ᠤᠯᠠᠭᠠᠶ ᠤᠰᠤᠨ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠥᠪ ᠠᠴᠠ ᠡᠪᠦᠯ ᠤᠨ ᠤᠯᠠᠷᠢᠯ ᠤᠨ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/11/17
      11 ᠰᠠᠷ᠎ᠠ ᠶᠢᠨ 9 ᠤ ᠡᠳᠦᠷ ᠤᠯᠠᠭᠠᠶ ᠤᠰᠤᠨ ᠴᠥᠭᠦᠷᠥᠮ ᠤᠨ ᠮᠥᠰᠥ ᠶᠢ ᠪᠢᠲᠡᠭᠦᠮᠵᠢᠯᠡᠵᠦ᠂ ᠤᠰᠤᠨ ᠴᠥᠭᠦᠷᠥᠮ ᠤᠨ ᠬᠠᠮᠢᠶᠠᠷᠤᠯᠲᠠ ᠶᠢᠨ ᠠᠵᠢᠯ ᠡᠪᠦᠯ ᠤᠨ ᠤᠯᠠᠷᠢᠯ ᠤᠨ ᠠᠵᠢᠯᠯᠠᠭᠠᠨ ᠤ ᠬᠤᠭᠤᠴᠠᠭᠠᠨ ᠳᠤ ᠣᠷᠣᠪᠠ᠂ ᠡᠪᠦᠯ ᠤᠨ ᠤᠯᠠᠷᠢᠯ ᠤᠨ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠶᠢᠨ ᠲᠥᠯᠥᠭᠡ᠂ 11 ᠰᠠᠷ᠎ᠠ ᠶᠢᠨ 10 ᠤ ᠡᠳᠦᠷ ᠬᠠᠮᠢᠶᠠᠷᠤᠯᠲᠠ ᠬᠠᠮᠠᠭᠠᠯᠠᠯᠲᠠ ᠶᠢᠨ ᠲᠥᠪ ᠠᠴᠠ ᠡᠪᠦᠯ ᠤᠨ ᠤᠯᠠᠷᠢᠯ ᠤᠨ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠤᠨ ᠬᠤᠷᠠᠯ ᠢ ᠬᠤᠷᠠᠯᠳᠤᠭᠤᠯᠪᠠ᠃        ᠬᠤᠷᠠᠯ ᠠᠴᠠ 2021 ᠣᠨ ᠤ ᠢᠯᠡ ᠤᠰᠤᠨ ᠤ ᠬᠤᠭᠤᠴᠠᠭᠠᠨ ᠤ ᠬᠠᠮᠢᠶᠠᠷᠤᠯᠲᠠ ᠶᠢᠨ ᠱᠠᠲᠤᠨ ᠤ ᠠᠵᠢᠯ ᠳᠤ ᠳ᠋ᠦᠩᠨᠡᠯᠲᠡ ᠬᠢᠵᠦ᠂ ᠡᠪᠦᠯ ᠤᠨ ᠤᠯᠠᠷᠢᠯ ᠤᠨ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠳᠤ ᠲᠣᠬᠢᠷᠠᠭᠤᠯᠤᠯᠲᠠ ᠬᠢᠵᠡᠶ᠃ 2021 ᠣᠨ ᠤ ᠡᠪᠦᠯ ᠤᠨ ᠤᠯᠠᠷᠢᠯ ᠤᠨ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ ᠣᠷᠣᠨ ᠬᠤᠪᠢᠶᠠᠨ ᠶᠠᠪᠤᠭᠳᠠᠭᠤᠯᠬᠤ ᠪᠠᠷ ᠲᠣᠭᠲᠠᠭᠠᠵᠤ᠂ ᠴᠥᠭᠦᠷᠥᠮ ᠤᠨ ᠣᠷᠣᠨ ᠤ ᠡᠪᠦᠯ ᠤᠨ ᠤᠯᠠᠷᠢᠯ ᠤᠨ ᠠᠵᠢᠯᠯᠠᠭᠠᠨ ᠤ ᠬᠠᠮᠢᠶᠠᠷᠤᠯᠲᠠ ᠶᠢ ᠤᠯᠠᠭᠠᠶ ᠳᠤ ᠰᠠᠭᠤᠭ᠎ᠠ ᠠᠵᠢᠯᠲᠠᠨ ᠠᠵᠢᠯᠴᠢᠨ ᠢᠶᠠᠷ ᠭᠤᠤᠯ ᠪᠣᠯᠭᠠᠵᠤ᠂ ᠡᠪᠦᠯ ᠤᠨ ᠤᠯᠠᠷᠢᠯ ᠤᠨ ᠴᠥᠭᠦᠷᠥᠮ ᠤᠨ ᠣᠷᠣᠨ ᠤ ᠲᠣᠭᠤᠷᠢᠨ ᠪᠠᠶᠢᠴᠠᠭᠠᠵᠤ ᠬᠢᠨᠠᠨ ᠬᠡᠮᠵᠢᠬᠦ ᠠᠵᠢᠯ ᠤᠨ ᠲᠦᠷᠢᠮ ᠢ ᠬᠡᠷᠡᠭᠵᠢᠭᠦᠯᠦᠨ᠎ᠡ︔ ᠬᠤᠲᠠ ᠶᠢᠨ ᠲᠣᠭᠤᠷᠢᠭ ᠤᠨ ᠠᠵᠢᠯᠲᠠᠨ ᠠᠵᠢᠯᠴᠢᠳ ᠲᠤ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠰᠢᠯᠭᠠᠨ ᠬᠢᠨᠠᠬᠤ ᠠᠵᠢᠯ ᠤᠨ ᠲᠦᠷᠢᠮ ᠢ ᠬᠡᠷᠡᠭᠵᠢᠭᠦᠯᠵᠦ᠂ 11 ᠰᠠᠷ᠎ᠠ ᠶᠢᠨ 15 ᠤ ᠡᠳᠦᠷ ᠠᠴᠠ 2022 ᠣᠨ ᠤ ᠢᠯᠡ ᠤᠰᠤᠨ ᠤ ᠬᠤᠭᠤᠴᠠᠭᠠᠨ ᠳᠤ ᠠᠵᠢᠯᠯᠠᠭᠤᠯᠬᠤ ᠪᠣᠯᠲᠠᠯ᠎ᠠ᠂ ᠤᠯᠤᠰ ᠲᠥᠷᠥ᠂ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠶᠢ ᠲᠥᠪᠯᠡᠷᠡᠭᠦᠯᠦᠨ᠂ ᠣᠨ ᠤ ᠠᠵᠢᠯᠯᠠᠭᠠᠨ ᠤ ᠬᠠᠮᠢᠶᠠᠷᠤᠯᠲᠠ ᠶᠢᠨ ᠮᠠᠲ᠋ᠧᠷᠢᠶᠠᠯ ᠢ ᠴᠡᠭᠴᠡᠯᠡᠨ ᠨᠠᠶᠢᠷᠠᠭᠤᠯᠬᠤ ᠵᠡᠷᠭᠡ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号