ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠬᠠᠭᠤᠯᠭ᠎ᠠ ᠬᠠᠮᠲᠤᠷᠠᠯᠴᠠᠭ᠎ᠠ ᠶᠢ ᠴᠢᠩᠭᠠᠳᠬᠠᠬᠤ ᠲᠤᠬᠠᠢ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/24
      12 ᠰᠠᠷ᠎ᠠ ᠶᠢᠨ 8 ᠤ ᠡᠳᠦᠷ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶᠠᠨ ᠤ ᠶᠡᠷᠦᠩᠬᠡᠶ ᠨᠠᠶᠢᠷᠠᠭᠤᠯᠤᠭᠴᠢ ᠰᠦᠨ ᠶᠠ ᠾᠦᠢ ᠨᠠᠷ ᠦᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠳᠤ ᠬᠦᠷᠴᠦ᠂ ᠰᠣᠨᠢᠨ ᠤ ᠬᠤᠷᠢᠶᠠᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ ᠰᠠᠨᠠᠭᠤᠯᠭ᠎ᠠ  ᠬᠤᠷᠢᠶᠠᠬᠤ ᠶᠢᠨ ᠬᠠᠮᠲᠤ ᠤᠰᠤᠨ ᠠᠰᠢᠭᠯᠠᠯᠲᠠ ᠶᠢᠨ ᠰᠣᠨᠢᠨ ᠮᠡᠳᠡᠭᠡᠨ ᠤ ᠤᠬᠠᠭᠤᠯᠭ᠎ᠠ ᠶᠢᠨ ᠠᠵᠢᠯ ᠢ ᠬᠠᠮᠲᠤ ᠪᠠᠷ ᠠᠬᠢᠭᠤᠯᠬᠤ᠂ ︽ᠲᠠᠯ᠎ᠠ ᠨᠤᠲᠤᠭ ᠤᠨ ᠡᠭᠦᠯᠡᠨ︾ ᠬᠠᠮ ᠵᠢᠭᠤᠴᠢᠯᠠᠭᠤᠷ ᠤᠨ ᠲᠠᠪᠴᠠᠩ ᠵᠡᠷᠭᠡ ᠬᠤᠯᠪᠣᠭᠳᠠᠯ ᠪᠥᠬᠦᠶ ᠠᠵᠢᠯ ᠤᠨ ᠲᠣᠭᠤᠷᠢᠨ ᠳᠤ ᠶᠠᠷᠢᠯᠴᠠᠬᠤ ᠬᠤᠷᠠᠯ ᠬᠢᠪᠠ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠵᠣᠣ ᠵᠥᠩ ᠦ᠋ ᠬᠤᠷᠠᠯ ᠢ ᠡᠷᠭᠢᠯᠡᠪᠡ᠃

     ᠵᠤᠤ ᠵᠦᠩ ᠡᠦ ᠡᠩ ᠲᠡᠷᠢᠭᠦᠨ ᠳᠤ ᠰᠦᠨ ᠶᠠ ᠾᠦᠢ ᠨᠠᠷ ᠤᠨ ᠤᠰᠤᠨ ᠠᠰᠢᠭᠯᠠᠯᠲᠠ ᠶᠢᠨ ᠲᠢᠩᠬᠢᠮ ᠳᠤ

ᠢᠷᠡᠵᠦ ᠶᠠᠷᠢᠯᠴᠠᠬᠤ ᠶᠢ ᠪᠠᠶᠠᠷᠯᠠᠨ ᠤᠭᠲᠤᠵᠤ ᠪᠠᠶᠢᠬᠤ ᠪᠠᠨ  ᠢᠯᠡᠳᠬᠡᠬᠦ  ᠶᠢᠨ ᠬᠠᠮᠲᠤ ᠥᠪᠥᠷ ᠮᠣᠩᠭᠤᠯ ᠤᠨ

ᠡᠳᠦᠷ ᠤᠨ ᠰᠣᠨᠢᠨ ᠤ ᠬᠤᠷᠢᠶ᠎ᠠ ᠶᠢᠨ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠦᠭᠵᠢᠯᠲᠡ  ᠳᠤ

ᠦᠵᠡᠭᠦᠯᠦᠭᠰᠡᠨ ᠣᠷᠳᠣ ᠬᠤᠭᠤᠴᠠᠭᠠᠨ ᠤ ᠠᠩᠬᠠᠷᠤᠯ ᠪᠠ ᠬᠦᠴᠦᠲᠡᠶ ᠳᠡᠮᠵᠢᠯᠭᠡ ᠳᠤ ᠴᠢᠩ ᠰᠡᠳᠬᠢᠯ ᠠᠴᠠ ᠪᠠᠨ

ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠵᠢᠭᠠᠵᠤ ᠭᠠᠷᠭᠠᠭᠰᠠᠨ ᠨᠢ᠂ ᠥᠪᠥᠷ ᠮᠣᠩᠭᠤᠯ ᠤᠨ ᠡᠳᠦᠷ ᠤᠨ

ᠰᠣᠨᠢᠨ ᠪᠣᠯ ᠮᠠᠨ ᠤ ᠨᠠᠮ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠳᠤ ᠬᠠᠮᠤᠭ ᠤᠨ ᠡᠷᠲᠡ

ᠪᠠᠶᠢᠭᠤᠯᠤᠭᠳᠠᠭᠰᠠᠨ ᠮᠤᠵᠢ ᠶᠢᠨ ᠱᠠᠲᠤᠨ ᠤ ᠨᠠᠮ ᠤᠨ ᠰᠣᠨᠢᠨ ᠪᠣᠯᠤᠨ᠎ᠠ᠃ ᠤᠶᠢᠷ᠎ᠠ ᠶᠢᠨ ᠵᠢᠯ ᠤᠳ ᠲᠤ᠂ ᠦᠪᠦᠷ

ᠮᠤᠩᠭᠤᠯ ᠤᠨ ᠡᠳᠦᠷ ᠤᠨ ᠰᠣᠨᠢᠨ ᠨᠢ ᠭᠦᠨᠵᠡᠭᠡᠢ᠂  ᠡᠷᠴᠢᠮᠳᠡᠢ ᠮᠡᠳᠡᠭᠡᠯᠡᠯ ᠢᠶᠠᠷ ᠢᠶᠠᠨ ᠳᠤᠮᠳᠠᠳᠤ ᠤᠯᠤᠰ ᠤᠨ

ᠦᠯᠢᠭᠡᠷ ᠪᠣᠯᠤᠨ ᠥᠪᠥᠷ ᠮᠣᠩᠭᠤᠯ ᠤᠨ ᠦᠯᠢᠭᠡᠷ ᠢ ᠰᠠᠶᠢᠲᠤᠷ ᠶᠠᠷᠢᠵᠤ᠂ ᠥᠪᠡᠷᠲᠡᠭᠡᠨ ᠵᠠᠰᠠᠬᠤ ᠣᠷᠣᠨ ᠤ

ᠥᠭᠡᠷᠡᠴᠢᠯᠡᠯᠲᠡ ᠬᠥᠭᠵᠢᠯᠲᠡ ᠲᠣᠭᠲᠠᠭᠤᠨ ᠳᠤ ᠬᠦᠴᠦᠲᠡᠢ ᠦᠵᠡᠯ ᠰᠠᠨᠠᠭᠠᠨ ᠤ ᠪᠠᠲᠤᠯᠠᠭ᠎ᠠ ᠪᠣᠯᠤᠨ ᠶᠠᠷᠢᠶ᠎ᠠ

ᠬᠡᠯᠡᠯᠴᠡᠭᠡᠨ ᠤ ᠲᠤᠯᠭᠠᠭᠤᠷᠢᠯᠠᠯ ᠬᠠᠩᠭᠠᠵᠤ ᠢᠷᠡᠪᠡ᠃ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶᠠᠨ ᠤ

ᠤᠳᠤᠷᠢᠳᠤᠯᠭ᠎ᠠ ᠠᠴᠠ ᠲᠤᠭᠤᠶᠢᠯᠠᠩ ᠳᠠᠭᠠᠭᠤᠯᠤᠨ ᠤᠰᠤᠨ ᠠᠰᠢᠭᠯᠠᠯᠲᠠ ᠶᠢᠨ ᠲᠢᠩᠬᠢᠮ ᠳᠤ ᠢᠷᠡᠵᠦ ᠶᠠᠷᠢᠯᠴᠠᠬᠤ

ᠬᠤᠷᠠᠯ ᠬᠢᠵᠦ ᠪᠠᠶᠢᠭ᠎ᠠ ᠨᠢ ᠰᠠᠨᠠᠯ ᠢᠶᠠᠨ ᠰᠣᠯᠢᠯᠴᠠᠬᠤ  ᠲᠡᠳᠦᠢ ᠦᠭᠡᠶ᠂  ᠨᠡᠩ ᠴᠦ ᠲᠤᠷᠰᠢᠯᠭ᠎ᠠ ᠤᠯᠠᠮᠵᠢᠯᠠᠵᠤ ᠵᠠᠮ

ᠵᠢᠭᠠᠵᠤ ᠦᠭᠴᠦ ᠪᠠᠶᠢᠭ᠎ᠠ  ᠤᠴᠢᠷ ᠶᠤᠮ᠂ ᠡᠨᠡ ᠨᠢ ᠤᠰᠤᠨ‌ᠠᠰᠢᠭᠯᠠᠯᠲᠠ ᠶᠢᠨ ᠺᠠᠳ᠋ᠷ ᠤᠨ ᠦᠵᠡᠯ ᠰᠠᠨᠠᠭ᠎ᠠ ᠪᠠᠨ

ᠴᠢᠯᠥᠭᠡᠯᠡᠬᠦ᠂ ᠰᠣᠨᠢᠨ ᠮᠡᠳᠡᠭᠡᠨ ᠤ ᠤᠬᠠᠭᠤᠯᠭ ᠎ᠠ ᠶᠢᠨ ᠠᠵᠢᠯ ᠤᠨ ᠰᠢᠨ᠎ᠡ ᠪᠠᠶᠢᠳᠠᠯ ᠰᠢᠨ᠎ᠡ ᠡᠭᠦᠷᠭᠡ ᠳᠤ

ᠰᠠᠨᠠᠭᠠᠴᠢᠯᠠᠭ᠎ᠠ ᠠᠴᠠ ᠪᠠᠨ ᠵᠣᠬᠢᠴᠠᠬᠤ᠂ ᠤᠰᠤ ᠶᠢ ᠵᠠᠰᠠᠵᠤ ᠤᠰᠤ ᠶᠢ ᠮᠠᠨᠳᠤᠭᠤᠯᠬᠤ ᠤᠬᠠᠭᠤᠯᠭ᠎ᠠ ᠶᠢ ᠤᠯᠠᠮ ᠨᠢᠭᠡ

ᠠᠯᠬᠤᠮ ᠰᠠᠶᠢᠲᠤᠷ ᠠᠳᠬᠤᠬᠤ ᠳᠤ ᠴᠢᠬᠤᠯᠠ ᠠᠬᠢᠭᠤᠯᠬᠤ ᠠᠴᠢ ᠬᠤᠯᠪᠣᠭᠳᠠᠯ ᠲᠠᠢ ᠶᠤᠮ᠃

     ᠬᠤᠷᠠᠯ ᠳᠡᠭᠡᠷ᠎ᠡ᠂ ᠤᠰᠤᠨ ᠠᠰᠢᠭᠯᠠᠯᠲᠠ ᠶᠢᠨ ᠲᠢᠩᠬᠢᠮ ᠤᠨ ᠰᠣᠨᠢᠨ ᠮᠡᠳᠡᠭᠡ ᠤᠬᠠᠭᠤᠯᠭ᠎ᠠ ᠶᠢᠨ

ᠬᠠᠷᠢᠭᠤᠴᠠᠯᠭᠠᠲᠠᠨ  ᠨᠦᠬᠦᠷ ᠠᠴᠠ ᠤᠰᠤᠨ ᠠᠰᠢᠭᠯᠠᠯᠲᠠ  ᠶᠢᠨ ᠲᠢᠩᠬᠢᠮ ᠤᠨ ᠰᠣᠨᠢᠨ ᠮᠡᠳᠡᠭᠡ ᠤᠬᠠᠭᠤᠯᠭ᠎ᠠ ᠶᠢᠨ

ᠭᠤᠤᠯᠳᠠᠯᠭ᠎ᠠ ᠲᠠᠢ ᠠᠵᠢᠯ ᠪᠠ ᠥᠪᠥᠷ ᠮᠣᠩᠭᠤᠯ ᠤᠨ ᠡᠳᠦᠷ  ᠤᠨ ᠰᠣᠨᠢᠨ ᠤ ᠬᠤᠷᠢᠶ᠎ᠠ ᠯᠤᠭ᠎ᠠ ᠶᠢᠨ  

ᠬᠠᠮᠳᠣᠷᠠᠯᠴᠠᠭᠠᠨ ᠤ ᠪᠠᠶᠢᠳᠠᠯ ᠢ ᠲᠠᠨᠢᠯᠴᠠᠭᠤᠯᠵᠤ᠂ ᠬᠤᠯᠪᠣᠭᠳᠠᠯ ᠪᠥᠬᠦᠶ ᠰᠠᠨᠠᠯ ᠰᠠᠨᠠᠭᠤᠯᠭ᠎ᠠ ᠳᠤᠷᠠᠳᠪᠠ᠃ ᠥᠪᠥᠷ

ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠳᠡᠳ᠋ ᠶᠡᠷᠦᠩᠬᠡᠶ ᠨᠠᠶᠢᠷᠠᠭᠤᠯᠤᠭᠴᠢ ᠪᠠᠶ ᠴᠦᠨ᠂  ᠠᠯᠪᠠᠨ

ᠭᠡᠷ ᠤᠨ ᠡᠷᠬᠢᠯᠡᠭᠴᠢ ᠯᠢᠦ  ᠵᠢᠶᠦ᠋ᠨ᠂ ᠬᠢᠲᠠᠳ ᠰᠣᠨᠢᠨ ᠤ ᠲᠠᠷᠢᠶᠠᠯᠠᠩ ᠮᠠᠯ ᠠᠵᠤ ᠠᠬᠤᠶ ᠰᠣᠨᠢᠨ ᠮᠡᠳᠡᠭᠡᠨ ᠤ

ᠬᠡᠯᠲᠡᠰ ᠤᠨ ᠡᠷᠬᠢᠯᠡᠭᠴᠢ ᠭᠤᠤ ᠰᠢᠤᠸᠠᠢ ᠴᠢᠨ᠂ ᠬᠠᠮ  ᠵᠢᠭᠤᠴᠢᠯᠠᠭᠤᠷ ᠤᠨ ᠡᠵᠡᠩᠨᠡᠯᠲᠡ ᠶᠢᠨ ᠲᠥᠪ ᠤᠨ

ᠡᠷᠬᠢᠯᠡᠭᠴᠢ ᠰᠢᠶᠠ ᠬᠤᠩ ᠨᠠᠷ ᠲᠣᠰ ᠲᠣᠰ ᠤᠬᠠᠭᠤᠯᠤᠨ ᠮᠡᠳᠡᠭᠡᠯᠡᠬᠦ ᠬᠠᠷᠠᠭᠠᠰᠤ ᠪᠠ ᠠᠭᠤᠯᠭ᠎ᠠ᠂ ︽ᠲᠠᠯ᠎ᠠ

ᠨᠤᠲᠤᠭ ᠤᠨ ᠡᠭᠦᠯᠡ︾ ᠬᠠᠮ ᠵᠢᠭᠤᠴᠢᠯᠠᠭᠤᠷ ᠤᠨ ᠲᠠᠪᠴᠠᠩ ᠤᠨ ᠪᠠᠶᠢᠭᠤᠯᠤᠯᠲᠠ᠂ ᠣᠶᠢᠷ᠎ᠠ ᠶᠢᠨ  ᠵᠢᠯ ᠤᠨ

ᠤᠰᠤᠨ ᠠᠰᠢᠭᠯᠠᠯᠲᠠ ᠶᠢᠨ ᠤᠬᠠᠭᠤᠯᠤᠨ ᠮᠡᠳᠡᠭᠡᠯᠡᠬᠦ ᠵᠡᠷᠭᠡ ᠠᠭᠤᠯᠭ᠎ᠠ ᠶᠢᠨ ᠲᠣᠭᠤᠷᠢᠨ ᠳᠤ ᠲᠠᠨᠢᠯᠴᠠᠭᠤᠯᠭ᠎ᠠ ᠬᠢᠪᠠ᠃

ᠬᠤᠶᠠᠷ ᠲᠠᠯ᠎ᠠ ᠪᠠᠷ ᠢᠶᠠᠨ ᠪᠠᠰᠠ ᠬᠤᠯᠪᠣᠭᠳᠠᠯ ᠪᠦᠬᠦᠢ ᠠᠵᠢᠯ ᠤᠨ ᠲᠤᠬᠠᠢ ᠭᠦᠨᠵᠡᠭᠡᠢ ᠰᠤᠳᠤᠯᠤᠨ ᠶᠠᠷᠢᠯᠴᠠᠪᠠ᠃

     ᠰᠦᠨ ᠶᠠ ᠾᠦᠢ ᠵᠢᠭᠠᠵᠤ ᠭᠠᠷᠭᠠᠭᠰᠠᠨ ᠨᠢ᠂  ᠥᠪᠡᠷᠲᠡᠭᠡᠨ ᠵᠠᠰᠠᠬᠤ ᠣᠷᠣᠨ ᠤ ᠤᠰᠤᠨ

ᠠᠰᠢᠭᠯᠠᠯᠲᠠ ᠶᠢᠨ ᠲᠢᠩᠬᠢᠮ ᠳᠤ  ᠲᠤᠰᠬᠠᠶᠢᠯᠠᠨ ᠢᠷᠡᠵᠦ ᠶᠠᠷᠢᠯᠴᠠᠬᠤ ᠬᠤᠷᠠᠯ ᠬᠢᠵᠦ ᠪᠠᠶᠢᠭ᠎ᠠ ᠨᠢ᠂ ᠨᠢᠭᠡ ᠲᠠᠯ᠎ᠠ ᠪᠠᠷ

ᠰᠣᠨᠢᠨ ᠤ ᠬᠤᠷᠢᠶᠠᠨ ᠤ ᠠᠵᠢᠯ ᠤᠨ ᠲᠤᠬᠠᠶ ᠰᠠᠨᠠᠯ ᠰᠠᠨᠠᠭᠤᠯᠭ᠎ᠠ ᠶᠢ ᠢᠳᠡᠪᠬᠢᠲᠡᠢ ᠰᠣᠨᠣᠰᠴᠤ᠂ ᠨᠥᠭᠦᠭᠡ ᠲᠠᠯ᠎ᠠ ᠪᠠᠷ

ᠠᠵᠢᠯ ᠤᠨ ᠵᠣᠯᠭᠠᠯᠴᠠᠭ᠎ᠠ ᠶᠢ ᠴᠢᠩᠭᠠᠳᠬᠠᠨ᠂ ᠤᠰᠤᠨ ᠠᠰᠢᠭᠯᠠᠯᠲᠠ ᠶᠢᠨ ᠭᠤᠤᠯᠳᠠᠯᠭ᠎ᠠ ᠲᠠᠢ ᠠᠵᠢᠯ ᠤᠨ

ᠤᠬᠠᠭᠤᠯᠭ᠎ᠠ ᠶᠢᠨ ᠴᠢᠭᠯᠡᠯ ᠢ ᠲᠣᠳᠣᠷᠬᠠᠶᠢᠯᠠᠬᠤ ᠶᠢᠨ ᠬᠠᠮᠲᠤ᠂ ︽ᠲᠠᠯ᠎ᠠ ᠨᠤᠲᠤᠭ ᠤᠨ ᠡᠭᠦᠯᠡ︾  ᠬᠠᠮ

ᠵᠢᠭᠤᠴᠢᠯᠠᠭᠤᠷ ᠤᠨ ᠲᠠᠪᠴᠠᠩ ᠤᠨ ᠪᠠᠶᠢᠭᠤᠯᠤᠯᠲᠠ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠠᠭᠤᠯᠭ᠎ᠠ ᠶᠢᠨ

ᠦᠢᠯᠡᠳᠪᠦᠷᠢᠯᠡᠯ᠂ ᠰᠢᠨ᠎ᠡ ᠵᠢᠭᠤᠴᠢᠯᠠᠭᠤᠷ ᠢ ᠤᠯᠠᠮᠵᠢᠯᠠᠨ ᠲᠠᠷᠬᠠᠭᠠᠬᠤ ᠵᠡᠷᠭᠡ ᠠᠵᠢᠯ ᠢ ᠵᠣᠯᠭᠠᠭᠤᠯᠬᠤ  ᠶᠢᠨ

ᠲᠦᠯᠦᠭᠡ ᠶᠤᠮ᠃ ᠤᠢᠢᠷ᠎ᠠ ᠶᠢᠨ ᠵᠢᠯ   ᠳᠤ᠂ ᠥᠪᠥᠷ ᠮᠣᠩᠭᠤᠯ ᠤᠨ ᠡᠳᠦᠷ ᠤᠨ ᠰᠣᠨᠢᠨ ᠪᠣᠯᠤᠨ ᠥᠪᠡᠷᠲᠡᠭᠡᠨ

ᠵᠠᠰᠠᠬᠤ ᠣᠷᠣᠨ ᠤ  ᠤᠰᠤᠨ ᠠᠰᠢᠭᠯᠠᠯᠲᠠ ᠶᠢᠨ ᠲᠢᠩᠬᠢᠮ ᠨᠢ ᠪᠦᠬᠦ ᠣᠷᠣᠨ ᠤ ᠤᠰᠤᠨ ᠠᠰᠢᠭᠯᠠᠯᠲᠠ ᠶᠢᠨ

ᠤᠬᠠᠭᠤᠯᠭ᠎ᠠ ᠶᠢᠨ ᠠᠵᠢᠯ ᠤᠨ ᠲᠣᠭᠤᠷᠢᠨ‌‍ᠳᠤ ᠮᠠᠰᠢ ᠰᠠᠶᠢᠨ ᠬᠠᠮᠲᠤᠷᠠᠯᠴᠠᠭᠠᠨ ᠤ ᠰᠠᠭᠤᠷᠢ ᠲᠠᠢ ᠶᠤᠮ᠃ ᠬᠤᠶᠢᠰᠢᠳᠠ

ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠨᠢ ᠲᠠᠪᠴᠠᠩ ᠪᠠ ᠡᠬᠢ ᠪᠠᠶᠠᠯᠢᠭ ᠵᠡᠷᠭᠡ ᠳᠠᠪᠠᠭᠤᠯᠢᠭ ᠢᠶᠠᠨ

ᠤᠯᠠᠮ ᠨᠢᠭᠡ ᠠᠯᠬᠤᠮ ᠪᠠᠳᠠᠷᠠᠭᠤᠯᠵᠤ᠂ ᠪᠥᠬᠦ ᠣᠷᠣᠨ ᠤ ᠤᠰᠤᠨ ᠠᠰᠢᠭᠯᠠᠯᠲᠠ ᠶᠢᠨ ᠠᠵᠢᠯ ᠤᠨ ᠨᠥᠯᠥᠭᠡᠯᠡᠬᠦ

ᠬᠦᠴᠦᠨ ᠢ ᠥᠷᠭᠡᠳᠬᠡᠬᠦ ᠳᠤ ᠳᠡᠮᠵᠢᠯᠭᠡ ᠬᠠᠩᠭᠠᠨ᠎ᠠ᠃ ᠰᠦᠨ ᠶᠠ ᠾᠦᠢ ᠪᠠᠰᠠ ᠬᠤᠷᠠᠯ ᠳᠡᠭᠡᠷ᠎ᠡ ᠳᠤᠷᠠᠳᠤᠭᠰᠠᠨ

ᠰᠠᠨᠠᠯ ᠰᠠᠨᠠᠭᠤᠯᠭ᠎ᠠ ᠳᠤ ᠲᠤᠰ ᠲᠤᠰ ᠬᠠᠷᠢᠭᠤᠯᠲᠠ ᠥᠭᠪᠡ᠃

     ᠵᠤᠤ ᠵᠦᠩ ᠦ᠋ ᠴᠢᠬᠤᠯᠠᠴᠢᠯᠠᠭᠰᠠᠨ ᠨᠢ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ

ᠨᠢ‌ᠥᠪᠡᠷᠲᠡᠭᠡᠨ ᠵᠠᠰᠠᠬᠤ ᠣᠷᠣᠨ ᠤ ᠤᠰᠤᠨ  ᠠᠰᠢᠭᠯᠠᠯᠲᠠ ᠶᠢᠨ ᠲᠢᠩᠬᠢᠮ ᠳᠤ ᠢᠷᠡᠵᠦ ᠶᠠᠷᠢᠯᠴᠠᠬᠤ ᠬᠤᠷᠠᠯ ᠬᠢᠵᠦ

ᠪᠠᠶᠢᠭ᠎ᠠ‌ᠨᠢ ᠤᠰᠤᠨ ᠠᠰᠢᠭᠯᠠᠯᠲᠠ ᠶᠢᠨ ᠤᠬᠠᠭᠤᠯᠭ᠎ᠠ ᠶᠢᠨ ᠠᠵᠢᠯ  ᠢ ᠴᠢᠩᠭᠠᠳᠬᠠᠨ ᠰᠠᠶᠢᠵᠢᠷᠠᠭᠤᠯᠬᠤ ᠴᠢᠬᠤᠯᠠ

ᠶᠡᠭᠡ ᠠᠵᠠ ᠲᠣᠬᠢᠶᠠᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢ

ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠥᠪᠥᠷ

ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠦᠨᠡᠨᠬᠦ  

ᠴᠢᠩᠭᠠᠳᠬᠠᠵᠤ᠂ ᠭᠤᠤᠯᠳᠠᠯᠭ᠎ᠠ ᠲᠠᠢ ᠴᠢᠭᠯᠡᠯ ᠪᠠ ᠭᠤᠤᠯᠳᠠᠯᠭ᠎ᠠ ᠲᠠᠢ ᠠᠵᠢᠯ ᠵᠶ᠋ᠠᠨ‌ᠤᠯᠠᠮ ᠨᠢᠭᠡ ᠠᠯᠬᠤᠮ

ᠲᠣᠳᠣᠷᠬᠠᠶᠢᠯᠠᠶᠢᠨ᠎ᠠ︔ ᠬᠤᠷᠠᠯ ᠳᠤ ᠪᠦᠷᠢᠯᠳᠦᠭᠰᠡᠨ ᠬᠠᠮᠲᠤ ᠶᠢᠨ ᠲᠠᠨᠢᠯᠲᠠ ᠶᠢ ᠡᠯ᠎ᠡ ᠵᠦᠢᠯ ᠤᠨ ᠪᠣᠳᠠᠲᠠᠶ

ᠠᠵᠢᠯ ᠤᠨ  ᠳᠤᠮᠳᠠ ᠬᠢᠨᠠᠮᠠᠭᠠᠶ ᠨᠠᠶᠢᠳᠠᠪᠤᠷᠢᠵᠢᠭᠤᠯᠵᠤ᠂ ᠢᠯᠠᠩᠭᠤᠶ᠎ᠠ‌ᠠᠵᠢᠯ ᠦᠢᠯᠡᠰ ᠤᠨ ᠨᠢᠭᠡᠴᠡ ᠶᠢᠨ

ᠥᠭᠡᠷᠡᠴᠢᠯᠡᠯᠲᠡ ᠲᠠᠢ ᠤᠶᠠᠯᠳᠤᠭᠤᠯᠤᠨ᠂ ᠡᠩᠨᠡᠭᠡ ᠪᠠᠨ  ᠬᠦᠴᠦᠷᠬᠡᠭᠵᠢᠬᠦᠯᠵᠦ᠂ ᠬᠤᠯᠪᠣᠭᠳᠠᠯ ᠪᠦᠬᠦᠢ ᠠᠵᠢᠯ ᠤᠨ

ᠨᠠᠶᠢᠳᠠᠪᠤᠷᠢᠵᠢᠭᠤᠯᠤᠯᠲᠠ ᠶᠢ ᠰᠠᠶᠢᠲᠤᠷ  ᠠᠳᠬᠤᠨ᠎ᠠ᠃ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ   ᠨᠢ

ᠪᠥᠬᠦ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢ ᠨᠠᠩ ᠠᠩᠬᠠᠷᠴᠤ᠂ ᠪᠥᠬᠦ ᠣᠷᠣᠨ ᠤ

ᠤᠰᠤᠨ ᠠᠰᠢᠭᠯᠠᠯᠲᠠ ᠶᠢᠨ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠶᠡᠬᠡᠪᠡᠷ ᠳᠡᠮᠵᠢᠬᠦ ᠶᠢ ᠬᠦᠰᠡᠵᠦ ᠪᠠᠶᠢᠨ᠎ᠠ᠃

     ᠲᠢᠩᠬᠢᠮ ᠤᠨ ᠠᠯᠪᠠᠨ ᠭᠡᠷ᠂ ᠠᠵᠢᠯᠲᠠᠨ ᠤ ᠶᠠᠪᠤᠳᠠᠯ ᠤᠨ ᠭᠠᠵᠠᠷ᠂ ᠡᠳ᠋ ᠮᠥᠩᠭᠦ ᠪᠣᠳᠣᠬᠤ ᠭᠠᠵᠠᠷ᠂

ᠪᠦᠲᠦᠭᠡᠨ ᠪᠠᠶᠢᠭᠤᠯᠤᠯᠲᠠ ᠶᠢᠨ ᠭᠠᠵᠠᠷ᠂ ᠤᠰᠤᠨ ᠬᠠᠮᠠᠭᠠᠯᠠᠯᠲᠠ ᠶᠢᠨ ᠭᠠᠵᠠᠷ᠂ ᠲᠠᠷᠢᠶᠠᠯᠠᠩ ᠮᠠᠯ ᠠᠵᠤ ᠠᠬᠤᠢ ᠶᠢᠨ

ᠭᠠᠵᠠᠷ᠂ ᠤᠰᠤᠨ ᠤ ᠡᠬᠢ ᠪᠠᠶᠠᠯᠢᠭ ᠤᠨ ᠭᠠᠵᠠᠷ᠂ ᠲᠡᠭᠡᠭᠡᠪᠦᠷᠢ ᠶᠢᠨ ᠬᠠᠮᠢᠶᠠᠷᠤᠯᠲᠠ ᠶᠢᠨ ᠭᠠᠵᠠᠷ᠂ ᠤᠰᠤᠨ ᠤ

ᠶᠠᠪᠤᠳᠠᠯ ᠤᠨ ᠭᠠᠵᠠᠷ᠂ ᠭᠤᠤᠯ ᠮᠥᠷᠡᠨ ᠨᠠᠭᠤᠷ ᠴᠥᠭᠦᠷᠥᠮ ᠤᠨ ᠭᠠᠵᠠᠷ ᠪᠠ ᠤᠰᠤᠨ ᠠᠰᠢᠭᠯᠠᠯᠲᠠ ᠶᠢᠨ ᠵᠠᠰᠠᠭ ᠤᠨ

ᠶᠠᠪᠤᠳᠠᠯ ᠤᠨ  ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃  

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号