ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ  ᠤᠨ ᠠᠵᠢᠯ ᠤᠨ ᠬᠤᠷᠠᠯᠳᠤᠭᠠᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/8
    9 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠰᠤᠨ ᠠᠰᠢᠭᠯᠠᠯᠲᠠ ᠶᠢᠨ  ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯᠳᠤᠭᠠᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠂ ᠤᠰᠤᠨ ᠠᠰᠢᠭᠯᠠᠯᠳᠠ ᠶᠢᠨ ᠶᠠᠮᠤᠨ ᠤ ᠬᠤᠯᠪᠣᠭᠳᠠᠯ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠳᠣᠬᠠᠨ ᠤ ᠪᠠ ᠲᠠᠷᠠᠭᠠᠴᠢ ᠶᠢᠨ ᠱᠠᠲᠤᠨ ᠤ ᠤᠰᠤᠨ ᠠᠰᠢᠭᠯᠠᠯᠲᠠ ᠶᠢᠨ  ᠠᠶᠤᠯᠭᠦᠢ ᠦᠢᠯᠡᠳᠪᠦᠷᠢᠯᠡᠯ ᠶᠢᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ  ᠪᠠᠶᠢᠷᠢᠯᠠᠭᠤᠯᠪᠠ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠰᠡᠴᠡᠨᠪᠢᠯᠢᠭ ᠬᠤᠷᠠᠯ ᠡᠷᠭᠢᠯᠡᠵᠦ ᠶᠠᠷᠢᠶ᠎ᠠ ᠲᠠᠯᠪᠢᠪᠠ᠃     ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠵᠣᠣ ᠵᠥᠩ ᠦ᠋᠂ ᠲᠢᠩᠬᠢᠮ ᠤᠨ ᠳᠡᠳ᠋ ᠳᠠᠷᠤᠭ᠎ᠠ ᠯᠢ ᠪᠢᠨ᠂ ᠶᠡᠷᠦᠩᠬᠡᠶ ᠢᠨᠵᠧᠨᠧᠷ ᠵᠣᠣ ᠬᠠᠶ ᠴᠦᠨ᠂ ᠶᠡᠷᠦᠩᠬᠡᠶ ᠠᠵᠤ ᠠᠬᠤᠶᠢᠴᠢ ᠭᠤᠤ ᠬᠠᠶ ᠮᠢᠩ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠠᠵᠢᠯ ᠦᠶᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ ᠸᠠᠩ ᠶᠠ ᠳ᠋ᠦᠩ᠂ ᠥᠪᠡᠷᠲᠡᠭᠡᠨ ᠵᠠᠰᠠᠬᠤ ᠣᠷᠣᠨ ᠤ ᠤᠰᠤᠨ ᠵᠦᠶ ᠤᠰᠤᠨ ᠤ ᠡᠬᠢ ᠪᠠᠶᠠᠯᠢᠭ ᠤᠨ ᠲᠥᠪ ᠤᠨ ᠡᠷᠬᠢᠯᠡᠭᠴᠢ ᠸᠠᠩ ᠬᠠᠶ ᠵᠢᠶᠦ᠋ᠨ᠂ ᠦᠪᠦᠷ ᠮᠤᠩᠭᠤᠯ ᠤᠰᠤᠨ ᠤ ᠶᠠᠪᠤᠳᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠶᠡᠷᠦᠩᠬᠡᠢ ᠵᠢᠩᠯᠢ  ᠰᠢᠯᠢᠨ᠂ ᠲᠢᠩᠬᠢᠮ ᠤᠨ ᠪᠠᠢᠭᠤᠯᠭ᠎ᠠ ᠶᠢᠨ ᠡᠯ᠎ᠡ ᠭᠠᠵᠠᠷ ᠬᠡᠷ᠂ ᠲᠢᠩᠬᠢᠮ ᠤᠨ ᠬᠠᠷᠢᠶ᠎ᠠ ᠡᠯ᠎ᠡ  ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
    ᠬᠤᠷᠠᠯ ᠠᠴᠠ 9  ᠰᠠᠷ᠎ᠠ ᠶᠢᠨ 30 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ᠂ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠵᠢᠴᠢ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠲᠧᠯᠸᠢᠰ ᠳ᠋ᠢᠶᠠᠩᠬᠤᠸᠠ ᠶᠢᠨ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠬᠠᠮᠢᠶ᠎ᠠ ᠪᠦᠬᠦᠢ ᠴᠣᠬᠤᠯᠠᠪᠤᠷᠢ᠂ ᠤᠯᠤᠰ ᠤᠨ ᠤᠰᠤᠨ ᠠᠰᠢᠭᠯᠠᠯᠳᠠ ᠶᠢᠨ ᠶᠠᠮᠤᠨ ᠤ ᠬᠠᠮᠢᠶ᠎ᠠ ᠪᠦᠬᠦᠢ ᠵᠠᠷᠯᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ  ᠂ ᠬᠠᠮᠢᠶ᠎ᠠ ᠪᠦᠬᠦᠢ ᠭᠠᠵᠠᠷ᠂  ᠨᠢᠭᠡᠴᠢ ᠤᠰᠤᠨ ᠠᠰᠢᠭᠯᠠᠯᠲᠠ ᠶᠢᠨ ᠭᠤᠣᠯᠳᠠᠯᠭ᠎ᠠ ᠲᠠᠢ ᠬᠦᠷᠢᠶᠡᠨ  ᠤ ᠠᠶᠤᠯᠭᠦᠢ ᠦᠢᠯᠡᠳᠪᠦᠷᠢᠯᠡᠯ  ᠤᠨ ᠠᠵᠢᠯ  ᠤᠨ ᠪᠠᠶᠢᠳᠠᠯ  ᠤᠨ ᠲᠤᠬᠠᠶ ᠬᠠᠷᠢᠭᠤ ᠮᠡᠳᠡᠭᠦᠯᠦᠯᠲᠡ  ᠶᠢ ᠰᠣᠨᠣᠰᠴᠤ᠂ ᠪᠦᠬᠦ ᠣᠷᠣᠨ  ᠤ ᠤᠰᠤᠨ ᠠᠰᠢᠭᠯᠠᠯᠲᠠ  ᠶᠢᠨ  ᠠᠶᠤᠯᠭᠦᠢ ᠦᠢᠯᠡᠳᠪᠦᠷᠢᠯᠡᠯ  ᠳᠤ ᠲᠤᠯᠭᠠᠷᠠᠵᠤ ᠪᠠᠶᠢᠭ᠎ᠠ ᠪᠠᠶᠢᠳᠠᠯ ᠪᠣᠯᠤᠨ ᠡᠭᠦᠷᠭᠡ  ᠶᠢ ᠵᠠᠳᠠᠯᠵᠤ᠂ ᠬᠤᠯᠪᠣᠭᠳᠠᠯ ᠪᠦᠬᠦᠢ ᠭᠤᠣᠯᠳᠠᠯᠭ᠎ᠠ ᠲᠠᠢ ᠠᠵᠢᠯ  ᠢ ᠲᠣᠬᠢᠷᠠᠭᠤᠯᠤᠨ ᠪᠠᠶᠢᠷᠢᠯᠠᠭᠤᠯᠪᠠ᠃
    ᠬᠤᠷᠠᠯ ᠠᠴᠠ᠂ ᠤᠶᠢᠢᠷ᠎ᠠ ᠶᠢᠨ ᠨᠢᠭᠡ ᠬᠤᠭᠤᠴᠠᠭᠠᠨ ᠳᠤ ᠪᠦᠬᠦ ᠣᠷᠣᠨ ᠤ ᠠᠶᠤᠯᠭᠦᠢ ᠦᠢᠯᠡᠳᠪᠦᠷᠢᠯᠡᠯ  ᠤᠨ ᠪᠠᠶᠢᠳᠠᠯ ᠨᠡᠯᠢᠶᠡᠳ ᠬᠦᠨᠳᠦ ᠨᠣᠴᠢᠲᠠᠢ ᠪᠠᠶᠢᠨ᠎ᠠ᠂ ᠡᠭᠦᠨ ᠤ ᠬᠠᠮᠲᠤ ᠨᠠᠮ ᠤᠨ ᠲᠥᠪ ᠬᠤᠷᠢᠶ᠎ᠠ ᠤᠳᠠᠯ ᠦᠭᠡᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤᠳᠠᠯ ᠦᠭᠡᠢ ᠠᠷᠪᠠᠨ ᠨᠢᠭᠡᠳᠦᠭᠡᠷ  ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠬᠤ ᠪᠣᠯᠤᠨ᠎ᠠ᠂  ᠠᠶᠤᠯᠭᠦᠢ ᠦᠢᠯᠡᠳᠪᠦᠷᠢᠯᠡᠯ  ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ  ᠬᠠᠷᠢᠭᠤᠴᠠᠯᠭ᠎ᠠ ᠬᠦᠨᠳᠦ ᠪᠠᠶᠢᠨ᠎ᠠ᠃ ᠤᠰᠤᠨ ᠠᠰᠢᠭᠯᠠᠯᠲᠠ ᠶᠢᠨ ᠰᠢᠰᠲ᠋ᠧᠮ ᠤᠨ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠦᠵᠡᠯ ᠰᠠᠨᠠᠭ᠎ᠠ ᠲᠠᠨᠢᠯᠲᠠ ᠶᠢᠨ ᠲᠠᠯ᠎ᠠ  ᠪᠠᠷ ᠮᠢᠨᠴᠦᠭᠦᠷᠡᠨ ᠲᠠᠶᠢᠪᠤᠰᠢᠷᠠᠬᠤ ᠶᠢ ᠡᠷᠡᠰ ᠬᠤᠷᠢᠭᠯᠠᠵᠤ᠂ ᠰᠢ ᠶᠢᠨ ᠫᠢᠩ  ᠶᠡᠷᠦᠩᠬᠡᠶ ᠱᠦᠵᠢ  ᠶᠢᠨ ᠠᠶᠤᠯᠭᠦᠢ ᠦᠢᠯᠡᠳᠪᠦᠷᠢᠯᠡᠯ  ᠤᠨ ᠲᠤᠬᠠᠶ ᠴᠢᠬᠤᠯᠠ ᠥᠭᠦᠯᠡᠯᠲᠡ  ᠶᠢ ᠭᠦᠨᠵᠡᠭᠡᠶ ᠰᠤᠷᠤᠯᠴᠠᠨ  ᠲᠤᠭᠤᠰᠢᠯᠠᠭᠤᠯᠵᠤ᠂ ᠠᠮᠤᠷ ᠲᠦᠪᠰᠢᠨ ᠬᠥᠭᠵᠢᠯᠲᠡ ᠶᠢᠨ ᠤᠨᠤᠯᠵᠢᠬᠤᠨ ᠪᠣᠯᠤᠨ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ  ᠶᠢ ᠳᠡᠭᠡᠳᠦᠯᠡᠬᠦ ᠤᠨᠤᠯᠵᠢᠬᠤᠨ  ᠢ ᠪᠠᠲᠤ ᠪᠠᠬᠢ ᠪᠤᠢ ᠪᠣᠯᠭᠠᠵᠤ᠂   ᠠᠶᠤᠯᠭᠦᠢ  ᠦᠢᠯᠡᠳᠪᠦᠷᠢᠯᠡᠯ  ᠤᠨ ︽ᠭᠤᠷᠪᠠᠨ ᠡᠷᠬᠡᠪᠰᠢ︾  ᠶᠢᠨ ᠱᠠᠭᠠᠷᠳᠠᠯᠭ᠎ᠠ  ᠶᠢ ᠴᠢᠩᠭ᠎ᠠ ᠨᠠᠶᠢᠳᠠᠪᠤᠷᠢᠵᠢᠭᠤᠯᠤᠨ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ  ᠠᠶᠤᠯᠭᠦᠢ ᠦᠢᠯᠡᠳᠪᠦᠷᠢᠯᠡᠯ  ᠤᠨ ᠡᠯ᠎ᠡ ᠵᠦᠢᠯ  ᠤᠨ ᠠᠵᠢᠯ  ᠢ ᠰᠠᠶᠢᠲᠤᠷ ᠠᠳᠬᠤᠵᠤ᠂ ᠪᠦᠬᠦ ᠣᠷᠣᠨ  ᠤ ᠤᠰᠤᠨ ᠠᠰᠢᠭᠯᠠᠯᠲᠠ  ᠶᠢᠨ  ᠰᠢᠰᠲ᠋ᠧᠮ ᠤᠨ  ᠠᠶᠤᠯᠭᠦᠢ ᠦᠢᠯᠡᠳᠪᠦᠷᠢᠯᠡᠯ  ᠤᠨ ᠪᠠᠶᠢᠳᠠᠯ  ᠤᠨ ᠲᠣᠭᠲᠠᠭᠤᠨ ᠪᠠᠶᠢᠬᠤ  ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠬᠡᠳᠦ᠋ᠢᠪᠡᠷ ᠡᠨᠡ ᠵᠢᠯ ᠤᠨ ᠦᠶᠡᠷ ᠤᠨ ᠬᠤᠭᠤᠴᠠᠭ᠎ᠠ ᠨᠢᠭᠡᠨᠲᠡ ᠳᠠᠭᠤᠰᠤᠭᠰᠠᠨ ᠪᠣᠯᠪᠠᠴᠤ  ᠪᠠᠰᠠ ᠮᠠᠰᠢ ᠤᠯᠠᠨ ᠤᠰᠤᠨ ᠠᠰᠢᠭᠯᠠᠯᠲᠠ ᠵᠢᠨ‌ᠢᠨᠵᠧᠨᠧᠷᠢᠩ ‍ᠤᠨ‌‍ᠪᠦ᠋ᠳᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂  ᠠᠶᠤᠯᠭᠦᠶᠢᠨ ᠦᠢᠯᠡᠳᠪᠦᠷᠢᠯᠡᠯ  ᠤᠨ ᠡᠭᠦᠷᠭᠡ  ᠮᠠᠰᠢ ᠬᠦᠨᠳᠦ ᠪᠠᠶᠢᠨ᠎ᠠ᠃ ᠡᠯ᠎ᠡ ᠬᠠᠮᠢᠶ᠎ᠠ ᠪᠥᠬᠦᠶ ᠭᠠᠵᠠᠷ ᠬᠡᠷ᠂ ᠨᠢᠭᠡᠴᠢ  ᠤᠯᠠᠭᠠᠨ ᠱᠤᠭᠤᠮ ᠤᠨ ᠤᠬᠠᠮᠰᠠᠷ ᠪᠠ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠪᠠᠬᠢ ᠪᠣᠶ ᠪᠣᠯᠭᠠᠵᠤ᠂ ᠥᠪᠡᠷ ᠤᠨ ᠬᠥᠮᠦᠨ ᠢᠶᠠᠨ ᠰᠠᠶᠢᠲᠤᠷ ᠬᠠᠮᠢᠶᠠᠷᠴᠤ᠂ ᠥᠪᠡᠷ ᠤᠨ ᠡᠭᠦᠳᠡ ᠪᠠᠨ ᠰᠠᠶᠢᠲᠤᠷ ᠬᠠᠷᠠᠵᠤ᠂ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠡᠭᠦᠷᠭᠡᠯᠡᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠦᠨᠡᠨᠬᠦ ᠴᠢᠩᠭ᠎ᠠ ᠠᠳᠬᠤᠵᠤ᠂ ᠡᠯ᠎ᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠢᠨᠵᠧᠨᠧᠷᠢᠩ ᠤᠨ  ᠠᠶᠤᠯᠭᠦᠢ ᠦᠢᠯᠡᠳᠪᠦᠷᠢᠯᠡᠯ ᠪᠠ ᠶᠠᠰᠤ ᠴᠢᠨᠠᠷ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠪᠥᠲᠥᠭᠡᠨ ᠪᠠᠶᠢᠭᠤᠯᠬᠤ ᠦᠶᠯᠡ ᠠᠵᠢᠯᠯᠠᠭ᠎ᠠ ᠶᠢ ᠵᠢᠷᠤᠮᠵᠢᠭᠤᠯᠵᠤ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢᠨ ᠤᠷᠤᠭᠰᠢᠲᠠᠶ ᠪᠡᠶᠡᠯᠡᠭᠳᠡᠬᠦ ᠶᠢ ᠪᠠᠲᠤᠯᠠᠬᠤ ᠬᠡᠷᠡᠭᠲᠡᠶ᠃ ᠬᠢᠨᠠᠯᠲᠠ ᠬᠠᠮᠢᠶᠠᠷᠤᠯᠲᠠ ᠶᠢᠨ ᠲᠦᠪᠰᠢᠨ᠂  ᠦᠶᠡᠷ ᠭᠠᠩ ᠤᠨ ᠭᠠᠮᠰᠢᠭ  ᠤᠨ ᠰᠡᠷᠭᠡᠶᠢᠯᠡᠯᠲᠡ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠠᠷᠭ᠎ᠠ ᠪᠠᠷᠢᠯ ᠵᠡᠷᠭᠡ ᠪᠠᠷ ᠭᠤᠤᠯᠯᠠᠭᠤᠯᠤᠨ᠂ ᠡᠨᠡ ᠡᠪᠦᠯ ᠢᠷᠡᠬᠦ ᠬᠠᠪᠤᠷ ᠤᠨ ᠠᠰᠢᠭᠲᠠᠶ ᠴᠠᠭ ᠢ ᠠᠳᠬᠤᠵᠤ᠂ ᠡᠯ᠎ᠡ ᠵᠦᠶᠯ ᠤᠨ ᠰᠠᠭᠤᠷᠢ ᠠᠵᠢᠯ᠂ ᠡᠮᠦᠨᠡᠬᠢ ᠬᠤᠭᠤᠴᠠᠭᠠᠨ ᠤ ᠠᠵᠢᠯ ᠢ ᠦᠨᠡᠨ ᠬᠦ ᠰᠠᠶᠢᠲᠤᠷ ᠠᠳᠬᠤᠬᠤ ᠬᠡᠷᠡᠭᠲᠡᠶ  ᠭᠡᠵᠦ ᠴᠢᠬᠤᠯᠠᠴᠢᠯᠠᠪᠠ᠃
    ᠬᠤᠷᠠᠯ ᠠᠴᠠ ᠪᠠᠰᠠ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠲᠠᠬᠢᠨ ᠲᠤᠬᠢᠷᠠᠭᠤᠯᠵᠤ᠂ ᠲᠠᠬᠢᠨ ᠪᠠᠶᠢᠷᠢᠯᠠᠭᠤᠯᠵᠤ᠂ ᠡᠯ᠎ᠡ ᠬᠤᠯᠪᠣᠭᠳᠠᠯ ᠪᠦᠬᠦᠢ ᠭᠠᠵᠠᠷ᠂  ᠨᠢᠭᠡᠴᠢ ᠶᠢ ᠳᠡᠭᠡᠳᠦ ᠳᠤᠤᠷᠠᠳᠤ ᠱᠠᠲᠤᠨ ᠤ  ᠣᠶᠢᠯᠠᠭᠠᠯᠴᠠᠯ᠂ ᠮᠡᠳᠡᠭᠡ ᠵᠠᠩᠭᠢ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠷᠢᠭᠤᠴᠠᠯᠭ᠎ᠠ ᠪᠠ ᠬᠠᠶᠢᠷ᠎ᠠ ᠰᠡᠳᠬᠢᠯᠭᠡ ᠲᠠᠢ ᠪᠠᠷ ᠨᠠᠷᠢᠨ ᠬᠢᠨᠠᠮᠠᠭᠠᠢ ᠰᠠᠶᠢᠲᠤᠷ ᠬᠢᠵᠦ᠂ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠶᠢ ᠢᠳᠡᠪᠬᠢᠲᠡᠢ ᠥᠷᠨᠢᠭᠦᠯᠵᠦ᠂ ᠤᠯᠠᠨ ᠲᠦᠮᠡᠨ ᠤ ᠬᠠᠤᠯᠢ ᠶᠤᠰᠤᠨ ᠤ ᠡᠷᠭᠡ ᠠᠰᠢᠭ ᠪᠠ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ ᠰᠠᠶᠢᠲᠤᠷ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠶᠠᠷ  ᠳᠤᠷᠠᠰᠬᠠᠯ ᠤᠨ ᠠᠮᠠᠷᠠᠯᠲᠠ ᠶᠢᠨ ᠡᠳᠦᠷ ᠬᠤᠭᠤᠴᠠᠭᠠᠨ ᠳᠠᠬᠢ ᠬᠤᠯᠪᠣᠭᠳᠠᠯ ᠪᠥᠬᠦᠶ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠵᠢᠵᠢᠭᠦᠷᠯᠡᠵᠦ ᠵᠢᠵᠢᠭᠦᠷᠯᠡᠨ ᠰᠠᠬᠢᠬᠤ ᠪᠠ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠶᠢ ᠴᠢᠩᠭᠠᠳᠬᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠤᠰᠤᠨ ᠠᠰᠢᠭᠯᠠᠯᠲᠠ ᠶᠢᠨ ᠰᠢᠰᠲ᠋ᠧᠮ ᠤᠨ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ  ᠭᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号