ᠰᠢᠯᠢ ᠶᠢᠨ ᠭᠤᠤᠯ ᠠᠶᠢᠮᠠᠭ 2021 ᠣᠨ ᠤ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ︽ᠨᠠᠮᠤᠷ ᠤᠨ ᠤᠯᠠᠷᠢᠯ︾ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/10/14
    ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠨᠡᠷ᠎ᠡ ᠨᠢᠳᠡᠷ  ᠲᠤ ᠪᠠᠨ ᠲᠣᠬᠢᠷᠠᠭᠰᠠᠨ ᠪᠠᠶᠢᠬᠤ ᠶᠢ ᠲᠦᠷᠭᠡᠳᠬᠡᠨ ᠠᠬᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ︽ᠲᠦᠷᠪᠡᠨ ᠰᠠᠮᠠᠭᠤᠷᠠᠯ︾ ᠢ ᠪᠠᠶᠢᠩᠭᠤᠵᠢᠭᠤᠯᠬᠤ  ᠳᠦᠷᠢᠮᠵᠢᠭᠦᠯᠬᠦ ᠶᠢ ᠠᠬᠢᠭᠤᠯᠬᠤ ᠶᠢᠨ ᠲᠥᠯᠥᠭᠡ᠂ ︽ᠥᠪᠡᠷᠲᠡᠭᠡᠨ ᠵᠠᠰᠠᠬᠤ ᠣᠷᠣᠨ ᠤ 2021 ᠣᠨ ᠤ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ︿ᠨᠠᠮᠤᠷ ᠤᠨ﹀ᠠᠵᠢᠯᠯᠠᠭ᠎ᠠ ᠶᠢᠨ ᠠᠵᠢᠯ ᠤᠨ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠮᠠᠨ ᠤ ᠠᠶᠢᠮᠠᠭ ᠪᠦᠬᠦ ᠠᠶᠢᠮᠠᠭ ᠤᠨ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ︽ᠨᠠᠮᠤᠷ ᠤᠨ︾ᠠᠵᠢᠯᠯᠠᠭ᠎ᠠ ᠦᠷᠨᠢᠭᠦᠯᠪᠡ᠃︵ᠳᠣᠷᠣᠭᠰᠢ︽ᠨᠠᠮᠤᠷ ᠤᠨ ᠤᠯᠠᠷᠢᠯ ᠤᠨ ᠠᠵᠢᠯᠯᠠᠭ᠎ᠠ︾ᠭᠡᠵᠦ ᠳᠥᠭᠦᠮᠴᠢᠯᠡᠨ᠎ᠡ︶᠃ ᠨᠠᠮᠤᠷ ᠤᠨ ᠤᠯᠠᠷᠢᠯ ᠤᠨ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠲᠤᠯᠠᠬᠤ ᠶᠢᠨ ᠲᠥᠯᠥᠭᠡ᠂ ᠲᠤᠰ ᠤᠳᠠᠭ᠎ᠠ ᠶᠢᠨ ᠠᠵᠢᠯᠯᠠᠭ᠎ᠠ ᠳᠤ ᠲᠤᠰᠬᠠᠢ ᠠᠵᠢᠯ ᠤᠨ ᠳᠤᠭᠤᠶᠢᠯᠠᠩ ᠪᠠᠶᠢᠭᠤᠯᠵᠤ᠂ 8 ᠪᠦᠷᠢᠯᠳᠦᠬᠦᠨ ᠰᠠᠯᠠᠭ᠎ᠠ ᠮᠥᠴᠢᠷ ᠢᠶᠠᠷ ᠪᠦᠷᠢᠯᠳᠦᠵᠦ᠂ ᠡᠯ᠎ᠡ ᠪᠦᠷᠢᠯᠳᠦᠬᠦᠨ ᠰᠠᠯᠠᠭ᠎ᠠ ᠮᠥᠴᠢᠷ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠬᠤᠪᠢ ᠬᠤᠪᠢ ᠶᠢᠨ ᠬᠠᠷᠢᠭᠤᠴᠠᠯᠭ᠎ᠠ ᠪᠠᠨ  ᠡᠭᠦᠷᠭᠡᠯᠡᠨ᠎ᠡ᠂ ᠥᠪᠡᠷ ᠥᠪᠡᠷ ᠤᠨ ᠬᠠᠷᠢᠭᠤᠴᠠᠯᠭ᠎ᠠ ᠪᠠᠨ  ᠭᠦᠢᠴᠡᠳᠬᠡᠨ᠎ᠡ᠂ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠪᠠ ᠬᠢᠨᠠᠯᠲᠠ ᠲᠠᠯᠪᠢᠬᠤ ᠠᠵᠢᠯ ᠢ ᠬᠠᠮᠲᠤᠪᠠᠷ ᠠᠬᠢᠭᠤᠯᠤᠨ᠎ᠠ᠃      ᠨᠠᠮᠤᠷ ᠤᠨ ᠤᠯᠠᠷᠢᠯ ᠤᠨ ᠠᠵᠢᠯᠯᠠᠭ᠎ᠠ ᠶᠢᠨ ᠭᠤᠤᠯ ᠠᠭᠤᠯᠭ᠎ᠠ ᠳᠤ ᠭᠤᠤᠯᠳᠠᠭᠤ 6 ᠲᠠᠯ᠎ᠠ ᠶᠢ ᠪᠠᠭᠲᠠᠭᠠᠨ᠎ᠠ᠄ ᠨᠢᠭᠡ ᠳᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠲᠠᠯ᠎ᠠ ᠪᠠᠷ᠃ ᠬᠤᠰᠢᠭᠤ ᠰᠢᠶᠠᠨ ᠬᠤᠲᠠ ︵ᠲᠣᠭᠤᠷᠢᠭ︶ ᠶᠢᠨ ᠭᠤᠤᠯ ᠨᠠᠭᠤᠷ ᠤᠨ ᠳᠠᠷᠤᠭ᠎ᠠ ᠶᠢᠨ ᠲᠦᠷᠢᠮ ᠤᠨ ᠣᠨ ᠤ ᠠᠵᠢᠯ ᠤᠨ ᠪᠠᠶᠢᠷᠢᠯᠠᠭᠤᠯᠤᠯᠲᠠ ᠪᠠ ᠨᠠᠶᠢᠳᠠᠪᠤᠷᠢᠵᠢᠭᠤᠯᠤᠭᠰᠠᠨ ᠪᠠᠶᠢᠳᠠᠯ ︔ ᠡᠯ᠎ᠡ ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠭᠤᠣᠯ ᠮᠥᠷᠡᠨ ᠢ ᠲᠣᠭᠤᠷᠢᠨ ᠪᠠᠶᠢᠴᠠᠭᠠᠵᠤ᠂ ᠠᠰᠠᠭᠤᠳᠠᠯ ᠢ ᠢᠯᠡᠷᠡᠭᠦᠯᠦᠭᠰᠡᠨ ᠪᠠ ᠰᠢᠢᠳᠪᠦᠷᠢᠯᠡᠭᠰᠡᠨ ᠪᠠᠶᠢᠳᠠᠯ︔ ᠰᠠᠯᠠᠭ᠎ᠠ ᠮᠥᠴᠢᠷ ᠤᠨ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠬᠢᠭᠡᠳ ᠭᠤᠣᠯ ᠮᠥᠷᠡᠨ ᠤ ᠳᠠᠷᠤᠭ᠎ᠠ ᠶᠢᠨ ᠳᠦᠷᠢᠮᠲᠦ ᠠᠯᠪᠡᠠ ᠭᠡᠷ  ᠢ ᠵᠣᠬᠢᠶᠠᠨ ᠪᠠᠶᠢᠭᠤᠯᠤᠭᠰᠠᠨ᠂ ᠵᠣᠬᠢᠴᠠᠭᠤᠯᠤᠭᠰᠠᠨ᠂ ᠬᠤᠪᠢᠶᠠᠨ ᠭᠦᠢᠴᠡᠳᠬᠡᠭᠰᠡᠨ᠂ ᠱᠠᠯᠠᠪᠳᠠᠭᠤᠯᠤᠨ  ᠭᠦᠢᠴᠡᠳᠬᠡᠭᠰᠡᠨ ᠵᠡᠷᠭᠡ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ᠎ᠠ᠃ ᠬᠤᠶᠠᠷ ᠲᠤ ᠭᠤᠣᠯ ᠮᠥᠷᠡᠨ ᠨᠠᠭᠤᠷ ᠴᠥᠭᠦᠷᠥᠮ ᠤᠨ ︽ᠳᠦᠷᠪᠡᠨ ᠰᠠᠮᠠᠭᠤᠷᠠᠯ︾ ᠢ ᠵᠠᠰᠠᠬᠤ ᠲᠠᠯ᠎ᠠ ᠪᠠᠷ᠃ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠥᠨᠳᠦᠷ  ᠡᠰᠢᠲᠦ ᠲᠠᠷᠢᠮᠠᠯ ᠲᠠᠷᠢᠬᠤ᠂ ᠠᠮᠢᠳᠤᠷᠠᠯ᠂ ᠪᠠᠷᠢᠯᠭ᠎ᠠ ᠶᠢᠨ ᠬᠤᠭ ᠨᠣᠪᠰᠢ ᠶᠢ ᠣᠪᠣᠭᠠᠯᠠᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠦᠶᠡᠷ ᠵᠠᠯᠠᠬᠤ ᠶᠢ ᠬᠠᠷᠰᠢᠯᠠᠬᠤ ᠪᠣᠳᠠᠰ ᠢ ᠴᠢᠳᠬᠤᠬᠤ᠂ ᠪᠤᠯᠠᠬᠤ᠂ ᠬᠠᠳᠠᠭᠠᠯᠠᠬᠤ᠂ ᠬᠠᠶᠠᠵᠤ ᠣᠪᠣᠭᠠᠯᠠᠬᠤ᠂ ᠦᠶᠡᠷ ᠵᠠᠯᠠᠬᠤ ᠶᠢ ᠬᠠᠷᠰᠢᠯᠠᠬᠤ ᠪᠠᠷᠢᠯᠭ᠎ᠠ᠂ ᠪᠠᠷᠢᠯᠭ᠎ᠠ ᠪᠠᠶᠢᠭᠤᠯᠬᠤ ᠶᠢ ᠭᠤᠣᠯᠳᠠᠯᠭ᠎ᠠ ᠲᠠᠢ ᠪᠠᠷ ᠪᠠᠶᠢᠴᠠᠭᠠᠨ ᠰᠢᠢᠳᠪᠦᠷᠢᠯᠡᠨ᠎ᠡ᠃ ᠭᠤᠷᠪᠠ ᠳᠤ ᠭᠤᠣᠯ ᠮᠥᠷᠡᠨ ᠨᠠᠭᠤᠷ ᠴᠥᠭᠦᠷᠥᠮ ᠳᠤ ᠡᠯᠡᠰᠦ ᠮᠠᠯᠲᠠᠬᠤ ᠶᠢ ᠵᠠᠰᠠᠬᠤ ᠲᠠᠯ᠎ᠠ ᠪᠠᠷ᠃ ᠡᠯᠡᠰᠦ ᠮᠠᠯᠲᠠᠬᠤ ᠵᠥᠪᠰᠢᠶᠡᠷᠡᠯ ᠤᠨ ᠦᠨᠡᠮᠯᠡᠯ ᠣᠯᠤᠭᠰᠠᠨ ᠥᠬᠡᠶ ᠪᠠᠷ ᠬᠠᠤᠯᠢ ᠪᠤᠰᠤ ᠪᠠᠷ ᠡᠯᠡᠰᠦ ᠮᠠᠯᠲᠠᠭᠰᠠᠨ ᠢ ᠭᠤᠤᠯᠳᠠᠯᠭ᠎ᠠ ᠲᠠᠢ ᠪᠠᠶᠢᠴᠠᠭᠠᠨ ᠰᠢᠶᠳᠪᠦᠷᠢᠯᠡᠨ᠎ᠡ︔ ᠤᠰᠦᠠ ᠤ ᠶᠠᠪᠤᠳᠠᠯ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠤᠶᠢᠭᠡᠢ ᠪᠠᠷ ᠭᠤᠣᠯ ᠤᠨ ᠵᠡᠮ ᠤᠨ ᠬᠤᠷᠠᠭᠰᠠᠨ ᠢ ᠴᠡᠪᠡᠷᠯᠡᠨ ᠯᠠᠶᠢᠳᠠᠵᠤ ᠨᠡᠪᠲᠡᠷᠡᠭᠦᠯᠬᠦ︔ ᠭᠤᠣᠯ ᠮᠥᠷᠡᠨ ᠨᠠᠭᠤᠷ ᠴᠥᠭᠦᠷᠥᠮ ᠳᠤ ᠬᠠᠤᠯᠢ ᠪᠤᠰᠤ ᠪᠠᠷ ᠡᠯᠡᠰᠦ ᠮᠠᠯᠲᠠᠭᠰᠠᠨ ᠠᠴᠠ ᠪᠤᠯᠵᠤ ᠠᠮᠢ ᠠᠬᠤᠢ ᠶᠢᠨ ᠣᠷᠴᠢᠨ ᠲᠣᠭᠤᠷᠢᠨ ᠢ ᠬᠦᠨᠳᠦ ᠨᠣᠴᠢᠲᠠᠢ ᠬᠤᠬᠢᠷᠠᠭᠤᠯᠤᠭᠰᠠᠨ ᠵᠡᠷᠭᠡ ᠠᠰᠠᠭᠤᠳᠠᠯ᠃ ᠲᠦᠷᠪᠡ ᠳᠤ ᠭᠤᠣᠯ ᠮᠥᠷᠡᠨ ᠨᠠᠭᠤᠷ ᠴᠥᠭᠦᠷᠥᠮ ᠤᠨ ᠬᠠᠤᠯᠢ ᠶᠢ ᠵᠥᠷᠢᠴᠡᠨ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠵᠠᠰᠠᠬᠤ ᠲᠠᠯ᠎ᠠ ᠪᠠᠷ᠃ ᠪᠣᠬᠢᠷᠲᠤᠯ ᠪᠣᠳᠠᠰ ᠭᠠᠳᠠᠭᠰᠢᠯᠠᠭᠤᠯᠬᠤ ᠠᠵᠤ ᠠᠬᠤᠶᠢᠯᠠᠯ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠲᠣᠭᠲᠠᠭᠠᠯ ᠶᠣᠰᠣᠭᠠᠷ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠥᠬᠡᠶ ︔  ᠭᠤᠣᠯ ᠮᠥᠷᠡᠨ ᠨᠠᠭᠤᠷ ᠴᠥᠭᠦᠷᠥᠮ ᠳᠤ ᠲᠣᠰᠣᠨ ᠤ ᠵᠦᠢᠯ᠂ ᠬᠦᠴᠢᠯᠯᠢᠭ ᠰᠢᠩᠭᠡᠨ᠂ ᠱᠦᠯᠲᠦ ᠶᠢᠨ ᠰᠢᠩᠭᠡᠨ ᠪᠤᠶᠤ ᠬᠤᠣᠷᠲᠠᠢ ᠬᠠᠶᠠᠭᠳᠠᠮᠠᠯ ᠰᠢᠩᠭᠡᠨ  ᠵᠡᠷᠭᠡ ᠶᠢ ᠭᠠᠳᠠᠭᠰᠢᠯᠠᠭᠤᠯᠤᠭᠰᠠᠨ ᠢ ᠭᠤᠣᠯᠳᠠᠯᠭ᠎ᠠ ᠲᠠᠢ ᠪᠠᠶᠢᠴᠠᠭᠠᠨ᠎ᠠ︔ ᠭᠤᠣᠯ ᠮᠥᠷᠡᠨ ᠨᠠᠭᠤᠷ ᠴᠥᠭᠦᠷᠥᠮ ᠳᠤ ᠪᠤᠰᠤᠳ ᠬᠠᠶᠠᠭᠳᠠᠮᠠᠯ ᠪᠣᠳᠠᠰ ᠢ ᠭᠠᠳᠠᠭᠰᠢᠯᠠᠭᠤᠯᠬᠤ ᠵᠡᠷᠭᠡ ᠪᠣᠯᠤᠨ᠎ᠠ᠃ ᠲᠠᠪᠤ ᠳᠤ ᠭᠤᠣᠯ ᠮᠥᠷᠡᠨ ᠨᠠᠭᠤᠷ ᠴᠥᠭᠦᠷᠥᠮ ᠳᠤ ᠬᠤᠯᠪᠣᠭᠳᠠᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠵᠠᠯᠬᠠᠭᠠᠨ ᠰᠢᠳᠬᠡᠬᠦ ᠲᠠᠯ᠎ᠠ ᠪᠠᠷ᠃ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠳᠤ ᠬᠠᠶᠢᠷ ᠴᠢᠯᠠᠭᠤᠨ ᠤ ᠮᠠᠲ᠋ᠧᠷᠢᠶᠠᠯ ᠢ ᠬᠡᠲᠦᠷᠡᠲᠡᠯ᠎ᠡ ᠮᠠᠯᠲᠠᠭᠰᠠᠨ᠂ ᠳᠤᠷ᠎ᠠ ᠪᠠᠷ ᠢᠶᠠᠨ ᠮᠠᠯᠲᠠᠭᠰᠠᠨ᠂ ᠬᠤᠯᠠᠭᠠᠶᠢᠯᠠᠨ ᠮᠠᠯᠲᠠᠭᠠᠳ ᠶᠠᠯ᠎ᠠ ᠬᠢᠭᠰᠡᠨ ᠠᠴᠠ ᠪᠣᠯᠤᠭᠰᠠᠨ ᠪᠠᠶᠢᠳᠠᠯ ᠢ ᠭᠤᠣᠯᠳᠠᠯᠭ᠎ᠠ ᠲᠠᠢ ᠪᠠᠷ ᠪᠠᠶᠢᠴᠠᠭᠠᠨ ᠰᠢᠶᠳᠪᠦᠷᠢᠯᠡᠨ᠎ᠡ︔ ᠡᠯᠡᠰᠦ ᠮᠠᠯᠲᠠᠵᠤ ᠡᠯᠡᠰᠦ ᠵᠥᠭᠡᠭᠡᠪᠦᠷᠢᠯᠡᠬᠦ᠂ ᠡᠯᠡᠰᠦ ᠬᠤᠳᠠᠯᠳᠤᠨ ᠠᠪᠴᠤ ᠡᠯᠡᠰᠦ ᠬᠤᠳᠠᠯᠳᠤᠬᠤ ᠵᠠᠬ᠎ᠠ ᠳᠡᠯᠭᠡᠭᠦᠷ ᠲᠤ ᠬᠡᠷᠡᠭ ᠡᠳᠦᠬᠦ ᠶᠢ ᠬᠠᠷᠰᠢᠯᠠᠭᠰᠠᠨ᠂ ᠠᠯᠪᠠᠳᠠᠨ ᠬᠤᠳᠠᠯᠳᠤᠨ ᠠᠪᠴᠤ ᠠᠯᠪᠠᠳᠠᠨ ᠬᠤᠳᠠᠯᠳᠤᠭᠰᠠᠨ᠂ ᠡᠯᠡᠰᠦ ᠮᠠᠯᠲᠠᠬᠤ ᠲᠤᠬᠠᠶᠢᠯᠠᠭᠰᠠᠨ ᠠᠵᠢᠯ ᠢ ᠠᠯᠪᠠᠳᠠᠨ ᠠᠳᠬᠤᠭᠰᠠᠨ ᠵᠡᠷᠭᠡ ᠨᠢ ᠶᠠᠯ᠎ᠠ ᠪᠤᠯᠵᠤ ᠪᠦᠷᠢᠯᠳᠦᠭᠰᠡᠨ︔ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠬᠠᠷᠰᠢᠯᠠᠭᠰᠠᠨ ᠬᠠᠤᠯᠢ ᠠᠴᠠ ᠵᠥᠷᠢᠴᠡᠭᠰᠡᠨ ᠪᠤᠰᠤᠳ ᠡᠯ᠎ᠡ ᠵᠦᠢᠯ ᠤᠨ ᠶᠠᠯᠠᠲᠤ ᠠᠵᠢᠯᠯᠠᠭ᠎ᠠ ᠶᠢ ᠪᠠᠶᠢᠴᠠᠭᠠᠨ᠎ᠠ᠃ ᠵᠢᠷᠭᠤᠭ᠎ᠠ ᠳᠤ ᠪᠤᠰᠤᠳ ᠴᠢᠬᠤᠯᠠ ᠶᠡᠭᠡ  ᠡᠮᠵᠡᠭ ᠠᠰᠠᠭᠤᠳᠠᠯ ᠤᠨ ᠲᠠᠯ᠎ᠠ ᠪᠠᠷ᠃ ᠨᠠᠮ ᠪᠣᠯᠤᠨ ᠲᠦᠷᠦ ᠶᠢᠨ ᠤᠳᠤᠷᠢᠳᠬᠤ ᠬᠥᠮᠦᠰ ᠤᠨ ᠭᠤᠣᠯ ᠮᠥᠷᠡᠨ ᠨᠠᠭᠤᠷ ᠴᠥᠭᠦᠷᠥᠮ ᠤᠨ ᠠᠰᠠᠭᠤᠳᠠᠯ ᠤᠨ ᠲᠤᠬᠠᠢ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ  ᠲᠤᠭᠤᠰᠢᠯᠠᠭᠤᠯᠤᠨ  ᠬᠡᠷᠡᠭᠵᠢᠭᠦᠯᠦᠭᠰᠡᠨ ᠪᠠᠶᠢᠳᠠᠯ᠂ ᠤᠰᠤᠨ ᠠᠰᠢᠭᠯᠠᠯᠳᠠ  ᠶᠢᠨ ᠶᠠᠮᠤᠨ ᠪᠣᠯᠤᠨ ᠥᠪᠡᠷᠲᠡᠭᠡᠨ ᠵᠠᠰᠠᠬᠤ ᠨᠠᠮ ᠤᠨ ᠬᠤᠷᠢ‍‌ᠡᠶ᠎ᠡ ᠵᠠᠰᠠᠭ ᠤᠨ ᠣᠷᠳᠣᠨ ᠤ ᠭᠤᠣᠯ ᠮᠥᠷᠡᠨ ᠨᠠᠭᠤᠷ ᠴᠥᠭᠦᠷᠥᠮ ᠤᠨ ᠠᠰᠠᠭᠤᠳᠠᠯ ᠤᠨ ᠲᠤᠬᠠᠢ ᠴᠣᠬᠤᠯᠠᠪᠤᠷᠢ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ᠎ᠠ︔ ᠤᠳᠠᠭ᠎ᠠ ᠪᠦᠷᠢ ᠶᠢᠨ ᠬᠢᠨᠠᠨ ᠪᠠᠶᠢᠴᠠᠭᠠᠯᠲᠠ ᠳᠤ ᠢᠯᠡᠷᠡᠭᠦᠯᠦᠭᠰᠡᠨ ᠭᠤᠣᠯ ᠮᠥᠷᠡᠨ ᠨᠠᠭᠤᠷ ᠴᠥᠭᠦᠷᠥᠮ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠪᠠᠶᠢᠴᠠᠭᠠᠨ᠎ᠠ᠃      ᠲᠣᠰ ᠤᠳᠠᠭᠠᠨ ᠤ ᠨᠠᠮᠤᠷ ᠤᠨ ᠤᠯᠠᠷᠢᠯ ᠤᠨ ᠠᠵᠢᠯᠯᠠᠭ᠎ᠠ ᠨᠢ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠤ ᠶᠢᠨ ᠬᠡᠷᠡᠭ ᠤᠨ ᠬᠠᠤᠯᠢ ᠴᠠᠭᠠᠵᠠ ᠶᠢᠨ ᠵᠣᠯᠭᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠤᠤᠯ ᠮᠥᠷᠡᠨ ᠨᠠᠭᠤᠷ ᠴᠥᠭᠦᠷᠥᠮ ᠢ ᠬᠠᠮᠢᠶᠠᠷᠤᠨ ᠬᠠᠮᠠᠭᠠᠯᠠᠬᠤ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠬᠦ ᠶᠢ ᠳᠥᠯᠭᠢᠨ ᠠᠬᠢᠭᠤᠯᠵᠤ᠂ ᠭᠤᠤᠯ ᠮᠥᠷᠡᠨ ᠨᠠᠭᠤᠷ ᠴᠥᠭᠦᠷᠥᠮ ᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号