ᠤᠰᠤᠨ ᠠᠰᠢᠭᠯᠠᠯᠲᠠ ᠶᠢᠨ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠤᠭᠤᠶᠢᠯᠠᠩ ᠤᠨ ᠨᠠᠮ ᠤᠨ ᠡᠭᠦᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠲᠦᠷᠦᠭᠦᠯᠡᠨ ᠵᠤᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2020/12/24
      ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ ᠎ᠠ ᠶᠢ ᠭᠦᠨᠵᠡᠭᠡᠶ ᠰᠤᠷᠤᠯᠴᠠᠨ ᠤᠬᠠᠭᠤᠯᠬᠤ ᠶᠢᠨ ᠲᠥᠯᠥᠭᠡ᠂ 12 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠤᠰᠤᠨ ᠠᠰᠢᠭᠯᠠᠯᠲᠠ ᠶᠢᠨ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠨᠠᠮ ᠤᠨ ᠡᠭᠦᠷ᠂ ᠤᠰᠤᠨ ᠠᠰᠢᠭᠯᠠᠯᠲᠠ  ᠶᠢᠨ ᠲᠢᠩᠬᠢᠮ ᠤᠨ ᠤᠰᠤᠨ ᠤ ᠬᠠᠮᠠᠭᠠᠯᠠᠯᠲᠠ ᠶᠢᠨ ᠭᠠᠵᠠᠷ ᠤᠨ ᠨᠠᠮ ᠤᠨ ᠡᠭᠦᠷ᠂ ᠥᠪᠡᠷᠲᠡᠭᠡᠨ ᠵᠠᠰᠠᠬᠤ ᠣᠷᠣᠨ ᠤ ᠬᠥᠷᠥᠰᠥ ᠰᠢᠷᠣᠶ ᠶᠢ ᠬᠠᠮᠠᠭᠠᠯᠠᠬᠤ ᠠᠵᠢᠯ ᠤᠨ ᠥᠷᠲᠡᠭᠡᠨ ᠤ ᠨᠠᠮ ᠤᠨ ᠡᠭᠦᠷ   ᠨᠢ ᠪᠥᠬᠦ ᠨᠠᠮ ᠤᠨ ᠭᠡᠰᠢᠭᠦᠳ ᠢᠶᠠᠨ ᠵᠣᠬᠢᠶᠠᠨ  ᠪᠠᠶᠢᠭᠤᠯᠵᠤ᠂ ᠰᠠᠶᠢᠬᠠᠨ ᠲᠣᠭᠤᠷᠢᠭ ᠤᠨ ᠢᠦᠶ ᠯᠢᠨ ᠪᠠᠯᠭᠠᠰᠤᠨ ᠳᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠬᠠᠮᠲᠤᠷᠠᠨ ᠥᠷᠨᠢᠭᠦᠯᠵᠦ᠂ ᠤᠰᠤᠨ ᠬᠠᠮᠠᠭᠠᠯᠠᠯᠲᠠ ᠶᠢᠨ ᠭᠠᠵᠠᠷ ᠤᠨ ᠬᠠᠷᠢᠭᠤᠴᠠᠯᠭᠠᠲᠠᠨ ᠤᠷᠢᠯᠭ᠎ᠠ ᠪᠠᠷ ᠠᠵᠢᠯᠯᠠᠭ᠎ᠠ ᠳᠤ ᠣᠷᠣᠯᠴᠠᠪᠠ᠃

     ᠣᠯᠠᠨ ᠢᠶᠠᠷ ᠢᠶᠠᠨ ᠰᠠᠶᠢᠬᠠᠨ ᠲᠣᠭᠤᠷᠢᠭ ᠤᠨ ᠮᠠ ᠴᠢ ᠱᠠᠨ ᠠᠭᠤᠯᠠᠨ ᠤ ᠠᠮᠢ ᠠᠬᠤᠢ ᠶᠢᠨ ᠠᠷᠢᠭᠤᠨ ᠴᠡᠪᠡᠷ

ᠵᠢᠵᠢᠭ ᠰᠠᠪᠠ ᠭᠠᠵᠠᠷ  ᠲᠤ ᠭᠦᠨᠵᠡᠭᠡᠶᠢᠷᠡᠵᠦ᠂ ᠬᠥᠷᠥᠰᠥ ᠰᠢᠷᠣᠶ ᠶᠢ ᠬᠠᠮᠠᠭᠠᠯᠠᠵᠤ ᠪᠠᠶᠢᠭ᠎ᠠ‌ᠡᠯ᠎ᠡ  ᠵᠦᠢᠯ ᠤᠨ ᠠᠷᠭ᠎ᠠ

ᠬᠡᠮᠵᠢᠶ᠎ᠡ ᠶᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ ᠶᠢᠨ ᠬᠠᠮᠲᠤ᠂ ᠲᠤᠬᠠᠶ ᠶᠢᠨ ᠭᠠᠵᠠᠷ ᠤᠨ

ᠬᠠᠷᠢᠭᠤᠴᠠᠯᠭᠠᠲᠠᠨ ᠤ ᠪᠠᠷᠢᠯᠭ᠎ᠠ ᠶᠢᠨ ᠲᠥᠷᠥᠯ  ᠵᠦᠢᠯ  ‍ᠤᠨ‌‍ᠬᠡᠷᠡᠭᠵᠢᠬᠦᠯᠦᠯᠲᠡ᠂ ᠡᠯ᠎ᠡ ᠵᠦᠢᠯ ᠤᠨ ᠤᠰᠤᠨ ᠤ

ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢᠨ ᠪᠠᠶᠢᠷᠢᠯᠠᠭᠤᠯᠤᠯᠲᠠ ᠵᠢᠴᠢ ᠪᠣᠶ ᠪᠣᠯᠤᠭᠰᠠᠨ ᠦᠷ᠎ᠡ ᠠᠰᠢᠭ ᠵᠡᠷᠭᠡ ᠶᠢᠨ

ᠲᠤᠬᠠᠶ ᠨᠠᠷᠢᠨ ᠲᠠᠨᠢᠯᠴᠠᠭᠤᠯᠭ᠎ᠠ ᠶᠢ ᠰᠣᠨᠣᠰᠪᠠ᠃

     ᠢᠦᠶ ᠯᠢᠨ ᠪᠠᠯᠭᠠᠰᠤᠨ ᠤ ᠤᠰᠤ ᠬᠠᠩᠭᠠᠬᠤ ᠬᠠᠮᠢᠶᠠᠷᠤᠯᠲᠠ ᠶᠢᠨ ᠥᠷᠲᠡᠭᠡᠨ ᠤ ᠬᠤᠷᠠᠯ ᠤᠨ ᠭᠡᠷ ᠲᠤ᠂

ᠤᠰᠤᠨ ᠠᠰᠢᠭᠯᠠᠯᠲᠠ ᠶᠢᠨ ᠲᠢᠩᠭᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ

ᠳᠤᠭᠤᠶᠢᠯᠠᠩ ᠤᠨ ᠲᠠᠷᠤᠭ᠎ᠠ ᠹᠠᠨ ᠵᠦᠩ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ

ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢᠨ ᠲᠣᠭᠤᠷᠢᠨ ᠳᠤ ︽ᠦᠵᠡᠯ ᠰᠠᠨᠠᠭᠠᠨ ᠤ ᠪᠠᠶᠢᠭᠤᠯᠤᠯᠲᠠ

ᠪᠣᠯᠤᠨ  ᠰᠤᠷᠲᠠᠯ ᠤᠨ ᠪᠠᠶᠢᠭᠤᠯᠤᠯᠲᠠ︾ ᠬᠤᠶᠠᠷ ᠲᠠᠯ᠎ᠠ ᠠᠴᠠ ᠣᠴᠢᠵᠤ᠂ ᠤᠰᠤᠨ ᠤ ᠬᠠᠮᠠᠭᠠᠯᠠᠯᠲᠠ ᠶᠢᠨ ᠠᠵᠢᠯ

ᠲᠥᠷᠥᠯ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠪᠦᠬᠦ ᠨᠠᠮ ᠤᠨ ᠭᠡᠰᠢᠭᠦᠳ ᠲᠤ ᠠᠮᠢᠳᠤᠯᠢᠭ

ᠨᠠᠮ ᠤᠨ ᠬᠢᠴᠢᠶᠡᠯ  ᠣᠷᠣᠭᠰᠠᠨ ᠪᠠᠶᠢᠨ᠎ᠠ᠃ ᠨᠠᠮ ᠤᠨ ᠬᠢᠴᠢᠶᠡᠯ ᠨᠢ ᠦᠵᠡᠯ ᠰᠠᠨᠠᠭ᠎ᠠ ᠢᠲᠡᠭᠡᠯ ᠵᠣᠷᠢᠭ ᠢᠶᠠᠨ

ᠪᠠᠲᠤᠳᠬᠠᠬᠤ ᠪᠠᠷ ᠭᠤᠣᠯ ᠴᠣᠭᠴᠠ ᠪᠣᠯᠭᠠᠵᠤ᠂ ᠡᠰᠡᠷᠭᠦ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠲᠠᠢ

ᠤᠶᠠᠯᠳᠤᠭᠤᠯᠤᠨ᠂ ᠦᠵᠡᠯ ᠰᠠᠨᠠᠭ᠎ᠠ ᠪᠣᠯᠤᠨ ᠣᠪᠣᠷ ᠰᠤᠷᠲᠠᠯ ᠬᠤᠶᠠᠷ ᠲᠠᠯ᠎ᠠ ᠠᠴᠠ ᠡᠭᠦᠰᠴᠦ᠂ ᠪᠦᠬᠦ ᠨᠠᠮ ᠤᠨ

ᠭᠡᠰᠢᠭᠦᠳ ᠲᠤ ᠢᠲᠡᠭᠡᠯ ᠲᠡᠭᠦᠯᠳᠡᠷ  ᠪᠠᠶᠢᠬᠤ ᠬᠡᠷᠡᠭᠲᠡᠶ  ᠮᠦᠷᠳᠡᠭᠡᠨ  ᠰᠡᠷᠡᠮᠵᠢ ᠶᠢᠨ  ᠤᠬᠠᠮᠰᠠᠷ ᠢᠶᠠᠨ

ᠴᠢᠩᠭᠠᠳᠬᠠᠬᠤ ᠬᠡᠷᠡᠭᠳᠡᠢ᠂ ᠵᠢᠳᠬᠦᠯ ᠴᠢᠷᠮᠠᠶᠢᠯᠭ᠎ᠠ ᠲᠠᠢ ᠪᠠᠶᠢᠬᠤ ᠮᠥᠷᠲᠡᠭᠡᠨ ᠲᠠᠷᠢᠬᠢ ᠲᠣᠯᠣᠭᠠᠶ ᠪᠠᠨ ᠰᠡᠷᠭᠡᠭ

ᠪᠠᠶᠢᠯᠭᠠᠬᠤ ᠬᠡᠷᠡᠭᠲᠡᠶ ᠭᠡᠵᠦ ᠰᠡᠷᠡᠮᠵᠢᠯᠡᠬᠦᠯᠪᠡ᠃ ᠨᠠᠮ ᠤᠨ ᠭᠡᠰᠢᠭᠦᠨ ᠺᠠᠳ᠋ᠷᠴᠤᠳ ᠠᠷᠢᠭᠤᠨ ᠴᠢᠬᠡᠴᠢ ᠤᠭ

ᠴᠢᠨᠠᠷ ᠢᠶᠠᠨ ᠡᠭᠦᠷᠢᠳᠡ ᠬᠠᠳᠠᠭᠠᠯᠠᠵᠤ᠂ ᠭᠠᠷ ᠲᠠᠬᠢ ᠡᠷᠬᠡ ᠪᠠᠨ ᠡᠭᠦᠷᠢᠳᠡ ᠪᠢᠰᠢᠷᠡᠨ ᠬᠦᠨᠳᠦᠳᠬᠡᠬᠦ ᠬᠡᠷᠡᠭᠲᠡᠢ᠃

     ᠹᠠᠨ ᠵᠦᠩ ᠵᠢᠭᠠᠵᠤ ᠭᠠᠷᠭᠠᠭᠰᠠᠨ ᠨᠢ᠂ ᠪᠢᠳᠠ ᠢᠲᠡᠭᠡᠯ ᠪᠢᠰᠢᠷᠡᠯ ᠢᠶᠠᠨ ᠪᠠᠲᠤᠳᠬᠠᠵᠤ᠂ ᠡᠭᠦᠷᠭᠡ

ᠬᠠᠷᠢᠭᠤᠴᠠᠯᠭ᠎ᠠ ᠡᠭᠦᠷᠭᠡᠯᠡᠬᠦ ᠴᠢᠳᠠᠪᠤᠷᠢ  ᠪᠠᠨ ᠳᠠᠰᠤᠷᠠᠯᠳᠠ ᠦᠬᠡᠢ ᠳᠡᠭᠡᠭᠰᠢᠯᠡᠭᠦᠯᠵᠦ᠂ ︽ᠲᠦᠷᠪᠡᠨ ᠤᠬᠠᠮᠰᠠᠷ︾

 ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠳᠣᠳᠬᠠᠨ᠂ ︽ᠬᠤᠶᠠᠷ ᠢ  ᠬᠦᠷᠢᠶᠡᠯᠡᠬᠦ︾ ᠶᠢ

ᠪᠡᠶᠡᠯᠡᠭᠦᠯᠵᠦ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠯᠤᠭ᠎ᠠ ᠠᠯᠬᠤᠮ ᠨᠢᠭᠡᠲᠡᠢ

ᠤᠷᠤᠭᠰᠢᠯᠠᠬᠤ ᠶᠢ ᠪᠠᠲᠤᠯᠠᠬᠤ ᠬᠡᠷᠡᠭᠲᠡᠢ᠃  ᠲᠡᠷᠡ ᠱᠠᠭᠠᠷᠳᠠᠭᠰᠠᠨ ᠨᠢ᠂ ᠪᠢᠳᠡ ᠨᠠᠮ ᠤᠨ ᠠᠷᠪᠠ ᠶᠢᠰᠦᠳᠦᠭᠡᠷ

ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ

ᠰᠤᠷᠤᠯᠴᠠᠨ ᠨᠡᠪᠲᠡᠷᠬᠡᠢ‌ᠣᠶᠢᠯᠠᠭᠠᠵᠤ᠂ ᠵᠣᠷᠢᠭ ᠰᠠᠨᠠᠭ᠎ᠠ ᠵᠢ‌ᠠᠵᠢᠯ ᠤᠨ ᠦᠢᠯᠡᠳᠦᠯᠭᠡ ᠳᠤ  ᠪᠠᠨ ᠠᠭᠤᠰᠬᠠᠵᠤ᠂

ᠬᠥᠷᠥᠰᠥ ᠰᠢᠷᠣᠶ ᠶᠢ ᠬᠠᠮᠠᠭᠠᠯᠠᠬᠤ ᠠᠵᠢᠯ ᠢ ᠨᠠᠰᠤᠨ ᠲᠤᠷᠰᠢᠳᠠ ᠶᠢᠨ ᠦᠢᠯᠡᠰ ᠪᠣᠯᠭᠠᠨ ᠬᠢᠬᠦ ᠬᠡᠷᠡᠭᠲᠡᠢ︔ ᠡᠷᠡᠰ

ᠪᠠᠲᠤ ᠬᠦᠰᠡᠯᠡᠩ ᠢᠲᠡᠭᠡᠯ  ᠢ ᠪᠤᠢ ᠪᠣᠯᠭᠠᠵᠤ᠂ ᠵᠣᠷᠢᠭᠲᠠᠢ ᠪᠠᠷ ᠲᠦᠷᠦᠬᠦᠯᠦᠨ ᠡᠭᠦᠷᠭᠡᠯᠡᠬᠦ ᠦᠢᠯᠡᠰ ᠪᠤᠰᠬᠠᠬᠤ

ᠵᠣᠷᠢᠭ ᠰᠠᠨᠠᠭ᠎ᠠ ᠪᠠᠷ ᠮᠠᠨ ᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠲᠤ ᠨᠡᠩ ᠰᠠᠶᠢᠲᠤᠷ ᠦᠢᠯᠡᠴᠢᠯᠡᠬᠦ

ᠬᠡᠷᠡᠭᠲᠡᠢ᠃

     ︵ᠡᠬᠡ ᠪᠢᠴᠢᠭ ᠢ ᠬᠥᠷᠥᠰᠥ ᠰᠢᠷᠣᠶ ᠶᠢ ᠬᠠᠮᠠᠭᠠᠯᠠᠬᠤ ᠠᠵᠢᠯ ᠤᠨ ᠥᠷᠲᠡᠭᠡ  ᠬᠠᠩᠭᠠᠪᠠ︶

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号