨ᠎ᠤ ᠠᠮᠤᠷ ᠲᠦᠪᠰᠢᠨ ᠬᠢᠭᠡᠳ ᠬᠠᠮᠠᠭ᠋ᠠᠯᠠᠯᠲᠠ ᠵᠢ ᠡᠭᠦᠷᠭᠡᠯᠡᠨ᠎ᠡ᠃

  6 . ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠲᠤᠰᠢᠶᠠᠨ ᠭᠦᠢ᠍ᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃

     (ᠬᠣᠶᠠᠷ) ᠳᠣᠲᠣᠭ᠋ᠠᠳᠤ ᠵᠢᠨ ᠪᠠᠶ᠋ᠢᠭᠤᠯᠤᠮᠵᠢ

   ᠳᠣᠲᠣᠭ᠋ᠠᠳᠤ᠎ᠳᠠᠭᠠᠨ ᠵᠢᠩᠬᠢᠨᠢ ᠰᠠᠯᠠᠭ᠋ᠠᠨ᠎ᠤ ᠲᠠᠰ᠎ᠤᠨ ᠪᠠᠶ᠋ᠢᠭᠤᠯᠤᠮᠵᠢ 15 ᠪᠣᠶ᠄ ᠨᠠᠮ᠎ᠤᠨ ᠬᠣᠷᠢᠶᠠᠨ᠎ᠤ ᠠᠯᠪᠠᠨ ᠬᠡᠷ᠂ ᠰᠠᠬᠢᠯᠭ᠎ᠠ ᠪᠠᠲᠤ ᠪᠠᠶ᠋ᠢᠴᠠᠭ᠋ᠠᠬᠤ ᠲᠠᠰᠤᠭ᠂ ᠵᠠᠰᠠᠭ ᠵᠠᠬᠢᠷᠭ᠋ᠠᠨ᠎ᠤ ᠠᠯᠪᠠᠨ ᠬᠡᠷ᠂ ᠬᠥᠳᠡᠯᠮᠦᠷᠢ ᠠᠵᠢᠯᠲᠠᠨ᠎ᠤ ᠶᠠᠪᠤᠳᠠᠯ᠎ᠤᠨ ᠰᠠᠯᠠᠭ᠎ᠠ᠂ ᠲᠥᠯᠥᠪᠯᠡᠭᠡ ᠵᠢᠨ ᠡᠳ᠋᠎ᠤᠨ ᠶᠠᠪᠤᠳᠠᠯ᠎ᠤᠨ ᠰᠠᠯᠠᠭ᠎ᠠ᠂ ᠠᠷᠤ ᠲᠠᠯ᠎ᠠ ᠵᠢᠨ ᠦᠢ᠍ᠯᠡᠴᠢᠯᠡᠭᠡᠨ᠎ᠤ ᠰᠠᠯᠠᠭ᠎ᠠ᠂ ᠰᠦᠯᠵᠢᠶ᠎ᠡ ᠵᠢᠴᠢ ᠮᠡᠳᠡᠭᠡ ᠵᠠᠩᠭᠢᠵᠢᠯᠲᠠ ᠵᠢᠨ ᠰᠠᠯᠠᠭ᠎ᠠ᠂ ᠤᠰᠤᠯᠠᠯᠲᠠ ᠵᠢᠨ ᠠᠵᠢᠯᠯᠠᠭ᠋ᠠᠨ᠎ᠤ ᠰᠠᠯᠠᠭ᠎ᠠ᠂ ᠢᠨᠵᠸᠨ᠋ᠸᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠰᠠᠯᠠᠭ᠎ᠠ᠂ ᠤᠰᠤᠨ᠎ᠤ ᠶᠠᠪᠤᠳᠠᠯ ᠤᠰᠤᠨ᠎ᠤ ᠡᠬᠢ ᠪᠠᠶᠠᠯᠢᠭ᠎ᠤᠨ ᠰᠠᠯᠠᠭ᠎ᠠ᠂ ᠦᠶᠡᠷ᠎ᠢ ᠰᠡᠷᠭᠡᠶ᠋ᠢᠯᠡᠵᠦ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠠᠯᠠᠭ᠎ᠠ᠂ ᠳᠥᠷᠥᠭᠡᠯᠡᠬᠦ  ᠤᠰᠤ ᠲᠠᠲᠠᠬᠤ ᠥᠷᠲᠡᠭᠡ᠂ ᠶᠡᠷᠦᠩᠬᠡᠶ ᠭᠤᠤᠯ ᠰᠤᠪᠠᠭ᠎ᠤᠨ ᠬᠠᠮᠢᠶᠠᠷᠤᠯᠲᠠ ᠵᠢᠨ ᠭᠠᠵᠠᠷ᠂ ᠠᠷᠠᠳ᠎ᠤᠨ ᠠᠮᠢᠳᠤᠷᠠᠯ᠎ᠤᠨ ᠰᠤᠪᠠᠭ᠎ᠤᠨ ᠬᠠᠮᠢᠶᠠᠷᠤᠯᠲᠠ ᠵᠢᠨ ᠭᠠᠵᠠᠷ᠂ ᠶᠤᠸᠠᠢ ᠵᠢᠨ ᠰᠤᠪᠠᠭ᠎ᠤᠨ ᠬᠠᠮᠢᠶᠠᠷᠤᠯᠲᠠ ᠵᠢᠨ ᠭᠠᠵᠠᠷ᠃

   ᠠᠵᠢᠯᠯᠠᠬᠤ ᠭᠠᠵᠠᠷ᠄ ᠪᠤᠭᠤᠲᠤ ᠬᠣᠲᠠ ᠵᠢᠨ ᠬᠣᠪᠣᠷ ᠰᠢᠷᠣᠶ ᠵᠢᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠰᠤᠷᠭ᠋ᠠᠭᠤᠯᠢ ᠵᠢᠨ ᠬᠦᠷᠢᠶᠡᠨ᠎ᠤ ᠡᠮᠦᠨ᠎ᠡ ᠵᠠᠮ

   ᠠᠵᠢᠯᠯᠠᠬᠤ ᠴᠠᠭ᠄ ᠠᠵᠢᠯᠯᠠᠬᠤ ᠡᠳᠦᠷ᠎ᠤᠨ 9᠄ 00 —12᠄ 00᠂ 13᠄ 30 —17᠄ 00

   ᠬᠠᠷᠢᠯᠴᠠᠬᠤ ᠠᠷᠭ᠎ᠠ᠄ 0472 — 5210615

   ᠬᠠᠷᠢᠭᠤᠴᠠᠯᠭ᠋ᠠᠲᠠᠨ᠄ ᠴᠧᠩ ᠶᠠᠨ ᠹᠸᠩ

 


ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠩᠱ᠌ᠠᠨ ᠤᠰᠤᠨ ᠴᠥᠭᠥᠷᠥᠮ᠎ᠤᠨ ᠬᠠᠮᠢᠶᠠᠷᠤᠯᠲᠠ ᠵᠢᠨ ᠲᠥᠪ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠭᠦᠨ   ᠣᠷᠣᠨ᠎ᠤ ᠤᠰᠤᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠤᠨ ᠫᠠᠶ᠋ᠢᠰᠠ ᠵᠢ ᠡᠯᠭᠦᠨ᠎ᠡ)

 

   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠩᠱ᠌ᠠᠨ ᠤᠰᠤᠨ ᠴᠥᠭᠥᠷᠥᠮ᠎ᠤᠨ ᠬᠠᠮᠢᠶᠠᠷᠤᠯᠲᠠ ᠵᠢᠨ ᠲᠥᠪ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠭᠦᠨ   ᠣᠷᠣᠨ᠎ᠤ ᠤᠰᠤᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠤᠨ ᠫᠠᠶ᠋ᠢᠰᠠ ᠵᠢ ᠡᠯᠭᠦᠨ᠎ᠡ) ᠪᠣᠯ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠬᠠᠷᠢᠶ᠎ᠠ ᠭᠠᠵᠠᠷ᠎ᠤᠨ ᠲᠠᠰ᠎ᠤᠨ ᠨᠡᠶ᠋ᠢᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ ᠪᠣᠯᠤᠨ᠎ᠠ᠃

  (ᠨᠢᠭᠡ) ᠭᠣᠣᠯ ᠡᠭᠦᠷᠭᠡ ᠬᠠᠷᠢᠭᠤᠴᠠᠯᠭ᠎ᠠ

  1 . ᠤᠰᠤᠨ ᠴᠥᠭᠥᠷᠥᠮ᠎ᠤᠨ ᠦᠶᠡᠷ᠎ᠢ ᠰᠡᠷᠭᠡᠶ᠋ᠢᠯᠡᠬᠦ ᠪᠠ ᠦᠶᠡᠷ᠎ᠢ ᠰᠡᠷᠭᠡᠶ᠋ᠢᠯᠡᠬᠦ ᠠᠵᠢᠯ᠎ᠢ ᠡᠭᠦᠷᠭᠡᠯᠡᠨ᠎ᠡ᠃

  2. ᠤᠰᠤᠨ ᠴᠥᠭᠥᠷᠥᠮ᠎ᠤᠨ ᠡᠳᠦᠷ ᠲᠤᠳᠤᠮ᠎ᠤᠨ ᠠᠵᠢᠯᠯᠠᠭ᠋ᠠᠨ᠎ᠤ ᠬᠠᠮᠠᠭ᠋ᠠᠯᠠᠯᠲᠠ ᠬᠠᠮᠢᠶᠠᠷᠤᠯᠲᠠ᠂ ᠤᠰᠤᠨ ᠴᠥᠭᠥᠷᠥᠮ᠎ᠤᠨ ᠢᠨᠵᠸᠨ᠋ᠸᠷᠢᠩ᠎ᠤᠨ ᠪᠥᠳᠥᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠬᠢᠭᠡᠳ ᠠᠶᠤᠯ ᠥᠭᠡᠢ᠎ᠳᠤ ᠵᠠᠳᠠᠯᠤᠯᠲᠠ ᠬᠢᠬᠦ ᠠᠵᠢᠯ᠎ᠢ ᠡᠭᠦᠷᠭᠡᠯᠡᠨ᠎ᠡ᠃

  3 . ᠬᠠᠷᠢᠶ᠎ᠠ ᠣᠷᠣᠨ᠎ᠤ ᠳᠣᠲᠣᠷᠠᠬᠢ ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠬᠤ ᠠᠵᠢᠯ᠎ᠢ ᠡᠭᠦᠷᠭᠡᠯᠡᠵᠦ᠂ ᠬᠤᠩᠱ᠌ᠠᠨ ᠴᠥᠭᠥᠷᠥᠮ᠎ᠤᠨ ᠬᠠᠷᠢᠶ᠎ᠠ ᠣᠷᠣᠨ᠎ᠤ ᠤᠰᠤᠨ᠎ᠤ ᠡᠬᠢ ᠪᠠᠶᠠᠯᠢᠭ᠎ᠢ ᠨᠢᠭᠡᠳᠦᠯᠲᠡᠢ ᠲᠤᠬᠢᠷᠠᠭᠤᠯᠬᠤ ᠪᠠ ᠬᠠᠮᠠᠭ᠋ᠠᠯᠠᠵᠤ ᠬᠠᠮᠢᠶᠠᠷᠬᠤ ᠬᠠᠮᠢᠶ᠎ᠠ ᠪᠥᠬᠥᠢ ᠠᠵᠢᠯ᠎ᠢ ᠬᠠᠷᠢᠭᠤᠴᠠᠨ᠎ᠠ᠃

  4 . ᠴᠥᠭᠥᠷᠥᠮ᠎ᠤᠨ ᠣᠷᠣᠨ᠎ᠤ ᠬᠠᠮᠢᠶᠠᠷᠤᠯᠲᠠ ᠵᠢᠨ ᠬᠡᠪᠴᠢᠶᠡᠨ ᠳᠣᠲᠣᠷᠠᠬᠢ ᠤᠰᠤ ᠰᠢᠷᠣᠢ ᠵᠢ ᠬᠠᠮᠠᠭ᠋ᠠᠯᠠᠬᠤ ᠠᠵᠢᠯ᠎ᠢ ᠡᠭᠦᠷᠭᠡᠯᠡᠵᠦ᠂ ᠭᠠᠵᠠᠷ ᠰᠢᠷᠣᠢ ᠵᠢ ᠬᠠᠤᠯᠢ ᠶᠣᠰᠣᠭ᠋ᠠᠷ ᠬᠠᠮᠢᠶᠠᠷᠤᠨ ᠬᠠᠮᠠᠭ᠋ᠠᠯᠠᠨ᠎ᠠ᠃

  5 . ᠥᠪᠥᠷ ᠮᠣᠩᠭᠣᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠤ ᠤᠰᠤᠨ᠎ᠤ ᠶᠠᠪᠤᠳᠠᠯ ᠎ᠤᠨ ᠬᠣᠯᠪᠣᠭᠳᠠᠯ ᠪᠥᠬᠥᠢ ᠦᠢ᠍ᠯᠡᠴᠢᠯᠡᠭᠡᠨ᠎ᠤ ᠠᠵᠢᠯ᠎ᠢ ᠡᠭᠦᠷᠭᠡᠯᠡᠨ᠎ᠡ᠃

  6 . ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠲᠤᠰᠢᠶᠠᠨ ᠭᠦᠢ᠍ᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃

  (ᠬᠣᠶᠠᠷ) ᠳᠣᠲᠣᠭ᠋ᠠᠳᠤ ᠵᠢᠨ ᠪᠠᠶ᠋ᠢᠭᠤᠯᠤᠮᠵᠢ

   ᠳᠣᠲᠣᠭ᠋ᠠᠳᠤ᠎ᠳᠠᠭᠠᠨ ᠵᠢᠩᠬᠢᠨᠢ ᠰᠠᠯᠠᠭ᠋ᠠᠨ᠎ᠤ ᠲᠠᠰ᠎ᠤᠨ ᠪᠠᠶ᠋ᠢᠭᠤᠯᠤᠮᠵᠢ 15 ᠪᠣᠶ᠄ ᠠᠯᠪᠠᠨ ᠬᠡᠷ᠂ ᠲᠥᠯᠥᠪᠯᠡᠭᠡ ᠵᠢᠨ ᠡᠳ᠋᠎ᠤᠨ ᠶᠠᠪᠤᠳᠠᠯ᠎ᠤᠨ ᠰᠠᠯᠠᠭ᠎ᠠ᠂ ᠬᠥᠳᠡᠯᠮᠦᠷᠢ ᠠᠵᠢᠯᠲᠠᠨ᠎ᠤ ᠰᠠᠯᠠᠭ᠎ᠠ᠂ ᠨᠠᠮ᠎ᠤᠨ ᠶᠠᠪᠤᠳᠠᠯ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠲᠠᠰᠤᠭ᠂ ᠶᠡᠷᠦᠩᠬᠡᠶ ᠠᠵᠢᠯ᠎ᠤᠨ ᠠᠯᠪᠠᠨ ᠬᠡᠷ᠂ ᠠᠵᠢᠯᠯᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ᠂ ᠢᠨᠵᠧᠨᠧᠷᠢᠩ᠎ᠢ ᠬᠢᠨᠠᠨ ᠬᠡᠮᠵᠢᠬᠦ ᠰᠠᠯᠠᠭ᠎ᠠ᠂ ᠢᠨᠵᠧᠨᠧᠷᠢᠩ ᠎ᠤᠨ ᠪᠥᠲᠥᠭᠡᠨ ᠪᠠᠶ᠋ᠢᠭᠤᠯᠤᠯᠲᠠ ᠵᠢᠨ ᠰᠠᠯᠠᠭ᠎ᠠ᠂ ᠤᠰᠤᠨ᠎ᠤ ᠪᠠᠶ᠋ᠢᠳᠠᠯ᠎ᠢ ᠲᠣᠬᠢᠷᠠᠭᠤᠯᠬᠤ ᠰᠠᠯᠠᠭ᠎ᠠ᠂ ᠤᠰᠤ ᠰᠢᠷᠣᠶ ᠵᠢ ᠬᠠᠮᠠᠭ᠋ᠠᠯᠠᠬᠤ ᠰᠠᠯᠠᠭ᠎ᠠ᠂ ᠠᠮᠢ ᠠᠬᠤᠶ ᠵᠢᠨ ᠣᠷᠴᠢᠨ ᠲᠣᠭᠣᠷᠢᠨ᠎ᠤ ᠰᠠᠯᠠᠭ᠎ᠠ᠂ ᠤᠰᠤᠨ᠎ᠤ ᠶᠠᠪᠤᠳᠠᠯ᠎ᠤᠨ ᠰᠠᠯᠠᠭ᠎ᠠ᠂ ᠤᠰᠤ ᠬᠠᠩᠭ᠋ᠠᠬᠤ ᠰᠠᠯᠠᠭ᠎ᠠ᠂ ᠮᠡᠳᠡᠭᠡ ᠵᠠᠩᠭᠢ ᠵᠢᠨ ᠠᠯᠪᠠᠨ ᠬᠡᠷ᠂ ᠠᠮᠤᠷ ᠲᠦᠪᠰᠢᠨ᠎ᠢ ᠬᠠᠮᠠᠭ᠋ᠠᠯᠠᠬᠤ ᠰᠠᠯᠠᠭ᠎ᠠ᠃

  

   ᠠᠵᠢᠯᠯᠠᠬᠤ ᠭᠠᠵᠠᠷ᠄ ᠤᠯᠠᠭ᠋ᠠᠨᠬᠠᠳᠠ ᠬᠣᠲᠠ ᠵᠢᠨ ᠣᠩᠨᠢᠭᠤᠳ ᠬᠣᠰᠢᠭᠤᠨ᠎ᠤ ᠤᠳᠤᠨᠲᠣᠬᠣᠢ ᠪᠠᠯᠭ᠋ᠠᠰᠤ

   ᠠᠵᠢᠯᠯᠠᠬᠤ ᠴᠠᠭ᠄ ᠠᠵᠢᠯᠯᠠᠬᠤ ᠡᠳᠦᠷ᠎ᠤᠨ 9᠄ 00 —12᠄ 00᠂ 13᠄ 30 —17᠄ 00

   ᠬᠠᠷᠢᠯᠴᠠᠬᠤ ᠠᠷᠭ᠎ᠠ᠄ 0476 — 6418890

   ᠬᠠᠷᠢᠭᠤᠴᠠᠯᠭ᠋ᠠᠲᠠᠨ᠄ ᠯᠢᠨ ᠵᠢᠶᠦ᠋ᠨ ᠸᠧᠢ


ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ   ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠬᠦ ᠮᠡᠷᠭᠡᠵᠢᠯ᠎ᠤᠨ ᠲᠥᠪ

 

   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠬᠦ ᠮᠡᠷᠭᠡᠵᠢᠯ᠎ᠤᠨ ᠲᠥᠪ ᠪᠣᠯ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠬᠠᠷᠢᠶ᠎ᠠ ᠪᠥᠬᠥᠶ ᠭᠠᠵᠠᠷ᠎ᠤᠨ ᠲᠠᠰ᠎ᠤᠨ ᠨᠡᠶ᠋ᠢᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ ᠪᠣᠯᠤᠨ᠎ᠠ᠃

  (ᠨᠢᠭᠡ) ᠭᠣᠣᠯ ᠡᠭᠦᠷᠭᠡ ᠬᠠᠷᠢᠭᠤᠴᠠᠯᠭ᠎ᠠ

  1 . ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠬᠦ ᠮᠡᠷᠭᠡᠵᠢᠯ᠎ᠤᠨ ᠴᠢᠨᠠᠷᠲᠠᠢ᠂ ᠬᠠᠪᠰᠤᠷᠤᠮᠵᠢ ᠴᠢᠨᠠᠷᠲᠠᠢ᠂ ᠦᠢ᠍ᠯᠡᠴᠢᠯᠡᠭᠡᠨ᠎ᠤ ᠴᠢᠨᠠᠷᠲᠠᠢ ᠠᠵᠢᠯ᠎ᠢ ᠡᠭᠦᠷᠭᠡᠯᠡᠨ᠎ᠡ; ᠤᠰᠤᠨ ᠠᠰᠢᠭᠯᠠᠯᠲᠠ ᠵᠢᠨ ᠲᠢᠩᠬᠢᠮ᠎ᠢ ᠬᠠᠮᠵᠢᠨ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠬᠦ ᠮᠡᠷᠭᠡᠵᠢᠯ᠎ᠤᠨ ᠬᠠᠮᠢᠶ᠎ᠠ ᠪᠦᠬᠦᠢ ᠠᠵᠢᠯ᠎ᠢ ᠥᠷᠨᠢᠭᠦᠯᠬᠦ ᠬᠡᠷᠡᠭᠲᠡᠶ᠃

  2 . ᠥᠪᠡᠷᠲᠡᠭᠡᠨ ᠵᠠᠰᠠᠬᠤ ᠣᠷᠣᠨ᠎ᠤ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠬᠦ ᠲᠥᠯᠥᠪᠵᠢᠭᠦᠯᠭᠡ᠂ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠬᠦ ᠪᠡᠯᠡᠳᠬᠡᠯ ᠲᠥᠰᠦᠯ᠂ ᠴᠢᠬᠤᠯᠠ ᠭᠣᠣᠯ ᠮᠥᠷᠡᠨ ᠪᠣᠯᠤᠨ ᠤᠰᠤᠨ ᠴᠥᠭᠥᠷᠥᠮ᠎ᠤᠨ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠬᠦ ᠪᠡᠯᠡᠳᠬᠡᠯ ᠲᠥᠰᠦᠯ᠂ ᠪᠠᠴᠢᠮ ᠪᠠᠶ᠋ᠢᠳᠠᠯ᠎ᠢ ᠠᠷᠭ᠋ᠠᠴᠠᠬᠤ ᠤᠰᠤᠨ᠎ᠤ ᠬᠡᠮᠵᠢᠶ᠎ᠡ ᠵᠢ ᠲᠤᠬᠢᠷᠠᠭᠤᠯᠬᠤ ᠲᠥᠰᠦᠯ ᠬᠢᠭᠡᠳ ᠭᠠᠩ᠎ᠢ ᠰᠡᠷᠭᠡᠶ᠋ᠢᠯᠡᠵᠦ ᠭᠠᠩ᠎ᠲᠠᠢ ᠲᠡᠮᠡᠴᠡᠬᠦ ᠪᠡᠯᠡᠳᠬᠡᠯ ᠲᠥᠰᠦᠯ ᠨᠠᠶ᠋ᠢᠷᠠᠭᠤᠯᠤᠨ ᠵᠣᠬᠢᠶᠠᠬᠤ᠎ᠳᠤ ᠣᠷᠣᠯᠴᠠᠵᠤ᠂ ᠤᠰᠤᠨ ᠠᠰᠢᠭᠯᠠᠯᠲᠠ ᠵᠢᠨ ᠲᠢᠩᠬᠢᠮ᠎ᠢ ᠬᠠᠪᠰᠤᠷᠤᠨ ᠦᠶᠡᠷ᠎ᠢ ᠰᠡᠷᠭᠡᠶ᠋ᠢᠯᠡᠬᠦ ᠲᠤᠬᠢᠷᠠᠭᠤᠯᠤᠯᠳᠠ ᠵᠢᠴᠢ ᠪᠠᠴᠢᠮ ᠪᠠᠶ᠋ᠢᠳᠠᠯ᠎ᠢ ᠠᠷᠭ᠋ᠠᠴᠠᠬᠤ ᠤᠰᠤᠨ᠎ᠤ ᠬᠡᠮᠵᠢᠶ᠎ᠡ ᠵᠢ ᠲᠤᠬᠢᠷᠠᠭᠤᠯᠬᠤ ᠬᠠᠮᠢᠶ᠎ᠠ ᠪᠥᠬᠥᠢ ᠠᠵᠢᠯ᠎ᠢ ᠥᠷᠨᠢᠭᠦᠯᠦᠨ᠎ᠡ᠃

  3. ᠠᠭᠤᠯᠠᠨ ᠦᠶᠡᠷ᠎ᠤᠨ ᠭᠠᠮᠰᠢᠭ᠎ᠢ ᠰᠡᠷᠭᠡᠶ᠋ᠢᠯᠡᠨ ᠵᠠᠰᠠᠬᠤ᠂ ᠦᠶᠡᠷ᠎ᠤᠨ ᠲᠦᠭᠰᠢᠭᠦᠷᠢ ᠵᠢ ᠦᠨᠡᠯᠡᠨ ᠵᠢᠱ᠌ᠢᠬᠦ᠂ᠤᠰᠤ ᠭᠠᠩ᠎ᠤᠨ ᠭᠠᠮᠰᠢᠭ᠎ᠢ ᠦᠨᠡᠯᠡᠬᠦ ᠬᠠᠮᠢᠶ᠎ᠠ ᠪᠥᠬᠥᠢ ᠠᠵᠢᠯ᠎ᠢ ᠡᠭᠦᠷᠭᠡᠯᠡᠨ᠎ᠡ᠃ ᠪᠦᠬᠦ ᠣᠷᠣᠨ᠎ᠤ ᠤᠰᠤᠨ᠎ᠤ ᠪᠠᠶ᠋ᠢᠳᠠᠯ᠂ ᠪᠣᠷᠣᠭ᠋ᠠᠨ᠎ᠤ ᠪᠠᠶ᠋ᠢᠳᠠᠯ᠂ ᠠᠵᠢᠯ᠎ᠤᠨ ᠪᠠᠶ᠋ᠢᠳᠠᠯ᠂ ᠴᠢᠭᠢᠭ᠎ᠤᠨ ᠪᠠᠶ᠋ᠢᠳᠠᠯ ᠵᠡᠷᠭᠡ ᠮᠡᠳᠡᠭᠡ ᠵᠠᠩᠭᠢ ᠵᠢ ᠴᠤᠭᠯᠠᠭᠤᠯᠤᠨ ᠡᠮᠬᠢᠯᠡᠬᠦ᠂ᠤᠰᠤ ᠭᠠᠩ᠎ᠤᠨ ᠭᠠᠮᠰᠢᠭ᠎ᠤᠨ ᠪᠠᠶ᠋ᠢᠳᠠᠯ᠎ᠢ ᠪᠦᠷᠢᠳᠬᠡᠬᠦ᠂ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠬᠦ ᠦᠷ᠎ᠡ ᠠᠰᠢᠭ ᠬᠢᠭᠡᠳ ᠭᠠᠮᠰᠢᠭ᠎ᠢ ᠪᠠᠭ᠋ᠠᠰᠬᠠᠬᠤ ᠦᠷ᠎ᠡ ᠠᠰᠢᠭ᠎ᠢ ᠦᠨᠡᠯᠡᠨ ᠵᠢᠱ᠌ᠢᠬᠦ ᠵᠡᠷᠭᠡ ᠠᠵᠢᠯ᠎ᠢ ᠡᠭᠦᠷᠭᠡᠯᠡᠨ᠎ᠡ᠃

  4 . ᠪᠦᠬᠦ ᠣᠷᠣᠨ᠎ᠤ ᠤᠰᠤ ᠭᠠᠩ᠎ᠤᠨ ᠭᠠᠮᠰᠢᠭ᠎ᠢ ᠰᠡᠷᠭᠡᠢ᠌ᠯᠡᠬᠦ ᠴᠢᠮᠡᠭᠡ ᠬᠣᠯᠪᠣᠭ᠎ᠠ᠂ ᠦᠶᠡᠷ᠎ᠤᠨ ᠤᠰᠤᠨ᠎ᠤ ᠲᠦᠭᠰᠢᠭᠦᠷᠢ ᠵᠢᠨ ᠵᠢᠷᠤᠭ᠎ᠢ ᠨᠠᠶ᠋ᠢᠷᠠᠭᠤᠯᠤᠨ ᠵᠣᠬᠢᠶᠠᠵᠤ ᠬᠡᠷᠡᠭᠯᠡᠬᠦ᠂ ᠪᠣᠷᠣᠭ᠋ᠠᠨ ᠤᠰᠤᠨ᠎ᠤ ᠪᠠᠶ᠋ᠢᠳᠠᠯ᠎ᠤᠨ ᠮᠡᠷᠭᠡᠵᠢᠯ᠎ᠢ ᠬᠢᠨᠠᠨ ᠬᠡᠮᠵᠢᠬᠦ ᠪᠠ ᠰᠡᠷᠡᠮᠵᠢᠯᠡᠭᠦᠯᠬᠦ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃ ᠦᠶᠡᠷ᠂ ᠰᠦᠩ ᠬᠠᠯᠢᠶ᠎ᠠ ᠵᠢ ᠰᠡᠷᠭᠡᠶ᠋ᠢᠯᠡᠨ ᠪᠠᠴᠢᠮ ᠪᠠᠶ᠋ᠢᠳᠠᠯ᠎ᠢ ᠠᠷᠭ᠋ᠠᠴᠠᠵᠤ ᠠᠶᠤᠯ᠎ᠠᠴᠠ ᠠᠪᠤᠷᠠᠬᠤ ᠮᠡᠷᠭᠡᠵᠢᠯ᠎ᠤᠨ ᠲᠤᠯᠭ᠋ᠠᠭᠤᠷᠢᠯᠠᠯ ᠪᠣᠯᠤᠨ ᠠᠶᠤᠯ᠎ᠠᠴᠠ ᠠᠪᠤᠷᠠᠬᠤ ᠡᠳ᠋ ᠪᠠᠷᠠᠭ᠎ᠠ ᠵᠢᠨ ᠨᠥᠭᠡᠴᠡᠯᠡᠯ ᠬᠢᠭᠡᠳ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠨ᠎ᠡ᠃

  5 . ᠤᠰᠤ ᠭᠠᠩ᠎ᠤᠨ ᠭᠠᠮᠰᠢᠭ᠎ᠢ ᠰᠠᠭᠤᠷᠢ ᠮᠡᠷᠭᠡᠵᠢᠯ᠎ᠤᠨ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠵᠢ ᠡᠭᠦᠷᠭᠡᠯᠡᠨ᠎ᠡ᠃

  6 . ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠲᠤᠰᠢᠶᠠᠨ ᠭᠦᠢ᠍ᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃

  (ᠬᠣᠶᠠᠷ) ᠳᠣᠲᠣᠭ᠋ᠠᠳᠤ ᠵᠢᠨ ᠪᠠᠶ᠋ᠢᠭᠤᠯᠤᠮᠵᠢ

   ᠳᠣᠲᠣᠭ᠋ᠠᠳᠤ᠎ᠳᠠᠭᠠᠨ ᠵᠢᠩᠬᠢᠨᠢ ᠰᠠᠯᠠᠭ᠋ᠠᠨ᠎ᠤ ᠲᠠᠰ᠎ᠤᠨ ᠪᠠᠶ᠋ᠢᠭᠤᠯᠤᠮᠵᠢ 7 ᠪᠣᠶ᠄ ᠶᠡᠷᠦᠩᠬᠡᠶ᠋ᠢᠯᠡᠭᠰᠡᠨ ᠰᠠᠯᠠᠭ᠎ᠠ᠂ ᠡᠳ᠋᠎ᠤᠨ ᠶᠠᠪᠤᠳᠠᠯ᠎ᠤᠨ ᠰᠠᠯᠠᠭ᠎ᠠ᠂ ᠰᠡᠷᠭᠡᠶ᠋ᠢᠯᠡᠯᠲᠡ ᠵᠢᠨ ᠶᠠᠪᠤᠳᠠᠯ᠎ᠤᠨ ᠰᠠᠯᠠᠭ᠎ᠠ᠂ ᠰᠡᠷᠭᠡᠶ᠋ᠢᠯᠡᠯᠲᠡ ᠵᠢᠨ ᠮᠡᠷᠭᠡᠵᠢᠯ᠎ᠤᠨ ᠰᠠᠯᠠᠭ᠎ᠠ᠂ ᠰᠥᠩ ᠬᠠᠯᠢᠶ᠎ᠠ ᠵᠢ ᠰᠡᠷᠭᠡᠶ᠋ᠢᠯᠡᠬᠦ ᠪᠠ ᠭᠠᠩ ᠬᠠᠭᠰᠠᠷᠠᠭ᠋ᠠᠨ᠎ᠲᠠᠢ ᠲᠡᠮᠡᠴᠡᠬᠦ ᠰᠠᠯᠠᠭ᠎ᠠ᠂ ᠦᠶᠡᠷ᠎ᠢ ᠰᠡᠷᠭᠡᠶ᠋ᠢᠯᠡᠬᠦ ᠲᠣᠬᠢᠷᠠᠭᠤᠯᠤᠯᠲᠠ ᠵᠢᠨ ᠰᠠᠯᠠᠭ᠎ᠠ᠂ ᠬᠢᠨᠠᠨ ᠬᠡᠮᠵᠢᠬᠦ ᠮᠡᠷᠭᠡᠵᠢᠯ᠎ᠤᠨ ᠰᠠᠯᠠᠭ᠎ᠠ᠃

  

   ᠠᠵᠢᠯᠯᠠᠬᠤ ᠭᠠᠵᠠᠷ᠄ ᠬᠥᠬᠡᠬᠣᠲᠠ ᠵᠢᠨ ᠬᠥᠯᠥᠨ ᠡᠮᠦᠨ᠎ᠡ ᠵᠠᠮ᠎ᠤᠨ 119 ᠳ᠋ᠦ᠍ᠭᠡᠷ ᠨᠣᠮᠧᠷ

   ᠠᠵᠢᠯᠯᠠᠬᠤ ᠴᠠᠭ᠄ ᠠᠵᠢᠯᠯᠠᠬᠤ ᠡᠳᠦᠷ᠎ᠤᠨ 9᠄ 00 —12᠄ 00᠂ 13᠄ 30 —17᠄ 00

   ᠬᠠᠷᠢᠯᠴᠠᠬᠤ ᠠᠷᠭ᠎ᠠ᠄ 0471— 5259608

   ᠬᠠᠷᠢᠭᠤᠴᠠᠯᠭ᠋ᠠᠲᠠᠨ᠄ ᠪᠦᠦ ᠰᠦᠩ ᠯᠢᠨ


ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ᠎ᠤ ᠰᠤᠳᠤᠯᠬᠤ ᠬᠦᠷᠢᠶᠡᠯᠡᠩ

 

   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ᠎ᠤ ᠰᠤᠳᠤᠯᠬᠤ ᠬᠦᠷᠢᠶᠡᠯᠡᠩ ᠪᠣᠯ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠬᠠᠷᠢᠶ᠎ᠠ ᠪᠥᠬᠥᠶ ᠭᠠᠵᠠᠷ᠎ᠤᠨ ᠲᠠᠰ᠎ᠤᠨ ᠨᠡᠶ᠋ᠢᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ ᠪᠣᠯᠤᠨ᠎ᠠ᠃

  (ᠨᠢᠭᠡ) ᠭᠣᠣᠯ ᠡᠭᠦᠷᠭᠡ ᠬᠠᠷᠢᠭᠤᠴᠠᠯᠭ᠎ᠠ

  1 . ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠬᠤ ᠬᠢᠭᠡᠳ ᠥᠨᠳᠥᠷ ᠦᠷ᠎ᠡ ᠪᠦᠲᠦᠮᠵᠢᠲᠡᠢ ᠠᠰᠢᠭᠯᠠᠬᠤ᠂ ᠤᠰᠤᠨ᠎ᠤ ᠠᠮᠢ ᠠᠬᠤᠢ ᠵᠢ ᠰᠡᠷᠭᠦᠭᠡᠬᠦ᠂ ᠤᠰᠤᠨ᠎ᠤ ᠣᠷᠴᠢᠨ ᠲᠣᠭᠣᠷᠢᠨ᠎ᠢ ᠵᠠᠰᠠᠬᠤ᠂ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠮᠡᠷᠭᠡᠵᠢᠯ᠂ ᠤᠰᠤ ᠠᠷᠪᠢᠯᠠᠬᠤ ᠮᠡᠷᠭᠡᠵᠢᠯ᠂ ᠭᠠᠮᠰᠢᠭ᠎ᠢ ᠰᠡᠷᠭᠡᠶ᠋ᠢᠯᠡᠨ ᠭᠠᠮᠰᠢᠭ᠎ᠢ ᠪᠠᠭ᠋ᠠᠰᠬᠠᠬᠤ᠂ ᠤᠰᠤ ᠰᠢᠷᠣᠢ ᠵᠢᠨ ᠢᠳᠡᠭᠳᠡᠯ᠎ᠢ ᠶᠡᠷᠦᠩᠬᠡᠶ᠋ᠢᠯᠡᠨ ᠵᠠᠰᠠᠬᠤ᠂ ᠭᠣᠣᠯ ᠨᠠᠭᠤᠷ᠎ᠢ ᠬᠠᠮᠢᠶᠠᠷᠬᠤ᠂ ᠣᠶᠤᠨᠴᠢ ᠤᠰᠤᠨ ᠠᠰᠢᠭᠯᠠᠯᠲᠠ᠂ ᠤᠰᠤᠨ ᠠᠰᠢᠭᠯᠠᠯᠲᠠ ᠵᠢᠨ ᠠᠵᠤ ᠠᠬᠤᠢ ᠵᠡᠷᠭᠡ ᠤᠰᠤ᠎ᠲᠠᠢ ᠬᠣᠯᠪᠣᠭᠳᠠᠬᠤ ᠬᠦᠷᠢᠶᠡᠨ᠎ᠤ ᠰᠠᠭᠤᠷᠢ ᠰᠤᠳᠤᠯᠤᠯ ᠬᠢᠭᠡᠳ ᠬᠡᠷᠡᠭᠯᠡᠭᠡᠨ᠎ᠤ ᠰᠤᠳᠤᠯᠤᠯ᠎ᠢ ᠡᠭᠦᠷᠭᠡᠯᠡᠨ᠎ᠡ᠃

  2 . ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠬᠠᠮᠢᠶ᠎ᠠ ᠪᠥᠬᠥᠢ ᠮᠡᠷᠭᠡᠵᠢᠯ᠎ᠤᠨ ᠲᠤᠯᠭ᠋ᠠᠭᠤᠷᠢ ᠪᠣᠯᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠳᠡᠯᠭᠡᠷᠡᠭᠦᠯᠬᠦ᠂ ᠮᠡᠷᠭᠡᠵᠢᠯ᠎ᠤᠨ ᠯᠠᠪᠯᠠᠯᠭ᠎ᠠ ᠥᠭᠬᠦ ᠦᠢ᠍ᠯᠡᠴᠢᠯᠡᠭᠡᠨ᠎ᠤ ᠠᠵᠢᠯ᠎ᠢ ᠡᠭᠦᠷᠭᠡᠯᠡᠨ᠎ᠡ᠃

  3 . ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠵᠢᠨ ᠲᠥᠯᠥᠪᠵᠢᠭᠦᠯᠭᠡ᠂ ᠠᠵᠢᠯ ᠲᠥᠷᠥᠯ᠎ᠤᠨ ᠤᠰᠤ ᠬᠡᠷᠡᠭᠯᠡᠬᠦ ᠲᠣᠭᠲᠠᠭᠰᠠᠨ ᠨᠤᠷᠮ᠎ᠠ ᠵᠡᠷᠭᠡ ᠮᠡᠷᠭᠡᠵᠢᠯ᠎ᠤᠨ ᠪᠠᠷᠢᠮᠵᠢᠶ᠎ᠠ᠂ ᠲᠥᠷᠢᠮ᠎ᠢ ᠨᠠᠶ᠋ᠢᠷᠠᠭᠤᠯᠤᠨ ᠵᠣᠬᠢᠶᠠᠬᠤ ᠠᠵᠢᠯ᠎ᠢ ᠡᠭᠦᠷᠭᠡᠯᠡᠨ᠎ᠡ᠃

  4 . ᠤᠰᠤ ᠰᠢᠷᠣᠶ᠂ ᠤᠰᠤᠨ᠎ᠤ ᠣᠷᠴᠢᠨ ᠲᠣᠭᠣᠷᠢᠨ ᠵᠡᠷᠭᠡ ᠲᠠᠯ᠎ᠠ ᠵᠢᠨ ᠰᠠᠭᠤᠷᠢ ᠲᠤᠷᠰᠢᠯᠲᠠ ᠬᠢᠬᠦ᠂ ᠪᠠᠶ᠋ᠢᠴᠠᠭ᠋ᠠᠨ ᠬᠡᠮᠵᠢᠬᠦ ᠪᠠ ᠵᠠᠳᠠᠯᠬᠤ ᠠᠵᠢᠯ᠎ᠢ ᠡᠭᠦᠷᠭᠡᠯᠡᠨ᠎ᠡ᠃

  5 . ᠣᠯᠠᠨ ᠤᠯᠤᠰ᠎ᠤᠨ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠣᠯᠢᠯᠴᠠᠭ᠎ᠠ ᠪᠣᠯᠤᠨ ᠬᠣᠷᠰᠢᠯᠴᠠᠭ᠋ᠠᠨ᠎ᠤ ᠰᠤᠳᠤᠯᠤᠯ᠎ᠢ ᠥᠷᠨᠢᠭᠦᠯᠦᠨ᠎ᠡ᠃

  6 . ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠲᠤᠰᠢᠶᠠᠨ ᠭᠦᠢ᠍ᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃

  (ᠬᠣᠶᠠᠷ) ᠳᠣᠲᠣᠭ᠋ᠠᠳᠤ ᠪᠠᠶ᠋ᠢᠭᠤᠯᠤᠮᠵᠢ

   ᠳᠣᠲᠣᠭ᠋ᠠᠳᠤ᠎ᠳᠠᠭᠠᠨ ᠵᠢᠩᠬᠢᠨᠢ ᠰᠠᠯᠠᠭ᠋ᠠᠨ᠎ᠤ ᠲᠠᠰ᠎ᠤᠨ ᠪᠠᠶ᠋ᠢᠭᠤᠯᠤᠮᠵᠢ 12 ᠪᠣᠶ᠄ ᠶᠡᠷᠦᠩᠬᠡᠶ᠋ᠢᠯᠡᠭᠰᠡᠨ ᠰᠠᠯᠠᠭ᠎ᠠ (ᠠᠵᠢᠯ᠎ᠠᠴᠠ᠎ᠪᠠᠨ ᠰᠠᠯᠵᠤ ᠪᠠᠭ᠋ᠠᠵᠤ ᠠᠮᠠᠷᠠᠭᠰᠠᠳ᠎ᠤᠨ ᠠᠵᠢᠯ᠎ᠤᠨ ᠰᠠᠯᠠᠭ᠎ᠠ)᠂ ᠨᠠᠮ ᠣᠯᠠᠨ ᠲᠦᠮᠡᠨ᠎ᠤ ᠠᠵᠢᠯ᠎ᠤᠨ ᠰᠠᠯᠠᠭ᠎ᠠ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠠᠮᠢᠶᠠᠷᠤᠯᠲᠠ ᠵᠢᠨ ᠰᠠᠯᠠᠭ᠎ᠠ᠂ ᠡᠳ᠋᠎ᠤᠨ ᠶᠠᠪᠤᠳᠠᠯ᠎ᠤᠨ ᠰᠠᠯᠠᠭ᠎ᠠ᠂  ᠲᠠᠷᠢᠶᠠᠯᠠᠬᠤ ᠮᠠᠯᠵᠢᠬᠤ ᠣᠷᠣᠨ᠎ᠤ ᠤᠰᠤᠨ ᠠᠰᠢᠭᠯᠠᠯᠲᠠ ᠵᠢᠨ ᠰᠤᠳᠤᠯᠬᠤ ᠭᠠᠵᠠᠷ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠰᠤᠳᠤᠯᠬᠤ ᠭᠠᠵᠠᠷ᠂ ᠠᠯᠤᠰ ᠰᠡᠷᠡᠯ᠎ᠤᠨ ᠬᠡᠷᠡᠭᠯᠡᠭᠡᠨ ᠬᠢᠭᠡᠳ ᠭᠤᠤᠯ ᠨᠠᠭᠤᠷ᠎ᠤᠨ ᠰᠤᠳᠤᠯᠬᠤ ᠭᠠᠵᠠᠷ᠂ ᠤᠰᠤ ᠰᠢᠷᠣᠶ ᠵᠢ ᠬᠠᠮᠠᠭ᠋ᠠᠯᠠᠬᠤ ᠰᠤᠳᠤᠯᠬᠤ ᠭᠠᠵᠠᠷ᠂ ᠤᠰᠤᠨ᠎ᠤ ᠡᠬᠢ ᠪᠠᠶᠠᠯᠢᠭ ᠬᠢᠭᠡᠳ ᠤᠰᠤᠨ᠎ᠤ ᠣᠷᠴᠢᠨ ᠲᠣᠭᠣᠷᠢᠨ᠎ᠤ ᠰᠤᠳᠤᠯᠬᠤ ᠭᠠᠵᠠᠷ᠂ ᠲᠤᠷᠰᠢᠯᠲᠠ ᠵᠢᠨ ᠲᠥᠪ᠂ ᠦᠷ᠎ᠡ ᠪᠦᠲᠦᠭᠡᠯ᠎ᠢ ᠳᠡᠯᠭᠡᠷᠡᠭᠦᠯᠬᠦ ᠲᠥᠪ᠂ ᠠᠮᠤᠷ ᠲᠦᠪᠰᠢᠨ ᠬᠢᠭᠡᠳ ᠪᠠᠶ᠋ᠢᠴᠠᠭ᠋ᠠᠨ ᠬᠡᠮᠵᠢᠬᠦ ᠮᠡᠷᠭᠡᠵᠢᠯ᠎ᠤᠨ ᠰᠤᠳᠤᠯᠬᠤ ᠭᠠᠵᠠᠷ᠃

   ᠠᠵᠢᠯᠯᠠᠬᠤ ᠭᠠᠵᠠᠷ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠴᠢᠩᠭᠢᠰ ᠬᠠᠭ᠋ᠠᠨ ᠶᠡᠬᠡ ᠵᠡᠭᠡᠯᠢ ᠵᠢᠨ ᠴᠢᠩ ᠱᠠᠨ ᠱᠦᠶ ᠯᠢᠶᠠᠨ 5 ᠳ᠋ᠤᠭ᠋ᠠᠷ ᠠᠰᠠᠷ

   ᠠᠵᠢᠯᠯᠠᠬᠤ ᠴᠠᠭ᠄ ᠠᠵᠢᠯᠯᠠᠬᠤ ᠡᠳᠦᠷ᠎ᠤᠨ 9᠄ 00 —12᠄ 00᠂ 13᠄ 30 —17᠄ 00

   ᠬᠠᠷᠢᠯᠴᠠᠬᠤ ᠠᠷᠭ᠎ᠠ᠄ 0471 — 3458210

   ᠬᠠᠷᠢᠭᠤᠴᠠᠯᠭ᠋ᠠᠲᠠᠨ᠄ ᠭᠤᠤ ᠹᠸᠩ


 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠶᠠᠰᠤ ᠴᠢᠨᠠᠷ ᠬᠢᠭᠡᠳ ᠠᠮᠤᠷ ᠲᠦᠪᠰᠢᠨ᠎ᠤ ᠬᠢᠨᠠᠯᠲᠠ ᠲᠠᠯᠪᠢᠬᠤ ᠦᠢ᠍ᠯᠡᠴᠢᠯᠡᠭᠡᠨ᠎ᠤ ᠲᠥᠪ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ  ᠢᠨᠵᠧᠨᠧᠷᠢᠩ᠎ᠤᠨ ᠪᠠᠶ᠋ᠢᠭᠤᠯᠤᠭᠰᠠᠨ ᠦᠨ᠎ᠡ ᠵᠢᠨ  ᠦᠢ᠍ᠯᠡᠴᠢᠯᠡᠭᠡᠨ᠎ᠤ ᠲᠥᠪ᠎ᠤᠨ ᠫᠠᠶ᠋ᠢᠰᠠ ᠵᠢ ᠡᠯᠭᠦᠨ᠎ᠡ)

 

   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠶᠠᠰᠤ ᠴᠢᠨᠠᠷ ᠬᠢᠭᠡᠳ ᠠᠮᠤᠷ ᠲᠦᠪᠰᠢᠨ᠎ᠳᠤ ᠬᠢᠨᠠᠯᠲᠠ ᠲᠠᠯᠪᠢᠬᠤ ᠦᠢ᠍ᠯᠡᠴᠢᠯᠡᠭᠡᠨ᠎ᠤ ᠲᠥᠪ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠠᠶ᠋ᠢᠭᠤᠯᠤᠭᠰᠠᠨ ᠦᠨ᠎ᠡ ᠵᠢᠨ ᠦᠢ᠍ᠯᠡᠴᠢᠯᠡᠭᠡᠨ᠎ᠤ ᠲᠥᠪ᠎ᠤᠨ ᠫᠠᠶ᠋ᠢᠰᠠ ᠵᠢ ᠡᠯᠭᠦᠨ᠎ᠡ) ᠪᠣᠯ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠳᠤ ᠬᠠᠷᠢᠶᠠᠯᠠᠭᠳᠠᠬᠤ ᠭᠠᠵᠠᠷ᠎ᠤᠨ ᠲᠠᠰ᠎ᠤᠨ ᠨᠡᠶ᠋ᠢᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ ᠪᠣᠯᠤᠨ᠎ᠠ᠃

  (ᠨᠢᠭᠡ) ᠭᠣᠣᠯ ᠡᠭᠦᠷᠭᠡ ᠬᠠᠷᠢᠭᠤᠴᠠᠯᠭ᠎ᠠ

  1 . ᠪᠥᠬᠥ ᠣᠷᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠥᠳᠥᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠬᠣᠯᠪᠣᠭᠳᠠᠯ ᠪᠥᠬᠥᠢ ᠲᠣᠭᠲᠠᠭ᠋ᠠᠯ ᠪᠣᠯᠤᠨ ᠮᠡᠷᠭᠡᠵᠢᠯ᠎ᠤᠨ ᠪᠠᠷᠢᠮᠵᠢᠶ᠎ᠠ ᠵᠢ ᠲᠤᠭᠤᠷᠪᠢᠨ ᠲᠣᠭᠲᠠᠭ᠋ᠠᠬᠤ᠎ᠳᠤ ᠣᠷᠣᠯᠴᠠᠨ᠎ᠠ᠃ ᠤᠰᠤᠨ ᠠᠰᠢᠭᠯᠠᠯᠲᠠ ᠵᠢᠨ  ᠢᠨᠵᠧᠨᠧᠷᠢᠩ᠎ᠤᠨ ᠶᠠᠰᠤ ᠴᠢᠨᠠᠷ ᠪᠣᠯᠤᠨ ᠠᠶᠤᠯᠭᠦᠢ ᠦᠢ᠍ᠯᠡᠳᠪᠦᠷᠢᠯᠡᠯ᠎ᠤᠨ ᠡᠨᠳᠡᠯ᠎ᠢ ᠪᠠᠶ᠋ᠢᠴᠠᠭ᠋ᠠᠨ ᠰᠢᠢ᠍ᠳᠪᠦᠷᠢᠯᠡᠬᠦ ᠵᠡᠷᠭᠡ ᠠᠵᠢᠯ᠎ᠳᠤ ᠣᠷᠣᠯᠴᠠᠨ᠎ᠠ᠃

  2 . ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠬᠢᠨᠠᠯᠲᠠ ᠲᠠᠯᠪᠢᠵᠤ ᠪᠠᠶ᠋ᠢᠭ᠎ᠠ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠥᠳᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠶᠠᠰᠤ ᠴᠢᠨᠠᠷ ᠬᠢᠭᠡᠳ ᠠᠶᠤᠯ ᠥᠭᠡᠢ᠎ᠳᠤ ᠬᠢᠨᠠᠯᠲᠠ ᠲᠠᠯᠪᠢᠬᠤ ᠠᠵᠢᠯ᠎ᠢ ᠬᠠᠷᠢᠭᠤᠴᠠᠨ᠎ᠠ; ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃ ᠶᠠᠰᠤ ᠴᠢᠨᠠᠷ᠎ᠤᠨ ᠠᠵᠢᠯ᠎ᠤᠨ ᠬᠢᠨᠠᠨ ᠰᠢᠯᠭ᠋ᠠᠯᠲᠠ᠎ᠳᠤ ᠤᠷᠤᠯᠴᠠᠨ᠎ᠠ᠃

  3 . ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠵᠢᠨ ᠠᠶᠤᠯᠭᠦᠢ ᠦᠢ᠍ᠯᠡᠳᠪᠦᠷᠢᠯᠡᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠠᠮᠢᠶ᠎ᠠ ᠪᠥᠬᠥᠢ ᠠᠵᠢᠯ᠎ᠢ ᠬᠠᠪᠰᠤᠷᠤᠨ ᠥᠷᠨᠢᠭᠦᠯᠦᠨ᠎ᠡ᠃

  4. ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠠᠶ᠋ᠢᠭᠤᠯᠤᠭᠰᠠᠨ ᠦᠨ᠎ᠡ ᠵᠢ ᠨᠠᠶ᠋ᠢᠷᠠᠭᠤᠯᠤᠨ ᠵᠣᠬᠢᠶᠠᠵᠤ ᠬᠠᠮᠢᠶᠠᠷᠬᠤ ᠠᠵᠢᠯ᠎ᠢ ᠡᠭᠦᠷᠭᠡᠯᠡᠨ᠎ᠡ᠃

  5 . ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠲᠤᠰᠢᠶᠠᠨ ᠭᠦᠢ᠍ᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃

  (ᠬᠣᠶᠠᠷ) ᠳᠣᠲᠣᠭ᠋ᠠᠳᠤ ᠵᠢᠨ ᠪᠠᠶ᠋ᠢᠭᠤᠯᠤᠮᠵᠢ

   ᠳᠣᠲᠣᠭ᠋ᠠᠳᠤ᠎ᠳᠠᠭᠠᠨ ᠵᠢᠩᠬᠢᠨᠢ ᠰᠠᠯᠠᠭ᠋ᠠᠨ᠎ᠤ ᠲᠠᠰ᠎ᠤᠨ ᠪᠠᠶ᠋ᠢᠭᠤᠯᠤᠮᠵᠢ 7 ᠪᠣᠶ᠄ ᠠᠯᠪᠠᠨ ᠬᠡᠷ᠂ ᠵᠣᠬᠢᠶᠠᠨ ᠪᠠᠶ᠋ᠢᠭᠤᠯᠬᠤ ᠠᠵᠢᠯᠲᠠᠨ᠎ᠤ ᠶᠠᠪᠤᠳᠠᠯ᠎ᠤᠨ ᠰᠠᠯᠠᠭ᠎ᠠ᠂ ᠶᠠᠰᠤ ᠴᠢᠨᠠᠷ ᠮᠡᠷᠭᠡᠵᠢᠯ᠎ᠤᠨ ᠰᠠᠯᠠᠭ᠎ᠠ᠂ ᠠᠶᠤᠯᠭᠦᠢ ᠦᠢ᠍ᠯᠡᠳᠪᠦᠷᠢᠯᠡᠯ᠎ᠤᠨ ᠰᠠᠯᠠᠭ᠎ᠠ᠂ ᠪᠥᠲᠥᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠰᠠᠯᠠᠭ᠎ᠠ᠂ ᠢᠨᠵᠧᠨᠧᠷᠢᠩ᠎ᠤᠨ ᠲᠥᠷᠥᠯ ᠵᠦᠢ᠍ᠯ᠎ᠤᠨ ᠰᠠᠯᠠᠭ᠎ᠠ᠂ ᠦᠢ᠍ᠯᠡᠳᠬᠦ ᠦᠨ᠎ᠡ ᠵᠢ ᠨᠠᠶ᠋ᠢᠷᠠᠭᠤᠯᠤᠨ ᠵᠣᠬᠢᠶᠠᠬᠤ ᠰᠠᠯᠠᠭ᠎ᠠ᠃

   ᠠᠵᠢᠯᠯᠠᠬᠤ ᠭᠠᠵᠠᠷ᠄ ᠬᠥᠬᠡᠬᠣᠲᠠ ᠵᠢᠨ ᠬᠥᠯᠥᠨ ᠡᠮᠦᠨ᠎ᠡ ᠵᠠᠮ᠎ᠤᠨ 119 ᠳ᠋ᠦ᠍ᠭᠡᠷ  ᠨᠣᠮᠧᠷ

   ᠠᠵᠢᠯᠯᠠᠬᠤ ᠴᠠᠭ᠄ ᠠᠵᠢᠯᠯᠠᠬᠤ ᠡᠳᠦᠷ᠎ᠤᠨ 9᠄ 00 —12᠄ 00᠂ 13᠄ 30 —17᠄ 00

   ᠬᠠᠷᠢᠯᠴᠠᠬᠤ ᠠᠷᠭ᠎ᠠ᠄ 0471— 5259680

   ᠬᠠᠷᠢᠭᠤᠴᠠᠯᠭ᠋ᠠᠲᠠᠨ᠄ ᠵᠠᠩ ᠪᠥᠸᠧ

 

  


ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠶᠡᠷᠦᠩᠬᠡᠶ᠋ᠢᠯᠡᠭᠰᠡᠨ ᠪᠠᠲᠤᠯᠠᠭ᠎ᠠ ᠵᠢᠨ ᠲᠥᠪ

 

   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠶᠡᠷᠦᠩᠬᠡᠶ᠋ᠢᠯᠡᠭᠰᠡᠨ ᠪᠠᠲᠤᠯᠠᠭ᠎ᠠ ᠵᠢᠨ ᠲᠥᠪ ᠪᠣᠯ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠬᠠᠷᠢᠶ᠎ᠠ ᠪᠥᠬᠥᠶ ᠭᠠᠵᠠᠷ᠎ᠤᠨ ᠲᠠᠰ᠎ᠤᠨ ᠨᠡᠶ᠋ᠢᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ᠎ᠲᠠᠢ ᠲᠡᠩᠴᠡᠨ᠎ᠡ᠃

  (ᠨᠢᠭᠡ) ᠭᠣᠣᠯ ᠡᠭᠦᠷᠭᠡ ᠬᠠᠷᠢᠭᠤᠴᠠᠯᠭ᠎ᠠ

  1 . ᠲᠢᠩᠬᠢᠮ ᠪᠠᠢ᠌ᠭᠤᠯᠭ᠎ᠠ ᠵᠢᠨ ᠶᠡᠷᠦᠩᠬᠡᠶ᠋ᠢᠯᠡᠭᠰᠡᠨ ᠶᠠᠪᠤᠳᠠᠯ᠎ᠤᠨ ᠦᠢ᠍ᠯᠡᠴᠢᠯᠡᠭᠡᠨ᠂ ᠴᠢᠬᠤᠯᠠ ᠶᠡᠬᠡ ᠬᠤᠷᠠᠯ᠂ ᠴᠢᠬᠤᠯᠠ ᠠᠵᠢᠯᠯᠠᠭ᠎ᠠ ᠵᠢᠨ ᠪᠠᠲᠤᠯᠠᠭ᠎ᠠ ᠵᠢᠨ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃ ᠲᠢᠩᠬᠢᠮ᠎ᠤᠨ ᠪᠠᠢ᠌ᠭᠤᠯᠭ᠎ᠠ ᠵᠢᠨ ᠠᠵᠢᠯᠯᠠᠬᠤ ᠪᠡᠯᠡᠳᠬᠡᠮᠵᠢ᠂ ᠲᠥᠬᠥᠭᠡᠷᠦᠮᠵᠢ ᠵᠢᠨ ᠠᠵᠢᠯᠯᠠᠭ᠋ᠠᠨ᠎ᠢ ᠬᠠᠮᠠᠭ᠋ᠠᠯᠠᠬᠤ ᠠᠵᠢᠯ᠎ᠢ ᠡᠭᠦᠷᠭᠡᠯᠡᠨ᠎ᠡ᠃

  2 . ᠲᠢᠩᠬᠢᠮ ᠪᠠᠢ᠌ᠭᠤᠯᠭ᠎ᠠ ᠵᠢᠨ ᠲᠠᠨᠭ᠌ᠰᠠ ᠡᠪᠬᠡᠮᠡᠯ ᠪᠣᠯᠤᠨ ᠺᠠᠳ᠋ᠷ ᠠᠵᠢᠯᠳᠠᠨ᠎ᠤ ᠲᠠᠨᠭ᠌ᠰᠠ ᠡᠪᠬᠡᠮᠡᠯ᠎ᠤᠨ ᠬᠠᠮᠢᠶᠠᠷᠤᠯᠲᠠ ᠵᠡᠷᠭᠡ ᠬᠠᠮᠢᠶ᠎ᠠ ᠪᠥᠬᠥᠢ ᠠᠵᠢᠯ᠎ᠢ ᠡᠭᠦᠷᠭᠡᠯᠡᠨ᠎ᠡ᠃

  3 . ᠲᠢᠩᠬᠢᠮ᠎ᠤᠨ ᠪᠠᠢ᠌ᠭᠤᠯᠭ᠎ᠠ ᠵᠢᠨ ᠡᠳ᠋᠎ᠤᠨ ᠶᠠᠪᠤᠳᠠᠯ᠎ᠤᠨ ᠲᠣᠭ᠋ᠠᠴᠠᠭ᠎ᠠ ᠬᠢᠬᠦ᠂ ᠲᠥᠰᠦᠪ ᠪᠠ ᠲᠥᠰᠦᠪ᠎ᠤᠨ ᠭᠦᠢ᠍ᠴᠡᠳᠬᠡᠯ᠎ᠢ ᠨᠠᠶ᠋ᠢᠷᠠᠭᠤᠯᠤᠨ ᠵᠣᠬᠢᠶᠠᠬᠤ᠂ ᠠᠮᠵᠢᠯᠲᠠ ᠪᠦᠲᠦᠮᠵᠢ ᠵᠢ ᠦᠨᠡᠯᠡᠬᠦ ᠵᠢᠴᠢ ᠲᠣᠭᠲᠠᠮᠠᠯ ᠬᠥᠷᠥᠩᠭᠡ ᠵᠢᠨ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃

  4 . ᠲᠢᠩᠬᠢᠮ ᠠᠯᠪᠠᠨ ᠪᠠᠢ᠌ᠭᠤᠯᠭ᠎ᠠ ᠵᠢᠨ ᠤᠯᠠᠨ ᠨᠡᠶ᠋ᠢᠲᠡ ᠵᠢᠨ ᠪᠠᠶ᠋ᠢᠭᠤᠯᠤᠮᠵᠢ ᠵᠢᠨ ᠡᠨ᠋ᠸᠷᠬᠢ ᠠᠷᠪᠢᠯᠠᠬᠤ᠂ ᠵᠠᠬᠢᠳᠠᠯ ᠰᠤᠷᠪᠤᠯᠵᠢᠯᠠᠯ᠂ ᠨᠠᠰᠤᠵᠢᠯ᠎ᠤᠨ ᠳᠠᠭ᠋ᠠᠳᠬᠠᠯ ᠬᠢᠭᠡᠳ ᠡᠮᠨᠡᠯᠭᠡ ᠵᠢᠨ ᠳᠠᠭ᠋ᠠᠳᠬᠠᠯ᠂ ᠶᠡᠷᠦᠩᠬᠡᠶ᠋ᠢᠯᠡᠨ ᠵᠠᠰᠠᠬᠤ ᠵᠡᠷᠭᠡ ᠬᠠᠪᠰᠤᠷᠤᠮᠵᠢ ᠵᠢᠨ ᠴᠢᠨᠠᠷᠲᠠᠢ ᠠᠵᠢᠯ᠎ᠢ ᠡᠭᠦᠷᠭᠡᠯᠡᠨ᠎ᠡ᠃

  5 . ᠰᠢᠰᠲᠸᠮ᠎ᠤᠨ ᠳᠣᠲᠣᠷᠠᠬᠢ ᠺᠠᠳ᠋ᠷ᠎ᠤᠨ ᠬᠥᠮᠦᠵᠢᠯ ᠪᠣᠯᠪᠠᠰᠤᠷᠠᠯ᠎ᠢ ᠥᠷᠨᠢᠭᠦᠯᠵᠦ᠂ ᠲᠤᠰᠬᠠᠢ ᠮᠡᠷᠭᠡᠵᠢᠯ᠎ᠤᠨ ᠦᠷᠭᠦᠯᠵᠢᠯᠡᠭᠰᠡᠨ ᠬᠥᠮᠦᠵᠢᠯ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠡᠳᠦᠷ ᠲᠤᠳᠤᠮ᠎ᠤᠨ ᠬᠠᠮᠢᠶᠠᠷᠤᠯᠲᠠ ᠵᠢᠨ ᠬᠠᠮᠢᠶ᠎ᠠ ᠪᠥᠬᠥᠢ ᠠᠵᠢᠯ᠎ᠢ ᠡᠭᠦᠷᠭᠡᠯᠡᠨ᠎ᠡ᠃

  6. ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠲᠤᠰᠢᠶᠠᠨ ᠭᠦᠢ᠍ᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃

  (ᠬᠣᠶᠠᠷ) ᠳᠣᠲᠣᠭ᠋ᠠᠳᠤ ᠵᠢᠨ ᠪᠠᠶ᠋ᠢᠭᠤᠯᠤᠮᠵᠢ

   ᠳᠣᠲᠣᠭ᠋ᠠᠳᠤ᠎ᠳᠠᠭᠠᠨ ᠵᠢᠩᠬᠢᠨᠢ ᠰᠠᠯᠠᠭ᠋ᠠᠨ᠎ᠤ ᠲᠠᠰ᠎ᠤᠨ ᠪᠠᠶ᠋ᠢᠭᠤᠯᠤᠮᠵᠢ 7 ᠪᠣᠶ᠄ ᠶᠡᠷᠦᠩᠬᠡᠶ᠋ᠢᠯᠡᠭᠰᠡᠨ ᠬᠠᠮᠢᠶᠠᠷᠤᠯᠲᠠ ᠵᠢᠨ ᠰᠠᠯᠠᠭ᠎ᠠ᠂ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠰᠠᠯᠠᠭ᠎ᠠ᠂ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠰᠠᠯᠠᠭ᠎ᠠ᠂ ᠰᠤᠷᠭ᠋ᠠᠨ ᠬᠥᠮᠦᠵᠢᠯ᠎ᠤᠨ ᠪᠣᠯᠪᠠᠰᠤᠷᠠᠯ᠎ᠤᠨ ᠰᠠᠯᠠᠭ᠎ᠠ᠂ ᠠᠳᠠᠯ ᠠᠬᠤᠶ ᠵᠢᠨ ᠬᠠᠮᠢᠶᠠᠷᠤᠯᠲᠠ ᠵᠢᠨ ᠰᠠᠯᠠᠭ᠎ᠠ᠂ ᠬᠤᠷᠠᠯ᠎ᠤᠨ ᠦᠢ᠍ᠯᠡᠴᠢᠯᠡᠭᠡᠨ᠎ᠤ ᠰᠠᠯᠠᠭ᠎ᠠ᠂ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠢᠨ ᠰᠠᠯᠠᠭ᠎ᠠ᠃

  

   ᠠᠵᠢᠯᠯᠠᠬᠤ ᠭᠠᠵᠠᠷ᠄ ᠬᠥᠬᠡᠬᠣᠲᠠ ᠵᠢᠨ ᠬᠥᠯᠥᠨ ᠡᠮᠦᠨ᠎ᠡ ᠵᠠᠮ᠎ᠤᠨ 119  ᠳ᠋ᠦ᠍ᠭᠡᠷ  ᠨᠣᠮᠧᠷ

   ᠠᠵᠢᠯᠯᠠᠬᠤ ᠴᠠᠭ᠄ ᠠᠵᠢᠯᠯᠠᠬᠤ ᠡᠳᠦᠷ᠎ᠤᠨ 9᠄ 00 —12᠄ 00᠂ 13᠄ 30 —17᠄ 00

   ᠬᠠᠷᠢᠯᠴᠠᠬᠤ ᠠᠷᠭ᠎ᠠ᠄ 0471—5259580

   ᠬᠠᠷᠢᠭᠤᠴᠠᠯᠭ᠋ᠠᠲᠠᠨ᠄ ᠭᠤᠤ ᠵᠢᠶᠦ᠋ᠨ

  


ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ   ᠰᠤᠷᠪᠤᠯᠵᠢ ᠵᠢᠨ ᠲᠥᠪ

 

 

  1 . 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ ᠰᠢᠨᠵᠢᠯᠡᠭᠡᠨ᠎ᠤ ᠳᠦᠷᠢᠮ》᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ᠎ᠤ ᠠᠵᠢᠯ ᠲᠥᠷᠥᠯ᠎ᠤᠨ ᠬᠠᠮᠢᠶᠠᠷᠤᠯᠲᠠ ᠵᠢᠨ ᠬᠠᠮᠢᠶ᠎ᠠ ᠪᠦᠬᠦᠢ ᠠᠵᠢᠯ᠎ᠢ ᠥᠷᠨᠢᠭᠦᠯᠦᠨ᠎ᠡ᠃ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ ᠰᠢᠨᠵᠢᠯᠡᠭᠡᠨ᠎ᠤ ᠳᠦᠷᠢᠮ》 ᠪᠣᠯᠤᠨ ᠬᠣᠯᠪᠣᠭᠳᠠᠯ ᠪᠦᠬᠦᠢ ᠤᠰᠤᠨ ᠰᠢᠨᠵᠢᠯᠡᠭᠡᠨ᠎ᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠡᠭᠦᠷᠭᠡᠯᠡᠨ᠎ᠡ᠃

  2 . ᠪᠦᠬᠦ ᠣᠷᠣᠨ᠎ᠤ ᠤᠰᠤᠨ ᠰᠢᠨᠵᠢᠯᠡᠭᠡᠨ᠎ᠤ ᠠᠵᠢᠯ ᠲᠥᠷᠥᠯ᠎ᠤᠨ ᠲᠥᠷᠥ ᠵᠢᠨ ᠪᠣᠳᠣᠯᠭ᠎ᠠ᠂ ᠮᠡᠷᠭᠡᠵᠢᠯ᠎ᠤᠨ ᠪᠠᠷᠢᠮᠵᠢᠶ᠎ᠠ ᠵᠢ ᠲᠤᠭᠤᠷᠪᠢᠬᠤ᠎ᠳᠤ ᠣᠷᠣᠯᠴᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠨᠠᠶ᠋ᠢᠳᠠᠪᠤᠷᠢᠵᠢᠭᠤᠯᠵᠤ᠂ ᠪᠦᠬᠦ ᠣᠷᠣᠨ᠎ᠤ ᠤᠰᠤᠨ ᠰᠢᠨᠵᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠨ᠎ᠠ᠃ ᠪᠦᠬᠦ ᠣᠷᠣᠨ᠎ᠤ ᠤᠰᠤᠨ ᠰᠢᠨᠵᠢᠯᠡᠭᠡᠨ᠎ᠤ ᠠᠵᠢᠯ ᠲᠥᠷᠥᠯ᠎ᠤᠨ ᠳᠣᠲᠣᠭ᠋ᠠᠳᠤ ᠬᠠᠮᠢᠶᠠᠷᠤᠯᠲᠠ ᠵᠢ ᠡᠭᠦᠷᠭᠡᠯᠡᠵᠦ᠂ ᠤᠰᠤᠨ ᠰᠢᠨᠵᠢᠯᠡᠭᠡᠨ᠎ᠤ ᠠᠵᠢᠯᠯᠠᠭ᠎ᠠ ᠬᠢᠵᠦ ᠪᠠᠶ᠋ᠢᠭ᠎ᠠ ᠪᠤᠰᠤᠳ ᠨᠢᠭᠡᠴᠢ ᠪᠣᠯᠤᠨ ᠲᠤᠰᠬᠠᠶ ᠬᠡᠷᠡᠭᠯᠡᠬᠦ ᠤᠰᠤᠨ ᠰᠢᠨᠵᠢᠯᠡᠭᠡᠨ᠎ᠤ ᠬᠢᠨᠠᠨ ᠬᠡᠮᠵᠢᠬᠦ ᠥᠷᠲᠡᠭᠡ᠎ᠳᠤ ᠠᠵᠢᠯ ᠲᠥᠷᠥᠯ᠎ᠤᠨ ᠵᠢᠯᠣᠭᠣᠳᠤᠯᠭ᠎ᠠ ᠬᠢᠨ᠎ᠡ᠃

  3 . ᠪᠦᠬᠦ ᠣᠷᠣᠨ᠎ᠤ ᠤᠰᠤᠨ ᠵᠦᠶ ᠵᠢᠨ ᠮᠡᠳᠡᠭᠡ ᠵᠠᠩᠭᠢ ᠵᠢ ᠤᠷᠢᠳᠴᠢᠯᠠᠨ ᠮᠡᠳᠡᠭᠡᠯᠡᠬᠦ ᠠᠵᠢᠯ᠎ᠢ       ᠡᠭᠦᠷᠭᠡᠯᠡᠨ᠂ ᠪᠦᠬᠦ ᠣᠷᠣᠨ᠎ᠤ ᠰᠦᠩ ᠬᠠᠯᠢᠶ᠎ᠠ ᠵᠢ ᠰᠡᠷᠭᠡᠶ᠋ᠢᠯᠡᠵᠦ ᠦᠶᠡᠷ᠎ᠢ ᠰᠡᠷᠭᠡᠶ᠋ᠢᠯᠡᠨ ᠭᠠᠩ᠎ᠲᠠᠢ ᠲᠡᠮᠡᠴᠡᠬᠦ᠎ᠳᠤ ᠤᠰᠤᠨ ᠰᠢᠨᠵᠢᠯᠡᠭᠡᠨ᠎ᠤ ᠤᠰᠤᠨ᠎ᠤ ᠡᠬᠢ ᠪᠠᠶᠠᠯᠢᠭ᠎ᠤᠨ ᠮᠡᠷᠭᠡᠵᠢᠯ᠎ᠤᠨ ᠦᠢ᠍ᠯᠡᠴᠢᠯᠡᠭᠡ ᠬᠠᠩᠭ᠋ᠠᠬᠤ ᠬᠡᠷᠡᠭᠲᠡᠶ; ᠪᠥᠬᠥ ᠣᠷᠣᠨ᠎ᠤ ᠤᠰᠤ ᠵᠢ ᠠᠷᠪᠢᠯᠠᠨ ᠬᠡᠷᠡᠭᠯᠡᠬᠦ᠂ ᠤᠰᠤᠨ᠎ᠤ ᠲᠡᠩᠴᠡᠭᠦᠷᠢ ᠵᠢ ᠬᠡᠮᠵᠢᠨ ᠲᠤᠷᠰᠢᠬᠤ ᠠᠵᠢᠯ᠎ᠳᠤ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠨ᠎ᠠ᠃

  4 . ᠪᠦᠬᠦ ᠣᠷᠣᠨ᠎ᠤ ᠤᠰᠤᠨ ᠰᠢᠨᠵᠢᠯᠡᠭᠡᠨ᠎ᠤ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠡᠭᠦᠷᠭᠡᠯᠡᠨ᠎ᠡ᠃ ᠪᠦᠬᠦ ᠣᠷᠣᠨ᠎ᠤ ᠤᠰᠤᠨ᠎ᠤ ᠣᠷᠴᠢᠨ ᠲᠣᠭᠣᠷᠢᠨ᠎ᠢ ᠬᠢᠨᠠᠨ ᠬᠡᠮᠵᠢᠬᠦ ᠲᠥᠪ ᠬᠢᠭᠡᠳ ᠬᠤᠪᠢᠶᠠᠷᠢ ᠲᠥᠪ (ᠰᠢᠯᠵᠢᠮᠡᠯ ᠲᠤᠷᠰᠢᠯᠲᠠ ᠵᠢᠨ ᠲᠠᠰᠤᠭ)᠎ᠤᠨ ᠪᠦᠲᠦᠭᠡᠨ ᠪᠠᠶ᠋ᠢᠭᠤᠯᠤᠯᠲᠠ᠂ ᠠᠵᠢᠯᠯᠠᠭ᠋ᠠᠨ᠎ᠤ ᠬᠠᠮᠢᠶᠠᠷᠤᠯᠲᠠ ᠵᠢ ᠡᠭᠦᠷᠭᠡᠯᠡᠨ᠎ᠡ᠃

  5 . ᠪᠦᠬᠦ ᠣᠷᠣᠨ᠎ᠤ ᠤᠰᠤᠨ ᠵᠦᠢ ᠤᠰᠤᠨ᠎ᠤ ᠡᠬᠢ ᠪᠠᠶᠠᠯᠢᠭ᠎ᠢ ᠬᠢᠨᠠᠨ ᠬᠡᠮᠵᠢᠬᠦ ᠠᠵᠢᠯ᠎ᠢ ᠡᠭᠦᠷᠭᠡᠯᠡᠨ᠂ ᠪᠦᠬᠦ ᠣᠷᠣᠨ᠎ᠤ ᠬᠦᠨᠳᠦ ᠶᠡᠬᠡ ᠭᠡᠨᠡᠳᠲᠡ ᠡᠭᠦᠰᠬᠦ ᠤᠰᠤᠨ᠎ᠤ ᠪᠣᠬᠢᠷᠲᠤᠯ᠎ᠤᠨ ᠤᠰᠤᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠵᠢᠨ ᠬᠢᠨᠠᠨ ᠬᠡᠮᠵᠢᠬᠦ᠎ᠳᠤ ᠣᠷᠣᠯᠴᠠᠨ᠎ᠠ᠃ ᠪᠦᠬᠦ ᠣᠷᠣᠨ᠎ᠤ ᠤᠰᠤᠨ ᠰᠢᠨᠵᠢᠯᠡᠭᠡᠨ᠎ᠤ ᠤᠰᠤᠨ᠎ᠤ ᠡᠬᠢ ᠪᠠᠶᠠᠯᠢᠭ᠎ᠢ ᠬᠢᠨᠠᠨ ᠬᠡᠮᠵᠢᠭᠰᠡᠨ ᠮᠠᠲᠸᠷᠢᠶᠠᠯ᠎ᠢ ᠡᠮᠬᠢᠯᠡᠨ ᠨᠠᠶ᠋ᠢᠷᠠᠭᠤᠯᠬᠤ᠂ ᠡᠮᠬᠢᠳᠬᠡᠨ ᠨᠠᠶ᠋ᠢᠷᠠᠭᠤᠯᠬᠤ᠂ ᠰᠢᠯᠭ᠋ᠠᠨ       ᠠᠪᠬᠤ᠂ ᠬᠡᠪᠯᠡᠵᠦ ᠳᠠᠷᠤᠮᠠᠯᠯᠠᠬᠤ᠂ ᠳᠡᠭᠡᠭᠰᠢ ᠮᠡᠳᠡᠭᠦᠯᠬᠦ ᠵᠢᠴᠢ ᠤᠰᠤᠨ ᠰᠢᠨᠵᠢᠯᠡᠭᠡᠨ᠎ᠤ ᠳ᠋ᠡᠢ᠌ᠲ᠋ᠠ ᠬᠥᠮᠥᠷᠭᠡ ᠵᠢᠨ ᠪᠠᠶ᠋ᠢᠭᠤᠯᠤᠯᠲᠠ ᠬᠢᠭᠡᠳ ᠬᠠᠮᠢᠶᠠᠷᠤᠯᠲᠠ ᠵᠢ ᠵᠣᠬᠢᠶᠠᠨ ᠪᠠᠶ᠋ᠢᠭᠤᠯᠤᠨ᠎ᠠ᠃

  6 . ᠪᠦᠬᠦ ᠣᠷᠣᠨ᠎ᠤ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠠᠮᠤᠭ᠎ᠤᠨ ᠴᠢᠩᠭ᠎ᠠ ᠬᠢᠨᠠᠨ ᠰᠢᠯᠭ᠋ᠠᠯᠲᠠ᠂ ᠭᠤᠤᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠳᠦᠷᠢᠮ᠎ᠳᠤ ᠤᠰᠤᠨ ᠵᠦᠶ ᠵᠢᠨ ᠬᠠᠮᠢᠶ᠎ᠠ ᠪᠦᠬᠦᠢ ᠮᠡᠷᠭᠡᠵᠢᠯ᠎ᠤᠨ ᠦᠢ᠍ᠯᠡᠴᠢᠯᠡᠭᠡ ᠬᠠᠩᠭ᠋ᠠᠨ᠎ᠠ᠃ ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃

  7 . ᠪᠦᠬᠦ ᠣᠷᠣᠨ᠎ᠤ ᠤᠰᠤᠨ ᠰᠢᠨᠵᠢᠯᠡᠭᠡᠨ᠎ᠤ ᠰᠢᠨ᠎ᠡ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠬᠦ᠂ ᠤᠰᠤᠨ ᠰᠢᠨᠵᠢᠯᠡᠭᠡᠨ᠎ᠤ ᠤᠰᠤᠨ᠎ᠤ ᠡᠬᠢ ᠪᠠᠶᠠᠯᠢᠭ᠎ᠤᠨ ᠮᠡᠳᠡᠭᠡ ᠵᠠᠩᠭᠢ ᠵᠢᠨ ᠲᠣᠣᠷ ᠰᠦᠯᠵᠢᠶᠡᠨ᠎ᠤ ᠰᠢᠰᠲᠸᠮ ᠪᠣᠯᠤᠨ ᠤᠰᠤᠨ ᠰᠢᠨᠵᠢᠯᠡᠭᠡᠨ᠎ᠤ ᠪᠡᠯᠡᠳᠬᠡᠮᠵᠢ ᠲᠥᠬᠥᠭᠡᠷᠦᠮᠵᠢ ᠵᠢᠨ ᠠᠵᠢᠯᠯᠠᠭ᠋ᠠᠨ᠎ᠢ ᠬᠠᠮᠠᠭ᠋ᠠᠯᠠᠬᠤ ᠠᠵᠢᠯ᠎ᠢ ᠡᠭᠦᠷᠭᠡᠯᠡᠨ᠎ᠡ᠃

  8 . ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠲᠤᠰᠢᠶᠠᠨ ᠭᠦᠢ᠍ᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃

   ᠳᠣᠲᠣᠭ᠋ᠠᠳᠤ ᠵᠢᠨ ᠪᠠᠶ᠋ᠢᠭᠤᠯᠤᠮᠵᠢ᠄ ᠠᠯᠪᠠᠨ ᠭᠡᠷ᠂ ᠨᠠᠮ ᠣᠯᠠᠨ ᠲᠦᠮᠡᠨ᠎ᠤ ᠠᠵᠢᠯ᠎ᠤᠨ ᠭᠠᠵᠠᠷ᠂ ᠰᠠᠬᠢᠯᠭ᠎ᠠ ᠪᠠᠲᠤ ᠪᠠᠶ᠋ᠢᠴᠠᠭ᠋ᠠᠬᠤ ᠠᠯᠪᠠᠨ ᠭᠡᠷ  (ᠲᠣᠭᠣᠷᠢᠨ ᠪᠠᠢ᠌ᠴᠠᠭ᠋ᠠᠬᠤ ᠠᠵᠢᠯ᠎ᠤᠨ ᠠᠯᠪᠠᠨ ᠭᠡᠷ) ᠂ ᠠᠵᠢᠯᠲᠠᠨ᠎ᠤ ᠶᠠᠪᠤᠳᠠᠯ᠎ᠤᠨ ᠭᠠᠵᠠᠷ᠂ ᠡᠳ᠋᠎ᠤᠨ ᠶᠠᠪᠤᠳᠠᠯ᠎ᠤᠨ ᠭᠠᠵᠠᠷ᠂ ᠶᠡᠷᠦᠩᠬᠡᠶ ᠢᠨᠵᠧᠨᠧᠷ᠎ᠤᠨ ᠠᠯᠪᠠᠨ ᠭᠡᠷ᠂ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠭᠠᠵᠠᠷ᠂ ᠥᠷᠲᠡᠭᠡᠨ ᠲᠣᠣᠷ᠎ᠤᠨ ᠬᠢᠨᠠᠨ ᠬᠡᠮᠵᠢᠬᠦ ᠭᠠᠵᠠᠷ᠂ ᠭᠠᠵᠠᠷ ᠳᠣᠣᠷᠠᠬᠢ ᠤᠰᠤ ᠵᠢ ᠬᠢᠨᠠᠨ ᠬᠡᠮᠵᠢᠬᠦ ᠭᠠᠵᠠᠷ᠂ ᠤᠰᠤᠨ᠎ᠤ ᠴᠢᠨᠠᠷ ᠤᠰᠤᠨ᠎ᠤ ᠠᠮᠢ ᠠᠬᠤᠶ ᠵᠢᠨ ᠬᠢᠨᠠᠨ ᠬᠡᠮᠵᠢᠬᠦ ᠭᠠᠵᠠᠷ᠂ ᠤᠰᠤᠨ᠎ᠤ ᠪᠠᠶ᠋ᠢᠳᠠᠯ᠎ᠤᠨ ᠭᠠᠵᠠᠷ᠂ ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠮᠡᠷᠭᠡᠵᠢᠯ᠎ᠤᠨ ᠭᠠᠵᠠᠷ᠂ ᠤᠰᠤᠨ᠎ᠤ ᠡᠬᠢ ᠪᠠᠶᠠᠯᠢᠭ᠎ᠤᠨ ᠦᠨᠡᠯᠡᠯᠲᠡ ᠵᠢᠨ ᠭᠠᠵᠠᠷ᠂ ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭᠰᠠᠳ᠎ᠤᠨ ᠠᠵᠢᠯ᠎ᠤᠨ ᠭᠠᠵᠠᠷ᠃

  

   ᠠᠵᠢᠯᠯᠠᠬᠤ ᠭᠠᠵᠠᠷ᠄ ᠬᠥᠬᠡᠬᠣᠲᠠ ᠵᠢᠨ ᠶᠡᠬᠡ ᠰᠤᠷᠭ᠋ᠠᠭᠤᠯᠢ ᠵᠢᠨ ᠵᠡᠭᠦᠨ ᠵᠠᠮ᠎ᠤᠨ 120 ᠳ᠋ᠤᠭ᠋ᠠᠷ ᠨᠣᠮᠧᠷ

   ᠠᠵᠢᠯᠯᠠᠬᠤ ᠴᠠᠭ᠄ ᠠᠵᠢᠯᠯᠠᠬᠤ ᠡᠳᠦᠷ᠎ᠤᠨ 9᠄ 00 —12᠄ 00᠂ 13᠄ 30 —17᠄ 00

   ᠬᠠᠷᠢᠯᠴᠠᠬᠤ ᠠᠷᠭ᠎ᠠ᠄ 0471— 4916302

   ᠬᠠᠷᠢᠭᠤᠴᠠᠯᠭ᠋ᠠᠲᠠᠨ᠄ ᠸᠠᠩ ᠬᠠᠢ ᠵᠢᠶᠦ᠋ᠨ

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠪᠠᠶ᠋ᠢᠭᠤᠯᠤᠮᠵᠢ ᠵᠢᠨ ᠡᠭᠦᠷᠭᠡ ᠴᠢᠳᠠᠪᠤᠷᠢ
 
            