ᠲᠤᠰᠢᠶᠠᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ᠎ᠶᠢᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ ᠂ ᠲᠢᠩᠬᠢᠮ᠎ᠦᠨ ᠳᠡᠳ᠋ ᠳᠠᠷᠤᠭ᠎ᠠ᠃
ᠠᠵᠢᠯ᠎ᠤᠨ ᠬᠤᠪᠢᠶᠠᠷᠢᠯᠠᠯ᠄
ᠱᠧᠩ ᠰᠢᠶᠣᠣ ᠶᠧᠦ ᠨᠥᠬᠥᠷ᠎ᠢ ᠬᠠᠪᠰᠤᠷᠤᠨ ᠤᠰᠤᠨ ᠠᠰᠢᠭᠯᠠᠯᠲᠠ᠎ᠶᠢᠨ ᠢᠨᠵᠧᠨᠧᠷᠢᠩ᠎ᠦᠨ ᠪᠦᠳᠦᠭᠡᠨ ᠪᠠᠶ᠋ᠢᠭᠤᠯᠤᠯᠲᠠ᠂ ᠬᠥᠷᠥᠰᠥ ᠰᠢᠷᠣᠶ᠎ᠶᠢ ᠬᠠᠮᠠᠭᠠᠯᠠᠬᠤ᠂ ᠭᠣᠣᠯ ᠮᠥᠷᠡᠨ ᠨᠠᠭᠤᠷ ᠴᠥᠭᠥᠷᠥᠮ᠎ᠢ ᠬᠠᠮᠢᠶᠠᠷᠬᠤ᠂ ᠤᠰᠤ ᠭᠠᠩ᠎ᠤᠨ ᠭᠠᠮᠰᠢᠭ᠋᠎ᠢ ᠰᠡᠷᠭᠡᠶ᠋ᠢᠯᠡᠬᠦ᠂ ᠤᠰᠤᠨ ᠠᠰᠢᠭᠯᠠᠯᠲᠠ᠎ᠶᠢᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠲᠠᠯ᠎ᠠ᠎ᠶᠢᠨ ᠠᠵᠢᠯ᠎ᠢ ᠬᠠᠷᠢᠭᠤᠴᠠᠨ᠎ᠠ᠃
ᠤᠰᠤᠨ ᠠᠰᠢᠭᠯᠠᠯᠲᠠ᠎ᠶᠢᠨ ᠢᠨᠵᠧᠨᠧᠷᠢᠩ᠎ᠦᠨ ᠪᠥᠳᠥᠭᠡᠨ ᠪᠠᠶ᠋ᠢᠭᠤᠯᠤᠯᠲᠠ᠎ᠶᠢᠨ ᠭᠠᠵᠠᠷ᠂ ᠬᠥᠷᠥᠰᠥ ᠰᠢᠷᠣᠶ᠎ᠶᠢ ᠬᠠᠮᠠᠭᠠᠯᠠᠬᠤ ᠭᠠᠵᠠᠷ᠂ ᠭᠣᠣᠯ ᠮᠥᠷᠡᠨ ᠨᠠᠭᠤᠷ ᠴᠥᠭᠥᠷᠥᠮ᠎ᠦᠨ ᠬᠠᠮᠢᠶᠠᠷᠤᠯᠲᠠ᠎ᠶᠢᠨ ᠭᠠᠵᠠᠷ᠂ ᠤᠰᠤ ᠭᠠᠩ᠎ᠤᠨ ᠭᠠᠮᠰᠢᠭ᠋᠎ᠢ ᠰᠡᠷᠭᠡᠶ᠋ᠢᠯᠡᠬᠦ ᠭᠠᠵᠠᠷ᠂ ᠤᠰᠤᠨ ᠠᠰᠢᠭᠯᠠᠯᠲᠠ᠎ᠶᠢᠨ ᠪᠠᠷᠢᠯᠭ᠎ᠠ᠎ᠶᠢᠨ ᠪᠥᠳᠥᠭᠡᠨ ᠪᠠᠶ᠋ᠢᠭᠤᠯᠤᠯᠲᠠ᠎ᠶᠢᠨ ᠶᠠᠰᠤ ᠴᠢᠨᠠᠷ ᠬᠢᠭᠡᠳ ᠠᠶᠤᠯᠭᠦᠶ᠎ᠶᠢᠨ ᠬᠢᠨᠠᠯᠲᠠ ᠲᠠᠯᠪᠢᠬᠤ ᠲᠥᠪ᠂ ᠤᠰᠤᠨ ᠠᠰᠢᠭᠯᠠᠯᠲᠠ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ᠂ ᠤᠰᠤ ᠭᠠᠩ᠎ᠤᠨ ᠭᠠᠮᠰᠢᠭ᠋᠎ᠢ ᠰᠡᠷᠭᠡᠶ᠋ᠢᠯᠡᠬᠦ ᠮᠡᠷᠭᠡᠵᠢᠯ᠎ᠦᠨ ᠲᠥᠪ᠎ᠢ ᠬᠤᠪᠢᠳᠠᠨ ᠬᠠᠮᠢᠶᠠᠷᠤᠨ᠎ᠠ᠃
ᠬᠠᠲᠤᠨ ᠭᠣᠣᠯ᠎ᠤᠨ ᠢᠨᠵᠧᠨᠧᠷᠢᠩ᠎ᠦᠨ ᠲᠣᠪᠴᠢᠶ᠎ᠠ᠎ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠬᠠᠷᠢᠯᠴᠠᠨ᠎ᠠ᠃
ᠲᠣᠪᠴᠢ ᠨᠠᠮᠲᠠᠷ᠄
ᠡᠷᠡᠭᠲᠡᠢ᠂ ᠮᠣᠩᠭᠣᠯ ᠦᠨᠳᠦᠰᠦᠲᠡᠨ᠂ 1976 ᠣᠨ᠎ᠤ 1 ᠰᠠᠷ᠎ᠠ᠎ᠳᠤ ᠲᠦᠷᠦᠵᠠᠢ᠂ ᠥᠪᠥᠷ ᠮᠣᠩᠭᠣᠯ᠎ᠤᠨ ᠲᠦᠮᠡᠳ ᠵᠡᠭᠦᠨ ᠬᠣᠰᠢᠭᠤᠨ᠎ᠤ ᠬᠥᠮᠦᠨ᠂ 1999 ᠣᠨ᠎ᠤ 7 ᠰᠠᠷ᠎ᠠ᠎ᠳᠤ ᠠᠵᠢᠯ᠎ᠳᠤ ᠣᠷᠣᠯᠴᠠᠵᠤ᠂ 2002 ᠣᠨ᠎ᠤ 5 ᠰᠠᠷ᠎ᠠ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠣᠷᠣᠵᠠᠢ᠂ ᠶᠡᠬᠡ ᠰᠤᠷᠭᠠᠭᠤᠯᠢ᠎ᠶᠢᠨ ᠵᠢᠩᠬᠢᠨᠢ ᠠᠩᠬᠢ᠎ᠶᠢᠨ ᠰᠤᠷᠤᠯᠭ᠎ᠠ᠎ᠶᠢᠨ ᠨᠠᠮᠲᠠᠷ᠎ᠲᠠᠢ᠃
1995 ᠣᠨ᠎ᠤ 9 ᠰᠠᠷ᠎ᠠ᠎ᠠᠴᠠ 1999 ᠣᠨ᠎ᠤ 7 ᠰᠠᠷ᠎ᠠ ᠪᠣᠯᠲᠠᠯ᠎ᠠ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠤᠰᠤᠨ ᠠᠰᠢᠭᠯᠠᠯᠲᠠ᠎ᠶᠢᠨ ᠢᠨᠵᠧᠨᠧᠷᠢᠩ᠎ᠦᠨ ᠰᠠᠯᠪᠤᠷᠢ᠎ᠶᠢᠨ ᠤᠰᠤᠨ ᠠᠰᠢᠭᠯᠠᠯᠲᠠ᠎ᠶᠢᠨ ᠢᠨᠵᠧᠨᠧᠷᠢᠩ᠎ᠦᠨ ᠲᠤᠰᠬᠠᠢ ᠮᠡᠷᠭᠡᠵᠢᠯ᠎ᠢ ᠰᠣᠷᠣᠯᠴᠠᠪᠠ᠃ 1999 ᠣᠨ᠎ᠤ 7 ᠰᠠᠷ᠎ᠠ᠎ᠠᠴᠠ 2000 ᠣᠨ᠎ᠤ 7 ᠰᠠᠷ᠎ᠠ ᠪᠣᠯᠲᠠᠯ᠎ᠠ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠤᠰᠤᠨ ᠴᠠᠬᠢᠯᠭᠠᠨ᠎ᠤ ᠬᠠᠶ᠋ᠢᠨ ᠬᠡᠮᠵᠢᠯᠲᠡ ᠵᠢᠷᠤᠭ ᠲᠥᠯᠥᠪᠯᠡᠭᠡᠨ᠎ᠦ ᠬᠦᠷᠢᠶᠡᠯᠡᠩ᠎ᠦᠨ ᠲᠤᠷᠰᠢᠨ ᠬᠡᠷᠡᠭᠯᠡᠬᠦ ᠬᠤᠭᠤᠴᠠᠭᠠᠨ᠎ᠤ ᠠᠵᠢᠯᠲᠠᠨ ᠪᠠᠢᠵᠤ᠂ 2000 ᠣᠨ᠎ᠤ 7 ᠰᠠᠷ᠎ᠠ ᠠᠴᠠ 2004 ᠣᠨ᠎ᠤ 10 ᠰᠠᠷ᠎ᠠ ᠪᠣᠯᠲᠠᠯ᠎ᠠ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠤᠰᠤᠨ ᠴᠠᠬᠢᠯᠭᠠᠨ᠎ᠤ ᠬᠠᠶ᠋ᠢᠨ ᠬᠡᠮᠵᠢᠯᠲᠡ ᠵᠢᠷᠤᠭ ᠲᠥᠯᠥᠪᠯᠡᠭᠡᠨ᠎ᠦ ᠬᠦᠷᠢᠶᠡᠯᠡᠩ᠎ᠦᠨ ᠵᠢᠷᠤᠭ ᠲᠥᠯᠥᠪᠯᠡᠭᠡᠨ᠎ᠦ ᠭᠠᠵᠠᠷ᠎ᠤᠨ ᠲᠤᠰᠠᠯᠠᠬᠤ ᠢᠨᠵᠧᠨᠧᠷ᠂ 2004 ᠣᠨ᠎ᠤ 10 ᠳ᠋ᠤᠭᠠᠷ ᠰᠠᠷ᠎ᠠ ᠠᠴᠠ 2014 ᠣᠨ᠎ᠤ 12 ᠳ᠋ᠤᠭᠠᠷ ᠰᠠᠷ᠎ᠠ ᠪᠣᠯᠲᠠᠯ᠎ᠠ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠤᠰᠤᠨ ᠴᠠᠬᠢᠯᠭᠠᠨ᠎ᠤ ᠬᠠᠶ᠋ᠢᠨ ᠬᠡᠮᠵᠢᠬᠦ ᠵᠢᠷᠤᠭ ᠲᠥᠯᠥᠪᠯᠡᠭᠡᠨ᠎ᠦ ᠬᠦᠷᠢᠶᠡᠯᠡᠩ᠎ᠦᠨ ᠵᠢᠷᠤᠭ ᠲᠥᠯᠥᠪᠯᠡᠭᠡᠨ᠎ᠦ ᠭᠠᠵᠠᠷ᠎ᠤᠨ ᠢᠨᠵᠧᠨᠧᠷ᠂ 2014 ᠣᠨ᠎ᠤ 12 ᠰᠠᠷ᠎ᠠ ᠠᠴᠠ 2016 ᠣᠨ᠎ᠤ 9 ᠰᠠᠷ᠎ᠠ ᠪᠣᠯᠲᠠᠯ᠎ᠠ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ᠎ᠶᠢᠨ ᠵᠢᠷᠤᠭ ᠲᠥᠯᠥᠪᠯᠡᠭᠡᠨ᠎ᠦ ᠬᠦᠷᠢᠶᠡᠯᠡᠩ᠎ᠦᠨ ᠵᠢᠷᠤᠭ ᠲᠥᠯᠥᠪᠯᠡᠭᠡᠨ᠎ᠦ ᠭᠠᠵᠠᠷ᠎ᠤᠨ ᠠᠬᠠᠯᠠᠬᠤ ᠢᠨᠵᠧᠨᠧᠷ᠂ 2016 ᠣᠨ᠎ᠤ 9 ᠰᠠᠷ᠎ᠠ ᠠᠴᠠ 2019 ᠣᠨ᠎ᠤ 8 ᠰᠠᠷ᠎ᠠ ᠪᠣᠯᠲᠠᠯ᠎ᠠ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ᠎ᠶᠢᠨ ᠲᠥᠯᠥᠪᠵᠢᠭᠦᠯᠭᠡ ᠵᠢᠷᠤᠭ ᠲᠥᠯᠥᠪᠯᠡᠭᠡ᠎ᠶᠢᠨ ᠰᠤᠳᠤᠯᠭᠠᠨ᠎ᠤ ᠬᠦᠷᠢᠶᠡᠯᠡᠩ᠎ᠦᠨ ᠠᠯᠪᠠᠨ ᠭᠡᠷ᠎ᠦᠨ ᠳᠡᠳ᠋ ᠡᠷᠬᠢᠯᠡᠭᠴᠢ᠂ 2019 ᠣᠨ᠎ᠤ 8 ᠰᠠᠷ᠎ᠠ ᠠᠴᠠ 2019 ᠣᠨ᠎ᠤ 9 ᠰᠠᠷ᠎ᠠ ᠪᠣᠯᠲᠠᠯ᠎ᠠ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ᠎ᠶᠢᠨ ᠲᠢᠩᠬᠢᠮ᠎ᠦᠨ ᠳᠡᠳ᠋ ᠭᠠᠵᠠᠷ᠎ᠤᠨ ᠲᠠᠰ᠎ᠤᠨ ᠺᠠᠳ᠋ᠷ᠂ 2019 ᠣᠨ᠎ᠤ 9 ᠰᠠᠷ᠎ᠠ ᠠᠴᠠ 2019 ᠣᠨ᠎ᠤ 12 ᠰᠠᠷ᠎ᠠ ᠪᠣᠯᠲᠠᠯ᠎ᠠ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ᠎ᠶᠢᠨ ᠲᠢᠩᠬᠢᠮ᠎ᠦᠨ ᠭᠣᠥᠯ ᠮᠥᠷᠡᠨ ᠨᠠᠭᠤᠷ ᠴᠥᠭᠥᠷᠥᠮ᠎ᠦᠨ ᠬᠠᠮᠢᠶᠠᠷᠤᠯᠲᠠ᠎ᠶᠢᠨ ᠭᠠᠵᠠᠷ᠎ᠤᠨ ᠳᠡᠳ᠋ ᠳᠠᠷᠤᠭ᠎ᠠ᠂ 2019 ᠣᠨ᠎ᠤ 12 ᠰᠠᠷ᠎ᠠ ᠠᠴᠠ 2023 ᠣᠨ᠎ᠤ 3 ᠰᠠᠷ᠎ᠠ ᠪᠣᠯᠲᠠᠯ᠎ᠠ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ᠎ᠶᠢᠨ ᠲᠢᠩᠬᠢᠮ᠎ᠦᠨ ᠭᠣᠥᠯ ᠨᠠᠭᠤᠷ ᠬᠠᠮᠢᠶᠠᠷᠤᠯᠲᠠ᠎ᠶᠢᠨ ᠭᠠᠵᠠᠷ᠎ᠤᠨ ᠳᠠᠷᠤᠭ᠎ᠠ᠂ 2023 ᠣᠨ᠎ᠤ 3 ᠰᠠᠷ᠎ᠠ ᠠᠴᠠ 2024 ᠣᠨ᠎ᠤ 4 ᠰᠠᠷ᠎ᠠ ᠪᠣᠯᠲᠠᠯ᠎ᠠ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ᠎ᠶᠢᠨ ᠲᠢᠩᠬᠢᠮ᠎ᠦᠨ ᠭᠣᠥᠯ ᠮᠥᠷᠡᠨ ᠨᠠᠭᠤᠷ ᠴᠥᠭᠥᠷᠥᠮ᠎ᠦᠨ ᠬᠠᠮᠢᠶᠠᠷᠤᠯᠲᠠ᠎ᠶᠢᠨ ᠭᠠᠵᠠᠷ᠎ᠤᠨ ᠳᠠᠷᠤᠭ᠎ᠠ ᠂ ᠨᠢᠭᠡᠳᠦᠭᠡᠷ ᠳᠡᠰ᠎ᠤᠨ ᠪᠠᠶ᠋ᠢᠴᠠᠭᠠᠨ ᠰᠤᠳᠤᠯᠤᠭᠴᠢ ᠪᠠᠶ᠋ᠢᠪᠠ ᠃ 2024 ᠣᠨ᠎ᠤ 4 ᠰᠠᠷ᠎ᠠ ᠠᠴᠠ 2025 ᠣᠨ᠎ᠤ 6 ᠰᠠᠷ᠎ᠠ ᠪᠣᠯᠲᠠᠯ᠎ᠠ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ᠎ᠶᠢᠨ ᠲᠢᠩᠬᠢᠮ᠎ᠦᠨ ᠤᠰᠤᠨ ᠠᠰᠢᠭᠯᠠᠯᠲᠠ᠎ᠶᠢᠨ ᠢᠨᠵᠧᠨᠧᠷᠢᠩ᠎ᠦᠨ ᠪᠥᠲᠥᠭᠡᠨ ᠪᠠᠶ᠋ᠢᠭᠤᠯᠤᠯᠲᠠ᠎ᠶᠢᠨ ᠭᠠᠵᠠᠷ᠎ᠤᠨ ᠳᠠᠷᠤᠭ᠎ᠠ ᠂ ᠨᠢᠭᠡᠳᠦᠭᠡᠷ ᠳᠡᠰ᠎ᠤᠨ ᠪᠠᠶ᠋ᠢᠴᠠᠭᠠᠨ ᠰᠤᠳᠤᠯᠤᠭᠴᠢ᠂ 2025 ᠣᠨ᠎ᠤ 6 ᠰᠠᠷ᠎ᠠ ᠠᠴᠠ 2025 ᠣᠨ᠎ᠤ 7 ᠰᠠᠷ᠎ᠠ ᠪᠣᠯᠲᠠᠯ᠎ᠠ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ᠎ᠶᠢᠨ ᠲᠢᠩᠬᠢᠮ᠎ᠦᠨ ᠶᠡᠷᠦᠩᠬᠡᠶ ᠠᠵᠤ ᠠᠬᠤᠶ᠋ᠢᠴᠢ ᠂ ᠤᠰᠤᠨ ᠠᠰᠢᠭᠯᠠᠯᠲᠠ᠎ᠶᠢᠨ ᠢᠨᠵᠧᠨᠧᠷᠢᠩ᠎ᠦᠨ ᠪᠥᠲᠥᠭᠡᠨ ᠪᠠᠶ᠋ᠢᠭᠤᠯᠤᠯᠲᠠ᠎ᠶᠢᠨ ᠭᠠᠵᠠᠷ᠎ᠤᠨ ᠳᠠᠷᠤᠭ᠎ᠠ ᠂ ᠨᠢᠭᠡᠳᠦᠭᠡᠷ ᠳᠡᠰ᠎ᠤᠨ ᠪᠠᠶ᠋ᠢᠴᠠᠭᠠᠨ ᠰᠤᠳᠤᠯᠤᠭᠴᠢ ᠪᠠᠶ᠋ᠢᠪᠠ ᠃ 2025 ᠣᠨ᠎ᠤ 7 ᠰᠠᠷ᠎ᠠ ᠠᠴᠠ 2025 ᠣᠨ᠎ᠤ 8 ᠰᠠᠷ᠎ᠠ ᠪᠣᠯᠲᠠᠯ᠎ᠠ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ᠎ᠶᠢᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠭᠡᠰᠢᠭᠦᠨ᠂ 2025 ᠣᠨ᠎ᠤ 8 ᠰᠠᠷ᠎ᠠ᠎ᠳᠤ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ᠎ᠶᠢᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ ᠂ ᠳᠡᠳ᠋ ᠲᠢᠩᠬᠢᠮ᠎ᠦᠨ ᠳᠠᠷᠤᠭ᠎ᠠ᠃