ᠰᠢᠯᠢ ᠶᠢᠨ ᠭᠤᠣᠯ᠄ ᠥᠪᠡᠷᠲᠡᠭᠡᠨ ᠵᠠᠰᠠᠬᠤ ᠣᠷᠣᠨ ᠤ ᠭᠤᠣᠯ ᠨᠠᠭᠤᠷ ᠢ ᠵᠠᠰᠠᠬᠤ ︽ᠨᠠᠮᠤᠷ ᠤᠨ ᠤᠯᠠᠷᠢᠯ︾ ᠤᠨ ᠠᠵᠢᠯᠯᠠᠭ᠎ᠠ ᠶᠢ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠠᠶᠢᠮᠠᠭ ᠲᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020/12/23
     11 ᠰᠠᠷ᠎ᠠ ᠶᠢᠨ 14 ᠤ ᠡᠳᠦᠷ ᠠᠴᠠ 16 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ᠂ ᠵᠠᠮ ᠬᠠᠷᠢᠯᠴᠠᠭᠠᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ ᠢᠶᠠᠷ ᠪᠦᠷᠢᠯᠳᠦᠭᠰᠡᠨ 2020 ᠣᠨ ᠤ ᠭᠤᠣᠯ ᠨᠠᠭᠤᠷ ᠢ ᠵᠠᠰᠠᠬᠤ ︽ᠨᠠᠮᠤᠷ ᠤᠨ ᠤᠯᠠᠷᠢᠯ︾ ᠤᠨ ᠠᠵᠢᠯᠯᠠᠭ᠎ᠠ ᠶᠢ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠠᠶᠢᠮᠠᠭ ᠤᠨ ᠭᠤᠣᠯ ᠨᠠᠭᠤᠷ ᠢ ᠵᠠᠰᠠᠬᠤ ︽ᠨᠠᠮᠤᠷ ᠤᠨ ᠤᠯᠠᠷᠢᠯ︾ ᠤᠨ ᠠᠵᠢᠯᠯᠠᠭ᠎ᠠ ᠳᠤ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠰᠢᠯᠢ ᠶᠢᠨ ᠬᠤᠲᠠ᠂ ᠲᠤᠯᠤᠨ ᠨᠠᠭᠤᠷ ᠰᠢᠶᠠᠨ ᠪᠣᠯᠤᠨ ᠰᠢᠯᠤᠭᠤᠨ ᠬᠥᠬᠡ ᠬᠤᠰᠢᠭᠤᠨ ᠳᠤ ᠭᠦᠨᠵᠡᠭᠡᠶᠢᠷᠡᠨ ᠡᠨᠡ ᠵᠢᠯ ᠤᠨ ᠤᠰᠤᠨ ᠠᠰᠢᠭᠯᠠᠯᠲᠠ ᠶᠢᠨ ᠶᠠᠮᠤᠨ ᠤ ᠣᠷᠣᠵᠤ ᠰᠠᠭᠤᠭᠰᠠᠨ ᠬᠡᠯᠪᠡᠷᠢ ᠶᠢᠨ ᠳᠠᠯᠳᠠ ᠰᠤᠷᠪᠤᠯᠵᠢᠯᠠᠭ᠎ᠠ ᠪᠠᠷ ᠣᠯᠵᠤ ᠮᠡᠳᠡᠭᠰᠡᠨ ᠠᠰᠠᠭᠤᠳᠠᠯ ᠢ ᠴᠡᠭᠴᠡᠯᠡᠨ ᠵᠠᠰᠠᠭᠰᠠᠨ ᠪᠠᠶᠢᠳᠠᠯ ᠪᠣᠯᠤᠨ ᠯᠤᠸᠠᠨ ᠾᠧ    ︵ᠲᠤᠯᠤᠨ ᠰᠢᠶᠠᠨ ᠤ ᠯᠤᠸᠠᠨ ᠶᠤᠸᠠᠨ ᠪᠠᠯᠭᠠᠰᠤᠨ ᠤ ᠬᠡᠰᠡᠭ︶᠂ ᠱᠠᠨ ᠳ᠋ᠢᠶᠠᠨ ᠭᠤᠣᠯ ︵ᠰᠢᠯᠤᠭᠤᠨ ᠬᠥᠬᠡ ᠬᠤᠰᠢᠭᠤᠨ ᠤ ᠦ᠋ ᠢ ᠮᠠᠯᠵᠢᠯ ᠤᠨ ᠲᠠᠯᠠᠪᠠᠢ ᠶᠢᠨ ᠬᠡᠰᠡᠭ︶᠂ ᠰᠢᠯᠢ ᠶᠢᠨ ᠭᠤᠣᠯ ︵ᠰᠢᠯᠢᠩᠬᠤᠳᠠ ᠶᠢᠨ ᠰᠢᠯᠢ ᠶᠢᠨ ᠭᠤᠤᠯ ᠤᠰᠤᠨ ᠴᠥᠭᠦᠷᠥᠮ ᠤᠨ ᠬᠡᠰᠡᠭ︶ ᠤᠨ ᠭᠤᠣᠯ ᠤᠨ ᠬᠠᠮᠢᠶᠠᠷᠤᠯᠲᠠ ᠬᠠᠮᠠᠭᠠᠯᠠᠯᠳᠠ ᠶᠢᠨ ᠪᠠᠶᠢᠳᠠᠯ ᠢ ᠲᠤᠬᠠᠢ ᠶᠢᠨ ᠲᠠᠯᠠᠪᠠᠢ ᠳᠤ ᠣᠴᠢᠵᠤ ᠪᠠᠶᠢᠴᠠᠭᠠᠨ ᠦᠵᠡᠵᠦ᠂ ᠦᠨᠳᠦᠰᠦᠨ ᠱᠠᠳᠤᠨ ᠤ ᠭᠤᠤᠯ ᠨᠠᠭᠤᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠤᠨ ᠲᠤᠷᠰᠢᠯᠭ᠎ᠠ ᠶᠢ ᠰᠣᠨᠣᠰᠴᠠᠢ᠃
ᠵᠢᠷᠤᠭ᠄ ᠪᠠᠶᠢᠴᠠᠭᠠᠨ ᠰᠤᠳᠤᠯᠬᠤ ᠳᠤᠭᠤᠶᠢᠯᠠᠩ ᠰᠢᠯᠢ ᠶᠢᠨ ᠭᠤᠣᠯ ︵ᠰᠢᠯᠢᠩᠬᠤᠳᠠ ᠶᠢᠨ ᠰᠢᠯᠢ ᠶᠢᠨ ᠭᠤᠤᠯ ᠤᠰᠤᠨ ᠴᠥᠭᠦᠷᠥᠮ ᠤᠨ ᠬᠡᠰᠡᠭ︶ ᠤᠨ ᠭᠤᠣᠯ ᠤᠨ ᠬᠠᠮᠢᠶᠠᠷᠤᠯᠲᠠ ᠬᠠᠮᠠᠭᠠᠯᠠᠯᠳᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ
ᠵᠢᠷᠤᠭ᠄ ᠪᠠᠶᠢᠴᠠᠭᠠᠨ ᠰᠤᠳᠤᠯᠬᠤ ᠳᠤᠭᠤᠶᠢᠯᠠᠩ ᠱᠠᠨ ᠳ᠋ᠢᠶᠠᠨ ᠭᠤᠣᠯ ︵ᠰᠢᠯᠤᠭᠤᠨ ᠬᠥᠬᠡ ᠬᠤᠰᠢᠭᠤᠨ ᠤ ᠦ᠋ ᠢ ᠮᠠᠯᠵᠢᠯ ᠤᠨ ᠲᠠᠯᠠᠪᠠᠢ ᠶᠢᠨ ᠬᠡᠰᠡᠭ︶ ᠤᠨ ᠬᠠᠮᠢᠶᠠᠷᠤᠯᠲᠠ ᠬᠠᠮᠠᠭᠠᠯᠠᠯᠳᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ
ᠵᠢᠷᠤᠭ᠄ ᠪᠠᠶᠢᠴᠠᠭᠠᠨ ᠰᠤᠳᠤᠯᠬᠤ ᠳᠤᠭᠤᠶᠢᠯᠠᠩ ᠤᠰᠤᠨ ᠠᠰᠢᠭᠯᠠᠯᠲᠠ ᠶᠢᠨ ᠶᠠᠮᠤᠨ ᠤ ᠣᠷᠣᠵᠤ ᠰᠠᠭᠤᠭᠰᠠᠨ ᠬᠡᠯᠪᠡᠷᠢ ᠶᠢᠨ ᠳᠠᠯᠳᠠᠭᠤᠷ ᠰᠤᠷᠪᠤᠯᠵᠢᠯᠠᠬᠤ ᠲᠤᠭᠤᠶᠢᠯᠠᠩ ᠤᠨ ᠢᠯᠡᠷᠡᠬᠦᠯᠦᠭᠰᠡᠨ ᠠᠰᠠᠭᠤᠳᠠᠯ ᠢ ᠴᠡᠭᠴᠡᠯᠡᠨ ᠵᠠᠰᠠᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠠᠶᠢᠮᠠᠭ ᠤᠨ ᠳᠠᠯᠠᠢ ᠶᠢᠨ ᠵᠦᠪᠯᠡᠯ᠂ ᠤᠰᠤᠨ ᠠᠰᠢᠭᠯᠠᠯᠲᠠ ᠶᠢᠨ ᠶᠠᠮᠤᠨ ᠤ ᠳᠠᠯᠳᠠᠭᠤᠷ ᠰᠤᠷᠪᠤᠯᠵᠢᠯᠠᠵᠤ ᠢᠯᠡᠷᠡᠬᠦᠯᠦᠭᠰᠡᠨ ᠠᠰᠠᠭᠤᠳᠠᠯ ᠢ ᠴᠡᠭᠴᠡᠯᠡᠨ ᠵᠠᠰᠠᠬᠤ ᠶᠢ ᠤᠷᠢᠳᠴᠢᠯᠠᠨ ᠪᠡᠶᠡᠯᠡᠭᠦᠯᠦᠭᠰᠡᠨ ᠠᠵᠢᠯ ᠳᠤ ᠭᠦᠢᠴᠡᠳ ᠨᠤᠲᠠᠯᠠᠯᠲᠠ ᠦᠭᠭᠦᠭᠰᠡᠨ ᠪᠥᠭᠡᠳ ᠭᠤᠣᠯ ᠨᠠᠭᠤᠷ ᠤᠨ ︽ᠳᠥᠷᠪᠡᠨ ᠵᠠᠮᠪᠠᠷᠠᠭ᠎ᠠ ᠦᠭᠡᠢ ᠪᠠᠶᠢᠳᠠᠯ ᠢ ᠴᠡᠪᠡᠷᠯᠡᠬᠦ︾  ᠴᠡᠭᠴᠡᠯᠡᠨ ᠵᠠᠰᠠᠬᠤ ᠶᠢ ᠪᠠᠶᠢᠩᠭᠤᠵᠢᠭᠤᠯᠬᠤ ᠪᠠ ᠵᠢᠷᠤᠮᠵᠢᠭᠤᠯᠬᠤ ᠠᠵᠢᠯ ᠢ ᠥᠷᠨᠢᠭᠦᠯᠬᠦ ᠶᠢᠨ ᠬᠠᠮᠲᠤ ᠭᠤᠣᠯ ᠨᠠᠭᠤᠷ ᠤᠨ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠪᠣᠯᠤᠨ ᠡᠷᠡᠭᠦᠦ ᠶᠢᠨ ᠬᠡᠷᠡᠭ ᠤᠨ ᠬᠠᠤᠯᠢ ᠴᠠᠭᠠᠵᠠ᠂ ᠨᠡᠶᠢᠲᠡ ᠶᠢᠨ ᠠᠰᠠᠷᠠᠮᠵᠢ ᠶᠢᠨ ᠵᠠᠷᠭᠤ ᠵᠡᠷᠭᠡ ᠶᠢ ᠪᠦᠲᠦᠮᠵᠢᠲᠡᠢ ᠵᠣᠯᠭᠠᠭᠤᠯᠬᠤ ᠶᠢ ᠤᠯᠠᠮ ᠨᠢᠭᠡ ᠠᠯᠬᠤᠮ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠭᠤᠣᠯ ᠨᠠᠭᠤᠷ ᠢ ᠵᠠᠰᠠᠬᠤ 《ᠨᠠᠮᠤᠷ ᠤᠨ ᠤᠯᠠᠷᠢᠯ》 ᠤᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠨ᠂ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠯᠪᠠᠨ ᠭᠡᠷ᠂ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠪᠣᠯᠤᠨ ᠪᠠᠶᠢᠴᠠᠭᠠᠬᠤ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠲᠤᠷᠠᠨ ᠬᠠᠮᠵᠢᠯᠴᠠᠬᠤ ᠪᠠ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠠᠵᠢᠯ ᠤᠨ ᠪᠠᠶᠢᠳᠠᠯ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠭᠡᠪᠡ᠃      ᠠᠶᠢᠮᠠᠭ ᠤᠨ ᠭᠤᠣᠯ ᠤᠨ ᠳᠠᠷᠤᠭ᠎ᠠ ᠶᠢᠨ ᠳᠦᠷᠢᠮ ᠤᠨ ᠠᠯᠪᠠᠨ ᠭᠡᠷ᠂ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ᠂ ᠠᠶᠢᠮᠠᠭ ᠤᠨ ᠵᠠᠮ ᠬᠠᠷᠢᠯᠴᠠᠭᠠᠨ ᠤ ᠲᠣᠪᠴᠢᠶ᠎ᠠ᠂ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠦᠮᠦᠰ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号