《 ᠬᠠᠲᠤᠨ ᠭᠤᠣᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠲᠦᠷᠡᠳᠡᠯ᠎ᠡ ᠠᠴᠢᠶᠠᠯᠠᠭᠰᠠᠨ ᠭᠠᠵᠠᠷ ᠣᠷᠣᠨ ᠳᠤ ᠤᠰᠤ ᠳᠠᠳᠠᠬᠤ ᠵᠦᠪᠰᠢᠶᠡᠷᠡᠯ ᠢ ᠰᠢᠨ᠎ᠡ ᠪᠠᠷ ᠨᠡᠮᠡᠭᠳᠡᠭᠦᠯᠬᠦ ᠶᠢ ᠲᠦᠷ ᠵᠣᠭᠰᠣᠭᠠᠬᠤ ᠲᠤᠬᠠᠢ ᠮᠡᠳᠡᠭᠳᠡᠯ 》 ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/10/28
     ᠶᠡᠷᠦᠩᠬᠡᠢ ᠱᠦᠵᠢ ᠰᠢ ᠶᠢᠨ ᠫᠢᠩ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠥᠯᠥᠭᠡ᠂ ᠤᠰᠤᠨ ᠤ ᠪᠠᠶᠢᠳᠠᠯ ᠢᠶᠠᠷ ᠬᠡᠷᠡᠭᠴᠡᠭᠡ ᠪᠠᠨ ᠲᠣᠭᠲᠠᠭᠠᠵᠤ᠂ ᠤᠰᠤᠨ ᠤ ᠬᠡᠮᠵᠢᠶ᠎ᠡ ᠪᠠᠷ ᠪᠦᠳᠦᠭᠡᠨ ᠪᠠᠶᠢᠭᠤᠯᠤᠯᠳᠠ ᠬᠢᠵᠤ᠂ ᠤᠰᠤᠨ ᠤ ᠡᠬᠢ ᠪᠠᠶᠠᠯᠢᠭ ᠢ ᠬᠠᠮᠤᠭ ᠤᠨ ᠴᠢᠩᠭ᠎ᠠ ᠬᠠᠳᠠᠭᠤ ᠬᠦᠯᠢᠶᠡᠰᠦᠯᠡᠯ ᠪᠣᠯᠭᠠᠬᠤ ᠶᠢ ᠦᠨᠡᠨ ᠬᠦ ᠨᠠᠶᠢᠳᠠᠪᠤᠷᠢᠵᠢᠭᠤᠯᠵᠤ᠂ 2020 ᠣᠨ ᠤ 12 ᠰᠠᠷ᠎ᠠ ᠶᠢᠨ 17  ᠤ ᠡᠳᠦᠷ᠂ ᠤᠰᠤᠨ ᠠᠰᠢᠭᠯᠠᠯᠲᠠ ᠶᠢᠨ ᠶᠠᠮᠤᠨ《ᠬᠠᠲᠤᠨ ᠭᠤᠣᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠳᠦᠷᠡᠳᠡᠯ᠎ᠡ ᠠᠴᠢᠶᠠᠯᠠᠭᠰᠠᠨ ᠭᠠᠵᠠᠷ ᠣᠷᠣᠨ ᠳᠤ ᠤᠰᠤ ᠳᠠᠳᠠᠬᠤ ᠵᠦᠪᠰᠢᠶᠡᠷᠡᠯ ᠢ ᠰᠢᠨ᠎ᠡ ᠪᠠᠷ ᠨᠡᠮᠡᠭᠳᠡᠭᠦᠯᠬᠦ ᠶᠢ ᠲᠦᠷ ᠵᠣᠭᠰᠣᠭᠠᠬᠤ ᠲᠤᠬᠠᠢ ᠮᠡᠳᠡᠭᠳᠡᠯ》(ᠳᠣᠷᠣᠭᠰᠢ《ᠮᠡᠳᠡᠭᠳᠡᠯ》ᠭᠡᠵᠦ ᠳᠥᠭᠦᠮᠴᠢᠯᠡᠨ᠎ᠡ)  ᠢ ᠳᠠᠷᠤᠮᠠᠯᠯᠠᠨ ᠲᠠᠷᠬᠠᠭᠠᠵᠤ᠂ ᠬᠠᠲᠤᠨ ᠭᠤᠣᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠳᠦᠷᠡᠳᠡᠯ᠎ᠡ ᠠᠴᠢᠶᠠᠯᠠᠭᠰᠠᠨ ᠭᠠᠵᠠᠷ ᠣᠷᠣᠨ ᠳᠤ ᠤᠰᠤ ᠳᠠᠳᠠᠬᠤ ᠵᠦᠪᠰᠢᠶᠡᠷᠡᠯ ᠢ ᠰᠢᠨ᠎ᠡ ᠪᠠᠷ ᠨᠡᠮᠡᠭᠳᠡᠭᠦᠯᠬᠦ ᠶᠢ ᠲᠦᠷ ᠵᠣᠭᠰᠣᠭᠠᠬᠤ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃ ᠤᠰᠤᠨ ᠠᠰᠢᠭᠯᠠᠯᠲᠠ ᠶᠢᠨ ᠶᠠᠮᠤᠨ ᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠵᠤᠷᠭᠠᠨ ᠤ ᠬᠠᠷᠢᠭᠤᠴᠠᠯᠭᠠᠲᠠᠨ 《 ᠮᠡᠳᠡᠭᠳᠡᠯ》 ᠤᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠲᠠᠶᠢᠯᠤᠮᠵᠢ ᠬᠢᠪᠡ᠃      ᠠᠰᠠᠭᠤᠯᠲᠠ᠄ 《 ᠮᠡᠳᠡᠭᠳᠡᠯ》 ᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ ᠪᠣᠢ︖      ᠬᠠᠷᠢᠭᠤᠯᠲᠠ᠄ ᠬᠠᠲᠤᠨ ᠭᠤᠣᠯ ᠪᠣᠯ ᠳᠤᠮᠳᠠᠳᠤ ᠶᠢᠨ ᠦᠨᠳᠦᠰᠦᠲᠡᠨ ᠤ ᠡᠵᠢ ᠭᠤᠣᠯ ᠮᠥᠨ᠂ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠮᠢ ᠠᠬᠤᠢ ᠶᠢᠨ ᠠᠮᠤᠷ ᠲᠦᠪᠰᠢᠨ ᠤ ᠲᠠᠯ᠎ᠠ ᠪᠠᠷ ᠴᠢᠬᠤᠯᠠ ᠪᠠᠶᠢᠷᠢ ᠰᠠᠭᠤᠷᠢ ᠲᠠᠢ ᠶᠤᠮ᠃ ᠶᠡᠷᠦᠩᠬᠡᠢ ᠱᠦᠵᠢ ᠰᠢ ᠶᠢᠨ ᠫᠢᠩ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠤᠰᠤᠨ ᠤ ᠡᠬᠢ ᠪᠠᠶᠠᠯᠢᠭ ᠳᠤᠲᠠᠭᠳᠠᠬᠤ ᠪᠣᠯ ᠬᠠᠲᠤᠨ ᠭᠤᠣᠯ ᠤᠨ ᠰᠠᠪᠠ ᠭᠠᠵᠠᠷ ᠤᠨ ᠬᠠᠮᠤᠭ ᠤᠨ ᠳᠣᠪᠤᠶᠢᠮ᠎ᠠ ᠵᠥᠷᠢᠴᠡᠯ ᠪᠤᠯᠤᠨ᠎ᠠ᠂ ᠤᠰᠤᠨ ᠤ ᠡᠬᠢ ᠪᠠᠶᠠᠯᠢᠭ ᠢ ᠬᠠᠮᠤᠭ ᠤᠨ ᠴᠢᠩᠭ᠎ᠠ ᠬᠦᠯᠢᠶᠡᠰᠦᠯᠡᠯ ᠪᠣᠯᠭᠠᠵᠤ᠂ ᠤᠰᠤᠨ ᠤ ᠪᠠᠶᠢᠳᠠᠯ ᠢᠶᠠᠷ ᠬᠡᠷᠡᠭᠴᠡᠭᠡ ᠪᠠᠨ ᠲᠣᠭᠲᠠᠭᠠᠵᠤ᠂ ᠤᠰᠤᠨ ᠤ ᠬᠡᠮᠵᠢᠶ᠎ᠡ ᠪᠠᠷ ᠪᠦᠳᠦᠭᠡᠨ ᠪᠠᠶᠢᠭᠤᠯᠤᠯᠳᠠ ᠬᠢᠬᠦ ᠬᠡᠷᠡᠭᠲᠡᠢ ᠭᠡᠵᠡᠢ᠃ 1999 ᠣᠨ ᠳᠤ ᠬᠠᠲᠤᠨ ᠭᠤᠣᠯ ᠢ ᠨᠢᠭᠡᠳᠦᠯᠲᠡᠢ ᠳᠤᠬᠢᠷᠠᠭᠤᠯᠤᠯᠳᠠ ᠬᠢᠭᠦ ᠶᠢ ᠪᠡᠶᠡᠯᠡᠭᠦᠯᠦᠭᠰᠡᠠ ᠠᠴᠠ ᠨᠡᠭᠠᠰᠢ᠂ ᠬᠠᠲᠤᠨ ᠭᠤᠣᠯ 21 ᠵᠢᠯ ᠳᠤ ᠤᠷᠤᠰᠬᠠᠯ ᠲᠠᠰᠤᠷᠠᠭᠰᠠᠨ ᠥᠬᠡᠢ ᠪᠠᠶᠢᠳᠠᠯ ᠢᠯᠡᠷᠡᠭᠰᠡᠨ ᠪᠣᠯᠪᠠᠴᠤ ᠬᠠᠲᠤᠨ ᠭᠤᠣᠯ ᠤᠨ ᠰᠠᠪᠠ ᠭᠠᠵᠠᠷ ᠤᠨ ᠣᠳᠣᠬᠠᠨ ᠤ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠨᠣᠷᠮ᠎ᠠ ᠨᠢ 80% ᠳᠤ ᠬᠦᠷᠴᠦ᠂ ᠡᠩ ᠤᠨ ᠰᠠᠪᠠ ᠭᠠᠵᠠᠷ ᠤᠨ 40% ᠶᠢᠨ ᠠᠮᠢ ᠠᠬᠤᠢ ᠶᠢᠨ ᠰᠡᠷᠭᠡᠶᠢᠯᠡᠯᠲᠡ ᠶᠢᠨ ᠱᠤᠭᠤᠮ ᠠᠴᠠ ᠬᠤᠯᠠ ᠳᠠᠪᠠᠵᠤ᠂ ᠬᠡᠰᠡᠭ ᠰᠠᠯᠪᠤᠷᠢ ᠤᠷᠤᠰᠬᠠᠯ ᠳᠤ ᠮᠥᠨ ᠬᠦ ᠤᠷᠤᠰᠬᠠᠯ ᠲᠠᠰᠤᠷᠠᠬᠤ ᠪᠠᠶᠢᠳᠠᠯ ᠣᠷᠣᠰᠢᠵᠤ ᠪᠠᠶᠢᠬᠤ ᠪᠤᠶᠤ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠨᠢ ᠤᠰᠤᠨ ᠤ ᠬᠡᠮᠵᠢᠶ᠎ᠡ ᠶᠢᠨ ᠬᠡᠷᠡᠭᠴᠡᠭᠡ ᠶᠢ ᠬᠠᠩᠭᠠᠵᠤ ᠳᠡᠶᠢᠯᠬᠦ ᠥᠬᠡᠢ ᠪᠠᠶᠢᠵᠤ᠂ ᠬᠡᠰᠡᠭ ᠭᠠᠵᠠᠷ ᠣᠷᠣᠨ ᠤ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠪᠠᠶᠢᠳᠠᠯ ᠬᠦᠨᠳᠦ ᠨᠣᠴᠢᠲᠠᠢ ᠣᠷᠣᠰᠢᠵᠤ ᠪᠠᠶᠢᠨ᠎ᠠ᠃ ᠡᠭᠦᠨ ᠤ ᠰᠢᠯᠲᠠᠭᠠᠨ ᠢ ᠡᠷᠢᠪᠡᠯ᠂ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠪᠤᠰᠤᠳᠴᠢ ᠰᠢᠯᠳᠠᠭᠠᠨ ᠪᠠᠶᠢᠬᠤ ᠪᠣᠯᠪᠠᠴᠤ ᠭᠤᠣᠯᠳᠠᠭᠤ ᠬᠡᠰᠡᠭ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠨᠢ ᠤᠰᠤᠨ ᠤ ᠪᠠᠶᠢᠳᠠᠯ  ᠢᠶᠠᠷ ᠬᠡᠷᠡᠭᠴᠡᠭᠡ ᠪᠠᠨ ᠲᠣᠭᠲᠠᠭᠠᠵᠤ᠂ ᠤᠰᠤᠨ ᠤ ᠬᠡᠮᠵᠢᠶ᠎ᠡ ᠪᠠᠷ ᠪᠦᠳᠦᠭᠡᠨ ᠪᠠᠶᠢᠭᠤᠯᠤᠯᠳᠠ ᠬᠢᠭᠰᠡᠨ ᠥᠬᠡᠢ ᠪᠣᠯᠬᠤᠷ ᠤᠰᠤᠨ ᠤ ᠡᠬᠢ ᠪᠠᠶᠠᠯᠢᠭ ᠤᠨ ᠳᠠᠭᠠᠭᠠᠴᠠ ᠶᠢᠨ ᠴᠢᠳᠠᠪᠤᠷᠢ ᠠᠴᠠ ᠳᠠᠪᠠᠭᠰᠠᠨ ᠪᠠᠶᠢᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠳᠦᠷᠡᠳᠡᠯ᠎ᠡ ᠠᠴᠢᠶᠠᠯᠠᠭᠰᠠᠨ ᠭᠠᠵᠠᠷ ᠣᠷᠣᠨ ᠳᠤ ᠤᠰᠤ ᠳᠠᠳᠠᠬᠤ ᠵᠦᠪᠰᠢᠶᠡᠷᠡᠯ ᠢ ᠰᠢᠨ᠎ᠡ ᠪᠠᠷ ᠨᠡᠮᠡᠭᠳᠡᠭᠦᠯᠬᠦ ᠶᠢ ᠲᠦᠷ ᠵᠣᠭᠰᠣᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠵᠢᠷᠭᠤᠳᠤᠭᠠᠷ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠴᠢᠬᠤᠯᠠ ᠠᠷᠭ᠎ᠠ ᠬᠡᠮᠵᠢᠶ᠎ᠡ ᠪᠤᠯᠤᠨ᠎ᠠ᠂ ᠬᠠᠲᠤᠨ ᠭᠤᠣᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠬᠡᠳᠦ ᠨᠡᠭᠡᠭᠡᠨ ᠠᠰᠢᠭᠯᠠᠬᠤ ᠠᠰᠠᠭᠤᠳᠠᠯ ᠢ ᠰᠢᠢᠳᠪᠦᠷᠢᠯᠡᠬᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠯᠭᠠᠮ ᠱᠠᠭᠠᠷᠳᠠᠯᠭ᠎ᠠ ᠪᠤᠯᠤᠨ᠎ᠠ᠃ ᠡᠭᠦᠨ ᠤ ᠲᠤᠯᠠᠳᠠ᠂ ᠤᠰᠤᠨ ᠠᠰᠢᠭᠯᠠᠯᠲᠠ ᠶᠢᠨ ᠶᠠᠮᠤᠨ 《 ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠰᠦᠢᠳᠬᠡᠯ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ 》 《 ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ 》 ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠭᠦᠨᠵᠡᠭᠡᠢ ᠰᠤᠳᠤᠯᠵᠤ᠂ ᠭᠦᠢᠴᠡᠳ ᠨᠤᠲᠠᠯᠠᠯᠲᠠ ᠬᠢᠭᠰᠡᠨ ᠪᠠ ᠰᠠᠨᠠᠯ ᠰᠣᠨᠣᠰᠤᠭᠰᠠᠨ ᠰᠠᠭᠤᠷᠢᠨ ᠳᠤ ᠲᠤᠰ 《 ᠮᠡᠳᠡᠭᠳᠡᠯ》 ᠢ ᠲᠣᠭᠲᠠᠭᠠᠵᠤ ᠳᠠᠷᠤᠮᠠᠯᠯᠠᠨ ᠲᠠᠷᠬᠠᠭᠠᠪᠠ᠃      ᠠᠰᠠᠭᠤᠯᠲᠠ᠄ ᠬᠠᠲᠤᠨ ᠭᠤᠣᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠳᠦᠷᠡᠳᠡᠯ᠎ᠡ ᠠᠴᠢᠶᠠᠯᠠᠭᠰᠠᠨ ᠭᠠᠵᠠᠷ ᠣᠷᠣᠨ ᠢ ᠲᠣᠭᠲᠠᠭᠠᠭᠰᠠᠨ ᠪᠠᠷᠢᠮᠵᠢᠶ᠎ᠠ ᠨᠢ ᠶᠠᠭᠤ ᠪᠣᠢ︖      ᠬᠠᠷᠢᠭᠤᠯᠲᠠ᠄ ᠬᠠᠲᠤᠨ ᠭᠤᠣᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠳᠦᠷᠡᠳᠡᠯ᠎ᠡ ᠠᠴᠢᠶᠠᠯᠠᠭᠰᠠᠨ ᠭᠠᠵᠠᠷ ᠣᠷᠣᠨ ᠢ ᠭᠠᠵᠠᠷ ᠳᠡᠭᠡᠷᠡᠬᠢ ᠤᠰᠤ ᠪᠠ ᠭᠠᠵᠠᠷ ᠳᠣᠣᠷᠠᠬᠢ ᠤᠰᠤ ᠪᠠᠷ ᠲᠤᠰ ᠲᠤᠰ ᠲᠣᠭᠲᠠᠭᠠᠪᠠ᠃      ᠭᠠᠵᠠᠷ ᠳᠡᠭᠡᠷᠡᠬᠢ ᠤᠰᠤᠨ ᠤ ᠲᠠᠯ᠎ᠠ ᠪᠠᠷ᠄ ᠲᠤᠰᠬᠠᠢ ᠣᠷᠣᠨ ᠬᠤᠲᠠ ᠶᠢᠨ ᠱᠠᠲᠤᠨ ᠤ ᠵᠠᠰᠠᠭ ᠵᠠᠬᠢᠷᠭᠠᠨ ᠤ ᠣᠷᠣᠨ ᠢᠶᠠᠷ ᠨᠢᠭᠡᠴᠢ ᠪᠣᠯᠭᠠᠵᠤ᠂ ᠣᠳᠣ ᠶᠢᠨ ᠪᠠᠶᠢᠳᠠᠯ ᠳᠤ ᠪᠣᠳᠠᠲᠠᠢ ᠵᠠᠷᠤᠴᠠᠭᠤᠯᠤᠭᠰᠠᠨ ᠤᠰᠤᠨ ᠤ ᠬᠡᠮᠵᠢᠶ᠎ᠡ ᠨᠢ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠤᠨ ᠡᠵᠡᠮᠳᠡᠭᠦ ᠭᠦᠢᠴᠡᠳᠬᠡᠯ ᠳᠤᠭ᠎ᠠ ᠠᠴᠠ ᠬᠡᠳᠦᠷᠡᠳᠡᠯ᠎ᠡ ᠠᠴᠢᠶᠠᠯᠠᠭᠰᠠᠨ ᠭᠠᠵᠠᠷ ᠣᠷᠣᠨ ᠢ ᠭᠠᠵᠠᠷ ᠳᠡᠭᠡᠷᠡᠬᠢ ᠤᠰᠤᠨ ᠤ ᠳᠠᠭᠠᠭᠠᠴᠠ ᠠᠴᠠ ᠬᠡᠳᠦᠷᠡᠳᠡᠯ᠎ᠡ ᠠᠴᠢᠶᠠᠯᠠᠭᠰᠠᠨ ᠢᠶᠠᠷ ᠮᠠᠭᠠᠳᠯᠠᠨ ᠲᠣᠭᠲᠠᠭᠠᠨ᠎ᠠ᠃ ᠡᠭᠦᠨ ᠳᠤ᠂ ᠣᠳᠣᠬᠢ ᠪᠠᠶᠢᠳᠠᠯ ᠤᠨ ᠪᠣᠳᠠᠲᠠᠢ ᠤᠰᠤ ᠵᠠᠷᠤᠴᠠᠭᠤᠯᠬᠤ ᠬᠡᠮᠵᠢᠶ᠎ᠡ ᠭᠡᠳᠡᠭ ᠨᠢ ᠲᠤᠰ ᠭᠠᠵᠠᠷ ᠣᠷᠣᠨ ᠤ ᠣᠶᠢᠷ᠎ᠠ ᠶᠢᠨ ᠵᠢᠯ ᠤᠨ ᠪᠣᠳᠠᠲᠠᠢ ᠤᠰᠤ ᠵᠠᠷᠤᠴᠠᠭᠤᠯᠬᠤ ᠬᠡᠮᠵᠢᠶ᠎ᠡ ᠶᠢᠨ ᠵᠢᠯ ᠤᠨ ᠳᠤᠮᠳᠠᠴᠢ ᠬᠡᠮᠵᠢᠭᠳᠡᠯ ᠢ ᠵᠢᠭᠠᠵᠤ ᠪᠣᠢ︔ ᠤᠰᠤᠨ ᠤ ᠬᠡᠮᠵᠢᠶ᠎ᠡ ᠶᠢᠨ ᠬᠤᠪᠢᠶᠠᠷᠢᠯᠠᠯᠲᠠ ᠶᠢᠨ ᠲᠥᠰᠦᠯ ᠤᠨ ᠡᠵᠡᠮᠳᠡᠭᠦ ᠭᠦᠢᠴᠡᠳᠬᠡᠯ ᠲᠤᠭ᠎ᠠ ᠭᠡᠳᠡᠭ ᠨᠢ ᠤᠰᠤᠨ ᠤ ᠬᠡᠮᠵᠢᠶ᠎ᠡ ᠶᠢᠨ ᠬᠤᠪᠢᠶᠠᠷᠢᠯᠠᠯᠲᠠ ( ᠬᠠᠲᠤᠨ ᠭᠤᠣᠯ ᠤᠨ 《 ᠨᠠᠢᠮᠠ ᠳᠣᠯᠤᠭ᠎ᠠ 》 ᠶᠢᠨ ᠤᠰᠤ ᠬᠤᠪᠢᠶᠠᠷᠢᠯᠠᠬᠤ ᠲᠥᠰᠦᠯ᠂ ᠮᠣᠵᠢ ᠠᠯᠤᠰᠯᠠᠭᠰᠠᠨ ᠴᠢᠬᠤᠯᠠ ᠰᠠᠯᠪᠤᠷᠢ ᠤᠷᠤᠰᠬᠠᠯ ᠤᠨ ᠤᠰᠤᠨ ᠤ ᠬᠡᠮᠵᠢᠶ᠎ᠡ ᠶᠢᠨ ᠬᠤᠪᠢᠶᠠᠷᠢᠯᠠᠯᠲᠠ ᠶᠢᠨ ᠲᠥᠰᠦᠯ᠂ ᠮᠣᠵᠢ ᠣᠷᠣᠨ ᠤ 《 ᠨᠠᠢᠮᠠ ᠳᠣᠯᠤᠭ᠎ᠠ》 ᠶᠢᠨ ᠤᠰᠤ ᠬᠤᠪᠢᠶᠠᠷᠢᠯᠠᠬᠤ ᠲᠥᠰᠦᠯ ᠢ ᠭᠤᠣᠯ ᠰᠠᠯᠪᠤᠷᠢ ᠤᠷᠤᠰᠬᠠᠯ ᠪᠠ ᠲᠤᠰᠬᠠᠢ ᠣᠷᠣᠨ ᠬᠤᠲᠠ ᠶᠢᠨ ᠭᠦᠢᠴᠡᠳᠬᠡᠯ ᠲᠤᠭ᠎ᠠ ᠶᠢᠨ ᠦᠷ᠎ᠡ ᠪᠦᠲᠦᠭᠡᠯ ᠬᠦᠷᠲᠡᠯ᠎ᠡ ᠨᠠᠷᠢᠯᠢᠭᠵᠢᠭᠤᠯᠬᠤ ᠶᠢ ᠪᠠᠭᠳᠠᠭᠠᠨ᠎ᠠ) ᠪᠠᠷ ᠰᠠᠭᠤᠷᠢ ᠪᠣᠯᠭᠠᠵᠤ᠂ 《 ᠡᠯᠪᠡᠭ ᠪᠤᠯ ᠨᠡᠮᠡᠭᠳᠡᠭᠦᠯᠵᠦ ᠬᠠᠲᠠᠩᠭᠢᠷᠠᠪᠠᠯ ᠪᠠᠭᠠᠰᠬᠠᠬᠤ 》 ᠵᠠᠷᠴᠢᠮ ᠢᠶᠠᠷ ᠲᠣᠭᠲᠠᠭᠠᠭᠰᠠᠨ ᠤᠰᠤᠨ ᠤ ᠬᠡᠮᠵᠢᠶ᠎ᠡ ᠶᠢᠨ ᠬᠤᠪᠢᠶᠠᠷᠢᠯᠠᠯᠲᠠ ᠶᠢᠨ ᠭᠦᠢᠴᠡᠳᠬᠡᠯ ᠲᠤᠭ᠎ᠠ ᠶᠢ ᠵᠢᠭᠠᠵᠤ ᠪᠣᠢ᠃      ᠭᠠᠵᠠᠷ ᠳᠣᠣᠷᠠᠬᠢ ᠤᠰᠤᠨ ᠤ ᠲᠠᠯ᠎ᠠ ᠪᠠᠷ᠄ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ ᠢᠶᠠᠷ ᠨᠢᠭᠡᠴᠢ ᠪᠣᠯᠭᠠᠨ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠠᠰᠠᠭᠤᠳᠠᠯ ᠣᠷᠣᠰᠢᠵᠤ ᠪᠠᠶᠢᠪᠠᠯ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠠᠴᠢᠶᠠᠯᠠᠭᠰᠠᠨ ᠢᠶᠠᠷ ᠮᠠᠭᠠᠳᠯᠠᠨ ᠲᠣᠭᠲᠠᠭᠠᠨ᠎ᠠ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠠᠰᠠᠭᠤᠳᠠᠯ ᠣᠷᠣᠰᠢᠵᠤ ᠪᠠᠶᠢᠭ᠎ᠠ ᠭᠡᠳᠡᠭ ᠨᠢ ᠲᠤᠰ ᠭᠠᠵᠠᠷ ᠣᠷᠣᠨ ᠳᠤ ᠳᠣᠣᠷᠠᠬᠢ ᠭᠤᠷᠪᠠᠨ ᠵᠦᠢᠯ ᠤᠨ ᠪᠠᠶᠢᠳᠠᠯ ᠤᠨ ᠠᠯᠢ ᠨᠢᠭᠡ ᠨᠢ ᠴᠦ ᠣᠷᠣᠰᠢᠵᠤ ᠪᠠᠶᠢᠭ᠎ᠠ ᠭᠠᠵᠠᠷ ᠣᠷᠣᠨ ᠢ ᠵᠢᠭᠠᠵᠤ ᠪᠣᠢ᠄ ① ᠭᠦᠶᠦᠭᠡᠨ ᠳᠠᠪᠬᠤᠷᠭ᠎ᠠ ᠶᠢᠨ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ︔ ② ᠭᠦᠨ ᠳᠠᠪᠬᠤᠷᠭ᠎ᠠ ᠶᠢᠨ ᠳᠠᠷᠤᠯᠲᠠᠲᠤ ᠤᠰᠤ ᠶᠢ ᠬᠡᠲᠦᠷᠡᠲᠡᠯ᠎ᠡ ᠳᠠᠳᠠᠭᠰᠠᠨ᠃ ③ ᠠᠭᠤᠯᠠᠷᠬᠠᠭ ᠣᠷᠣᠨ ᠤ ᠭᠠᠵᠠᠷ ᠳᠣᠣᠷᠠᠬᠢ ᠤᠰᠤ ᠶᠢ ᠬᠡᠲᠦᠷᠬᠡᠢ ᠨᠡᠭᠡᠭᠡᠨ ᠠᠰᠢᠭᠯᠠᠭᠰᠠᠨ᠃      ᠠᠰᠠᠭᠤᠯᠲᠠ᠄ ᠤᠰᠤ ᠳᠠᠳᠠᠬᠤ ᠵᠦᠪᠰᠢᠶᠡᠷᠡᠯ ᠢ ᠰᠢᠨ᠎ᠡ ᠪᠠᠷ ᠨᠡᠮᠡᠭᠳᠡᠭᠦᠯᠬᠦ ᠶᠢ ᠲᠦᠷ ᠵᠣᠭᠰᠣᠭᠠᠬᠤ ᠶᠢᠨ ᠪᠣᠳᠠᠲᠠᠢ ᠱᠠᠭᠠᠷᠳᠠᠯᠭ᠎ᠠ ᠨᠢ ᠶᠠᠭᠤ ᠪᠣᠢ︖      ᠬᠠᠷᠢᠭᠤᠯᠲᠠ᠄ 《 ᠮᠡᠳᠡᠭᠳᠡᠯ》 ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ᠂ ᠬᠠᠲᠤᠨ ᠭᠤᠣᠯ ᠤᠨ ᠤᠰᠤᠨ ᠠᠰᠢᠭᠯᠠᠯᠲᠠ ᠶᠢᠨ ᠵᠥᠪᠯᠡᠯ᠂ ᠬᠠᠮᠢᠶ᠎ᠠ ᠪᠦᠬᠦᠢ ᠭᠠᠵᠠᠷ ᠣᠷᠣᠨ ᠤ ᠰᠢᠶᠠᠨ ᠤ  ᠱᠠᠳᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠳᠠᠭᠠᠭᠠᠴᠠ ᠠᠴᠠ ᠬᠡᠳᠦᠷᠡᠳᠡᠯ᠎ᠡ ᠠᠴᠢᠶᠠᠯᠠᠭᠰᠠᠨ ᠭᠤᠣᠯ ᠮᠥᠷᠡᠨ ᠤ ᠭᠠᠵᠠᠷ ᠳᠡᠭᠡᠷᠡᠬᠢ ᠤᠰᠤ᠂ ᠳᠠᠭᠠᠭᠠᠴᠠ ᠠᠴᠠ ᠬᠡᠳᠦᠷᠡᠳᠡᠯ᠎ᠡ ᠠᠴᠢᠶᠠᠯᠠᠭᠰᠠᠨ ᠡᠯ᠎ᠡ ᠲᠥᠷᠥᠯ ᠬᠡᠯᠪᠡᠷᠢ ᠶᠢᠨ ᠭᠠᠵᠠᠷ ᠳᠣᠣᠷᠠᠬᠢ ᠤᠰᠤᠠ ᠠᠴᠠ ᠤᠰᠤ ᠲᠠᠲᠠᠬᠤ ᠭᠤᠶᠤᠴᠢᠯᠠᠯ ᠳᠤ ᠵᠣᠬᠢᠬᠤ ᠤᠰᠤᠨ ᠤ ᠡᠬᠢ ᠰᠤᠷᠪᠤᠯᠵᠢ ᠠᠴᠠ ᠤᠰᠤ ᠳᠠᠳᠠᠬᠤ ᠵᠦᠪᠰᠢᠶᠡᠷᠡᠯ ᠢ ᠰᠢᠨ᠎ᠡ ᠪᠠᠷ ᠨᠡᠮᠡᠭᠳᠡᠭᠦᠯᠬᠦ ᠶᠢ ᠲᠤᠰ ᠲᠤᠰ ᠲᠦᠷ ᠵᠣᠭᠰᠣᠭᠠᠨ᠎ᠠ᠃      ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠬᠤ ᠪᠠ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠬᠡᠷᠡᠭᠴᠡᠭᠡ ᠶᠢ ᠪᠣᠳᠣᠯᠬᠢᠯᠠᠭᠠᠳ᠂ 《 ᠮᠡᠳᠡᠭᠳᠡᠯ》 ᠳᠤ ᠬᠠᠮᠲᠤ ᠳᠤᠨᠢ ᠲᠣᠭᠲᠠᠭᠠᠭᠰᠠᠨ ᠨᠢ᠂ ᠰᠢᠨ᠎ᠡ ᠪᠠᠷ ᠨᠡᠮᠡᠭᠳᠡᠭᠰᠡᠨ ᠠᠮᠢᠳᠤᠷᠠᠯ ᠳᠤ ᠬᠡᠷᠡᠭᠯᠡᠬᠦ ᠤᠰᠤ ᠪᠠ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠦᠷᠦᠯ ᠵᠦᠢᠯ ᠤᠨ ᠵᠦᠢ ᠵᠣᠬᠢᠰᠲᠠᠢ ᠤᠰᠤ ᠬᠡᠷᠡᠭᠯᠡᠬᠦ ᠬᠡᠷᠡᠭᠴᠡᠭᠡ ᠵᠢᠴᠢ ᠤᠰᠤᠨ ᠤ ᠡᠷᠬᠡ ᠶᠢ ᠰᠢᠯᠵᠢᠭᠦᠯᠦᠨ ᠥᠭᠬᠦ ᠪᠠᠷ ᠳᠠᠮᠵᠢᠭᠤᠯᠤᠨ ᠤᠰᠤ ᠲᠠᠲᠠᠵᠤ ᠬᠡᠷᠡᠭᠯᠡᠬᠦ ᠭᠦᠢᠴᠡᠳᠬᠡᠯ ᠲᠤᠭ᠎ᠠ ᠣᠯᠤᠭᠰᠠᠨ ᠲᠦᠷᠦᠯ ᠵᠦᠢᠯ ᠳᠤ ᠤᠰᠤ ᠳᠠᠳᠠᠬᠤ ᠵᠦᠪᠰᠢᠶᠡᠷᠡᠯ ᠢ ᠰᠢᠨ᠎ᠡ ᠪᠠᠷ ᠨᠡᠮᠡᠭᠳᠡᠭᠦᠯᠬᠦ ᠶᠢ ᠦᠷᠭᠦᠯᠵᠢᠯᠡᠨ ᠬᠢᠨᠠᠨ ᠵᠥᠪᠰᠢᠶᠡᠷᠡᠵᠦ ᠪᠣᠯᠤᠨ᠎ᠠ᠂ ᠭᠡᠪᠡᠴᠦ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢ ᠴᠢᠩᠭ᠎ᠠ ᠬᠢᠬᠦ ᠬᠡᠷᠡᠭᠲᠡᠢ᠃ ᠡᠭᠦᠨ ᠳᠤ᠂ ᠤᠤᠯ  ᠨᠢ ᠬᠤᠲᠠ ᠶᠢᠨ ᠱᠠᠲᠤ᠂ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠬᠦ ᠶᠢ ᠬᠠᠷᠢᠭᠤᠴᠠᠵᠤ ᠪᠠᠶᠢᠭᠰᠠᠨ ᠪᠣᠯ ᠬᠢᠨᠠᠨ ᠵᠥᠪᠰᠢᠶᠡᠷᠡᠬᠦ ᠡᠷᠬᠡ ᠶᠢᠨ ᠬᠢᠵᠠᠭᠠᠷᠯᠠᠯ ᠢ ᠮᠣᠵᠢ ᠶᠢᠨ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠭᠠᠨ ᠲᠣᠬᠢᠷᠠᠭᠤᠯᠬᠤ ᠶᠢᠨ ᠬᠠᠮᠲᠤ ᠬᠢᠨᠠᠨ ᠵᠥᠪᠰᠢᠶᠡᠷᠡᠭᠰᠡᠨ ᠤ ᠳᠠᠷᠠᠭ᠎ᠠ 10 ᠠᠵᠢᠯᠯᠠᠬᠤ ᠡᠳᠦᠷ ᠤᠨ ᠳᠣᠲᠣᠷ᠎ᠠ ᠤᠰᠤ ᠲᠠᠲᠠᠬᠤ ᠵᠥᠪᠰᠢᠶᠡᠷᠡᠯ ᠤᠨ ᠬᠢᠨᠠᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠵᠢᠴᠢ ᠬᠠᠮᠢᠶ᠎ᠠ ᠪᠦᠬᠦᠢ ᠮᠠᠲ᠋ᠧᠷᠢᠶᠠᠯ ᠢ ᠬᠠᠲᠤᠨ ᠭᠤᠣᠯ ᠤᠨ ᠤᠰᠤᠨ ᠠᠰᠢᠭᠯᠠᠯᠲᠠ ᠶᠢᠨ ᠵᠥᠪᠯᠡᠯ ᠳᠤ ᠮᠡᠳᠡᠭᠦᠯᠵᠦ ᠳᠠᠩᠰᠠᠯᠠᠭᠤᠯᠤᠨ᠎ᠠ᠃      ᠠᠰᠠᠭᠤᠯᠲᠠ᠄ 《 ᠮᠡᠳᠡᠭᠳᠡᠯ》 ᠳᠤ ᠳᠠᠭᠠᠭᠠᠴᠠ ᠠᠴᠠ ᠬᠡᠳᠦᠷᠡᠳᠡᠯ᠎ᠡ ᠠᠴᠢᠶᠠᠯᠠᠭᠰᠠᠨ ᠢ ᠵᠠᠰᠠᠬᠤ ᠲᠠᠯ᠎ᠠ  ᠪᠠᠷ ᠶᠠᠮᠠᠷ ᠶᠠᠮᠠᠷ ᠱᠠᠭᠠᠷᠳᠠᠯᠭ᠎ᠠ ᠳᠤᠷᠠᠳᠤᠭᠰᠠᠨ ᠪᠣᠢ︖      ᠬᠠᠷᠢᠭᠤᠯᠲᠠ᠄ 《 ᠮᠡᠳᠡᠭᠳᠡᠯ》 ᠳᠤ᠂ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠳᠦᠷᠡᠳᠡᠯ᠎ᠡ ᠠᠴᠢᠶᠠᠯᠠᠬᠰᠠᠨ ᠭᠠᠵᠠᠷ ᠣᠷᠣᠨ ᠨᠤᠭᠤᠳ ᠤᠰᠤ ᠠᠷᠪᠢᠯᠠᠬᠤ ᠶᠢ ᠶᠡᠭᠡ ᠪᠠᠷ ᠠᠬᠢᠭᠤᠯᠵᠤ᠂ ᠤᠰᠤᠨ ᠤ ᠡᠷᠬᠡ ᠶᠢ ᠰᠢᠯᠵᠢᠭᠦᠯᠦᠨ ᠥᠭᠬᠦ ᠶᠢ ᠢᠳᠡᠪᠬᠢᠲᠡᠢ ᠠᠬᠢᠭᠤᠯᠵᠤ᠂ ᠤᠰᠤ ᠬᠡᠷᠡᠭᠯᠡᠬᠦ ᠠᠰᠢᠭᠯᠠᠮᠵᠢ ᠶᠢ ᠳᠡᠭᠡᠭᠰᠢᠯᠡᠭᠦᠯᠦᠨ᠂ ᠤᠰᠤᠨ ᠤ ᠬᠠᠳᠠᠭᠠᠯᠠᠯᠲᠠ ᠶᠢᠨ ᠬᠡᠮᠵᠢᠶ᠎ᠡ ᠶᠢ ᠠᠮᠢᠳᠤᠯᠢᠭ ᠪᠣᠯᠭᠠᠵᠤ᠂ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠳᠤᠮᠳᠠᠬᠢ ᠵᠠᠬ᠎ᠠ ᠳᠡᠯᠭᠡᠭᠦᠷ ᠤᠨ ᠦᠢᠯᠡᠳᠦᠯ ᠢ ᠨᠡᠩ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠷ ᠨᠡᠮᠡᠭᠳᠡᠭᠰᠡᠨ ᠤᠰᠤ ᠬᠡᠷᠡᠭᠯᠡᠬᠦ ᠬᠡᠷᠡᠭᠴᠡᠭᠡ ᠶᠢ ᠪᠠᠲᠤᠯᠠᠬᠤ ᠳᠤ ᠤᠰᠤᠨ ᠤ ᠡᠬᠢ ᠪᠠᠶᠠᠯᠢᠭ ᠤᠨ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠭᠠᠵᠠᠷ ᠣᠷᠣᠨ ᠨᠤᠭᠤᠳ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠢ ᠵᠠᠰᠠᠬᠤ ᠲᠥᠰᠦᠯ ᠢ ᠲᠦᠷᠭᠡᠬᠡᠨ ᠲᠣᠭᠲᠠᠭᠠᠵᠤ᠂ ᠮᠣᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠴᠤᠬᠤᠯᠠᠪᠤᠷᠢᠯᠠᠭᠤᠯᠤᠭᠰᠠᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠢ᠃ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠳᠦᠷᠡᠳᠡᠯ᠎ᠡ ᠠᠴᠢᠶᠠᠯᠠᠭᠰᠠᠨ ᠢ ᠵᠠᠰᠠᠬᠤ ᠲᠥᠰᠦᠯ ᠳᠤ ᠳᠠᠭᠠᠭᠠᠴᠠ ᠠᠴᠠ ᠬᠡᠳᠦᠷᠡᠳᠡᠯ᠎ᠡ ᠠᠴᠢᠶᠠᠯᠠᠭᠰᠠᠨ ᠢ ᠵᠠᠰᠠᠬᠤ ᠬᠠᠷᠠᠯᠲᠠ᠂ ᠪᠡᠶᠡᠯᠡᠭᠦᠯᠬᠦ ᠴᠠᠭ ᠤᠨ ᠬᠢᠵᠠᠭᠠᠷᠯᠠᠯ᠂ ᠪᠣᠳᠠᠲᠠᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠ ᠡᠯ᠎ᠡ ᠵᠦᠢᠯ ᠤᠨ ᠠᠵᠢᠯ ᠤᠨ ᠠᠬᠢᠴᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃ ᠣᠷᠣᠨ ᠨᠤᠲᠤᠭ ᠤᠨ ᠪᠤᠳᠠᠳᠠᠢ ᠪᠠᠶᠢᠳᠠᠯ ᠲᠠᠢ ᠪᠠᠨ ᠤᠶᠠᠯᠳᠤᠭᠤᠯᠤᠨ᠂ ᠤᠰᠤ ᠶᠢ ᠠᠷᠪᠢᠯᠠᠵᠤ ᠬᠡᠷᠡᠭᠯᠡᠬᠦ᠂ ᠤᠰᠤᠨ ᠤ ᠡᠬᠢ ᠪᠠᠶᠠᠯᠢᠭ ᠤᠨ ᠬᠢᠨᠠᠨ ᠬᠠᠮᠢᠶᠠᠷᠤᠯᠲᠠ ᠶᠢ ᠴᠢᠩᠳᠠᠯᠠᠬᠤ᠂ ᠤᠰᠤᠨ ᠰᠤᠷᠪᠤᠯᠵᠢ ᠶᠢ ᠰᠣᠯᠢᠬᠤ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠵᠡᠷᠭᠡ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠠᠪᠴᠤ᠂ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠢ ᠶᠡᠷᠦᠩᠬᠡᠶᠢᠯᠡᠨ ᠵᠠᠰᠠᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃      ᠠᠰᠠᠭᠤᠯᠲᠠ᠄ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠳᠦᠷᠡᠳᠡᠯ᠎ᠡ ᠠᠴᠢᠶᠠᠯᠠᠭᠰᠠᠨ ᠭᠠᠵᠠᠷ ᠣᠷᠣᠨ ᠤ ᠤᠰᠤ ᠳᠠᠳᠠᠬᠤ ᠵᠦᠪᠰᠢᠶᠡᠷᠡᠯ ᠢ ᠰᠢᠨ᠎ᠡ ᠪᠠᠷ ᠨᠡᠮᠡᠭᠳᠡᠭᠦᠯᠬᠦ ᠶᠢ ᠬᠡᠷᠬᠢᠨ ᠲᠦᠷ ᠵᠣᠭᠰᠣᠭᠠᠬᠤ ᠪᠣᠢ︖      ᠬᠠᠷᠢᠭᠤᠯᠲᠠ᠄ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠭᠠᠵᠠᠷ ᠣᠷᠣᠨ ᠤ ᠤᠰᠤ ᠳᠠᠳᠠᠬᠤ ᠵᠦᠪᠰᠢᠶᠡᠷᠡᠯ ᠢ ᠰᠢᠨ᠎ᠡ ᠪᠠᠷ ᠨᠡᠮᠡᠭᠳᠡᠭᠦᠯᠬᠦ ᠶᠢ ᠲᠦᠷ ᠵᠣᠭᠰᠣᠭᠠᠬᠤ ᠶᠢᠨ ᠤᠷᠢᠳᠠᠯ ᠨᠥᠬᠦᠴᠡᠯ ᠪᠣᠯ ᠣᠳᠣ ᠶᠢᠨ ᠪᠠᠶᠢᠭ᠎ᠠ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠭᠠᠵᠠᠷ ᠣᠷᠣᠨ ᠢ ᠵᠠᠰᠠᠯᠳᠠ ᠬᠢᠭᠦ ᠪᠠᠷ ᠳᠠᠮᠵᠢᠨ ᠳᠠᠭᠠᠭᠠᠴᠠ ᠠᠴᠠ ᠬᠡᠲᠦᠷᠡᠭᠦᠯᠬᠦ ᠥᠬᠡᠢ ᠪᠣᠯᠭᠠᠨ ᠬᠤᠪᠢᠷᠠᠭᠤᠯᠬᠤ ᠶᠠᠪᠤᠳᠠᠯ ᠪᠣᠯᠤᠨ᠎ᠠ᠃      ᠡᠭᠦᠨ ᠤ ᠲᠤᠯᠠᠳᠠ᠂ 《 ᠮᠡᠳᠡᠭᠳᠡᠯ》 ᠳᠤ᠂ ᠤᠰᠤᠨ ᠠᠰᠢᠭᠯᠠᠯᠲᠠ ᠶᠢᠨ ᠶᠠᠮᠤᠨ 3 ᠵᠢᠯ ᠪᠦᠷᠢ ᠬᠠᠲᠤᠨ ᠭᠤᠣᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠳᠦᠷᠡᠳᠡᠯ᠎ᠡ ᠠᠴᠢᠶᠠᠯᠠᠭᠰᠠᠨ ᠪᠠᠶᠢᠳᠠᠯ ᠳᠤ ᠨᠢᠭᠡ ᠤᠳᠠᠭ᠎ᠠ ᠰᠢᠰᠲ᠋ᠧᠮ ᠲᠠᠢ ᠦᠨᠡᠯᠡᠨ ᠵᠢᠱᠢᠯᠳᠠ ᠬᠢᠬᠦ ᠶᠢ ᠵᠣᠬᠢᠶᠠᠨ ᠪᠠᠶᠢᠭᠤᠯᠵᠤ᠂ ᠦᠨᠡᠯᠡᠨ ᠵᠢᠱᠢᠭᠰᠡᠨ ᠦᠷ᠎ᠡ ᠳ᠋ᠦ᠋ᠩ ᠢ ᠦᠨᠳᠦᠰᠦᠯᠡᠨ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠳᠦᠷᠡᠳᠡᠯ᠎ᠡ ᠠᠴᠢᠶᠠᠯᠠᠭᠰᠠᠨ ᠭᠠᠵᠠᠷ ᠣᠷᠣᠨ ᠢ ᠮᠠᠭᠠᠳᠯᠠᠨ ᠲᠣᠭᠲᠠᠭᠠᠨ᠎ᠠ ᠭᠡᠵᠦ ᠲᠣᠭᠲᠠᠭᠠᠵᠠᠢ᠃ ᠣᠳᠣ ᠶᠢᠨ ᠪᠠᠶᠢᠭ᠎ᠠ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠳᠦᠷᠡᠳᠡᠯ᠎ᠡ ᠠᠴᠢᠶᠠᠯᠠᠭᠰᠠᠨ ᠭᠠᠵᠠᠷ ᠣᠷᠣᠨ ᠢ ᠵᠠᠰᠠᠯᠳᠠ ᠬᠢᠭᠦ  ᠪᠠᠷ ᠳᠠᠮᠵᠢᠨ ᠨᠢᠭᠡᠨᠲᠡ ᠳᠠᠭᠠᠭᠠᠴᠠ ᠠᠴᠠ ᠬᠡᠳᠦᠷᠡᠭᠰᠡᠨ ᠥᠬᠡᠢ ᠪᠣᠯᠭᠠᠨ ᠬᠤᠪᠢᠷᠠᠭᠤᠯᠤᠭᠰᠠᠨ ᠪᠠᠶᠢᠪᠠᠯ᠂ ᠤᠰᠤ ᠳᠠᠳᠠᠬᠤ ᠵᠦᠪᠰᠢᠶᠡᠷᠡᠯ ᠢ ᠰᠢᠨ᠎ᠡ ᠪᠠᠷ ᠨᠡᠮᠡᠭᠳᠡᠭᠦᠯᠬᠦ ᠶᠢ ᠲᠦᠷ ᠵᠤᠭᠰᠤᠭᠠᠬᠰᠠᠨ ᠢ ᠬᠦᠴᠦᠨ ᠥᠬᠡᠢ ᠪᠣᠯᠭᠠᠨ᠎ᠠ︔ ᠮᠥᠨ ᠬᠦ ᠳᠠᠭᠠᠭᠠᠴᠠ ᠠᠴᠠ ᠬᠡᠲᠦᠷᠡᠭᠦᠯᠦᠭᠰᠡᠨ ᠪᠠᠶᠢᠪᠠᠯ᠂ ᠤᠰᠤ ᠳᠠᠳᠠᠬᠤ ᠵᠦᠪᠰᠢᠶᠡᠷᠡᠯ ᠢ ᠰᠢᠨ᠎ᠡ ᠪᠠᠷ ᠨᠡᠮᠡᠭᠳᠡᠭᠦᠯᠬᠦ ᠶᠢ ᠲᠦᠷ ᠵᠣᠭᠰᠣᠭᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃      ᠡᠭᠦᠨ ᠤ ᠬᠠᠮᠲᠤ᠂ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠳᠦᠷᠡᠳᠡᠯ᠎ᠡ ᠠᠴᠢᠶᠠᠯᠠᠭᠰᠠᠨ ᠭᠠᠵᠠᠷ ᠣᠷᠣᠨ ᠤ ᠬᠢᠨ ᠳᠠᠭᠠᠭᠠᠴᠠ ᠠᠴᠠ ᠬᠡᠳᠦᠷᠡᠳᠡᠯ᠎ᠡ ᠠᠴᠢᠶᠠᠯᠠᠭᠰᠠᠨ ᠢ ᠵᠠᠰᠠᠯᠳᠠ ᠬᠢᠭᠦ ᠠᠵᠢᠯ ᠤᠨ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠵᠦ ᠮᠡᠳᠡᠬᠦ ᠶᠢ ᠪᠣᠳᠣᠯᠬᠢᠯᠠᠭᠠᠳ᠂ 《 ᠮᠡᠳᠡᠭᠳᠡᠯ》 ᠳᠤ᠂ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠳᠦᠷᠡᠳᠡᠯ᠎ᠡ ᠠᠴᠢᠶᠠᠯᠠᠭᠰᠠᠨ ᠭᠠᠵᠠᠷ ᠣᠷᠣᠨ ᠢ ᠵᠠᠰᠠᠯᠳᠠ ᠬᠢᠭᠦ᠂ ᠦᠪᠡᠷ ᠢᠶᠠᠨ ᠦᠨᠡᠯᠡᠨ ᠵᠢᠱᠢᠯᠳᠠ ᠬᠢᠭᠦ ᠪᠠᠷ ᠳᠠᠮᠵᠢᠨ ᠨᠢᠭᠡᠨᠲᠡ ᠳᠠᠭᠠᠭᠠᠴᠠ ᠠᠴᠠ ᠬᠡᠳᠦᠷᠡᠳᠡᠯ᠎ᠡ ᠠᠴᠢᠶᠠᠯᠠᠭᠰᠠᠨ ᠥᠬᠡᠢ ᠭᠡᠵᠦ ᠦᠵᠡᠵᠤ ᠪᠠᠶᠢᠪᠡᠯ᠂ ᠤᠰᠤᠨ ᠠᠰᠢᠭᠯᠠᠯᠲᠠ ᠶᠢᠨ ᠶᠠᠮᠤᠨ ᠳᠤ ᠤᠰᠤ ᠳᠠᠳᠠᠬᠤ ᠵᠦᠪᠰᠢᠶᠡᠷᠡᠯ ᠢ ᠰᠢᠨ᠎ᠡ ᠪᠠᠷ ᠨᠡᠮᠡᠭᠳᠡᠭᠦᠯᠬᠦ ᠶᠢ ᠲᠦᠷ ᠵᠣᠭᠰᠣᠭᠠᠬᠤ ᠲᠥᠷᠥ ᠶᠢᠨ ᠪᠣᠳᠣᠯᠭ᠎ᠠ ᠶᠢ ᠬᠦᠴᠦᠨ ᠦᠭᠡᠢ ᠪᠤᠯᠭᠠᠬᠤ ᠪᠠᠷ ᠤᠷᠢᠳᠴᠢᠯᠠᠨ ᠭᠤᠶᠤᠴᠢᠯᠠᠵᠤ ᠪᠣᠯᠤᠨ᠎ᠠ︔ ᠤᠰᠤᠨ ᠠᠰᠢᠭᠯᠠᠯᠲᠠ ᠶᠢᠨ ᠶᠠᠮᠤᠨ ᠠᠴᠠ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠵᠤ᠂ ᠬᠢᠨᠠᠨ ᠰᠢᠯᠭᠠᠭᠠᠳ ᠪᠠᠲᠤᠯᠠᠭᠰᠠᠨ ᠤ ᠳᠠᠷᠠᠭ᠎ᠠ ᠬᠦᠴᠦᠨ ᠦᠭᠡᠢ ᠪᠣᠯᠭᠠᠨ᠎ᠠ ᠭᠡᠵᠤ ᠳᠤᠭᠳᠠᠭᠠᠪᠠ᠃      ᠠᠰᠠᠭᠤᠯᠲᠠ᠄ 《 ᠮᠡᠳᠡᠭᠳᠡᠯ》 ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠭᠤᠣᠯᠳᠠᠭᠤ ᠶᠠᠮᠠᠷ ᠶᠠᠮᠠᠷ ᠲᠠᠯ᠎ᠠ ᠪᠠᠷ ᠬᠢᠨᠠᠨ ᠬᠠᠮᠢᠶᠠᠷᠤᠯᠲᠠ ᠶᠢ ᠴᠢᠩᠭᠠᠳᠬᠠᠬᠤ ᠪᠣᠢ︖      ᠬᠠᠷᠢᠭᠤᠯᠲᠠ᠄ ᠬᠠᠲᠤᠨ ᠭᠤᠣᠯ ᠤᠨ ᠤᠰᠤᠨ ᠠᠰᠢᠭᠯᠠᠯᠲᠠ ᠶᠢᠨ ᠵᠥᠪᠯᠡᠯ ᠪᠣᠯᠤᠨ ᠬᠠᠮᠢᠶ᠎ᠠ ᠪᠦᠬᠦᠢ ᠮᠣᠵᠢ ( ᠥᠪᠡᠷᠲᠡᠭᠡᠨ ᠵᠠᠰᠠᠬᠤ ᠣᠷᠣᠨ)  ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠳᠦᠷᠡᠳᠡᠯ᠎ᠡ ᠠᠴᠢᠶᠠᠯᠠᠭᠰᠠᠨ ᠭᠠᠵᠠᠷ ᠣᠷᠣᠨ ᠤ ᠤᠰᠤ ᠳᠠᠳᠠᠬᠤ ᠵᠦᠪᠰᠢᠶᠡᠷᠡᠯ ᠢ ᠰᠢᠨ᠎ᠡ ᠪᠠᠷ ᠨᠡᠮᠡᠭᠳᠡᠭᠦᠯᠬᠦ ᠶᠢ ᠲᠦᠷ ᠵᠣᠭᠰᠣᠭᠠᠭᠰᠠᠨ ᠪᠠᠶᠢᠳᠠᠯ ᠢ ᠮᠥᠷᠳᠡᠨ ᠬᠢᠨᠠᠵᠤ ᠪᠠᠶᠢᠴᠠᠭᠠᠬᠤ ᠪᠠᠨ ᠴᠢᠩᠭᠠᠳᠬᠠᠵᠤ᠂ ᠤᠰᠤᠨ ᠠᠰᠢᠭᠯᠠᠯᠲᠠ ᠶᠢᠨ ᠶᠠᠮᠤᠨ ᠠᠴᠠ ᠳᠠᠯᠳᠠᠭᠤᠷ ᠰᠤᠷᠪᠤᠯᠵᠢᠯᠠᠬᠤ᠂ ᠰᠤᠭᠤᠴᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠬᠢᠨᠠᠨ ᠪᠠᠶᠢᠴᠠᠭᠠᠨ᠎ᠠ᠃ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠬᠡᠷᠡᠭᠵᠢᠭᠦᠯᠦᠭᠰᠡᠨ ᠨᠢ ᠬᠦᠴᠦᠨ ᠦᠭᠡᠢ᠂ ᠵᠣᠬᠢᠶᠠᠨ ᠪᠠᠶᠢᠭᠤᠯᠤᠭᠰᠠᠨ ᠨᠢ ᠬᠦᠢᠴᠡᠳ ᠦᠭᠡᠢ᠂ ᠬᠢᠨᠠᠨ ᠬᠠᠮᠢᠶᠠᠷᠤᠯᠲᠠ ᠨᠢ ᠴᠢᠩᠭ᠎ᠠ ᠪᠢᠰᠢ ᠵᠡᠷᠭᠡ ᠦᠢᠯᠡ ᠠᠵᠢᠯᠯᠠᠭ᠎ᠠ ᠠᠴᠠ ᠬᠤᠯᠪᠣᠭᠳᠠᠯ ᠪᠦᠬᠦᠢ ᠨᠢᠭᠡᠴᠢ ᠪᠠ ᠬᠤᠪᠢ ᠬᠥᠮᠦᠨ ᠤ ᠬᠠᠷᠢᠭᠤᠴᠠᠯᠭ᠎ᠠ ᠶᠢ ᠬᠠᠤᠯᠢ ᠶᠣᠰᠣᠭᠠᠷ ᠴᠢᠩᠭ᠎ᠠ ᠨᠡᠬᠡᠮᠵᠢᠯᠡᠨ᠎ᠡ᠃ ᠤᠰᠤᠨ ᠤ ᠡᠬᠢ ᠪᠠᠶᠠᠯᠢᠭ ᠢ ᠬᠢᠨᠠᠨ ᠬᠡᠮᠵᠢᠬᠦ ᠰᠢᠰᠲ᠋ᠧᠮ ᠢ ᠪᠦᠷᠢᠨᠰᠢᠭᠦᠯᠵᠤ᠂ ᠭᠤᠣᠯ ᠮᠥᠷᠡᠨ ᠤ ᠴᠢᠬᠤᠯᠠ ᠣᠭᠲᠣᠯᠤᠭᠠᠰᠤ᠂ ᠭᠤᠣᠯᠳᠠᠯᠭ᠎ᠠ ᠲᠠᠢ ᠤᠰᠤ ᠲᠠᠲᠠᠬᠤ ᠠᠮᠠᠰᠠᠷ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠭᠤᠣᠯ ᠬᠢᠨᠠᠨ ᠡᠵᠡᠮᠳᠡᠬᠦ ᠡᠲᠡᠭᠡᠳ ᠢᠶᠠᠨ ᠪᠣᠯᠭᠠᠵᠤ᠂ ᠤᠰᠤ ᠬᠡᠷᠡᠭᠯᠡᠬᠦ ᠶᠢ ᠪᠦᠬᠦᠯᠢ ᠡᠳᠦᠷ ᠢᠶᠠᠷ ᠬᠢᠨᠠᠨ ᠬᠡᠮᠵᠢᠬᠦ ᠰᠢᠰᠲ᠋ᠧᠮ ᠢ ᠪᠠᠶᠢᠭᠤᠯᠬᠤ ᠶᠢᠨ ᠬᠠᠮᠲᠤ ᠰᠦᠯᠵᠢᠶᠡᠨ ᠳᠡᠭᠡᠷ᠎ᠡ ᠬᠢᠨᠠᠨ ᠬᠡᠮᠵᠢᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠵᠠᠳᠠᠯᠤᠨ ᠬᠡᠷᠡᠭᠯᠡᠬᠦ ᠶᠢ ᠴᠢᠩᠭᠠᠳᠬᠠᠨ᠎ᠠ᠃  
 
ᠢᠷᠡᠯᠲᠡ᠄ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠠᠰᠢᠭᠯᠠᠯᠲᠠ ᠶᠢᠨᠶᠠᠮᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号