ᠤᠰᠤᠨ ᠠᠰᠢᠭᠯᠠᠯᠲᠠ ᠶᠢᠨ ᠲᠢᠩᠬᠢᠮ 《 ᠭᠠᠯ ᠰᠡᠷᠭᠡᠶᠢᠯᠡᠬᠦ ᠶᠢ ᠠᠩᠬᠠᠷᠴᠤ᠂ ᠠᠮᠢ ᠨᠠᠰᠤ ᠶᠢ  ᠡᠷᠬᠢᠮᠯᠡᠬᠦ 》 2020 ᠣᠨ ᠤ ᠨᠠᠮᠤᠷ ᠡᠪᠦᠯ ᠤᠨ ᠤᠯᠠᠷᠢᠯ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠵᠢᠴᠢ ᠰᠤᠷᠢᠯᠳᠠ ᠶᠢ ᠵᠣᠬᠢᠶᠠᠨ ᠪᠠᠶᠢᠭᠤᠯᠵᠤ ᠦᠷᠨᠢᠬᠦᠯᠪᠡ
ᠨᠡᠶᠢᠲᠡᠯᠡᠭᠰᠡᠨ ᠴᠠᠭ᠄
2020/12/23
     11 ᠰᠠᠷ᠎ᠠ ᠶᠢᠨ 9 ᠤ ᠡᠳᠦᠷ᠂ ᠤᠰᠤᠨ ᠠᠰᠢᠭᠯᠠᠯᠲᠠ ᠶᠢᠨ ᠲᠢᠩᠬᠢᠮ ᠤᠨ ᠪᠠᠶᠢᠭᠤᠯᠭ᠎ᠠ ᠶᠢᠨ ᠠᠵᠢᠯ ᠶᠠᠪᠤᠳᠠᠯ ᠤᠨ ᠲᠥᠪ ᠨᠢ ᠲᠢᠩᠬᠢᠮ ᠤᠨ ᠪᠠᠶᠢᠭᠤᠯᠭ᠎ᠠ ᠵᠢᠴᠢ ᠤᠰᠤᠨ ᠠᠰᠢᠭᠯᠠᠯᠲᠠ ᠶᠢᠨ ᠲᠢᠩᠬᠢᠮ ᠤᠨ ᠠᠯᠪᠠᠯᠠᠬᠤ ᠠᠰᠠᠷ ᠲᠤ ᠰᠠᠭᠤᠭ᠎ᠠ ᠨᠢᠭᠡᠴᠢ ᠶᠢ ᠵᠣᠬᠢᠶᠠᠨ ᠪᠠᠶᠢᠭᠤᠯᠵᠤ ᠭᠠᠯ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠵᠢᠴᠢ ᠰᠣᠷᠢᠯᠲᠠ ᠬᠢᠵᠡᠢ᠃      ᠲᠠᠶᠢᠯᠤᠮᠵᠢ ᠡᠬᠢᠯᠡᠬᠦ ᠠᠴᠠ ᠡᠮᠦᠨ᠎ᠡ᠂ ᠤᠰᠤᠨ ᠠᠰᠢᠭᠯᠠᠯᠲᠠ ᠶᠢᠨ ᠲᠢᠩᠬᠢᠮ ᠤᠨ ᠠᠯᠪᠠᠨ ᠭᠡᠷ ᠤᠨ ᠬᠠᠷᠢᠭᠤᠴᠠᠯᠭᠠᠲᠠᠨ ᠸᠠᠩ ᠱᠦᠨ ᠶᠡᠷᠦᠩᠬᠡᠢ ᠠᠯᠪᠠᠨ ᠠᠰᠠᠷ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠠᠵᠢᠯ ᠳᠤ ᠭᠤᠷᠪᠠᠨ ᠱᠠᠭᠠᠷᠳᠠᠯᠭ᠎ᠠ ᠳᠤᠷᠠᠳᠴᠠᠢ᠃ ᠨᠢᠭᠡ ᠳᠤ ᠰᠡᠷᠡᠮᠵᠢ ᠪᠠᠨ ᠲᠡᠭᠡᠭᠰᠢᠯᠡᠬᠦᠯᠵᠦ᠂ ᠪᠠᠶᠢᠳᠠᠯ ᠢ ᠲᠤᠳᠤᠷᠬᠠᠢ ᠤᠶᠢᠯᠠᠭᠠᠵᠤ᠂ ᠬᠠᠷᠢᠭᠤᠴᠠᠯᠭᠠᠳᠤ ᠤᠪᠤᠷ ᠪᠠ ᠲᠤᠯᠭᠠᠮ᠎ᠠ ᠤᠬᠠᠮᠰᠠᠷ ᠪᠠᠨ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠲᠡᠢ᠃ ᠬᠤᠶᠠᠷ ᠲᠤ ᠨᠠᠷᠢᠯᠢᠭ ᠪᠠᠶᠢᠷᠢᠰᠢᠭᠤᠯᠵᠤ᠂ ᠤᠨᠤᠪᠴᠢᠳᠠᠢ ᠠᠷᠭ᠎ᠠ ᠬᠡᠮᠵᠢᠶ᠎ᠡ ᠠᠪᠴᠤ᠂ ᠠᠮᠤᠷ ᠲᠦᠪᠰᠢᠨ  ᠤ ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠬᠡᠷᠡᠭᠲᠡᠢ᠃ ᠭᠤᠷᠪᠠ ᠳᠤ ᠬᠠᠷᠢᠭᠤᠴᠠᠯᠭ᠎ᠠ ᠶᠢ ᠪᠤᠳᠠᠳᠠᠶᠢᠵᠢᠭᠤᠯᠵᠤ᠂ ᠭᠠᠯ ᠰᠡᠷᠭᠡᠶᠢᠯᠡᠬᠦ ᠠᠮᠤᠷ ᠲᠦᠪᠰᠢᠨ ᠤ ᠬᠠᠷᠠᠯᠲᠠ ᠶᠢᠨ ᠪᠡᠶᠡᠯᠡᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠥᠪᠥᠷ ᠮᠣᠩᠭᠤᠯ ᠤᠨ ᠠᠨ ᠵᠢᠦᠢ ᠭᠠᠯ ᠰᠡᠷᠭᠡᠶᠢᠯᠡᠬᠦ ᠺᠤᠮᠫᠠᠨᠢ ᠶᠢᠨ ᠰᠤᠷᠭᠠᠭᠴᠢ ᠰᠢᠩ ᠽᠧ ᠭᠤᠸᠠᠩ ᠭᠠᠯ ᠤᠨ ᠭᠠᠮᠰᠢᠭ ᠤᠨ ᠲᠥᠷᠥᠯ  ᠵᠤᠶᠢᠯ᠂ ᠡᠬᠦᠰᠬᠦ ᠰᠢᠯᠲᠠᠭᠠᠨ ᠵᠢᠴᠢ ᠬᠤᠣᠷ ᠬᠥᠨᠥᠭᠡᠯᠲᠦ ᠴᠢᠨᠠᠷ ᠤᠨ ᠲᠣᠭᠤᠷᠢᠨ ᠳᠤ ᠲᠠᠶᠢᠯᠤᠮᠵᠢ ᠬᠢᠵᠡᠢ᠃ ᠬᠥᠮᠦᠰ ᠢ ᠰᠣᠴᠢᠭᠠᠮ᠎ᠠ ᠬᠡᠷᠡᠭ ᠤᠨ ᠵᠢᠱᠢᠶ᠎ᠡ ᠪᠠᠷ ᠵᠢᠷᠤᠭ ᠪᠢᠴᠢᠭ ᠢ ᠬᠤᠤᠰᠯᠠᠭᠤᠯᠤᠨ ᠭᠠᠯ ᠤᠨ ᠭᠠᠮᠰᠢᠭ ᠤᠨ ᠬᠦᠨᠳᠦ ᠶᠡᠭᠡ ᠬᠥᠨᠥᠭᠡᠯ ᠵᠢᠴᠢ ᠭᠠᠯ ᠰᠡᠷᠭᠡᠶᠢᠯᠡᠬᠦ ᠠᠵᠢᠯ ᠤᠨ ᠬᠦᠨᠳᠦ ᠨᠤᠴᠢᠳᠠᠢ ᠴᠢᠨᠠᠷ ᠢ ᠲᠡᠯᠭᠡᠨ ᠦᠵᠡᠭᠦᠯᠵᠡᠢ᠃ ᠲᠠᠶᠢᠯᠤᠮᠵᠢ ᠨᠢ ᠡᠯ᠎ᠡ ᠵᠦᠢᠯ ᠤᠨ ᠬᠡᠯᠪᠡᠷᠢ ᠶᠢᠨ ᠭᠠᠯ ᠤᠨ ᠠᠶᠤᠯ  ᠠᠴᠠ ᠰᠡᠷᠭᠡᠶᠢᠯᠡᠵᠦ᠂ ᠥᠪᠡᠷ ᠢ ᠪᠠᠨ ᠠᠪᠤᠷᠠᠬᠤ ᠮᠡᠳᠡᠯᠭᠡ ᠶᠢ ᠭᠤᠤᠯᠳᠠᠯᠭ᠎ᠠ ᠲᠠᠢ ᠲᠠᠶᠢᠯᠪᠤᠷᠢᠯᠠᠵᠤ᠂ ᠡᠯ᠎ᠡ ᠵᠦᠢᠯ ᠤᠨ ᠵᠠᠪᠠᠯ ᠪᠡᠯᠡᠳᠬᠡᠬᠦ ᠴᠢᠬᠤᠯᠠᠳᠠᠢ ᠠᠮᠤᠷ ᠲᠦᠪᠰᠢᠨ ᠤ ᠪᠠᠭᠠᠵᠢ ᠬᠡᠷᠡᠭᠰᠡᠯ ᠵᠢᠴᠢ ᠲᠡᠬᠦᠨ ᠤ ᠬᠡᠷᠡᠭᠯᠡᠬᠦ ᠠᠷᠭ᠎ᠠ ᠶᠢ ᠲᠠᠨᠢᠯᠴᠠᠭᠤᠯᠵᠤ᠂ ᠣᠯᠠᠨ ᠳᠤ ᠬᠡᠷᠬᠢᠨ ᠭᠠᠯ ᠤᠨᠲᠠᠷᠠᠭᠠᠬᠤ᠂ ᠬᠡᠷᠬᠢᠨ ᠠᠮᠢ ᠵᠢᠭᠤᠲᠠᠬᠤ ᠪᠠ ᠥᠪᠡᠷ ᠢ ᠪᠠᠨ ᠠᠪᠤᠷᠠᠬᠤ ᠲᠤᠬᠠᠢ ᠣᠶᠢᠯᠠᠭᠠᠭᠤᠯᠵᠠᠢ᠃      ᠲᠠᠶᠢᠯᠤᠮᠵᠢ ᠳᠠᠭᠤᠰᠤᠭᠰᠠᠨ ᠤ ᠳᠠᠷᠠᠭ᠎ᠠ ᠪᠤᠯᠪᠠᠰᠤᠷᠠᠯ ᠳᠤ ᠤᠷᠤᠯᠴᠠᠭᠰᠠᠳ ᠤᠰᠤᠨ ᠠᠰᠢᠭᠯᠠᠯᠲᠠ ᠶᠢᠨ ᠲᠢᠩᠬᠢᠮ ᠤᠨ ᠶᠡᠷᠦᠩᠬᠡᠢ ᠠᠯᠪᠠᠨ ᠠᠰᠠᠷ ᠤᠨ ᠠᠷᠤ ᠬᠦᠷᠢᠶᠡᠨ ᠳᠤ ᠭᠠᠯ ᠤᠨᠲᠠᠷᠠᠭᠠᠬᠤ ᠰᠣᠷᠢᠯᠲᠠ ᠬᠢᠵᠡᠢ᠃ ᠰᠣᠷᠢᠯᠲᠠ ᠨᠢ ᠪᠠᠴᠢᠮ ᠪᠦᠭᠡᠳ ᠡᠮᠬᠢ ᠳᠢᠭᠯᠢᠮ ᠲᠠᠢ ᠶᠠᠪᠤᠭᠳᠠᠵᠤ᠂ ᠲᠡᠭᠦᠰ ᠠᠮᠵᠢᠯᠲᠠ ᠣᠯᠪᠠ᠃ ᠡᠨᠡ ᠤᠳᠠᠭ᠎ᠠ ᠶᠢᠨ ᠭᠠᠯ ᠤᠨᠲᠠᠷᠠᠭᠠᠬᠤ ᠰᠣᠷᠢᠯᠲᠠ ᠨᠢ ᠠᠵᠢᠯ ᠤᠨ ᠠᠰᠠᠷ ᠲᠤ ᠰᠠᠭᠤᠭ᠎ᠠ ᠪᠦᠬᠦ ᠬᠥᠮᠦᠰ ᠤᠨ ᠭᠠᠯ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠢ ᠪᠠᠰᠠ ᠡᠩ ᠤᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ ᠠᠯᠬᠤᠮ ᠳᠠᠷᠠᠭ᠎ᠠ ᠵᠢᠴᠢ ᠠᠷᠭ᠎ᠠ ᠶᠢ ᠡᠵᠡᠮᠰᠢᠵᠦ᠂ ᠣᠯᠠᠨ ᠤ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠡᠢ᠃      ᠤᠰᠤᠨ ᠠᠰᠢᠭᠯᠠᠯᠲᠠ ᠶᠢᠨ ᠲᠢᠩᠬᠢᠮ ᠤᠨ ᠠᠯᠪᠠᠨ ᠭᠡᠷ᠂ ᠤᠰᠤᠨ ᠠᠰᠢᠭᠯᠠᠯᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠱᠦᠢ ᠰᠢᠨ ᠶᠤᠸᠠᠨ ᠡᠳ᠋ᠯᠡᠩ ᠤᠨ ᠺᠣᠮᠫᠠᠨᠢ ᠶᠢᠨ ᠬᠠᠷᠢᠭᠤᠴᠠᠯᠭᠠᠲᠠᠨ ᠵᠢᠴᠢ ᠬᠥᠬᠡᠬᠤᠲᠠ ᠶᠢᠨ ᠭᠠᠯ ᠤᠨᠲᠠᠷᠠᠭᠠᠬᠤ ᠶᠡᠷᠦᠩᠬᠡᠢ ᠠᠩᠭᠢ᠂ ᠠᠷᠠᠳ ᠤᠨ ᠵᠠᠮ ᠤᠨ ᠬᠡᠷᠡᠭ ᠡᠷᠬᠢᠯᠡᠬᠦ ᠭᠠᠵᠠᠷ᠂ ᠠᠷᠠᠳ ᠤᠨ ᠵᠠᠮ ᠤᠨ ᠲᠣᠮᠢᠯᠠᠭᠰᠠᠨ ᠰᠠᠯᠪᠤᠷᠢ᠂ ᠭᠠᠵᠠᠷ ᠰᠢᠨᠵᠢᠯᠡᠭᠡᠨ ᠤ ᠲᠣᠪᠴᠢᠶ᠎ᠠ ᠶᠢᠨ ᠬᠤᠶᠢᠲᠤ ᠵᠡᠭᠡᠯᠢ ᠶᠢᠨ ᠨᠡᠶᠢᠭᠡᠮ ᠲᠣᠭᠤᠷᠢᠭ᠂ ᠵᠦᠩ ᠱᠠᠨ ᠵᠠᠮ ᠤᠨ ᠨᠡᠶᠢᠭᠡᠮ ᠲᠣᠭᠤᠷᠢᠭ᠂ ᠳ᠋ᠦᠩ ᠳ᠋ᠡ ᠡᠳ᠋ᠯᠡᠩ ᠤᠨ ᠺᠣᠮᠫᠠᠨᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠠ ᠠᠰᠠᠷ ᠲᠤ ᠰᠠᠭᠤᠭ᠎ᠠ ᠨᠢᠭᠡᠴᠢ ᠶᠢᠨ ᠨᠡᠶᠢᠳᠡ 110 ᠭᠠᠷᠤᠢ ᠬᠥᠮᠦᠨ ᠲᠠᠶᠢᠯᠤᠮᠵᠢ ᠪᠠ ᠰᠣᠷᠢᠯᠲᠠ ᠶᠢᠨ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号