ᠰᠡᠴᠡᠨᠪᠢᠯᠢᠭ ᠲᠦᠩᠯᠢᠶᠣᠤ ᠬᠤᠳᠠ ᠶᠢᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠲᠠᠢ ᠠᠭᠤᠯᠵᠠᠪᠠ
ᠨᠡᠶᠢᠲᠡᠯᠡᠭᠰᠡᠨ ᠴᠠᠭ᠄
2021/11/25
     11  ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠲᠦᠩᠯᠢᠶᠣᠤ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠥᠩ ᠸᠧᠶ ᠬᠤᠸᠠ ᠪᠦᠯᠬᠦᠮ ᠳᠠᠭᠠᠭᠤᠯᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠳᠤ ᠬᠦᠷᠴᠦ ᠵᠣᠯᠭᠠᠭᠤᠯᠬᠤ ᠠᠵᠢᠯ ᠬᠢᠪᠡ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠰᠡᠴᠡᠨᠪᠢᠯᠢᠭ  ᠵᠥᠩ ᠸᠧᠶ ᠬᠤᠸᠠ ᠨᠠᠷ ᠲᠠᠢ ᠠᠭᠤᠯᠵᠠᠭᠰᠠᠨ ᠪᠥᠭᠡᠳ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠵᠦᠩ ᠸᠧᠢ ᠬᠤᠸᠠ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠲᠦᠩᠯᠢᠶᠣᠤ ᠬᠤᠳᠠ ᠶᠢᠨ ᠤᠰᠤᠨ ᠠᠰᠢᠭᠯᠠᠯᠲᠠ ᠶᠢᠨ ᠦᠢᠯᠡᠰ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ᠂ ᠬᠤᠯᠪᠣᠭᠳᠠᠯ ᠪᠦᠬᠦᠢ ᠤᠰᠤᠨ ᠠᠰᠢᠭᠯᠠᠯᠲᠠ ᠶᠢᠨ ᠭᠤᠣᠯᠳᠠᠯᠭ᠎ᠠ ᠲᠠᠢ ᠠᠵᠢᠯ ᠤᠨ ᠪᠠᠶᠢᠳᠠᠯ ᠢ ᠨᠠᠷᠢᠨ ᠲᠠᠨᠢᠯᠴᠠᠭᠤᠯᠪᠠ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠢᠨ ᠤᠰᠤᠨ ᠤ ᠡᠬᠢ ᠪᠠᠶᠠᠯᠢᠭ ᠤᠨ ᠬᠤᠪᠢᠶᠠᠷᠢᠯᠠᠯᠲᠠ᠂ ᠴᠤᠤᠯ ᠭᠤᠣᠯ ᠢ ᠲᠠᠲᠠᠵᠤ  ᠯᠢᠶᠣᠤ ᠾᠧ ᠭᠤᠣᠯ ᠳᠤ ᠲᠤᠰᠠᠯᠠᠬᠤ ᠢᠨᠵᠧᠨᠧᠷᠢᠩ ᠤᠨ ᠪᠦᠳᠦᠬᠡᠨ ᠪᠠᠶᠢᠭᠤᠯᠤᠯᠲᠠ᠂ ᠮᠠᠯᠵᠢᠬᠤ ᠲᠠᠷᠢᠶᠠᠯᠠᠬᠤ ᠣᠷᠣᠨ ᠤ ᠤᠰᠤ ᠤᠮᠳᠠ ᠶᠢᠨ ᠠᠮᠤᠷ ᠲᠦᠪᠰᠢᠨ ᠵᠡᠷᠭᠡ ᠲᠠᠯ᠎ᠠ ᠪᠠᠷ ᠳᠡᠮᠵᠢᠯᠭᠡ ᠦᠵᠡᠭᠦᠯᠬᠦ ᠶᠢ ᠬᠦᠰᠡᠪᠡ᠃      ᠰᠡᠴᠡᠨᠪᠢᠯᠢᠭ ᠲᠦᠩᠯᠢᠶᠣᠤ ᠬᠤᠳᠠ ᠶᠢᠨ ᠨᠠᠮ ᠤᠨ ᠬᠤᠷᠢ‍‌ᠡᠶ᠎ᠡ᠂ ᠬᠤᠳᠠ ᠶᠢᠨ ᠵᠠᠰᠠᠭ ᠤᠨ ᠣᠷᠳᠣᠨ ᠤ ᠤᠰᠤᠨ ᠠᠰᠢᠭᠯᠠᠯᠲᠠ ᠶᠢᠨ ᠠᠵᠢᠯ ᠢ ᠴᠢᠬᠤᠯᠠᠴᠢᠯᠠᠨ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠶᠡᠷᠦᠩᠬᠡᠢ ᠱᠦᠵᠢ ᠰᠢ ᠶᠢᠨ ᠫᠢᠩ  ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ ᠤᠰᠤ ᠪᠠᠷ ᠲᠦᠷᠪᠡ ᠶᠢ ᠲᠣᠭᠲᠠᠭᠠᠬᠤ︾ ᠵᠠᠷᠴᠢᠮ ᠢ ᠪᠦᠬᠦ ᠲᠠᠯ᠎ᠠ ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠪᠣᠯᠤᠨ ᠬᠦᠴᠦᠯᠡᠴᠡ ᠶᠢᠨ ᠬᠤᠣᠰ ᠡᠵᠡᠮᠳᠡᠯ ᠢ ᠴᠢᠩᠭᠠᠳᠬᠠᠬᠤ ᠬᠡᠷᠡᠭᠲᠡᠢ᠃ ᠭᠠᠵᠠᠷ ᠳᠣᠤᠷᠠᠬᠢ ᠤᠰᠤᠨ ᠤ ᠶᠡᠷᠦᠩᠬᠡᠶ ᠬᠡᠮᠵᠢᠶ᠎ᠡ ᠶᠢ ᠬᠠᠮᠢᠶᠠᠷᠤᠨ ᠡᠵᠡᠮᠳᠡᠬᠦ ᠭᠦᠶᠴᠡᠳᠬᠡᠯ ᠲᠤᠭ᠎ᠠ ᠶᠢ ᠬᠤᠰᠢᠭᠤ ᠰᠢᠶᠠᠨ ᠳᠤ ᠬᠤᠪᠢᠶᠠᠷᠢᠯᠠᠨ ᠨᠠᠶᠢᠳᠠᠪᠤᠷᠢᠵᠢᠭᠤᠯᠬᠤ ᠶᠢ ᠲᠦᠷᠭᠡᠳᠬᠡᠵᠦ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠠᠪᠤᠭᠰᠠᠨ ᠢ ᠵᠠᠰᠠᠬᠤ᠂ ᠪᠠᠷᠠᠭᠤᠨ ᠯᠢᠶᠣᠤᠾᠧ ᠭᠤᠤᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠪᠠᠷ ᠶᠠᠪᠤᠬᠤ᠂ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠬᠡᠷᠡᠭᠲᠡᠶ᠃ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠭᠡ ᠰᠢᠪᠠᠳᠠᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠬᠤᠯᠪᠣᠭᠳᠠᠯ ᠪᠥᠬᠦᠶ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠴᠤᠤᠯ ᠭᠤᠤᠯ ᠢ ᠲᠠᠲᠠᠵᠤ  ᠯᠢᠶᠣᠤ ᠾᠧ ᠳᠤ ᠲᠤᠰᠠᠯᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠲᠦᠩᠯᠢᠶᠣᠤ ᠬᠤᠲᠠ ᠶᠢᠨ ᠳᠤᠷᠠᠳᠤᠭᠰᠠᠨ ᠳᠡᠮᠵᠢᠬᠦ ᠵᠦᠶᠯᠡᠰ ᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠪᠥᠬᠦ ᠬᠦᠴᠦᠨ ᠢᠶᠠᠷ ᠢᠶᠠᠨ ᠳᠡᠮᠵᠢᠨ᠎ᠡ ᠭᠡᠵᠦ ᠵᠢᠭᠠᠵᠤ ᠭᠠᠷᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号