ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ   -   ᠨᠠᠮ᠎ᠤᠨ ᠬᠤᠷᠢᠶ᠎ᠠ
ᠯᠢ ᠪᠢᠨ
ᠨᠡᠶ᠋ᠢᠲᠡᠯᠡᠭᠰᠡᠨ ᠴᠠᠭ᠄ 2020-12-25


ᠯᠢ ᠪᠢᠨ

ᠲᠤᠰᠢᠶᠠᠯ᠄ ᠳᠡᠳ᠋ ᠲᠢᠩᠬᠢᠮ᠎ᠤᠨ ᠳᠠᠷᠤᠭ᠎ᠠ

ᠠᠵᠢᠯ ᠵᠢᠨ ᠬᠤᠪᠢᠶᠠᠷᠢ᠄ ᠯᠢᠦ ᠸᠠᠨ ᠬᠤᠸᠠ ᠨᠥᠬᠥᠷ᠎ᠢ ᠬᠠᠪᠰᠣᠷᠣᠨ ᠬᠥᠷᠥᠰᠥ ᠰᠢᠷᠣᠶ ᠵᠢ ᠬᠠᠮᠠᠭ᠋ᠠᠯᠠᠬᠤ᠂ ᠤᠰᠤᠨ᠎ᠤ ᠡᠬᠢ ᠪᠠᠶᠠᠯᠢᠭ᠎ᠤᠨ ᠬᠠᠮᠢᠶᠠᠷᠣᠯᠳᠠ᠂ ᠭᠣᠤᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ᠂ ᠲᠦᠷᠦ ᠵᠢᠨ ᠪᠤᠳᠤᠯᠭ᠎ᠠ ᠬᠠᠤᠯᠢ ᠲᠣᠭᠲᠠᠭ᠋ᠠᠯ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠂ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ ᠵᠡᠷᠭᠡ ᠲᠠᠯ᠎ᠠ ᠵᠢᠨ ᠠᠵᠢᠯ᠎ᠢ ᠬᠠᠷᠢᠭᠤᠴᠠᠨ᠎ᠠ᠃

ᠬᠥᠷᠥᠰᠥ ᠰᠢᠷᠣᠶ ᠬᠠᠮᠠᠭ᠋ᠠᠯᠠᠬᠤ ᠭᠠᠵᠠᠷ᠂ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠭᠠᠵᠠᠷ᠂ ᠤᠰᠤᠨ᠎ᠤ ᠶᠠᠪᠤᠳᠠᠯ᠎ᠤᠨ ᠭᠠᠵᠠᠷ᠂ ᠭᠣᠤᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠵᠢᠨ ᠭᠠᠵᠠᠷ᠂ ᠤᠰᠤᠨ ᠵᠦᠶ ᠵᠢᠨ ᠶᠡᠷᠦᠩᠬᠡᠢ ᠲᠣᠪᠴᠢᠶ᠎ᠠ᠂ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ᠎ᠤ ᠰᠤᠳᠤᠯᠬᠤ ᠬᠦᠷᠢᠶᠡᠯᠡᠩ᠂ ᠭᠣᠤᠯ ᠨᠠᠭᠤᠷ ᠬᠢᠭᠡᠳ ᠦᠶᠡᠷ᠎ᠢ ᠰᠡᠷᠭᠡᠶ᠋ᠢᠯᠡᠵᠦ ᠭᠠᠩ᠎ᠲᠠᠢ ᠲᠡᠮᠡᠴᠡᠬᠦ ᠲᠣᠬᠢᠷᠠᠭᠤᠯᠤᠯᠲᠠ ᠵᠢᠨ ᠲᠥᠪ᠂ ᠤᠰᠤᠨ᠎ᠤ ᠡᠬᠢ ᠪᠠᠶᠠᠯᠢᠭ ᠬᠢᠭᠡᠳ ᠤᠰᠤᠨ᠎ᠤ ᠡᠷᠬᠡ ᠵᠢ ᠬᠣᠷᠢᠶᠠᠨ ᠬᠠᠳᠠᠭ᠋ᠠᠯᠠᠬᠤ ᠲᠥᠪ᠂ ᠤᠰᠤᠨ᠎ᠤ ᠶᠠᠪᠤᠳᠠᠯ᠎ᠢ ᠬᠢᠨᠠᠨ ᠪᠠᠶ᠋ᠢᠴᠠᠭ᠋ᠠᠬᠤ ᠶᠡᠷᠦᠩᠬᠡᠶ ᠠᠩᠭᠢ᠂ ᠬᠥᠷᠥᠰᠥ ᠰᠢᠷᠣᠶ ᠵᠢ ᠬᠠᠮᠠᠭ᠋ᠠᠯᠠᠬᠤ ᠠᠵᠢᠯ᠎ᠤᠨ ᠥᠷᠲᠡᠭᠡ ᠵᠢ ᠬᠤᠪᠢᠳᠠᠨ ᠬᠠᠮᠢᠶᠠᠷᠤᠨ᠎ᠠ᠃

ᠲᠤᠪᠴᠢ ᠨᠠᠮᠲᠠᠷ

ᠯᠢ ᠪᠢᠨ᠂ ᠡᠷᠡᠭᠲᠡᠶ᠂ ᠬᠢᠲᠠᠳ ᠦᠨᠳᠦᠰᠦᠲᠡᠨ᠂ 1967᠎ᠤᠨ 9 ᠰᠠᠷ᠎ᠠ᠎ᠳᠤ ᠲᠥᠷᠥᠵᠡᠢ᠃ 1987 ᠣᠨ᠎ᠤ 7 ᠰᠠᠷ᠎ᠠ᠎ᠳᠤ ᠠᠵᠢᠯ᠎ᠳᠤ ᠣᠷᠣᠯᠴᠠᠵᠠᠢ᠂ ᠨᠠᠮ ᠪᠦᠯᠦᠭ᠎ᠤᠨ ᠪᠤᠰᠤ ᠬᠥᠮᠦᠰ᠂ ᠥᠪᠥᠷ ᠮᠣᠩᠭᠣᠯ᠎ᠤᠨ ᠤᠯᠠᠭ᠋ᠠᠨᠬᠠᠳᠠ ᠬᠣᠲᠠ ᠵᠢᠨ ᠪᠠᠭ᠋ᠠᠷᠢᠨ ᠵᠡᠭᠦᠨ ᠬᠣᠰᠢᠭᠤᠨ᠎ᠤ ᠬᠥᠮᠦᠨ᠂ ᠴᠧᠩᠳᠦ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠡᠬᠡ ᠰᠤᠷᠭ᠋ᠠᠭᠤᠯᠢ ᠵᠢᠨ ᠤᠰᠤᠨ ᠵᠦᠶ ᠵᠢᠨ ᠰᠤᠳᠤᠯᠤᠯ ᠵᠢᠴᠢ ᠤᠰᠤᠨ᠎ᠤ ᠡᠬᠢ ᠪᠠᠶᠠᠯᠢᠭ᠎ᠢ ᠠᠰᠢᠭᠯᠠᠬᠤ ᠲᠤᠰᠬᠠᠶ ᠮᠡᠷᠭᠡᠵᠢᠯ᠎ᠠᠴᠠ ᠲᠡᠭᠦᠰᠴᠡᠢ᠂ ᠲᠧᠭᠨᠢᠭ᠎ᠤᠨ ᠤᠬᠠᠭ᠋ᠠᠨ᠎ᠤ ᠤᠶᠤᠳᠠᠨ᠃ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠲᠠᠷᠢᠶᠠᠯᠠᠩ᠎ᠤᠨ ᠤᠰᠤᠨ᠎ᠤ ᠡᠬᠢ ᠪᠠᠶᠠᠯᠢᠭ᠎ᠢ ᠠᠰᠢᠭᠯᠠᠬᠤ ᠪᠠ ᠬᠠᠮᠠᠭ᠋ᠠᠯᠠᠬᠤ ᠲᠤᠰᠬᠠᠶ ᠮᠡᠷᠭᠡᠵᠢᠯ᠎ᠤᠨ ᠳ᠋ᠣᠺᠲ᠋ᠣᠷ᠂ ᠵᠢᠩᠬᠢᠨᠢ ᠳᠡᠭᠡᠳᠦ ᠵᠡᠷᠭᠡ ᠵᠢᠨ ᠢᠨᠵᠧᠨᠧᠷ᠃

1983.09 — 1987.07 ᠴᠧᠩᠳᠦ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠡᠬᠡ ᠰᠤᠷᠭ᠋ᠠᠭᠤᠯᠢ ᠵᠢᠨ ᠤᠰᠤᠨ ᠵᠦᠶ ᠵᠢᠨ ᠰᠤᠳᠤᠯᠤᠯ ᠵᠢᠴᠢ ᠤᠰᠤᠨ᠎ᠤ ᠡᠬᠢ ᠪᠠᠶᠠᠯᠢᠭ᠎ᠢ ᠠᠰᠢᠭᠯᠠᠬᠤ ᠲᠤᠰᠬᠠᠶ ᠮᠡᠷᠭᠡᠵᠢᠯ᠎ᠳᠤ ᠰᠤᠷᠤᠯᠴᠠᠪᠠ

1987.07 — 1988.07 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠬᠠᠶ᠋ᠢᠨ ᠬᠡᠮᠵᠢᠯᠲᠡ ᠵᠢᠨ ᠵᠢᠷᠤᠭ ᠲᠥᠯᠥᠪᠯᠡᠭᠡᠨ᠎ᠤ ᠬᠦᠷᠢᠶᠡᠯᠡᠩ ᠎ᠳᠤ ᠲᠤᠷᠰᠢᠨ ᠬᠡᠷᠡᠭᠯᠡᠬᠦ ᠬᠤᠭᠤᠴᠠᠭ᠎ᠠ᠎ᠳᠠᠭᠠᠨ ᠠᠵᠢᠯᠯᠠᠪᠠ

1988.07 — 1994.04 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠬᠠᠶ᠋ᠢᠨ ᠬᠡᠮᠵᠢᠯᠲᠡ ᠵᠢᠨ ᠵᠢᠷᠤᠭ ᠲᠥᠯᠥᠪᠯᠡᠭᠡᠨ᠎ᠤ ᠬᠦᠷᠢᠶᠡᠯᠡᠩ᠎ᠤᠨ ᠲᠤᠰᠠᠯᠠᠭᠴᠢ ᠢᠨᠵᠧᠨᠧᠷ   ᠪᠠᠢ᠌ᠪᠠ

1994.04 — 1997.01 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠬᠠᠶ᠋ᠢᠨ ᠬᠡᠮᠵᠢᠯᠲᠡ ᠵᠢᠷᠤᠭ ᠲᠥᠯᠥᠪᠯᠡᠭᠡᠨ᠎ᠤ ᠬᠦᠷᠢᠶᠡᠯᠡᠩ᠎ᠤᠨ ᠢᠨᠵᠧᠨᠧᠷ ᠪᠠᠢ᠌ᠪᠠ

1997.01 — 2000.09 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠮᠡᠳᠡᠭᠡ   ᠵᠠᠩᠭᠢ ᠵᠢᠨ ᠲᠥᠪ᠎ᠤᠨ ᠢᠨᠵᠧᠨᠧᠷ ᠪᠠᠢ᠌ᠪᠠ

2000.09 — 2007.02 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠮᠡᠳᠡᠭᠡ ᠵᠠᠩᠭᠢ ᠵᠢᠨ ᠲᠥᠪ᠎ᠤᠨ ᠳᠡᠭᠡᠳᠦ ᠵᠡᠷᠭᠡ ᠵᠢᠨ ᠢᠨᠵᠧᠨᠧᠷ ᠪᠠᠢ᠌ᠪᠠ

2007.02 — 2011.01 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠶᠠᠪᠤᠳᠠᠯ᠎ᠢ ᠬᠢᠨᠠᠨ ᠬᠠᠮᠢᠶᠠᠷᠬᠤ ᠦᠢ᠍ᠯᠡᠴᠢᠯᠡᠭᠡᠨ᠎ᠤ ᠲᠥᠪ᠎ᠤᠨ ᠳᠡᠳ᠋ ᠡᠷᠬᠢᠯᠡᠭᠴᠢ ᠪᠠᠢ᠌ᠪᠠ (1999.10 — 2007.04 ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠲᠥᠯᠥᠪᠯᠡᠭᠡᠲᠦ ᠡᠳ᠋᠎ᠤᠨ ᠶᠠᠪᠤᠳᠠᠯ᠎ᠤᠨ ᠭᠠᠵᠠᠷ᠎ᠲᠤ ᠵᠢᠭᠡᠯᠡᠭᠳᠡᠨ ᠠᠵᠢᠯᠯᠠᠪᠠ᠂ 2007.04 — 2011.01 ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠤᠰᠤᠨ᠎ᠤ ᠡᠬᠢ ᠪᠠᠶᠠᠯᠢᠭ᠎ᠤᠨ ᠭᠠᠵᠠᠷ᠎ᠲᠤ ᠵᠢᠭᠡᠯᠡᠭᠳᠡᠨ ᠠᠵᠢᠯᠯᠠᠪᠠ)

2011.01 — 2017.02 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠤᠰᠤᠨ᠎ᠤ ᠡᠬᠢ ᠪᠠᠶᠠᠯᠢᠭ᠎ᠤᠨ ᠭᠠᠵᠠᠷ (ᠪᠥᠬᠥ ᠣᠷᠣᠨ᠎ᠤ ᠤᠰᠤ ᠵᠢ ᠠᠷᠪᠢᠯᠠᠨ ᠬᠡᠷᠡᠭᠯᠡᠬᠦ ᠠᠯᠪᠠᠨ ᠬᠡᠷ)᠎ᠤᠨ ᠳᠡᠳ᠋ ᠭᠠᠵᠠᠷ᠎ᠤᠨ ᠳᠠᠷᠤᠭ᠎ᠠ ᠪᠠᠢ᠌ᠪᠠ

2017.02 — 2018.01 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠤᠰᠤᠨ᠎ᠤ ᠡᠬᠢ ᠪᠠᠶᠠᠯᠢᠭ᠎ᠤᠨ ᠭᠠᠵᠠᠷ (ᠪᠥᠬᠥ ᠣᠷᠣᠨ᠎ᠤ ᠤᠰᠤ ᠵᠢ ᠠᠷᠪᠢᠯᠠᠨ ᠬᠡᠷᠡᠭᠯᠡᠬᠦ ᠠᠯᠪᠠᠨ ᠬᠡᠷ)᠎ᠤᠨ ᠳᠠᠷᠤᠭ᠎ᠠ ᠪᠠᠢ᠌ᠪᠠ

2018.01 — 2019.04 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠭᠣᠣᠯ ᠨᠠᠭᠤᠷ᠎ᠤᠨ ᠭᠠᠵᠠᠷ᠎ᠤᠨ ᠳᠠᠷᠤᠭ᠎ᠠ ᠪᠠᠢ᠌ᠪᠠ (2013.09 — 2018.06 ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠲᠠᠷᠢᠶᠠᠯᠠᠩ᠎ᠤᠨ ᠤᠰᠤᠨ᠎ᠤ ᠡᠬᠢ ᠪᠠᠶᠠᠯᠢᠭ᠎ᠢ ᠠᠰᠢᠭᠯᠠᠬᠤ ᠪᠠ ᠬᠠᠮᠠᠭ᠋ᠠᠯᠠᠬᠤ ᠲᠤᠰᠬᠠᠶ ᠮᠡᠷᠭᠡᠵᠢᠯ᠎ᠤᠨ ᠳ᠋ᠣᠺᠲ᠋ᠣᠷᠠᠨᠲ ᠰᠤᠷᠤᠯᠴᠠᠪᠠ)

2019.04 — 2019.08 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠭᠣᠤᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠪᠠᠢ᠌ᠪᠠ

2019.08 — 2019.12 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠶᠡᠷᠦᠩᠬᠡᠢ ᠢᠨᠵᠧᠨᠧᠷ᠂ ᠭᠣᠤᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠪᠠᠢ᠌ᠪᠠ

2019.12 — 2020.03 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠶᠡᠷᠦᠩᠬᠡᠢ ᠢᠨᠵᠧᠨᠧᠷ ᠪᠠᠢ᠌ᠪᠠ

2020.03 — 2020.06 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠶᠡᠷᠦᠩᠬᠡᠶ ᠢᠨᠵᠧᠨᠧᠷ᠂ ᠨᠢᠭᠡᠳᠦᠭᠡᠷ ᠳᠡᠰ᠎ᠤᠨ ᠪᠠᠶ᠋ᠢᠴᠠᠭ᠋ᠠᠨ ᠰᠤᠳᠤᠯᠤᠭᠴᠢ ᠪᠠᠢ᠌ᠪᠠ

2020.06 — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠳᠡᠳ᠋ ᠲᠠᠷᠣᠭ᠎ᠠ ᠪᠤᠯᠤᠨ᠎ᠠ

   

ᠢᠷᠡᠯᠲᠡ᠄        
          
ᠬᠠᠮᠢᠶ᠎ᠡ ᠪᠦᠬᠦᠢ ᠰᠣᠨᠢᠨ
ᠱᠸᠩ ᠰᠢᠶᠥᠥ ᠶᠢᠥ
ᠫᠸᠩ ᠶᠠ ᠯᠢ
ᠭᠣᠣ ᠮᠢᠩ ᠲᠠᠩ
ᠹᠠᠨ ᠵᠥᠩ
ᠯᠢ ᠪᠢᠨ
 
            