ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠡᠳ᠋ ᠳᠠᠷᠤᠭ᠎ᠠ ᠯᠢ ᠪᠢᠨ ᠬᠠᠲᠤᠨ ᠭᠤᠤᠯ ᠤᠨ ᠰᠠᠪᠠ ᠭᠠᠵᠠᠷ ᠤᠨ ᠡᠯᠡᠰᠦ ᠬᠠᠰᠢᠬᠤ ᠢᠨᠵᠧᠨᠧᠷᠢᠩ᠂ ᠰᠢᠨ᠎ᠡ ᠪᠠᠷ ᠪᠠᠶᠢᠭᠤᠯᠤᠭᠰᠠᠨ ᠨᠦᠯᠦᠮᠡᠯ ᠭᠠᠵᠠᠷ ᠤᠨ ᠬᠠᠰᠢᠯᠭ᠎ᠠ ᠶᠢᠨ ᠢᠨᠵᠧᠨᠧᠷᠢᠩ᠂ ᠨᠦᠯᠦᠮᠡᠯ ᠭᠠᠵᠠᠷ ᠤᠨ ᠬᠠᠰᠢᠯᠭ᠎ᠠ ᠶᠢᠨ ᠠᠶᠤᠯ ᠢ ᠠᠷᠢᠯᠭᠠᠨ ᠪᠠᠬᠢᠵᠢᠭᠦᠯᠬᠦ ᠢᠨᠵᠧᠨᠧᠷᠢᠩ ᠪᠠ ᠨᠠᠯᠠᠤ ᠲᠠᠷᠢᠶᠠᠨ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2021/11/24
     11  ᠰᠠᠷ᠎ᠠ ᠶᠢᠨ 19 ᠤ ᠡᠳᠦᠷ ᠠᠴᠠ 20 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠡᠳ᠋ ᠳᠠᠷᠤᠭ᠎ᠠ ᠯᠢ ᠪᠢᠨ ᠪᠦᠯᠬᠦᠮ ᠳᠠᠭᠠᠭᠤᠯᠤᠨ ᠬᠥᠬᠡᠬᠤᠲᠠ᠂ ᠣᠷᠳᠣᠰ ᠬᠤᠲᠠ ᠶᠢᠨ 2021 ᠣᠨ ᠤ ᠡᠯᠡᠰᠦ  ᠬᠠᠰᠢᠬᠤ ᠢᠨᠵᠧᠨᠧᠷᠢᠩ᠂ ᠰᠢᠨ᠎ᠡ ᠪᠠᠷ ᠪᠠᠶᠢᠭᠤᠯᠤᠭᠰᠠᠨ ᠨᠦᠯᠦᠮᠡᠯ ᠭᠠᠵᠠᠷ ᠤᠨ ᠬᠠᠰᠢᠯᠭ᠎ᠠ ᠶᠢᠨ ᠢᠨᠵᠧᠨᠧᠷᠢᠩ᠂ ᠨᠦᠯᠦᠮᠡᠯ ᠭᠠᠵᠠᠷ ᠤᠨ ᠬᠠᠰᠢᠯᠭ᠎ᠠ ᠶᠢᠨ ᠠᠶᠤᠯ ᠢ ᠠᠷᠢᠯᠭᠠᠨ ᠪᠠᠬᠢᠯᠡᠬᠦ ᠢᠨᠵᠧᠨᠧᠷᠢᠩ ᠪᠠ  ᠨᠠᠯᠠᠤ ᠲᠠᠷᠢᠶᠠᠨ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠴᠤ᠂ ᠢᠨᠵᠧᠨᠧᠷᠢᠩ ᠤᠨ ᠠᠬᠢᠴᠠ ᠶᠢ ᠬᠢᠨᠠᠨ ᠵᠢᠯᠣᠭᠤᠳᠪᠠ᠃      ᠰᠢᠪᠠᠳᠠᠨ ᠵᠢᠯᠣᠭᠤᠳᠬᠤ ᠳᠤᠭᠤᠶᠢᠯᠠᠩ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠤᠷ ᠲᠤ ᠭᠦᠨᠵᠡᠭᠡᠶᠢᠷᠡᠵᠦ᠂ ᠤᠷᠢᠳ ᠬᠤᠵᠢᠳ ᠾᠧ ᠯᠢᠨ ᠰᠢᠶᠠᠨ ᠤ 2021 ᠣᠨ ᠤ  ᠨᠠᠯᠠᠤ ᠲᠠᠷᠢᠶᠠᠨ ᠭᠠᠵᠠᠷ ᠤᠨ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠢᠨᠵᠧᠨᠧᠷᠢᠩ᠂ ᠴᠢᠩ ᠱᠦᠶ ᠾᠧ ᠰᠢᠶᠠᠨ ᠤ ᠪᠠ ᠯᠦᠩ ᠸᠠᠨ ᠤ ᠴᠡᠪᠡᠷ ᠵᠢᠵᠢᠭ ᠰᠠᠪᠠ ᠭᠠᠵᠠᠷ ᠪᠠ 2021 ᠣᠨ ᠤ  ᠨᠠᠯᠠᠤ ᠲᠠᠷᠢᠶᠠᠨ ᠭᠠᠵᠠᠷ ᠤᠨ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠪᠠᠶᠢᠴᠠᠭᠠᠨ ᠦᠵᠡᠵᠦ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠠᠬᠢᠴᠠ᠂ ᠡᠪᠦᠯ ᠤᠨ ᠤᠯᠠᠷᠢᠯ ᠤᠨ ᠪᠠᠷᠢᠯᠭ᠎ᠠ ᠶᠢᠨ ᠪᠡᠯᠡᠳᠬᠡᠯ ᠢ ᠨᠠᠷᠢᠨ ᠨᠢᠮᠪᠠᠶ ᠪᠠᠶᠢᠴᠠᠭᠠᠨ ᠦᠵᠡᠭᠰᠡᠨ ᠪᠥᠭᠡᠳ ᠲᠤᠬᠠᠶ ᠶᠢᠨ ᠲᠠᠯᠠᠪᠤᠷ ᠲᠤ ᠢᠨᠵᠧᠨᠧᠷᠢᠩ ᠤᠨ ︽ᠪᠠᠴᠢᠮ ᠪᠡᠷᠬᠡ ᠵᠣᠪᠠᠨᠢᠯ︾ ᠤᠨ ᠠᠰᠠᠭᠤᠳᠠᠯ ᠢ ᠰᠤᠳᠤᠯᠤᠨ ᠰᠢᠶᠳᠪᠦᠷᠢᠯᠡᠭᠰᠡᠨ ᠪᠠᠶᠢᠨ᠎ᠠ᠃ ᠲᠤᠬᠠᠶ ᠶᠢᠨ ᠲᠠᠯᠠᠪᠠᠶ ᠶᠢᠨ ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ ᠰᠢᠪᠠᠳᠠᠨ ᠵᠢᠯᠣᠭᠤᠳᠬᠤ ᠳᠤᠭᠤᠶᠢᠯᠠᠩ ᠤᠨ ᠬᠢᠨ ᠲᠤᠰ ᠲᠤᠰ ᠾᠧ ᠯᠢᠨ ᠰᠢᠶᠠᠨ᠂ ᠴᠢᠩ ᠱᠦᠶ ᠾᠧ ᠰᠢᠶᠠᠨ᠂ ᠵᠡᠭᠦᠨᠭᠠᠷ ᠬᠤᠰᠢᠭᠤᠨ ᠳᠤ ᠠᠵᠢᠯ ᠤᠨ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠲᠥᠷᠥᠯ ᠵᠦᠶᠯ ᠤᠨ ᠬᠤᠰᠢᠭᠤ ︵ᠰᠢᠶᠠᠨ︶ ᠶᠢᠨ 2021 ᠣᠨ ᠤ ᠡᠯᠡᠰᠦ ᠬᠠᠰᠢᠬᠤ ᠢᠨᠵᠧᠨᠧᠷᠢᠩ᠂ ᠰᠢᠨ᠎ᠡ ᠪᠠᠷ ᠪᠠᠶᠢᠭᠤᠯᠤᠭᠰᠠᠨ ᠨᠦᠯᠦᠮᠡᠯ ᠭᠠᠵᠠᠷ ᠤᠨ ᠬᠠᠰᠢᠯᠭ᠎ᠠ ᠶᠢᠨ ᠢᠨᠵᠧᠨᠧᠷᠢᠩ᠂ ᠨᠦᠯᠦᠮᠡᠯ ᠭᠠᠵᠠᠷ ᠤᠨ ᠬᠠᠰᠢᠯᠭ᠎ᠠ ᠶᠢᠨ ᠠᠶᠤᠯ ᠢ ᠠᠷᠢᠯᠭᠠᠨ ᠪᠠᠬᠢᠯᠡᠬᠦ ᠢᠨᠵᠧᠨᠧᠷᠢᠩ ᠪᠠ ᠨᠠᠯᠠᠤ ᠲᠠᠷᠢᠶᠠᠨ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠠᠬᠢᠴᠠ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠬᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠵᠠᠳᠠᠯᠵᠤ᠂ ᠡᠯ᠎ᠡ ᠬᠤᠲᠠ᠂ ᠬᠤᠰᠢᠭᠤ ︵ᠰᠢᠶᠠᠨ︶ ᠶᠢᠨ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ᠂ ᠲᠥᠷᠥᠯ ᠵᠦᠶᠯ ︵ᠬᠠᠤᠯᠢ ᠶᠢᠨ ᠡᠷᠬᠡᠲᠡᠨ︶ ᠤᠨ   ᠨᠢᠭᠡᠴᠢ᠂ ᠬᠢᠨᠠᠨ ᠬᠠᠮᠢᠶᠠᠷᠬᠤ ᠬᠠᠷᠢᠭᠤᠴᠠᠯᠭᠠᠲᠤ  ᠨᠢᠭᠡᠴᠢ ᠠᠴᠠ ᠢᠨᠵᠧᠨᠧᠷᠢᠩ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠣᠨ ᠤ ᠪᠡᠶᠡᠯᠡᠭᠦᠯᠬᠦ ᠬᠠᠷᠠᠯᠲᠠ ᠳᠤ ᠠᠮᠠᠯᠠᠯᠲᠠ ᠬᠢᠪᠠ᠃      ᠬᠤᠷᠠᠯ ᠠᠴᠠ᠂ ᠡᠯ᠎ᠡ ᠭᠠᠵᠠᠷ᠂ ᠡᠯ᠎ᠡ  ᠨᠢᠭᠡᠴᠢ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠢᠨᠵᠧᠨᠧᠷᠢᠩ ᠤᠨ ᠠᠬᠢᠴᠠ ᠶᠢ ᠲᠦᠷᠭᠡᠨ ᠠᠬᠢᠭᠤᠯᠬᠤ ᠬᠡᠷᠡᠭᠲᠡᠢ᠃ ᠨᠦᠯᠦᠮᠡᠯ ᠭᠠᠵᠠᠷ  ᠤᠨ ᠬᠠᠰᠢᠯᠭ᠎ᠠ᠂ ᠨᠠᠯᠠᠤ ᠲᠠᠷᠢᠶᠠᠨ ᠭᠠᠵᠠᠷ ᠪᠣᠯᠤᠨ ᠡᠯᠡᠰᠦ ᠬᠠᠰᠢᠬᠤ ᠢᠨᠵᠧᠨᠧᠷᠢᠩ ᠪᠣᠯ ᠮᠠᠨ  ᠤ ᠣᠷᠣᠨ  ᠤ ᠬᠠᠳᠤᠨ ᠭᠤᠣᠯ  ᠤᠨ ᠰᠠᠪᠠ ᠭᠠᠵᠠᠷ  ᠤᠨ ᠬᠥᠷᠥᠰᠥ ᠰᠢᠷᠣᠶ ᠶᠢᠨ ᠢᠳᠡᠭᠳᠡᠯ  ᠢ ᠵᠠᠰᠠᠬᠤ ᠴᠢᠬᠤᠯᠠ ᠠᠷᠭ᠎ᠠ ᠬᠡᠮᠵᠢᠶ᠎ᠡ ᠪᠣᠯᠬᠤ ᠪᠥᠭᠡᠳ ᠣᠷᠣᠨ ᠪᠦᠰᠡ ᠶᠢᠨ ᠠᠮᠢ ᠠᠬᠤᠶ ᠶᠢᠨ ᠠᠮᠤᠷ ᠲᠦᠪᠰᠢᠨ᠂ ᠦᠶᠡᠷ  ᠢ ᠰᠡᠷᠭᠡᠶᠢᠯᠡᠬᠦ ᠠᠮᠤᠷ ᠲᠦᠪᠰᠢᠨ  ᠢ ᠪᠠᠲᠤᠯᠠᠬᠤ ᠪᠠ ᠮᠠᠨ  ᠤ ᠣᠷᠣᠨ ᠤ ᠬᠠᠳᠤᠨ ᠭᠤᠣᠯ  ᠤᠨ ᠰᠠᠪᠠ ᠭᠠᠵᠠᠷ  ᠤᠨ ᠠᠮᠢ ᠠᠬᠤᠶ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠶ ᠬᠥᠭᠵᠢᠯᠲᠡ ᠶᠢ ᠲᠥᠯᠬᠢᠨ ᠠᠬᠢᠭᠤᠯᠬᠤ ᠳᠤ ᠲᠦᠢᠯ  ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠷᠠᠯ  ᠠᠴᠠ ᠱᠠᠭᠠᠷᠳᠠᠭᠰᠠᠨ ᠨᠢ᠂ ᠡᠯ᠎ᠡ ᠭᠠᠵᠠᠷ᠂ ᠡᠯ᠎ᠡ  ᠨᠢᠭᠡᠴᠢ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠲᠥᠷᠥᠯ ᠵᠦᠶᠯ ᠤᠨ ᠬᠠᠤᠯᠢ ᠶᠢᠨ ᠡᠷᠬᠡᠲᠡᠨ ᠤ  ᠨᠢᠭᠡᠴᠢ ᠲᠤᠰᠬᠠᠶ ᠠᠩᠭᠢ ᠪᠠᠶᠢᠭᠤᠯᠤᠨ ᠠᠬᠢᠭᠤᠯᠵᠤ᠂ ᠬᠢᠨᠠᠨ ᠬᠠᠮᠢᠶᠠᠷᠬᠤ ᠬᠠᠷᠢᠭᠤᠴᠠᠯᠭᠠᠲᠤ  ᠨᠢᠭᠡᠴᠢ ᠪᠣᠯᠤᠨ ᠲᠢᠩᠬᠢᠮ ᠤᠨ ᠤᠰᠤᠨ ᠤ ᠬᠠᠮᠠᠭᠠᠯᠠᠯᠲᠠ ᠶᠢᠨ ᠭᠠᠵᠠᠷ  ᠠᠴᠠ ᠲᠤᠰᠬᠠᠶ ᠬᠥᠮᠦᠨ ᠲᠣᠮᠢᠯᠠᠨ ᠬᠢᠨᠠᠨ ᠵᠢᠯᠣᠭᠤᠳᠴᠤ᠂ ᠲᠣᠭᠲᠠᠭᠰᠠᠨ ᠬᠠᠷᠠᠯᠲᠠ ᠶᠢᠨ ᠡᠭᠦᠷᠭᠡ ᠪᠠᠨ ᠲᠡᠷᠡ ᠬᠡᠪ ᠢᠶᠠᠷ ᠨᠢ ᠪᠡᠶᠡᠯᠡᠭᠦᠯᠬᠦ ᠬᠡᠷᠡᠭᠲᠡᠶ︔ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠡᠪᠦᠯ ᠤᠨ ᠤᠯᠠᠷᠢᠯ ᠤᠨ ᠪᠠᠷᠢᠯᠭ᠎ᠠ ᠶᠢᠨ ᠠᠵᠢᠯ ᠤᠨ ᠪᠡᠯᠡᠳᠬᠡᠯ ᠢ ᠰᠠᠶᠢᠲᠤᠷ ᠬᠢᠵᠦ᠂ ᠤᠷᠢᠳᠴᠢᠯᠠᠨ ᠪᠡᠯᠡᠳᠬᠡᠵᠦ᠂ 2022 ᠣᠨ ᠤ ᠠᠵᠢᠯ ᠢ ᠤᠷᠢᠳᠴᠢᠯᠠᠨ ᠲᠥᠯᠥᠪᠵᠢᠭᠦᠯᠵᠦ᠂ ᠡᠯ᠎ᠡ ᠰᠠᠯᠠᠭ᠎ᠠ ᠮᠥᠴᠢᠷ ᠢ ᠵᠣᠬᠢᠴᠠᠭᠤᠯᠤᠨ ᠪᠠᠷᠢᠯᠭ᠎ᠠ ᠶᠢᠨ ᠠᠵᠢᠯ ᠬᠢᠬᠦ ᠠᠴᠠ ᠡᠮᠦᠨᠡᠬᠢ ᠡᠯ᠎ᠡ ᠲᠦᠷᠦᠯ ᠤᠨ ᠨᠡᠶᠢᠭᠡᠮ ᠤᠨ ᠠᠰᠠᠭᠤᠳᠠᠯ ᠢ ᠰᠢᠢᠳᠪᠦᠷᠢᠯᠡᠵᠦ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠪᠣᠳᠠᠲᠠᠢ ᠪᠥᠭᠡᠳ ᠨᠠᠷᠢᠯᠢᠭ ᠬᠢᠬᠦ ᠬᠡᠷᠡᠭᠲᠡᠢ  ᠭᠡᠵᠦ ᠵᠢᠭᠠᠵᠤ ᠭᠠᠷᠭᠠᠪᠠ᠃      ᠬᠥᠬᠡᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠣᠷᠳᠣᠰ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠴᠢᠩ ᠱᠦᠶ ᠾᠧ ᠰᠢᠶᠠᠨ᠂ ᠬᠤᠷᠢᠨᠭᠡᠷ ᠰᠢᠶᠠᠨ᠂  ᠵᠦᠩᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠢᠴᠢ ᠤᠰᠤᠨ ᠠᠰᠢᠭᠯᠠᠯᠲᠠ ︵ᠤᠰᠤᠨ ᠤ ᠶᠠᠪᠤᠳᠠᠯ︶ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠢᠩᠬᠢᠮ ᠤᠨ ᠤᠰᠤᠨ ᠤ ᠬᠠᠮᠠᠭᠠᠯᠠᠯᠲᠠ ᠶᠢᠨ ᠭᠠᠵᠠᠷ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠪᠠ ᠠᠵᠢᠯᠲᠠᠳ ᠬᠤᠷᠠᠯ ᠳᠤ ᠣᠷᠣᠯᠴᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号