ᠫᠧᠩ ᠶᠠ ᠯᠢ
ᠲᠤᠰᠢᠶᠠᠯ᠄ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠤᠨ ᠳᠠᠷᠤᠭ᠎ᠠ᠃
ᠠᠵᠢᠯ᠎ᠤᠨ ᠬᠤᠪᠢᠶᠠᠷᠢ᠄ ᠱᠧᠩ ᠰᠢᠶᠣᠤ ᠶᠢᠤ ᠨᠦᠬᠦᠷ᠎ᠢ ᠬᠠᠪᠰᠣᠷᠣᠨ ᠨᠠᠮ ᠪᠠ ᠤᠯᠠᠨ ᠲᠦᠮᠡᠨᠴᠢ ᠵᠤᠬᠢᠶᠠᠨ ᠪᠠᠶ᠋ᠢᠭᠤᠯᠤᠯᠳᠠ ᠵᠢᠨ ᠠᠵᠢᠯ᠂ ᠰᠠᠬᠢᠯᠭ᠎ᠠ ᠪᠠᠳᠣ ᠪᠠᠶ᠋ᠢᠴᠠᠭ᠋ᠠᠬᠤ᠂ ᠦᠨᠳᠦᠰᠦᠲᠡᠨ᠂ ᠶᠡᠷᠦᠩᠬᠡᠶ᠋ᠢᠯᠡᠭᠰᠡᠨ ᠵᠠᠰᠠᠭ᠎ᠤᠨ ᠶᠠᠪᠤᠳᠠᠯ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ᠂ ᠠᠵᠢᠯᠲᠠᠨ᠎ᠤ ᠶᠠᠪᠤᠳᠠᠯ᠂ ᠢᠨᠵᠧᠨᠧᠷᠢᠩ᠎ᠤᠨ ᠠᠵᠢᠯᠯᠠᠭ᠋ᠠᠨ᠎ᠤ ᠬᠠᠮᠢᠶᠠᠷᠤᠯᠲᠠ᠂ ᠠᠰᠢᠭᠯᠠᠯᠲᠠ ᠵᠢᠨ ᠬᠢᠨᠠᠯᠲᠠ ᠲᠠᠯᠪᠢᠯᠲᠠ᠂ ᠠᠶᠤᠯᠭᠦᠢ ᠦᠢ᠍ᠯᠡᠳᠪᠦᠷᠢᠯᠡᠯ᠂ ᠤᠰᠤᠨ ᠠᠰᠢᠭᠯᠠᠯᠲᠠ ᠵᠢᠨ ᠮᠡᠳᠡᠭᠡ ᠵᠠᠩᠭᠢᠵᠢᠯᠲᠠ ᠵᠢᠴᠢ ᠲᠣᠭ᠋ᠠᠴᠢᠯᠠᠭᠰᠠᠨ ᠢᠬᠡᠷ᠎ᠡ ᠰᠠᠪᠠ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠡᠷᠭᠡ ᠲᠠᠯ᠎ᠠ ᠵᠢᠨ ᠠᠵᠢᠯ᠎ᠢ ᠬᠠᠷᠢᠭᠤᠴᠠᠨ᠎ᠠ᠃
ᠠᠯᠪᠠᠨ ᠭᠡᠷ᠂ ᠠᠵᠢᠯᠲᠠᠨ᠎ᠤ ᠶᠠᠪᠤᠳᠠᠯ᠎ᠤᠨ ᠭᠠᠵᠠᠷ᠂ ᠠᠵᠢᠯᠯᠠᠭ᠋ᠠᠨ᠎ᠤ ᠬᠠᠮᠢᠶᠠᠷᠤᠯᠲᠠ ᠵᠢᠨ ᠬᠢᠨᠠᠯᠲᠠ ᠲᠠᠯᠪᠢᠬᠤ ᠭᠠᠵᠠᠷ᠂ ᠪᠠᠢ᠌ᠭᠤᠯᠭ᠎ᠠ ᠵᠢᠨ ᠨᠠᠮ᠎ᠤᠨ ᠬᠣᠷᠢᠶ᠎ᠠ᠂ ᠣᠰᠣᠨ ᠠᠰᠢᠭᠯᠠᠯᠲᠠ ᠵᠢᠨ ᠲᠢᠩᠬᠢᠮ᠎ᠤᠨ ᠶᠡᠷᠦᠩᠬᠡᠢ ᠪᠠᠲᠤᠯᠠᠭ᠎ᠠ ᠵᠢᠨ ᠲᠥᠪ᠂ ᠬᠠᠲᠤᠨ ᠭᠣᠣᠯ᠎ᠤᠨ ᠰᠠᠨ ᠱᠧᠩ ᠭᠤᠩ ᠣᠰᠣᠨ ᠠᠰᠢᠭᠯᠠᠯᠲᠠ ᠵᠢᠨ ᠵᠠᠩᠭᠢᠯᠠᠭ᠎ᠠ ᠵᠢᠨ ᠬᠠᠮᠢᠶᠠᠷᠤᠯᠲᠠ ᠵᠢᠨ ᠲᠥᠪ᠂ ᠬᠤᠩᠱ᠌ᠠᠨ ᠤᠰᠤᠨ ᠴᠥᠭᠦᠷᠥᠮ᠎ᠤᠨ ᠬᠠᠮᠢᠶᠠᠷᠤᠯᠲᠠ ᠵᠢᠨ ᠲᠥᠪ᠎ᠢ ᠬᠤᠪᠢᠳᠠᠨ ᠬᠠᠮᠢᠶᠠᠷᠤᠨ᠎ᠠ᠃
ᠲᠣᠪᠴᠢ ᠨᠠᠮᠳᠠᠷ᠄
ᠫᠧᠩ ᠶᠠ ᠯᠢ᠂ ᠡᠮᠡᠭᠲᠡᠢ᠂ ᠮᠣᠩᠭᠣᠯ ᠦᠨᠳᠦᠰᠦᠲᠡᠨ᠂ 1969 ᠣᠨ᠎ᠤ 6 ᠳ᠋ᠤᠭ᠋ᠠᠷ ᠰᠠᠷ᠎ᠠ᠎ᠳᠤ ᠲᠦᠷᠦᠵᠠᠢ᠂ ᠾᠧᠪᠧᠢ ᠵᠢᠨ ᠴᠢᠶᠠᠨ ᠠᠨ ᠬᠣᠲᠠ᠎ᠳᠤ ᠨᠤᠲᠤᠭ᠎ᠲᠠᠢ᠂ 1991 ᠣᠨ᠎ᠤ 8 ᠳ᠋ᠤᠭ᠋ᠠᠷ ᠰᠠᠷ᠎ᠠ᠎ᠠᠴᠠ ᠠᠵᠢᠯ᠎ᠳᠤ ᠣᠷᠣᠯᠴᠠᠵᠤ᠂ 2003 ᠣᠨ᠎ᠤ 7 ᠳ᠋ᠤᠭ᠋ᠠᠷ ᠰᠠᠷ᠎ᠠ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠣᠷᠣᠵᠤ᠂ ᠠᠰᠫᠢᠷᠠᠨᠲ᠎ᠤᠨ ᠰᠤᠷᠤᠯᠭ᠎ᠠ ᠵᠢᠨ ᠨᠠᠮᠲᠠᠷ᠎ᠲᠠᠢ᠃ ᠣᠳᠣ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠲᠢᠩᠬᠢᠮ ᠤᠨ ᠳᠠᠷᠤᠭ᠎ᠠ ᠵᠢᠨ ᠲᠤᠰᠢᠶᠠᠯ᠎ᠢ ᠡᠭᠦᠷᠭᠡᠯᠡᠵᠦ ᠪᠣᠢ᠃
1987.09—1994.07 ᠥᠪᠥᠷ ᠮᠣᠩᠭᠤᠯ᠎ᠤᠨ ᠶᠡᠭᠡ ᠰᠤᠷᠭ᠋ᠠᠭᠤᠯᠢ ᠵᠢᠨ ᠡᠯᠧᠺᠳ᠋ᠷᠣᠨ ᠤᠬᠠᠭ᠋ᠠᠨ ᠬᠢᠭᠡᠳ ᠮᠡᠳᠡᠭᠡ ᠵᠠᠩᠭᠢ ᠵᠢᠨ ᠰᠢᠰᠲ᠋ᠧᠮ᠎ᠤᠨ ᠲᠤᠰᠬᠠᠶ ᠮᠡᠷᠭᠡᠵᠢᠯ᠎ᠳᠤ ᠰᠤᠷᠤᠯᠴᠠᠪᠠ᠃
1991.07—1991.07 ᠠᠵᠢᠯ ᠡᠷᠢᠵᠦ ᠪᠠᠢ᠌ᠵᠠᠢ᠃
1991.08—1996.05 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠦᠬᠡᠴᠡᠯᠡᠬᠦ ᠲᠣᠪᠴᠢᠶᠠᠨ᠎ᠤ ᠨᠠᠢ᠍ᠮᠠ ᠭᠤᠷᠪᠠ ᠵᠢᠷᠭᠤᠭ᠎ᠠ ᠭᠠᠵᠠᠷ᠎ᠤᠨ ᠭᠡᠰᠢᠭᠦᠴᠢ᠃
1996.05—1997.06 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠰᠣᠨ ᠠᠰᠢᠭᠯᠠᠯᠲᠠ ᠵᠢᠨ ᠲᠢᠩᠬᠢᠮ (ᠲᠤᠷᠰᠢᠨ ᠬᠡᠷᠡᠭᠯᠡᠬᠦ ᠬᠤᠭᠤᠴᠠᠭ᠎ᠠ)᠃
1997.06—1999.05 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠰᠣᠨ ᠠᠰᠢᠭᠯᠠᠯᠲᠠ ᠵᠢᠨ ᠲᠢᠩᠬᠢᠮ᠎ᠤᠨ ᠭᠡᠰᠢᠭᠦᠴᠢ᠃
1999.05—2001.03 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠰᠣᠨ ᠠᠰᠢᠭᠯᠠᠯᠲᠠ ᠵᠢᠨ ᠲᠢᠩᠬᠢᠮ᠎ᠤᠨ ᠳᠡᠳ᠋ ᠡᠷᠬᠢᠯᠡᠭᠴᠢ ᠭᠡᠰᠢᠭᠦᠴᠢ᠃
2001.03—2011.01 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠰᠣᠨ ᠠᠰᠢᠭᠯᠠᠯᠲᠠ ᠵᠢᠨ ᠲᠢᠩᠬᠢᠮ᠎ᠤᠨ ᠡᠷᠬᠢᠯᠡᠭᠴᠢ ᠭᠡᠰᠢᠭᠦᠴᠢ᠃
(ᠡᠨᠡ ᠬᠤᠭᠤᠴᠠᠭ᠋ᠠᠨ᠎ᠳᠤ᠄ 2000.09—2003.07 ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠭᠡ ᠰᠤᠷᠭ᠋ᠠᠭᠤᠯᠢ ᠵᠢᠨ ᠲᠠᠷᠢᠶᠠᠯᠠᠩ᠎ᠤᠨ ᠢᠨᠵᠧᠨᠧᠷᠢᠩ᠎ᠤᠨ ᠲᠤᠰᠬᠠᠢ ᠮᠡᠷᠭᠡᠵᠢᠯ ᠰᠤᠷᠤᠯᠴᠠᠵᠤ᠂ ᠢᠨᠵᠧᠨᠧᠷᠢᠩ᠎ᠤᠨ ᠮᠠᠰᠲ᠋ᠧᠷ᠎ᠤᠨ ᠴᠣᠯᠠ᠎ᠢ ᠣᠯᠪᠠ)
2011.01—2018.01 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠰᠣᠨ ᠠᠰᠢᠭᠯᠠᠯᠲᠠ ᠵᠢᠨ ᠲᠢᠩᠬᠢᠮ᠎ᠤᠨ ᠣᠰᠣᠨ᠎ᠤ ᠡᠬᠢ ᠪᠠᠶᠠᠯᠢᠭ᠎ᠤᠨ ᠭᠠᠵᠠᠷ᠎ᠤᠨ ᠳᠡᠳ᠋ ᠭᠠᠵᠠᠷ᠎ᠤᠨ ᠳᠠᠷᠤᠭ᠎ᠠ᠃
2018.01—2019.08 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠰᠣᠨ ᠠᠰᠢᠭᠯᠠᠯᠲᠠ ᠵᠢᠨ ᠲᠢᠩᠬᠢᠮ᠎ᠤᠨ ᠪᠠᠢ᠌ᠭᠤᠯᠭ᠎ᠠ ᠵᠢᠨ ᠨᠠᠮ᠎ᠤᠨ ᠬᠣᠷᠢᠶᠠᠨ᠎ᠤ ᠲᠤᠰᠬᠠᠢ ᠲᠤᠰᠢᠶᠠᠯᠲᠤ ᠳᠡᠳ᠋ ᠱᠦᠵᠢ᠃
2019.08—2021.04 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠰᠣᠨ ᠠᠰᠢᠭᠯᠠᠯᠲᠠ ᠵᠢᠨ ᠲᠢᠩᠬᠢᠮ᠎ᠤᠨ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ᠃
2021.04—2022.12 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠰᠣᠨ ᠠᠰᠢᠭᠯᠠᠯᠲᠠ ᠵᠢᠨ ᠲᠢᠩᠬᠢᠮ᠎ᠤᠨ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ᠂ ᠨᠢᠭᠡᠳᠦᠭᠡᠷ ᠳᠡᠰ᠎ᠤᠨ ᠪᠠᠢ᠌ᠴᠠᠭ᠋ᠠᠨ ᠰᠤᠳᠤᠯᠤᠭᠴᠢ᠃
2022.12 ᠳ᠋ᠤᠭ᠋ᠠᠷ ᠰᠠᠷ᠎ᠠ᠎ᠠᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠰᠣᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠤᠨ ᠳᠠᠷᠤᠭ᠎ᠠ ᠵᠢᠨ ᠲᠤᠰᠢᠶᠠᠯ᠎ᠢ ᠡᠭᠦᠷᠭᠡᠯᠡᠵᠡᠢ᠃