ᠯᠢ ᠺᠧ ᠴᠢᠶᠠᠩ ᠲᠥᠷᠥ ᠶᠢᠨ ᠶᠠᠪᠤᠳᠠᠯ  ᠤᠨ  ᠬᠤᠷᠢᠶᠠᠨ ᠤ ᠪᠠᠶᠢᠩᠭᠤ  ᠶᠢᠨ  ᠬᠤᠷᠠᠯ  ᠢ ᠡᠷᠭᠢᠯᠡᠨ ᠬᠤᠷᠠᠯᠳᠣᠭᠤᠯᠵᠤ᠂ ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠴᠠᠭ᠎ᠠ  ᠶᠢᠨ  ᠬᠡᠯᠡᠯᠴᠡᠭᠡᠷ ᠢ ᠬᠦᠴᠦᠨ ᠲᠡᠶ‌‍ᠪᠣᠯᠭᠠᠨ  ᠬᠡᠷᠡᠭᠵᠢᠭᠦᠯᠬᠦ ᠬᠤᠯᠪᠣᠭᠳᠠᠯ ᠪᠦᠬᠦᠢ ᠠᠵᠢᠯ  ᠢ ᠰᠠᠶᠢᠲᠤᠷ ᠬᠢᠬᠦ  ᠶᠢ ᠲᠦᠷᠭᠡᠳᠬᠡᠬᠦ ᠵᠡᠷᠭᠡ ᠠᠵᠢᠯ ᠢ  ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2020/12/24
     ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠣᠭᠤᠯᠵᠤ᠂ ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠴᠠᠭ᠎ᠠ ᠶᠢᠨ  ᠬᠡᠯᠡᠯᠴᠡᠭᠡᠷ   ᠢ  ᠬᠦᠴᠦᠨ ᠲᠠᠢ ᠪᠣᠯᠭᠠᠨ ᠬᠡᠷᠡᠭᠵᠢᠭᠦᠯᠬᠦ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠶᠢ  ᠲᠦᠷᠭᠡᠳᠭᠡᠵᠦ᠂  ᠴᠢᠯᠥᠭᠡᠲᠦ  ᠠᠷᠠᠯᠵᠢᠶ᠎ᠠ   ᠶᠢ ᠬᠠᠮᠠᠭᠠᠯᠠᠨ ᠬᠠᠮᠲᠤᠷᠠᠯᠴᠠᠭ᠎ᠠ ᠬᠢᠵᠦ  ᠬᠠᠮᠲᠤ   ᠪᠠᠷ  ᠠᠰᠢᠭ  ᠬᠦᠷᠳᠡᠬᠦ  ᠰᠢᠨ᠎ᠡ  ᠣᠷᠣᠨ  ᠵᠠᠢ   ᠶᠢ  ᠥᠷᠭᠡᠳᠬᠡᠬᠦ  ᠲᠤᠬᠠᠢ ᠪᠠᠶᠢᠷᠢᠯᠠᠭᠤᠯᠪᠠ  ︽ᠵᠠᠰᠠᠭ ᠤᠨ ᠣᠷᠳᠣᠨ ᠤ  ᠱᠠᠯᠠᠪᠳᠠᠭᠤᠯᠤᠨ  ᠪᠠᠶᠢᠴᠠᠭᠠᠬᠤ  ᠠᠵᠢᠯ   ᠤᠨ  ᠲᠦᠷᠢᠮ   ︵ᠲᠥᠰᠦᠯ︶︾   ᠢ ᠪᠠᠲᠤᠯᠠᠪᠠ        ᠲᠥᠷᠥ ᠶᠢᠨ  ᠶᠠᠪᠤᠳᠠᠯ   ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 12 ᠰᠠᠷ᠎ᠠ ᠶᠢᠨ 1 ᠤ ᠡᠳᠦᠷ ᠲᠥᠷᠥ ᠶᠢᠨ  ᠶᠠᠪᠤᠳᠠᠯ   ᠤᠨ  ᠬᠤᠷᠢᠶᠠᠨ   ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠷᠣᠨ ᠪᠦᠰᠡ ᠶᠢᠨ ᠪᠥᠬᠦ ᠲᠠᠯ᠎ᠠ ᠶᠢᠨ ᠠᠵᠤ ᠠᠬᠤᠶ ᠶᠢᠨ ᠬᠠᠨᠢᠲᠠᠨ   ᠤ ᠬᠠᠷᠢᠴᠠᠭ᠎ᠠ ᠶᠢᠨ ᠬᠡᠯᠡᠯᠴᠡᠭᠡᠷ ᠢ ᠬᠦᠴᠦᠨ  ᠲᠠᠢ ᠪᠣᠯᠭᠠᠨ ᠬᠡᠷᠡᠭᠵᠢᠭᠦᠯᠬᠦ ᠬᠤᠯᠪᠣᠭᠳᠠᠯ  ᠪᠥᠬᠦᠶ  ᠠᠵᠢᠯ   ᠢ  ᠰᠠᠶᠢᠲᠤᠷ  ᠬᠢᠬᠦ   ᠶᠢ ᠲᠦᠷᠭᠡᠳᠭᠡᠵᠦ᠂ ᠴᠢᠯᠥᠭᠡᠲᠦ ᠠᠷᠠᠯᠵᠢᠶ᠎ᠠ ᠶᠢ ᠬᠠᠮᠠᠭᠠᠯᠠᠨ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠥᠷᠳᠡᠬᠦ ᠰᠢᠨ᠎ᠡ  ᠣᠷᠣᠨ‌ᠵᠠᠶ ᠶᠢ ᠥᠷᠭᠡᠳᠬᠡᠬᠦ ᠲᠤᠬᠠᠶ ᠪᠠᠶᠢᠷᠢᠯᠠᠭᠤᠯᠤᠯᠳᠠ ᠬᠢᠪᠡ︔ ︽ᠵᠠᠰᠠᠭ ᠤᠨ ᠣᠷᠳᠣᠨ ᠤ  ᠱᠠᠯᠠᠪᠳᠠᠭᠤᠯᠤᠨ  ᠪᠠᠶᠢᠴᠠᠭᠠᠬᠤ  ᠠᠵᠢᠯ   ᠤᠨ ᠲᠦᠷᠢᠮ  ︵ᠲᠥᠰᠦᠯ︶︾ ᠢ ᠪᠠᠲᠤᠯᠠᠪᠠ᠃              ᠬᠤᠷᠠᠯ ᠠᠴᠠ᠂ ᠤᠢᠢᠷ᠎ᠠ ᠶᠢᠨ ᠡᠳᠦᠷ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠦᠰ ᠤᠨ  ᠰᠢᠷᠢᠰ ᠬᠤᠷᠠᠯ ᠳᠡᠭᠡᠷ᠎ᠡ ᠠᠯᠪᠠᠨ ᠶᠣᠰᠣᠭᠠᠷ ᠭᠠᠷ ᠤᠨ ᠦᠰᠦᠭ ᠵᠢᠷᠤᠭᠰᠠᠨ ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ   ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ᠨᠢ ᠪᠦᠷᠢᠯᠳᠦᠬᠦᠨ ᠤᠯᠤᠰ ᠤᠳ ᠤᠨ ᠤᠯᠠᠨ ᠤᠯᠤᠰ ᠤᠨ ᠣᠷᠴᠢᠨ  ᠲᠣᠭᠤᠷᠢᠨ   ᠤ ᠲᠣᠭᠲᠠᠪᠤᠷᠢ ᠦᠭᠡᠢ ᠴᠢᠨᠠᠷ ᠢ ᠬᠠᠮᠲᠤ ᠪᠠᠷ ᠠᠷᠭᠠᠴᠠᠭᠠᠬᠤ᠂ ᠣᠷᠣᠨ  ᠪᠦᠰᠡ   ᠶᠢᠨ  ᠳᠣᠲᠣᠷᠠᠬᠢ  ᠴᠢᠯᠥᠭᠡᠲᠦ  ᠠᠷᠠᠯᠵᠢᠶ᠎ᠠ   ᠶᠢ ᠴᠢᠨᠠᠭᠰᠢᠳᠠ ᠠᠬᠢᠭᠤᠯᠬᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠬᠤ᠂  ᠬᠤᠯᠪᠣᠭᠳᠠᠯ ᠪᠦᠬᠦᠢ ᠤᠯᠤᠰ ᠤᠨ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠪᠠ ᠮᠠᠨ ᠤ ᠤᠯᠤᠰ ᠤᠨ ᠥᠨᠳᠥᠷ ᠲᠦᠪᠰᠢᠨ  ᠪᠦᠬᠦᠢ ᠨᠡᠬᠡᠬᠡᠯᠳᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠡᠯᠡᠯᠴᠡᠭᠡᠷ ᠤᠨ ᠪᠦᠷᠢᠯᠳᠦᠬᠦᠨ ᠤᠯᠤᠰ ᠪᠣᠯᠤᠭᠰᠠᠨ ᠤ ᠬᠤᠪᠢ ᠳᠤ᠂ ᠮᠠᠨ ᠤ ᠤᠯᠤᠰ ᠲᠤᠰ ᠪᠡᠶ᠎ᠡ ᠶᠢᠨ ᠠᠵᠢᠯᠯᠠᠭ᠎ᠠ ᠪᠠᠷ ᠢᠶᠠᠨ ᠬᠡᠯᠡᠯᠴᠡᠭᠡᠷ ᠢ ᠪᠣᠳᠠᠲᠠᠢ   ᠳᠤ  ᠨᠠᠶᠢᠳᠠᠪᠤᠷᠢᠵᠢᠭᠤᠯᠤᠨ ᠬᠦᠴᠦᠨ ᠲᠠᠢ ᠪᠣᠯᠭᠠᠬᠤ ᠶᠢ ᠢᠳᠡᠪᠬᠢᠲᠡᠢ ᠠᠬᠢᠭᠤᠯᠬᠤ ᠬᠡᠷᠡᠭᠲᠡᠢ᠂ ᠡᠨᠡ ᠲᠠᠯ᠎ᠠ ᠪᠠᠷ ᠶᠡᠭᠡ ᠬᠡᠮᠵᠢᠶᠡᠨ ᠤ  ᠲᠤᠯᠭᠠᠮ᠎ᠠ ᠠᠵᠢᠯ  ᠬᠢᠬᠦ ᠴᠢᠬᠤᠯᠠᠲᠠᠢ ᠪᠠᠶᠢᠨ᠎ᠠ ᠬᠡᠵᠦ ᠵᠢᠭᠠᠵᠦ ᠭᠠᠷᠭᠠᠪᠠ᠃ ᠬᠤᠷᠠᠯ ᠠᠴᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ  ᠨᠠᠮ   ᠤᠨ ᠲᠥᠪ  ᠬᠤᠷᠢᠶ᠎ᠠ᠂  ᠲᠦᠷᠦ   ᠶᠢᠨ  ᠶᠠᠪᠤᠳᠠᠯ   ᠤᠨ  ᠬᠤᠷᠢᠶᠠᠨ   ᠤ  ᠪᠠᠶᠢᠷᠢᠯᠠᠭᠤᠯᠤᠯᠲᠠ  ᠶᠣᠰᠣᠭᠠᠷ᠂  ᠬᠠᠷᠢᠭᠤᠴᠠᠯᠭ᠎ᠠ   ᠶᠢ ᠪᠣᠳᠠᠲᠠᠶᠢᠵᠢᠭᠤᠯᠵᠤ᠂  ᠬᠡᠯᠡᠯᠴᠡᠭᠡᠷ   ᠲᠠᠢ  ᠬᠠᠷᠭᠤᠭᠤᠯᠤᠨ  ᠡᠭᠦᠷᠭᠡ   ᠶᠢᠨ  ᠬᠤᠪᠢᠶᠠᠷᠢᠯᠠᠯ  ᠪᠣᠯᠤᠨ  ᠴᠠᠭ   ᠤᠨ  ᠬᠢᠵᠠᠭᠠᠷ   ᠢ ᠲᠣᠳᠣᠷᠬᠠᠶᠢᠯᠠᠵᠤ᠂ ᠬᠡᠯᠡᠯᠴᠡᠭᠡᠷ ᠢ ᠬᠦᠴᠦᠨ ᠲᠠᠢ ᠪᠣᠯᠭᠠᠨ ᠬᠡᠷᠡᠭᠵᠢᠭᠦᠯᠬᠦ ᠤᠯᠤᠰ ᠤᠨ ᠳᠣᠲᠣᠭᠠᠳᠤ ᠶᠢᠨ  ᠬᠤᠯᠪᠣᠭᠳᠠᠯ  ᠪᠦᠬᠦᠢ‌ᠠᠵᠢᠯ ᠢ ᠡᠷᠲᠡᠬᠡᠨ ᠪᠡᠶᠡᠯᠡᠭᠦᠯᠬᠦ  ᠬᠡᠷᠡᠭᠲᠡᠢ  ᠬᠡᠵᠦ  ᠱᠠᠭᠠᠷᠳᠠᠪᠠ᠃ ᠨᠢᠭᠡ ᠳᠤ᠂ ᠰᠠᠯᠠᠭ᠎ᠠ  ᠮᠥᠴᠢᠷ   ᠤᠨ  ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠵᠤ᠂ ᠤᠯᠤᠰ ᠤᠨ  ᠳᠣᠲᠣᠭᠠᠳᠤ   ᠶᠢᠨ  ᠬᠢᠨᠠᠨ  ᠵᠥᠪᠰᠢᠶᠡᠷᠡᠬᠦ  ᠲᠡᠰ  ᠳᠠᠷᠠᠭᠠᠯᠠᠯ   ᠢ  ᠲᠦᠷᠭᠡᠨ ᠪᠡᠶᠡᠯᠡᠭᠦᠯᠵᠦ᠂ ᠪᠠᠷᠠᠭᠠᠨ ᠤ ᠠᠷᠠᠯᠵᠢᠶ᠎ᠠ᠂ ᠦᠢᠯᠡᠴᠢᠯᠡᠭᠡᠨ ᠤ  ᠠᠷᠠᠯᠵᠢᠶ᠎ᠠ᠂  ᠪᠡᠯᠡ  ᠣᠷᠣᠭᠤᠯᠤᠯᠲᠠ᠂  ᠪᠠᠶᠢᠭᠠᠯᠢ  ᠬᠥᠮᠦᠨ   ᠤ ᠰᠢᠯᠵᠢᠯᠲᠡ ᠵᠡᠷᠭᠡ ᠬᠦᠷᠢᠶᠡᠨ ᠤ  ᠨᠡᠬᠡᠬᠡᠯᠳᠡ ᠶᠢ ᠠᠬᠢᠭᠤᠯᠵᠤ᠂ ᠠᠷᠠᠯᠵᠢᠶ᠎ᠠ ᠪᠡᠯᠡ ᠣᠷᠣᠭᠤᠯᠤᠯᠲᠠ ᠶᠢᠨ  ᠴᠢᠯᠥᠭᠡᠵᠢᠯᠲᠡ ᠳᠥᠭᠦᠮᠵᠢᠯᠲᠡ᠂ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠭᠦ ᠡᠷᠬᠡ ᠶᠢᠨ ᠬᠠᠮᠠᠭᠠᠯᠠᠯᠲᠠ᠂  ᠠᠷᠠᠯᠵᠢᠶᠠᠨ ᠤ ᠲᠡᠳᠬᠦᠮᠵᠢ᠂ ᠡᠯᠧᠺᠲᠷᠤᠨ ᠬᠤᠳᠠᠯᠳᠤᠭ᠎ᠠ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠤᠮᠳᠠ ᠪᠠᠭ᠎ᠠ ᠠᠵᠤ ᠠᠬᠤᠶᠢᠯᠠᠯ  ᠪᠣᠯᠤᠨ ᠠᠵᠤ ᠠᠬᠤᠢ ᠮᠡᠷᠭᠡᠵᠢᠯ ᠤᠨ ᠬᠠᠮᠲᠤᠷᠠᠯᠴᠠᠭ᠎ᠠ ᠵᠡᠷᠭᠡ ᠲᠠᠯ᠎ᠠ  ᠪᠠᠷ ᠨᠡᠩ ᠥᠨᠳᠥᠷ ᠪᠠᠷᠢᠮᠵᠢᠶ᠎ᠠ ᠳᠦᠷᠢᠮ ᠢ  ᠬᠡᠷᠡᠭᠵᠢᠬᠦᠯᠦᠨ᠎ᠡ᠃  ᠬᠤᠶᠠᠷ ᠲᠤ᠂ ᠬᠡᠯᠡᠯᠴᠡᠭᠡᠷ ᠢ ᠬᠡᠷᠡᠭᠵᠢᠭᠦᠯᠦᠭᠰᠡᠨ ᠤ ᠳᠠᠷᠠᠭᠠᠬᠢ ᠣᠷᠣᠨ ᠪᠦᠰᠡ ᠶᠢᠨ ᠳᠣᠲᠣᠷᠠᠬᠢ ᠪᠠᠷᠠᠭᠠᠨ ᠤ  ᠠᠷᠠᠯᠵᠢᠶᠠᠨ   ᠤ  ᠪᠣᠭᠤᠮᠲᠠ‌‍ᠶᠢᠨ ᠭᠠᠶᠢᠯᠢ ᠦᠭᠡᠢ ᠦᠢᠯᠡᠳᠬᠦᠨ ᠤ  ᠲᠤᠭ᠎ᠠ  ᠬᠡᠮᠵᠢᠶ᠎ᠡ  ᠶᠡᠷᠦᠩᠬᠡᠢ   ᠳᠡᠭᠡᠨ  90%   ᠳᠤ  ᠬᠦᠷᠬᠦ  ᠵᠡᠷᠭᠡ  ᠪᠠᠶᠢᠳᠠᠯ   ᠳᠤ ᠴᠢᠭᠯᠡᠭᠦᠯᠦᠨ᠂ ᠪᠣᠭᠤᠮᠲᠠ ᠶᠢᠨ ᠭᠠᠶᠢᠯᠢ ᠶᠢ ᠬᠦᠡᠭᠭᠡᠯᠡᠬᠦ᠂ ᠪᠣᠭᠤᠮᠲᠠ ᠶᠢᠨ ᠲᠦᠷᠢᠮ ᠢ  ᠳᠥᠭᠦᠮᠴᠢᠯᠡᠬᠦ᠂  ᠣᠬ  ᠭᠠᠷᠤᠯᠲᠠ  ᠵᠢᠨ‌ᠭᠠᠵᠠᠷ ᠤᠨ ᠲᠦᠷᠢᠮ ᠤᠨ ᠮᠡᠷᠭᠡᠵᠢᠯ ᠤᠨ ᠪᠡᠯᠡᠳᠬᠡᠯ ᠬᠢᠬᠦ᠂ ᠦᠢᠯᠡᠳᠬᠦᠨ ᠤ ᠪᠠᠷᠢᠮᠵᠢᠶ᠎ᠠ ᠶᠢ ᠨᠢᠭᠡᠳᠬᠡᠬᠦ ᠪᠠ ᠬᠠᠷᠢᠯᠴᠠᠨ ᠮᠡᠳᠡᠷᠡᠬᠦ ᠵᠡᠷᠭᠡ ᠲᠠᠯ᠎ᠠ ᠪᠠᠷ ᠬᠡᠯᠡᠯᠴᠡᠭᠡᠷ ᠢ ᠬᠡᠷᠡᠭᠵᠢᠭᠦᠯᠬᠦ ᠠᠷᠭ᠎ᠠ  ᠬᠡᠮᠵᠢᠶ᠎ᠡ   ᠶᠢ  ᠱᠠᠯᠠᠪᠳᠠᠨ  ᠲᠤᠬᠳᠠᠭᠠᠬᠤ   ᠶᠢ  ᠴᠢᠩᠭ᠎ᠠ  ᠠᠳᠬᠤᠵᠤ᠂ ᠲᠦᠷᠭᠡᠨ ᠲᠡᠭᠡᠭᠡᠪᠦᠷᠢᠯᠡᠬᠦ᠂ ᠠᠮᠠᠷᠬᠠᠨ ᠢᠯᠵᠠᠷᠠᠬᠤ ᠵᠡᠷᠭᠡ ᠪᠠᠷᠠᠭ᠎ᠠ ᠶᠢ 6 ᠴᠠᠭ ᠤᠨ ᠳᠣᠲᠣᠷ᠎ᠠ ᠶᠠᠪᠤᠭᠤᠯᠬᠤ ᠶᠢ ᠪᠡᠶᠡᠯᠡᠬᠦᠯᠬᠦ   ᠪᠠᠷ ᠴᠢᠷᠮᠠᠶᠢᠬᠤ ᠬᠡᠷᠡᠭᠲᠡᠢ᠃ ᠬᠡᠯᠡᠯᠴᠡᠭᠡᠷ ᠲᠠᠬᠢ ᠦᠶᠯᠡᠴᠢᠯᠡᠭᠡᠨ ᠤ ᠠᠷᠠᠯᠵᠢᠶ᠎ᠠ ᠶᠢᠨ ᠶᠡᠷᠦᠩᠬᠡᠶ ᠳᠤᠨᠢ ᠨᠡᠭᠡᠭᠡᠯᠲᠡ ᠬᠢᠬᠦ ᠠᠮᠠᠯᠠᠯᠲᠠ ᠨᠢ ᠪᠦᠷᠢᠯᠳᠦᠬᠦᠨ ᠤᠯᠤᠰ ᠤᠳ  ᠤᠨ ᠬᠤᠭᠤᠷᠣᠨᠳᠣᠬᠢ ᠣᠲᠣ ᠶᠢᠨ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠤᠨ  ᠬᠢᠷᠢ  ᠲᠦᠪᠰᠢᠨ ᠠᠴᠠ ᠢᠯᠡᠳᠲᠡ ᠥᠨᠳᠥᠷ ᠪᠠᠶᠢᠵᠤ᠂ ᠮᠠᠨ ᠤ ᠤᠯᠤᠰ ᠤᠨ ᠰᠤᠳᠤᠯᠤᠨ  ᠨᠡᠭᠡᠭᠡᠬᠦ᠂  ᠬᠠᠮᠢᠶᠠᠷᠤᠯᠲᠠ   ᠶᠢᠨ   ᠠᠰᠠᠭᠤᠨ ᠯᠠᠪᠯᠠᠯᠳᠠ ᠥᠭᠬᠦ᠂ ᠦᠶᠯᠡᠳᠬᠦ ᠦᠶᠯᠡᠰ ᠤᠨ ᠬᠠᠮᠢᠶ᠎ᠠ ᠪᠥᠬᠦᠶ ᠦᠶᠯᠡᠴᠢᠯᠡᠭᠡ᠂ ᠨᠠᠰᠤᠵᠢᠯ ᠤᠨ ᠦᠶᠯᠡᠴᠢᠯᠡᠭᠡ᠂  ᠲᠤᠰᠬᠠᠶ  ᠵᠢᠷᠤᠭ  ᠲᠥᠯᠥᠪᠯᠡᠭᠡ᠂ ᠪᠠᠷᠢᠯᠭ᠎ᠠ ᠵᠡᠷᠭᠡ ᠮᠠᠰᠢ ᠣᠯᠠᠨ ᠦᠶᠯᠡᠴᠢᠯᠡᠭᠡᠨ ᠤ ᠰᠠᠯᠠᠭ᠎ᠠ ᠮᠥᠴᠢᠷ ᠤᠨ ᠬᠢᠭᠰᠡᠨ ᠰᠢᠨ᠎ᠡ  ᠨᠡᠭᠡᠭᠡᠯᠳᠡ  ᠬᠢᠬᠦ  ᠠᠮᠠᠯᠠᠯᠲᠠ  ᠵᠢᠨ‌‍ᠶᠣᠰᠣᠭᠠᠷ᠂ ᠨᠡᠭᠡᠭᠡᠯᠲᠡ ᠬᠢᠬᠦ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠪᠡᠯᠡ ᠣᠷᠣᠭᠤᠯᠤᠯᠲᠠ‌‍ᠶᠢᠨ ᠬᠢᠵᠦ ᠦᠯᠦ ᠪᠤᠯᠬᠤ ᠵᠦᠢᠯᠡᠰ ᠤᠨ ᠲᠣᠳᠣᠷᠬᠠᠢ ᠬᠠᠭᠤᠳᠠᠰᠤ ᠶᠢᠨ  ᠠᠮᠠᠯᠠᠯᠲᠠ   ᠶᠢ  ᠨᠠᠶᠢᠳᠠᠪᠤᠷᠢᠵᠢᠭᠤᠯᠵᠤ᠂  ᠲᠣᠳᠣᠷᠬᠠᠢ ᠬᠠᠭᠤᠳᠠᠰᠤ ᠠᠴᠠ ᠭᠠᠳᠠᠨ᠎ᠠ ᠭᠠᠳᠠᠭᠠᠳᠤ  ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ  ᠬᠢᠵᠠᠭᠠᠷᠯᠠᠯ   ᠢ  ᠰᠢᠨ᠎ᠡ ᠪᠠᠷ     ᠨᠡᠮᠡᠭᠳᠡᠭᠦᠯᠵᠦ ᠪᠣᠯᠬᠤ ᠦᠭᠡᠢ᠃ ᠴᠢᠯᠥᠭᠡᠲᠦ ᠠᠷᠠᠯᠵᠢᠶᠠᠨ ᠤ  ᠬᠡᠯᠡᠯᠴᠡᠭᠡᠷ   ᠲᠤ  ᠠᠩᠬ᠎ᠠ  ᠤᠳᠠᠭ᠎ᠠ  ᠬᠢᠭᠰᠡᠨ  ᠮᠡᠳᠡᠯᠭᠡ   ᠶᠢᠨ ᠪᠦᠲᠦᠭᠡᠭᠳᠡᠭᠦᠨ ᠤ ᠦᠮᠴᠢᠯᠡᠭᠦ ᠡᠷᠬᠡ ᠶᠢ ᠪᠥᠬᠦ ᠲᠠᠯ᠎ᠠ ᠪᠠᠷ ᠬᠠᠮᠠᠭᠠᠯᠠᠬᠤ ᠠᠮᠠᠯᠠᠯᠲᠠ ᠪᠠᠨ ᠪᠡᠶᠡᠯᠡᠭᠦᠯᠵᠦ᠂ ᠵᠣᠬᠢᠶᠠᠯ ᠪᠦᠲᠦᠭᠡᠯ ᠤᠨ ᠡᠷᠬᠡ᠂ ᠲᠠᠸᠠᠷ ᠤᠨ ᠲᠡᠮᠳᠡᠭ᠂ ᠭᠠᠵᠠᠷ ᠵᠦᠶ ᠶᠢᠨ ᠲᠡᠮᠳᠡᠭ᠂ ᠲᠤᠰᠬᠠᠶ ᠠᠰᠢᠭ᠂ ᠤᠳᠤᠮᠯᠠᠯ   ᠤᠨ ᠡᠬᠢ  ᠪᠠᠶᠠᠯᠢᠭ  ᠵᠡᠷᠭᠡ   ᠶᠢ ᠪᠦᠬᠦᠨ ᠢ ᠬᠠᠮᠠᠭᠠᠯᠠᠬᠤ ᠬᠡᠪᠴᠢᠶᠡᠨ ᠳᠤ  ᠤᠷᠤᠭᠤᠯᠤᠨ᠎ᠠ᠃  ᠡᠯᠧᠺᠲᠷᠣᠨ  ᠭᠡᠷᠡᠴᠢᠯᠡᠯ  ᠪᠠ  ᠭᠠᠷ   ᠤᠨ  ᠦᠰᠦᠭ  ᠵᠢᠷᠤᠬᠤ᠂ ᠰᠦᠯᠵᠢᠶᠡᠨ ᠳᠡᠭᠡᠷᠡᠬᠢ ᠬᠤᠪᠢ ᠬᠥᠮᠦᠨ ᠤ ᠮᠡᠳᠡᠭᠡ ᠵᠠᠩᠭᠢ   ᠶᠢ  ᠬᠠᠮᠠᠭᠠᠯᠠᠬᠤ᠂  ᠰᠦᠯᠵᠢᠶᠡᠨ   ᠤ  ᠠᠮᠤᠷ  ᠲᠦᠪᠰᠢᠨ᠂  ᠬᠢᠯᠢ‌ᠠᠯᠤᠰᠯᠠᠭᠰᠠᠨ  ᠡᠯᠧᠺᠲᠷᠣᠨ  ᠠᠷᠭ᠎ᠠ  ᠮᠠᠶ᠋ᠢᠭ   ᠢᠶᠠᠷ  ᠮᠡᠳᠡᠭᠡ  ᠵᠠᠩᠭᠢ   ᠶᠢ  ᠳᠠᠮᠵᠢᠭᠤᠯᠬᠤ  ᠵᠡᠷᠭᠡ  ᠵᠦᠢᠯ   ᠵᠤᠷᠪᠤᠰ   ᠢ ᠨᠠᠶᠢᠳᠠᠪᠤᠷᠢᠵᠢᠭᠤᠯᠤᠨ᠎ᠠ᠃ ᠭᠤᠷᠪᠠ ᠳᠤ᠂ ᠬᠡᠯᠡᠯᠴᠡᠭᠡᠷ ᠢ ᠬᠡᠷᠡᠭᠵᠢᠭᠦᠯᠬᠦ ᠲᠠᠢ ᠬᠤᠯᠪᠣᠭᠳᠠᠬᠤ ᠲᠦᠷᠢᠮ  ᠲᠣᠭᠲᠠᠭᠠᠯ   ᠢ  ᠱᠠᠯᠠᠪᠳᠠᠨ‌ᠡᠮᠬᠢᠯᠡᠨ ᠲᠡᠭᠦᠯᠳᠡᠷᠵᠢᠭᠦᠯᠵᠦ᠂ ᠬᠡᠯᠡᠯᠴᠡᠭᠡᠷ  ᠲᠤ ᠲᠣᠭᠲᠠᠭᠠᠭᠰᠠᠨ ᠬᠢᠵᠠᠭᠠᠷᠯᠠᠬᠤ ᠴᠢᠨᠠᠷᠲᠠᠢ ᠡᠭᠦᠷᠭᠡ ᠶᠢ ᠪᠣᠳᠠᠲᠠᠢ ᠬᠡᠷᠡᠭᠵᠢᠭᠦᠯᠬᠦ ᠵᠢ‌ᠦᠨᠡᠡᠭᠦ ᠪᠠᠲᠤᠯᠠᠵᠤ᠂ ᠤᠯᠤᠰ  ᠤᠨ ᠳᠣᠲᠣᠭᠠᠳᠤ ᠶᠢᠨ ᠵᠠᠰᠠᠭ ᠵᠠᠬᠢᠷᠭᠠᠨ ᠤ ᠠᠷᠭ᠎ᠠ ᠬᠡᠮᠵᠢᠶ᠎ᠡ ᠪᠠ ᠲᠡᠰ  ᠲᠠᠷᠠᠭᠠᠯᠠᠯ  ᠲᠣᠭᠲᠠᠭᠠᠯ ᠳᠤ ᠨᠡᠶᠢᠴᠡᠬᠦ ᠶᠢ ᠦᠨᠡᠡᠭᠦ ᠪᠠᠲᠤᠯᠠᠨ᠎ᠠ᠃ ᠳᠥᠷᠪᠡ ᠳᠤ᠂ ᠣᠷᠣᠨ ᠨᠤᠲᠤᠭ᠂  ᠬᠤᠳᠠᠯᠳᠤᠭᠠᠨ   ᠤ  ᠨᠡᠶᠢᠭᠡᠮᠯᠢᠭ  ᠪᠣᠯᠤᠨ  ᠠᠵᠤ ᠠᠬᠤᠶᠢᠯᠠᠯ ᠳᠤ ᠬᠠᠨᠳᠤᠭᠤᠯᠤᠨ ᠬᠡᠯᠡᠯᠴᠡᠭᠡᠷ ᠢ ᠤᠬᠠᠭᠤᠯᠤᠨ ᠲᠠᠨᠢᠯᠴᠠᠭᠤᠯᠬᠤ ᠪᠤᠯᠪᠠᠰᠤᠷᠠᠯ ᠬᠢᠬᠦ ᠶᠢ ᠴᠢᠩᠭᠠᠳᠬᠠᠵᠤ᠂ ᠡᠯ᠎ᠡ ᠲᠠᠯ᠎ᠠ‌ᠢᠯᠠᠩᠭᠤᠶ᠎ᠠ ᠥᠷᠭᠡᠨ ᠣᠯᠠᠨ ᠠᠵᠤ ᠠᠬᠤᠶᠢᠯᠠᠯ ᠳᠤ ᠬᠡᠯᠡᠯᠴᠡᠭᠡᠷ ᠤᠨ ᠲᠦᠷᠢᠮ ᠢ ᠣᠶᠢᠯᠠᠭᠠᠭᠤᠯᠤᠨ ᠡᠵᠡᠮᠰᠢᠭᠦᠯᠵᠦ᠂ ᠨᠠᠩ ᠶᠡᠭᠡ‌‍ᠬᠡᠪᠴᠢᠶ᠎ᠡ᠂ ᠨᠠᠩ ᠥᠨᠳᠥᠷ ᠪᠠᠷᠢᠮᠵᠢᠶ᠎ᠠ ᠶᠢᠨ ᠨᠡᠭᠡᠭᠡᠯᠲᠡ ᠪᠣᠯᠤᠨ ᠥᠷᠢᠰᠥᠯᠳᠦᠭᠡᠨ ᠠᠴᠠ ᠪᠣᠯᠤᠭᠰᠠᠨ ᠠᠵᠠ ᠲᠣᠬᠢᠶᠠᠯ ᠪᠣᠯᠤᠨ‌ᠥᠷᠢᠰᠥᠯᠳᠦᠭᠡᠨ ᠢ ᠪᠥᠬᠦ ᠲᠠᠯ᠎ᠠ ᠪᠠᠷ ᠲᠠᠨᠢᠭᠤᠯᠵᠤ᠂ ᠵᠠᠬ᠎ᠠ ᠳᠡᠯᠭᠡᠭᠦᠷ ᠤᠨ ᠥᠷᠢᠰᠥᠯᠳᠦᠭᠡᠨ ᠤ  ᠳᠤᠮᠳᠠ  ᠬᠠᠮᠲᠤᠷᠠᠯᠴᠠᠨ ᠬᠥᠭᠵᠢᠬᠦ ᠣᠷᠣᠨ ᠵᠠᠶ ᠶᠢ ᠴᠢᠷᠮᠠᠶᠢᠨ ᠥᠷᠭᠡᠳᠬᠡᠨ᠎ᠡ ᠬᠡᠪᠡ᠃              ᠬᠤᠷᠠᠯ ᠠᠴᠠ᠂ ︽ᠵᠠᠰᠠᠭ ᠤᠨ ᠣᠷᠳᠣᠨ ᠤ ᠱᠠᠯᠠᠪᠳᠠᠭᠤᠯᠤᠨ ᠪᠠᠶᠢᠴᠠᠭᠠᠬᠤ  ᠠᠵᠢᠯ   ᠤᠨ  ᠲᠦᠷᠢᠮ   ︵ᠲᠥᠰᠦᠯ︶︾ ᠢ ᠪᠠᠳᠤᠯᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ  ᠶᠡᠭᠡ  ᠰᠢᠶᠳᠪᠦᠷᠢᠲᠦ  ᠪᠣᠳᠣᠯᠭ᠎ᠠ‌‍ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠳᠤᠯᠠᠵᠤ᠂  ᠱᠠᠯᠠᠪᠳᠠᠭᠤᠯᠤᠨ ᠪᠠᠶᠢᠴᠠᠭᠠᠬᠤ ᠠᠵᠢᠯ ᠢ  ᠬᠠᠤᠯᠢ  ᠶᠣᠰᠣᠭᠠᠷ ᠵᠢᠷᠤᠮᠵᠢᠭᠤᠯᠬᠤ ᠡᠭᠦᠳᠡᠨ ᠠᠴᠠ᠂ ᠵᠠᠰᠠᠭ ᠤᠨ ᠣᠷᠳᠣᠨ ᠤ ᠱᠠᠯᠠᠪᠳᠠᠭᠤᠯᠤᠨ ᠪᠠᠶᠢᠴᠠᠭᠠᠬᠤ ᠠᠵᠢᠯ   ᠤᠨ  ᠪᠠᠶᠢᠷᠢ  ᠲᠣᠭᠲᠠᠭᠠᠯᠲᠠ  ᠪᠠ‌ᠡᠭᠦᠷᠭᠡ ᠬᠠᠷᠢᠭᠤᠴᠠᠯᠭ᠎ᠠ  ᠶᠢᠨ ᠵᠠᠭᠠᠭ ᠬᠢᠵᠠᠭᠠᠷ ᠢ ᠲᠤᠬᠳᠠᠭᠠᠵᠤ᠂ ᠲᠡᠰ ᠲᠠᠷᠠᠭᠠᠯᠠᠯ   ᠤᠨ  ᠱᠠᠭᠠᠷᠳᠠᠯᠭ᠎ᠠ ᠪᠠ  ᠳᠡᠮᠵᠢᠯᠭᠡ   ᠶᠢᠨ ᠪᠠᠲᠤᠯᠠᠭ᠎ᠠ  ᠶᠢᠨ ᠠᠷᠭ᠎ᠠ ᠬᠡᠮᠵᠢᠶ᠎ᠡ ᠶᠢ ᠲᠤᠬᠳᠠᠭᠠᠵᠤ᠂ ᠱᠠᠯᠠᠪᠳᠠᠭᠤᠯᠤᠨ ᠪᠠᠶᠢᠴᠠᠭᠠᠯᠲᠠ ᠳᠤ ᠠᠷᠠᠳ ᠤᠨ ᠲᠥᠯᠥᠭᠡᠯᠡᠭᠴᠢᠳ   ᠤᠨ  ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠵᠠᠰᠠᠭ ᠤᠨ ᠣᠷᠳᠣᠨ   ᠤ  ᠵᠥᠪᠯᠡᠭᠴᠢ  ᠪᠣᠯᠤᠨ ᠲᠤᠰᠬᠠᠢ ᠮᠡᠷᠭᠡᠵᠢᠯᠲᠡᠨ ᠡᠷᠳᠡᠮᠲᠡᠨ ᠨᠡᠷ ᠢ ᠤᠷᠢᠨ ᠤᠷᠤᠯᠴᠠᠭᠤᠯᠵᠤ ᠪᠤᠯᠬᠤ ᠶᠢ ᠲᠤᠳᠤᠷᠬᠠᠶᠢᠯᠠᠵᠤ᠂ ᠠᠷᠠᠳᠴᠢᠯᠠᠯ ᠢᠶᠠᠷ  ᠬᠢᠨᠠᠯᠲᠠ‌‍ᠲ᠋ᠠᠯᠪᠢᠬᠤ᠂ ᠪᠤᠰᠤᠳᠴᠢ ᠲᠥᠪ ᠭᠤᠤᠯᠴᠢ ᠪᠠᠶᠢᠬᠤ ᠱᠠᠭᠠᠷᠳᠠᠯᠭ᠎ᠠ  ᠶᠢ ᠢᠯᠡᠷᠡᠬᠦᠯᠦᠭᠰᠡᠨ ᠤ ᠬᠠᠮᠳᠤ ᠳᠠᠬᠢᠨ  ᠳᠠᠪᠲᠠᠨ ᠱᠠᠯᠠᠪᠳᠠᠭᠤᠯᠤᠨ ᠪᠠᠶᠢᠴᠠᠭᠠᠬᠤ᠂ ᠣᠯᠠᠨ ᠲᠠᠯ᠎ᠠ ᠠᠴᠠ ᠱᠠᠯᠠᠪᠳᠠᠭᠤᠯᠤᠨ ᠪᠠᠶᠢᠴᠠᠭᠠᠬᠤ᠂ ᠡᠷᠬᠡ ᠠᠴᠠ ᠪᠠᠨ ᠳᠠᠪᠠᠵᠤ ᠱᠠᠯᠠᠪᠳᠠᠭᠤᠯᠤᠨ ᠪᠠᠶᠢᠴᠠᠭᠠᠬᠤ ᠶᠢ  ᠴᠢᠩᠭ᠎ᠠ ᠴᠠᠭᠠᠵᠠᠯᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠡᠭᠡᠷᠯᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠦᠡᠭᠭᠡᠯᠡᠵᠦ᠂ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ ᠶᠢ ᠪᠠᠲᠤᠯᠠᠨ᠎ᠠ ᠬᠡᠵᠡᠢ᠃           ᠬᠤᠷᠠᠯ ᠲᠡᠭᠡᠷ᠎ᠡ ᠪᠠᠰᠠ ᠪᠤᠰᠤᠳ ᠵᠦᠢᠯ ᠢ ᠰᠤᠳᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号