ᠤᠯᠠᠭᠠᠨᠬᠠᠳᠠ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠪᠠᠭᠠᠷᠢᠨ ᠪᠠᠷᠠᠭᠤᠨ ᠬᠤᠰᠢᠭᠤᠨ ᠤ 2021 ᠣᠨ ᠤ ᠳᠤᠮᠳᠠ ᠵᠢᠵᠢᠭ ᠭᠤᠤᠯ ᠮᠥᠷᠡᠨ ᠢ ᠵᠠᠰᠠᠬᠤ ᠢᠨᠵᠧᠨᠧᠷᠢᠩ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/10/12
    9 ᠰᠠᠷ᠎ᠠ ᠶᠢᠨ 29 ᠤ ᠡᠳᠦᠷ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠪᠠᠭᠠᠷᠢᠨ ᠪᠠᠷᠠᠭᠤᠨ ᠬᠤᠰᠢᠭᠤᠨ ᠳᠤ ᠬᠦᠷᠴᠦ 2021 ᠣᠨ ᠤ ᠳᠤᠮᠳᠠ ᠵᠢᠵᠢᠭ ᠭᠤᠤᠯ ᠮᠥᠷᠡᠨ ᠤ ᠵᠠᠰᠠᠯᠲᠠ ᠶᠢᠨ  ᠢᠨᠵᠧᠨᠧᠷᠢᠩ ᠤᠨ ᠲᠤᠬᠠᠶ ᠶᠢᠨ ᠲᠠᠯᠠᠪᠤᠷ ᠲᠤ ᠪᠠᠶᠢᠴᠠᠭᠠᠯᠲᠠ ᠪᠠ ᠵᠢᠯᠣᠭᠤᠳᠣᠯᠭ᠎ᠠ ᠬᠢᠪᠠ᠃      ᠪᠡᠶᠢᠢᠴᠡᠭᠠᠬᠤ ᠲᠤᠭᠤᠶᠢᠢᠯᠡᠩ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂  ᠢᠨᠵᠧᠨᠧᠷᠢᠩ ᠤᠨ ᠠᠮᠤᠷ ᠲᠦᠪᠰᠢᠨ᠂ ᠶᠠᠰᠤ ᠴᠢᠨᠠᠷ᠂ ᠠᠬᠢᠴᠠ ᠶᠢᠨ ᠪᠠᠶᠢᠳᠠᠯ ᠤᠨ ᠨᠠᠷᠢᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠠᠢ᠃      ᠣᠳᠣᠬᠠᠨ ᠳᠤ᠂ ᠳᠤᠮᠳᠠ ᠵᠢᠵᠢᠭ ᠭᠤᠤᠯ ᠮᠥᠷᠡᠨ ᠢ ᠵᠠᠰᠠᠬᠤ ᠢᠨᠵᠧᠨᠧᠷᠢᠩ ᠤᠨ ᠳᠦᠷᠢ ᠲᠥᠷᠬᠦ ᠶᠢᠨ ᠠᠬᠢᠴᠠ ᠶᠢᠨ 40% ᠶᠢ ᠨᠢᠭᠡᠨᠲᠡ ᠪᠡᠶᠡᠯᠡᠭᠦᠯᠵᠦ᠂ 20 ᠲᠦᠮᠡᠨ ᠪᠣᠰᠤᠭ᠎ᠠ ᠳᠥᠷᠪᠡᠯᠵᠢᠨ ᠮᠧᠲᠷ ᠰᠢᠷᠣᠶ ᠶᠢᠨ  ᠬᠡᠮᠵᠢᠶ᠎ᠡ᠂ 3 ᠲᠦᠮᠡᠨ ᠪᠣᠰᠤᠭ᠎ᠠ ᠳᠥᠷᠪᠡᠯᠵᠢᠨ ᠮᠧᠲᠷ ᠴᠢᠯᠠᠭᠤᠨ ᠤ  ᠬᠡᠮᠵᠢᠶ᠎ᠡ ᠶᠢ ᠪᠡᠶᠡᠯᠡᠭᠦᠯᠵᠦ᠂ ᠵᠢᠱᠢᠯᠲᠡ ᠪᠠᠷ ᠡᠨᠡ ᠵᠢᠯ ᠤᠨ ᠡᠴᠦᠰ ᠲᠤ ᠪᠠᠷᠢᠵᠤ ᠳᠠᠭᠤᠰᠬᠠᠨ᠎ᠠ᠃      ᠪᠡᠶᠢᠢᠴᠡᠭᠠᠬᠤ ᠲᠤᠭᠤᠶᠢᠢᠯᠡᠩ  ᠄  ᠢᠨᠵᠧᠨᠧᠷᠢᠩ ᠤᠨ ᠶᠠᠰᠤ ᠴᠢᠨᠠᠷ ᠪᠣᠯᠤᠨ ᠠᠬᠢᠴᠠ  ᠶᠢ ᠵᠠᠪᠠᠯ ᠴᠢᠩᠭ᠎ᠠ ᠠᠳᠬᠤᠵᠤ᠂  ᠢᠨᠵᠧᠨᠧᠷᠢᠩ ᠤᠨ ᠶᠠᠰᠤ ᠴᠢᠨᠠᠷ  ᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ ᠦᠢᠯᠡᠳᠪᠦᠷᠢᠯᠡᠯ ᠤᠨ ᠦᠷ᠎ᠡ ᠪᠦᠲᠦᠮᠵᠢ  ᠶᠢ ᠳᠡᠭᠡᠭᠰᠢᠯᠡᠭᠦᠯᠵᠦ᠂ ᠴᠠᠭ ᠬᠤᠭᠤᠴᠠᠭᠠᠨ ᠤ ᠵᠠᠩᠭᠢᠯᠠᠭ᠎ᠠ  ᠶᠢᠨ ᠦᠶ᠎ᠡ ᠳᠤ ᠴᠢᠨᠠᠷ ᠬᠡᠮᠵᠢᠶ᠎ᠡ ᠶᠢ  ᠪᠠᠲᠤᠯᠠᠨ  ᠨᠢᠭᠡᠴᠢ   ᠢᠨᠵᠧᠨᠧᠷᠢᠩ  ᠢ ᠰᠢᠯᠭᠠᠨ ᠠᠪᠬᠤ ᠳᠤ ᠬᠢᠷᠢ ᠲᠡᠩᠴᠡᠭᠦᠯᠬᠦ  ᠶᠢ ᠦᠨᠡᠨᠬᠦ ᠪᠠᠲᠤᠯᠠᠬᠤ ᠬᠡᠷᠡᠭᠲᠡᠶ᠂ ᠡᠭᠦᠨ ᠤ ᠵᠡᠷᠭᠡ ᠳᠤ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ  ᠨᠢᠭᠡᠴᠢ  ᠠᠮᠤᠷ ᠲᠦᠪᠰᠢᠨ ᠤ ᠠᠰᠠᠭᠤᠳᠠᠯ  ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠢᠵᠢᠭ ᠤᠨ ᠪᠠᠶᠢᠳᠠᠯ  ᠢ ᠰᠡᠷᠭᠡᠶᠢᠯᠡᠨ ᠬᠢᠵᠠᠭᠠᠷᠯᠠᠬᠤ ᠠᠵᠢᠯ  ᠢ ᠰᠠᠶᠢᠲᠤᠷ ᠬᠢᠵᠦ᠂  ᠢᠨᠵᠧᠨᠧᠷᠢᠩ ᠤᠨ ᠶᠠᠰᠤ ᠴᠢᠨᠠᠷ᠂ ᠪᠠᠷᠢᠯᠭ᠎ᠠ  ᠶᠢᠨ ᠠᠵᠢᠯ ᠤᠨ ᠠᠮᠤᠷ ᠲᠦᠪᠰᠢᠨ  ᠢ ᠵᠡᠷᠭᠡᠪᠡᠷ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号