ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠡᠳ᠋ ᠳᠠᠷᠤᠭ᠎ᠠ ᠵᠣᠣ ᠵᠥᠩ ᠦ᠋ ᠲᠤᠭᠤᠶᠢᠯᠠᠩ ᠲᠠᠭᠠᠭᠤᠯᠤᠨ ᠬᠥᠬᠡᠬᠤᠲᠠ ᠪᠤᠭᠤᠲᠤ ᠣᠷᠳᠣᠰ ᠭᠤᠷᠪᠠᠨ ᠭᠠᠵᠠᠷ ᠤᠨ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2020/12/24
      ᠬᠠᠳᠤᠨ ᠭᠤᠣᠯ ᠢ ᠪᠢᠲᠡᠭᠦᠮᠵᠢᠯᠡᠭᠰᠡᠨ ᠬᠤᠭᠤᠴᠠᠭᠠᠨ ᠳᠠᠬᠢ ᠰᠦᠩ ᠬᠠᠯᠢᠶ᠎ᠠ ᠶᠢ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠥᠯᠥᠭᠡ᠂ 12 ᠳ᠋ᠤᠭᠠᠷ ᠰᠠᠷ᠎ᠠ ᠶᠢᠨ 3 ᠤ ᠡᠳᠦᠷ ᠠᠴᠠ 4 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠵᠣᠣ ᠵᠥᠩ ᠦ᠋ ᠶᠢᠨ ᠳᠠᠭᠠᠭᠤᠯᠤᠭᠰᠠᠨ ᠪᠠᠶᠢᠴᠠᠭᠠᠬᠤ ᠳᠤᠭᠤᠶᠢᠯᠠᠩ   ᠨᠢ ᠤᠷᠢᠳ ᠬᠤᠵᠢᠳ ᠬᠥᠬᠡᠬᠤᠲᠠ᠂ ᠣᠷᠳᠣᠰ ᠬᠤᠲᠠ ᠪᠣᠯᠤᠨ ᠪᠤᠭᠤᠲᠤ ᠬᠤᠲᠠ ᠳᠤ ᠬᠦᠷᠴᠦ ᠰᠦᠩ ᠬᠠᠯᠢᠶ᠎ᠠ ᠶᠢ ᠰᠡᠷᠭᠡᠶᠢᠯᠡᠬᠦ ᠠᠵᠢᠯ ᠢ ᠪᠠᠶᠢᠴᠠᠭᠠᠨ ᠵᠢᠯᠣᠭᠤᠳᠴᠤ᠂ ᠡᠯ᠎ᠡ ᠭᠠᠵᠠᠷ ᠤᠨ ᠭᠤᠤᠯ ᠤᠨ ᠬᠡᠰᠡᠭ ᠤᠨ ᠰᠥᠩ  ᠬᠠᠯᠢᠶ᠎ᠠ ᠶᠢᠨ ᠪᠠᠶᠢᠳᠠᠯ ᠪᠣᠯᠤᠨ ᠰᠦᠩ ᠬᠠᠯᠢᠶ᠎ᠠ ᠶᠢ ᠰᠡᠷᠭᠡᠶᠢᠯᠡᠬᠦ  ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ᠂ ᠭᠤᠤᠯᠳᠠᠯᠭ᠎ᠠ ᠲᠠᠢ ᠳᠠᠯᠠᠩ‌ᠬᠠᠰᠢᠯᠭ᠎ᠠ᠂ ᠠᠶᠤᠯᠲᠠᠶ‌ᠢᠨᠵᠧᠨᠧᠷᠢᠩ ᠤᠨ ᠠᠶᠤᠯᠲᠠᠶ ᠬᠡᠰᠡᠭ ᠵᠢᠴᠢ ᠬᠥᠪᠦᠮᠡᠯ ᠬᠥᠭᠦᠷᠭᠡ ᠶᠢ ᠨᠤᠷᠠᠭᠠᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠ᠂ ᠲᠤᠬᠠᠶ ᠶᠢᠨ ᠭᠠᠵᠠᠷ ᠲᠤᠨᠢ ᠬᠤᠯᠪᠣᠭᠳᠠᠯ ᠪᠦᠬᠦᠢ ᠪᠣᠳᠠᠲᠠᠶ ᠠᠵᠢᠯ ᠤᠨ ᠨᠠᠶᠢᠳᠠᠪᠤᠷᠢᠵᠢᠭᠤᠯᠤᠯᠲᠠ ᠶᠢ  ᠱᠠᠯᠠᠪᠳᠠᠨ  ᠭᠦᠢᠴᠡᠳᠬᠡᠬᠦᠯᠪᠡ᠃       ᠲᠣᠭᠲᠠᠬᠤ ᠰᠢᠶᠠᠨ ᠳᠤ᠂ ᠵᠣᠣ ᠵᠥᠩ ᠦ᠋ ᠨᠡᠷ  ᠱᠢ ᠰᠢ ᠹᠧᠨ ᠽᠢ ᠭᠤᠣᠯ ᠤᠷᠤᠰᠬᠠᠯ ᠢ ᠡᠵᠡᠮᠳᠡᠨ ᠵᠢᠯᠣᠭᠤᠳᠬᠤ ᠢᠨᠵᠧᠨᠧᠷᠢᠩ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠣᠰ ᠬᠤᠰᠢᠭᠤᠨ ᠤ ᠵᠠᠰᠠᠭ ᠤᠨ ᠣᠷᠳᠣᠨ ᠪᠣᠯᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠠᠢ ᠰᠠᠨᠠᠯ ᠢᠶᠠᠨ ᠭᠦᠨᠵᠡᠭᠡᠶ ᠰᠣᠯᠢᠯᠴᠠᠪᠠ᠃ ᠲᠡᠷᠡ ᠵᠢᠭᠠᠵᠤ ᠭᠠᠷᠭᠠᠭᠰᠠᠨ ᠨᠢ᠂ ᠤᠰᠤᠨ ᠠᠰᠢᠭᠯᠠᠯᠲᠠ ᠶᠢᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠷᠢᠳ ᠬᠤᠵᠢᠳ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠡᠨᠡ ᠵᠢᠯ ᠤᠨ ᠰᠦᠩ ᠬᠠᠯᠢᠶ᠎ᠠ ᠶᠢ ᠰᠡᠷᠭᠡᠶᠢᠯᠡᠬᠦ ᠠᠵᠢᠯ ᠳᠤ    ᠪᠠᠶᠢᠷᠢᠯᠠᠭᠤᠯᠤᠯᠲᠠ ᠬᠢᠭᠰᠡᠨ ᠪᠠᠶᠢᠨ᠎ᠠ᠂ ᠡᠨᠡ ᠤᠳᠠᠭᠠᠨ ᠤ ᠪᠠᠶᠢᠴᠠᠭᠠᠯᠲᠠ ᠶᠢᠨ ᠭᠤᠤᠯ ᠵᠣᠷᠢᠯᠭ᠎ᠠ ᠪᠣᠯ ᠬᠠᠷᠢᠭᠤᠴᠠᠯᠭ᠎ᠠ ᠶᠢ ᠪᠠᠲᠤᠳᠬᠠᠵᠤ᠂ ᠠᠰᠠᠭᠤᠳᠠᠯ ᠢ ᠢᠯᠡᠷᠡᠬᠦᠯᠬᠦ ᠪᠠ ᠱᠠᠯᠠᠪᠳᠠᠨ ᠨᠠᠶᠢᠳᠠᠪᠤᠷᠢᠵᠢᠭᠤᠯᠬᠤ ᠶᠢᠨ ᠲᠥᠯᠥᠭᠡ ᠶᠤᠮ᠃ ᠡᠯ᠎ᠡ ᠱᠠᠲᠤ ᠨᠢ ᠨᠠᠶᠢᠳᠠᠪᠤᠷᠢᠵᠢᠭᠤᠯᠬᠤ ᠶᠣᠰᠣᠲᠠᠶ ᠬᠠᠷᠢᠭᠤᠴᠠᠯᠭ᠎ᠠ ᠪᠠᠨ  ᠪᠤᠳᠠᠳᠠᠶᠢᠵᠢᠭᠤᠯᠵᠤ᠂ ᠠᠳᠬᠤᠬᠤ ᠶᠣᠰᠣᠲᠠᠶ ᠠᠵᠢᠯ ᠢ ᠰᠠᠶᠢᠲᠤᠷ ᠠᠳᠬᠤᠵᠤ᠂ ᠰᠦᠩ ᠬᠠᠯᠢᠶ᠎ᠠ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢ ᠦᠨᠡᠨᠬᠦ  ᠪᠠᠲᠤᠯᠠᠬᠤ ᠬᠡᠷᠡᠭᠲᠡᠶ᠃ ᠳᠠᠷᠠᠭ᠎ᠠ ᠨᠢ᠂ ᠵᠤᠤ ᠵᠦᠩ ᠦ᠋ ᠨᠡᠷ ᠬᠠᠳᠤᠨ ᠭᠤᠣᠯ ᠤᠨ ᠲᠠᠩ  ᠭᠠᠵᠠᠷ ᠤᠨ ᠡᠮᠦᠨ᠎ᠡ ᠯᠢᠦ ᠯᠢᠨ ᠲᠠᠨ ᠪᠣᠯᠤᠨ  ᠲᠤᠤᠷ᠎ᠠ ᠰᠢᠷ᠎ᠠ ᠨᠠᠭᠤᠷ ᠤᠨ ᠲᠠᠨ ᠬᠤᠶᠠᠷ ᠲᠣᠰᠬᠤᠨ ᠳᠤ ᠬᠦᠷᠴᠦ᠂ ᠲᠠᠩ ᠭᠠᠵᠠᠷ ᠤᠨ ᠳᠣᠲᠣᠷᠠᠬᠢ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠪᠠ ᠰᠦᠩ ᠬᠠᠯᠢᠶ᠎ᠠ ᠶᠢ ᠰᠡᠷᠭᠡᠶᠢᠯᠡᠬᠦ ᠪᠡᠯᠡᠳᠬᠡᠯ ᠤᠨ ᠪᠠᠶᠢᠳᠠᠯ ᠢ ᠨᠠᠷᠢᠨ ᠣᠶᠢᠯᠠᠭᠠᠪᠠ᠃ ᠲᠤᠬᠠᠶ ᠶᠢᠨ ᠭᠠᠵᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ  ᠂ ᠨᠢᠭᠡ ᠺᠠᠳ᠋ᠷ ᠨᠢᠭᠡ ᠡᠷᠦᠬᠡ ᠶᠢ ᠳᠠᠭᠠᠭᠠᠨ ᠬᠤᠯᠪᠣᠭᠠᠯᠠᠬᠤ᠂ ᠪᠠᠴᠢᠮ ᠪᠠᠶᠢᠳᠠᠯ ᠢ ᠠᠷᠭᠠᠴᠠᠬᠤ ᠵᠡᠷᠭᠡ ᠡᠯ ᠎ᠡ  ᠵᠦᠢᠯ ᠤᠨ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ  ᠬᠢᠵᠦ ᠪᠠᠶᠢᠭ᠎ᠠ ᠶᠢ ᠤᠶᠢᠯᠠᠭᠠᠭᠰᠠᠨ ᠤ ᠲᠠᠷᠠᠭ᠎ᠠ᠂ ᠲᠡᠷᠡ ᠵᠢᠭᠠᠵᠤ  ᠭᠠᠷᠭᠠᠭᠰᠠᠨ ᠨᠢ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠪᠠᠲᠤ ᠪᠠᠬᠢ ᠪᠤᠢ  ᠪᠤᠯᠭᠠᠵᠤ᠂ ᠶᠡᠭᠡ ᠲᠠᠯ᠎ᠠ ᠶᠢᠨ ᠤᠬᠠᠮᠰᠠᠷ᠂ ᠲᠦᠭᠰᠢᠭᠦᠷᠢ ᠶᠢᠨ ᠤᠬᠠᠮᠰᠠᠷ᠂ ᠰᠠᠨᠠᠭᠠᠰᠢᠷᠠᠯ ᠤᠨ ᠤᠬᠠᠮᠰᠠᠷ ᠢᠶᠠᠨ  ᠴᠢᠩᠭᠠᠳᠬᠠᠨ᠂ ᠡᠯ᠎ᠡ  ᠵᠦᠢᠯ ᠤᠨ ᠠᠵᠢᠯ ᠵᠶ᠋ᠠᠨ‌ᠦᠷᠭᠦᠯᠵᠢᠯᠡᠨ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ  ᠦᠨᠡᠨᠬᠦ ᠪᠠᠲᠤᠯᠠᠬᠤ ᠬᠡᠷᠡᠭᠳᠡᠢ᠃ ᠡᠭᠦᠨ ᠤ ᠬᠠᠮᠲᠤ ᠲᠤᠬᠠᠢ ᠶᠢᠨ ᠭᠠᠵᠠᠷ ᠤᠨ ᠬᠢᠨ ᠢ ᠲᠠᠩ ᠭᠠᠵᠠᠷ ᠤᠨ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ ᠠᠵᠢᠯ ᠢ ᠡᠷᠲᠡᠬᠡᠨ ᠬᠡᠷᠡᠭᠵᠢᠭᠦᠯᠬᠦ ᠶᠢ ᠬᠦᠰᠡᠪᠡ᠃    

      ᠵᠡᠭᠦᠨᠭᠠᠷ ᠬᠤᠰᠢᠭᠤ᠂ ᠳᠠᠯᠠᠳ ᠬᠤᠰᠢᠭᠤᠨ ᠳᠤ ᠵᠤᠤ ᠵᠦᠩ ᠡᠤ  ᠪᠠᠶᠢᠴᠠᠭᠠᠯᠲᠠ ᠶᠢᠨ ᠳᠤᠭᠤᠶᠢᠯᠠᠩ ᠢ

ᠲᠠᠭᠠᠭᠤᠯᠤᠨ ᠤᠷᠢᠳ ᠬᠤᠵᠢᠳ  ᠱᠢ ᠡᠯ  ᠯᠢᠶᠠᠨ ᠴᠧᠩ ᠰᠢᠶᠠᠩ ᠤᠨ ᠰᠠᠨ ᠱᠢ ᠴᠢᠩ ᠳ᠋ᠢ ᠲᠤᠰᠬᠤᠨ ᠳᠤ

ᠬᠦᠷᠴᠦ  ᠬᠦᠪᠦᠮᠡᠯ ᠬᠥᠭᠦᠷᠭᠡ ᠶᠢ ᠨᠤᠷᠠᠭᠠᠭᠰᠠᠨ ᠪᠠ ᠠᠶᠤᠯᠲᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ

ᠪᠠᠶᠢᠳᠠᠯ ᠢ ᠪᠠᠶᠢᠴᠠᠭᠠᠨ ᠦᠵᠡᠵᠦ᠂ ᠬᠠᠲᠤᠨ ᠭᠤᠤᠯ ᠤᠨ ᠮᠠ ᠽᠢ ᠢ ᠬᠡᠰᠡᠭ ᠤᠨ ᠬᠠᠰᠢᠯᠭ᠎ᠠ ᠨᠡᠪᠲᠡᠯᠬᠦ  ᠭᠤᠯᠳᠤᠩ

 ᠢ ᠪᠥᠭᠯᠡᠭᠰᠡᠨ᠂ ᠵᠤᠤ ᠭᠧ ᠯᠢᠶᠠᠩ ᠤᠨ ᠬᠥᠪᠦᠮᠡᠯ ᠬᠥᠭᠦᠷᠭᠡ ᠶᠢ ᠨᠤᠷᠠᠭᠠᠭᠰᠠᠨ ᠪᠠ ᠯᠢ ᠰᠢᠨ ᠬᠡᠰᠡᠭ ᠤᠨ ᠠᠶᠤᠯᠲᠤ  

ᠢᠨᠵᠧᠨᠧᠷᠢᠩ‌‍ᠢ ᠵᠠᠪᠳᠤᠨ ᠬᠠᠮᠠᠭᠠᠯᠠᠭᠰᠠᠨ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠪᠠ᠃ ᠲᠤᠬᠠᠢ ᠶᠢᠨ

ᠲᠠᠯᠠᠪᠠᠢ ᠪᠠ ᠤᠲᠠᠰᠤ ᠪᠠᠷ ᠠᠵᠢᠯᠯᠠᠵᠤ᠂ ᠬᠦᠪᠦᠮᠡᠯ ᠬᠥᠭᠦᠷᠭᠡ ᠶᠢ ᠲᠤᠶᠢᠯᠪᠤᠷᠢᠳᠠᠢ ᠨᠤᠷᠠᠭᠠᠭᠰᠠᠨ  ᠦᠭᠡᠢ ᠵᠡᠷᠭᠡ

ᠠᠰᠠᠭᠤᠳᠠᠯ ᠢ ᠱᠠᠯᠠᠪᠳᠠᠭᠤᠯᠤᠨ ᠵᠢᠯᠣᠭᠤᠳᠬᠤ ᠶᠢᠨ ᠬᠠᠮᠲᠤ ᠴᠠᠭ ᠲᠤᠬᠠᠢ ᠳᠤᠨᠢ ᠰᠢᠢᠳᠪᠦᠷᠢᠯᠡᠪᠡ᠃ ᠵᠤᠤ ᠵᠦᠩ ᠡᠤ

ᠴᠢᠬᠤᠯᠠᠴᠢᠯᠠᠭᠰᠠᠨ ᠨᠢ᠂ ᠡᠨᠡ ᠵᠢᠯ ᠤᠨ ᠰᠦᠩ ᠬᠠᠯᠢᠶ᠎ᠠ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠨᠢ ᠴᠢᠬᠤᠯᠠ

ᠶᠡᠭᠡ ᠠᠴᠢ ᠬᠤᠯᠪᠣᠭᠳᠠᠯ ᠲᠠᠢ ᠶᠤᠮ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠰᠦᠩ ᠬᠠᠯᠢᠶ᠎ᠠ ᠶᠢ ᠰᠡᠷᠭᠡᠶᠢᠯᠡᠬᠦ

ᠬᠠᠷᠢᠭᠤᠴᠠᠯᠭ᠎ᠠ ᠶᠢ ᠴᠢᠩᠭ᠎ᠠ  ᠨᠠᠶᠢᠳᠠᠪᠤᠷᠢᠵᠢᠭᠤᠯᠵᠤ᠂ ᠴᠠᠭᠳᠠᠨ ᠪᠠᠶᠢᠴᠠᠭᠠᠵᠤ ᠵᠢᠵᠢᠭᠦᠷᠯᠡᠬᠦ᠂ ᠬᠢᠨᠠᠨ ᠬᠡᠮᠵᠢᠵᠦ

ᠤᠷᠢᠳᠴᠢᠯᠠᠨ ᠰᠡᠷᠡᠮᠵᠢᠯᠡᠭᠦᠯᠬᠦ᠂  ᠵᠦᠪᠳᠡᠯᠴᠡᠵᠦ ᠰᠤᠳᠤᠯᠤᠨ ᠮᠠᠭᠠᠳᠯᠠᠬᠤ᠂ ᠵᠢᠯᠣᠭᠤᠳᠤᠨ ᠲᠣᠬᠢᠷᠠᠭᠤᠯᠬᠤ ᠶᠢ

ᠦᠨᠡᠨᠬᠦ ᠴᠢᠩᠭᠠᠳᠬᠠᠵᠤ᠂ ᠭᠤᠤᠯ ᠠᠯᠤᠰᠯᠠᠭᠰᠠᠨ ᠬᠥᠭᠦᠷᠭᠡ᠂ ᠪᠠᠶᠢᠭᠤᠯᠵᠤ  ᠪᠠᠶᠢᠭ᠎ᠠ ᠢᠨᠵᠧᠨᠧᠷᠢᠩ ᠪᠣᠯᠤᠨ ᠵᠠᠮ

ᠬᠠᠷᠢᠯᠴᠠᠭ᠎ᠠ ᠵᠡᠷᠭᠡ ᠠᠮᠤᠷ  ᠲᠦᠪᠰᠢᠨ ᠤ ᠬᠠᠮᠢᠶᠠᠷᠤᠯᠲᠠ ᠶᠢ ᠰᠠᠶᠢᠲᠤᠷ  ᠠᠳᠬᠤᠨ᠂ ᠡᠳ᠋ ᠪᠣᠳᠠᠰ ᠨᠥᠭᠡᠴᠡᠯᠡᠬᠦ ᠪᠠ

ᠠᠶᠤᠯ ᠠᠴᠠ ᠠᠪᠤᠷᠠᠬᠤ ᠪᠡᠯᠡᠳᠬᠡᠯ ᠠᠵᠢᠯ ᠢ ᠰᠠᠶᠢᠲᠤᠷ ᠬᠢᠵᠦ᠂ ᠰᠦᠩ ᠬᠠᠯᠢᠶ᠎ᠠ ᠶᠢ ᠰᠡᠷᠭᠡᠶᠢᠯᠡᠬᠦ ᠳᠤ ᠠᠰᠠᠭᠤᠳᠠᠯ

ᠭᠠᠷᠬᠤ ᠦᠭᠡᠶ᠂ ᠪᠦᠬᠦ ᠲᠠᠯ᠎ᠠ ᠶᠢ ᠰᠠᠮᠠᠭᠤᠷᠠᠭᠤᠯᠬᠤ ᠦᠭᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃

 

      4 ᠤ ᠡᠳᠦᠷ ᠤᠨ ᠦᠳᠡ ᠡᠮᠦᠨ᠎ᠡ᠂ ᠬᠠᠲᠤᠨ ᠭᠤᠤᠯ ᠤᠨ ᠥᠪᠥᠷ ᠮᠣᠩᠭᠤᠯ ᠤᠨ ᠬᠡᠰᠡᠭ ᠤᠨ

ᠪᠤᠭᠤᠳᠤ ᠠᠴᠠ ᠮᠤᠤᠮᠢᠩ ᠬᠦᠷᠬᠦ ᠦᠨᠳᠦᠷ ᠬᠤᠷᠳᠤᠴᠠᠳᠣ ᠵᠠᠰᠠᠮᠠᠯ ᠵᠠᠮ ᠤᠨ ᠲᠡᠭᠡᠳᠦ ᠤᠷᠤᠰᠬᠠᠯ ᠤᠨ 100m ᠳᠤ

ᠠᠩᠬ᠎ᠠ ᠤᠳᠠᠭ᠎ᠠ ᠪᠢᠳᠡᠭᠦᠮᠵᠢᠯᠡᠯᠳᠡ ᠭᠠᠷᠴᠤ᠂ ᠵᠣᠣ ᠵᠦᠩ ᠡᠤ ᠨᠡᠷ  ᠠᠩᠬᠠᠨ ᠤ ᠪᠢᠳᠡᠭᠦᠮᠵᠢᠯᠡᠯᠳᠡ  ᠳᠤ ᠬᠦᠷᠴᠦ᠂

  ᠭᠤᠣᠯ ᠪᠢᠳᠡᠭᠦᠮᠵᠢᠯᠡᠭᠰᠡᠨ ᠪᠠᠶᠢᠳᠠᠯ ᠢ ᠪᠠᠶᠢᠴᠠᠭᠠᠨ ᠦᠵᠡᠵᠦ᠂ ᠬᠠᠲᠤᠨ ᠭᠤᠤᠯ ᠤᠨ ᠤᠰᠤᠨ ᠠᠰᠢᠭᠯᠠᠯᠲᠠ ᠶᠢᠨ

ᠵᠥᠪᠯᠡᠯ ᠤᠨ ᠨᠢᠩᠰᠢᠶᠠ ᠥᠪᠥᠷ ᠮᠣᠩᠭᠤᠯ ᠤᠨ ᠤᠰᠤᠨ ᠵᠦᠶ ᠶᠢᠨ ᠤᠰᠤᠨ ᠤ ᠡᠬᠢ ᠪᠠᠶᠠᠯᠢᠭ ᠤᠨ ᠲᠣᠪᠴᠢᠶ᠎ᠠ᠂

ᠪᠤᠭᠤᠲᠤ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠨᠥᠬᠦᠳ ᠲᠠᠢ ᠬᠠᠮᠲᠤᠷᠠᠨ

ᠤᠰᠤᠨ ᠤ ᠪᠠᠶᠢᠳᠠᠯ᠂ ᠣᠩᠭᠤᠴᠠᠨ ᠤ ᠪᠠᠶᠢᠳᠠᠯ ᠢ ᠵᠠᠳᠠᠯᠤᠨ ᠰᠤᠳᠤᠯᠪᠠ᠃ ᠡᠭᠦᠨ ᠤ ᠬᠠᠮᠲᠤ᠂ ᠪᠤᠭᠤᠳᠤ ᠠᠴᠠ

ᠮᠤᠤᠮᠢᠩ ᠬᠦᠷᠬᠦ ᠦᠨᠳᠦᠷ ᠬᠤᠷᠳᠤᠴᠠᠳᠣ ᠵᠠᠰᠠᠮᠠᠯ ᠵᠠᠮ ᠤᠨ ᠵᠣᠣ ᠵᠢᠶᠦ᠋ᠨ ᠬᠠᠲᠤᠨ ᠭᠤᠤᠯ ᠤᠨ ᠶᠡᠭᠡ

ᠬᠥᠭᠦᠷᠭᠡ ᠶᠢᠨ ᠲᠥᠷᠥᠯ  ᠵᠦᠢᠯ ‍ᠤᠨ‌ᠢᠨᠵᠧᠨᠧᠷᠢᠩ ᠤᠨ ᠬᠥᠭᠦᠷᠭᠡ ᠶᠢᠨ ᠨᠤᠷᠠᠭᠠᠭᠰᠠᠨ ᠪᠠᠶᠢᠳᠠᠯ ᠢ ᠲᠤᠬᠠᠶ ᠶᠢᠨ

ᠭᠠᠵᠠᠷ ᠲᠤᠨᠢ ᠪᠠᠶᠢᠴᠠᠭᠠᠨ ᠦᠵᠡᠪᠡ᠃ ᠳᠠᠷᠠᠭ᠎ᠠ ᠨᠢ᠂ ᠵᠤᠤ ᠵᠦᠩ ᠦ᠋ ᠨᠡᠷ ᠰᠢᠶᠤᠤ ᠪᠠᠢ ᠾᠧ ᠭᠤᠣᠯ ᠤᠨ ᠰᠦᠩ

ᠬᠠᠯᠢᠶ᠎ᠠ ᠶᠢ ᠰᠡᠷᠭᠡᠶᠢᠯᠡᠨ ᠪᠠᠴᠢᠮ ᠪᠠᠶᠢᠳᠠᠯ ᠢ ᠠᠷᠭᠠᠴᠠᠵᠤ ᠦᠶᠡᠷ ᠢ ᠨᠠᠮᠳᠠᠭᠠᠬᠤ ᠲᠣᠭᠤᠷᠢᠭ ᠤᠨ ᠦᠷᠭᠦᠯᠵᠢᠯᠡᠨ

ᠪᠠᠶᠢᠭᠤᠯᠬᠤ ᠢᠨᠵᠧᠨᠧᠷᠢᠩ ᠤᠨ  ᠲᠤᠬᠠᠢ ᠶᠢᠨ ᠭᠠᠵᠠᠷ ᠲᠤ ᠬᠦᠷᠴᠦ᠂ ᠪᠠᠷᠢᠯᠭ᠎ᠠ ᠶᠢᠨ ᠠᠬᠢᠴᠠ ᠵᠢᠴᠢ ᠣᠳᠣᠬᠠᠨ ᠳᠤ

ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠨᠠᠷᠢᠨ ᠣᠶᠢᠯᠠᠭᠠᠪᠠ᠃ ᠲᠡᠷᠡ ᠵᠢᠭᠠᠵᠤ ᠭᠠᠷᠭᠠᠭᠰᠠᠨ ᠨᠢ᠂

ᠥᠪᠡᠷᠲᠡᠭᠡᠨ ᠵᠠᠰᠠᠬᠤ ᠣᠷᠣᠨ ᠠᠴᠠ ᠬᠤᠲᠠ ᠶᠢᠨ ᠱᠠᠲᠤ ᠬᠦᠷᠲᠡᠯ᠎ᠡ ᠪᠦᠷ ᠰᠢᠶᠣᠣ ᠪᠠᠶ ᠾᠧ ᠭᠤᠤᠯ ᠤᠨ ᠰᠦᠩ

ᠬᠠᠯᠢᠶ᠎ᠠ ᠶᠢ ᠰᠡᠷᠭᠡᠶᠢᠯᠡᠨ ᠪᠠᠴᠢᠮ ᠪᠠᠶᠢᠳᠠᠯ ᠢ ᠠᠷᠭᠠᠴᠠᠵᠤ ᠦᠶᠡᠷ ᠢ ᠨᠠᠮᠳᠠᠭᠠᠬᠤ ᠲᠣᠭᠤᠷᠢᠭ ᠢ ᠦᠷᠭᠦᠯᠵᠢᠯᠡᠨ

ᠪᠠᠶᠢᠭᠤᠯᠬᠤ ᠢᠨᠵᠧᠨᠧᠷᠢᠩ  ᠤᠨ ᠪᠦᠲᠦᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂

ᠪᠠᠷᠢᠯᠭ᠎ᠠ ᠶᠢᠨ  ᠬᠤᠭᠤᠴᠠᠭ᠎ᠠ ᠶᠢ ᠵᠠᠪᠳᠤᠨ  ᠠᠳᠬᠤᠵᠤ᠂ ᠢᠨᠵᠧᠨᠧᠷᠢᠩ  ᠤᠨ ᠠᠬᠢᠴᠠ ᠶᠢ  ᠲᠦᠷᠭᠡᠳᠬᠡᠨ᠂

ᠢᠨᠵᠧᠨᠧᠷᠢᠩ ᠢ ᠡᠷᠲᠡᠬᠡᠨ ᠪᠠᠶᠢᠭᠤᠯᠵᠤ ᠳᠠᠭᠤᠰᠬᠠᠬᠤ ᠶᠢ ᠦᠨᠡᠨᠬᠦ  ᠪᠠᠳᠣᠯᠠᠨ᠂ ᠦᠶᠡᠷ ᠢ ᠬᠤᠪᠢᠶᠠᠨ ᠬᠠᠳᠠᠭᠠᠯᠠᠬᠤ  

ᠦᠢᠯᠡᠳᠦᠯ ᠢ ᠪᠠᠳᠠᠷᠠᠭᠤᠯᠬᠤ ᠬᠡᠷᠡᠭᠳᠡᠢ᠃

     ᠰᠦᠩ ᠬᠠᠯᠢᠶ᠎ᠠ ᠶᠢ ᠰᠡᠷᠭᠡᠶᠢᠯᠡᠬᠦ ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ᠂ ᠵᠤᠤ ᠵᠦᠩ ᠦ᠋ ᠨᠡᠷ ᠪᠠᠰᠠ

ᠪᠤᠭᠤᠲᠤ ᠶᠢᠨ ᠤᠰᠤᠨ ᠰᠢᠨᠵᠢᠯᠡᠭᠡᠨ ᠤ ᠲᠣᠪᠴᠢᠶᠠᠨ ᠳᠤ ᠪᠠᠶᠢᠴᠠᠭᠠᠨ ᠰᠤᠳᠤᠯᠤᠯᠲᠠ ᠬᠢᠵᠦ ᠶᠠᠷᠢᠯᠴᠠᠬᠤ ᠬᠤᠷᠠᠯ

ᠡᠷᠬᠢᠯᠡᠨ ᠬᠤᠷᠠᠯᠳᠤᠭᠤᠯᠵᠤ᠂ ᠲᠤᠰ ᠲᠣᠪᠴᠢᠶᠠᠨ ᠤ ᠰᠦᠩ ᠬᠠᠯᠢᠶ᠎ᠠ ᠶᠢ ᠰᠡᠷᠭᠡᠶᠢᠯᠡᠬᠦ  ᠳᠤᠮᠳᠠ ᠭᠤᠣᠯ ᠠᠵᠢᠯ ᠢ

ᠥᠷᠨᠢᠭᠦᠯᠦᠭᠰᠡᠨ ᠪᠠᠶᠢᠳᠠᠯ ᠵᠢᠴᠢ ᠪᠤᠰᠤᠳ ᠭᠤᠣᠯᠳᠠᠯᠭ᠎ᠠ ᠲᠠᠢ ᠠᠵᠢᠯ ᠢ ᠨᠠᠷᠢᠨ ᠣᠶᠢᠯᠠᠭᠠᠪᠠ᠃ ᠠᠵᠢᠯ  

ᠦᠢᠯᠡᠰ ᠤᠨ ᠨᠢᠭᠡᠴᠡ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ᠂ ᠤᠰᠤᠨ ᠰᠢᠨᠵᠢᠯᠡᠭᠡᠨ ᠤ ᠦᠢᠯᠡᠰ ᠤᠨ ᠠᠯᠤᠰ

ᠬᠡᠳᠦ ᠶᠢᠨ ᠬᠥᠭᠵᠢᠯᠲᠡ ᠶᠢᠨ ᠲᠣᠭᠤᠷᠢᠨ ᠳᠤ ᠺᠠᠳ᠋ᠷ ᠠᠵᠢᠯᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂

ᠬᠤᠯᠪᠣᠭᠳᠠᠯ ᠪᠦᠬᠦᠢ ᠰᠠᠨᠠᠯ ᠰᠠᠨᠠᠭᠤᠯᠭ᠎ᠠ ᠶᠢ ᠰᠣᠨᠣᠰᠴᠠᠢ᠃

      ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠰᠡᠷᠭᠡᠶᠢᠯᠡᠯᠲᠡ ᠶᠢᠨ ᠭᠠᠵᠠᠷ᠂

ᠭᠤᠤᠯ ᠨᠠᠭᠤᠷ ᠪᠣᠯᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠲᠣᠬᠢᠷᠠᠭᠤᠯᠤᠯᠲᠠ ᠶᠢᠨ ᠲᠥᠪ

ᠵᠢᠴᠢ ᠬᠤᠯᠪᠤᠭᠳᠠᠯ ᠪᠦᠬᠦᠢ ᠬᠤᠰᠢᠭᠤ ᠣᠷᠣᠨ ᠤ ᠵᠠᠰᠠᠭ ᠤᠨ ᠣᠷᠳᠣᠨ᠂ ᠤᠰᠤᠨ ᠠᠰᠢᠭᠯᠠᠯᠲᠠ ᠶᠢᠨ ᠰᠠᠯᠠᠭ᠎ᠠ

ᠮᠥᠴᠢᠷ ᠤᠨ ᠬᠠᠷᠢᠭᠤᠴᠠᠯᠭᠠᠳᠠᠨ ᠨᠥᠬᠦᠳ ᠪᠠᠶᠢᠴᠠᠭᠠᠯᠲᠠ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ

ᠤᠰᠤᠨ ᠰᠢᠨᠵᠢᠯᠡᠭᠡᠨ ᠤ ᠶᠡᠷᠦᠩᠬᠡᠶ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠳᠠᠨ ᠶᠠᠷᠢᠯᠴᠠᠬᠤ

ᠬᠤᠷᠠᠯ ᠳᠤ ᠣᠷᠣᠯᠴᠠᠵᠠᠶ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号