ᠠᠷᠠᠳ ᠲᠤ ᠬᠤᠯᠪᠣᠭᠳᠠᠬᠤ ᠪᠠᠭ᠎ᠠ ᠶᠠᠪᠤᠳᠠᠯ ᠢ ᠰᠠᠶᠢᠲᠤᠷ ᠬᠢᠵᠦ ᠰᠠᠭᠤᠭᠠᠯᠢ ᠠᠷᠠᠳ ᠤᠨ ᠲᠣᠭᠤᠷᠢᠭ ᠤᠨ ᠶᠡᠭᠡ ᠪᠣᠯᠪᠠᠰᠤᠨ ᠢ  ᠴᠢᠮᠡᠬᠦ ᠶᠢ ᠰᠠᠶᠢᠲᠤᠷ ᠬᠢᠬᠦ ᠬᠡᠷᠡᠭᠲᠡᠢ
ᠨᠡᠶᠢᠲᠡᠯᠡᠭᠰᠡᠨ ᠴᠠᠭ᠄
2021/11/3
    ᠮᠠᠰᠢᠨ ᠲᠡᠷᠭᠡ ᠶᠢ ᠪᠠᠭ᠎ᠠ  ᠲᠣᠭᠤᠷᠢᠭ ᠲᠤ ᠲᠡᠷᠢ ᠲᠡᠭᠰᠢ ᠵᠣᠭᠰᠣᠭᠠᠵᠤ᠂ ᠨᠡᠶᠢᠲᠡ  ᠶᠢᠨ ᠭᠠᠷᠴᠠ   ᠶᠢ ᠬᠠᠷᠰᠢᠯᠠᠬᠤ ᠬᠠᠷᠰᠢᠯᠠᠬᠤ ᠦᠭᠡᠢ ᠶᠢᠨ ᠲᠥᠯᠥᠭᠡ᠂ 10 ᠰᠠᠷ᠎ᠠ ᠶᠢᠨ 29 ᠤ ᠡᠳᠦᠷ᠂ ᠬᠢᠩᠭᠠᠨ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ  ᠠᠴᠠ ᠳᠠᠭᠠᠭᠠᠴᠢᠯᠠᠭᠰᠠᠨ ᠷᠦ᠋ ᠢ  ᠪᠠᠭ᠎ᠠ ᠲᠣᠭᠤᠷᠢᠭ ᠤᠨ ᠭᠤᠤᠯ ᠵᠠᠮ᠂ ᠨᠡᠶᠢᠲᠡ ᠶᠢᠨ  ᠲᠠᠯᠠᠪᠤᠷ ᠲᠤ ᠲᠡᠷᠭᠡ ᠵᠣᠭᠰᠣᠭᠠᠬᠤ ᠱᠤᠭᠤᠮ ᠢ ᠪᠦᠬᠦᠯᠢ ᠴᠣᠭᠴᠠ ᠪᠠᠷ ᠨᠢ ᠵᠠᠭᠠᠭᠯᠠᠨ ᠲᠣᠭᠲᠠᠭᠠᠵᠤ᠂ ᠪᠠᠭ᠎ᠠ ᠲᠣᠭᠤᠷᠢᠭ ᠤᠨ ᠳᠣᠲᠣᠷᠠᠬᠢ ᠲᠡᠷᠭᠡ ᠵᠣᠭᠰᠣᠭᠠᠬᠤ ᠬᠠᠮᠢᠶᠠᠷᠤᠯᠲᠠ ᠶᠢ  ᠳᠦᠷᠢᠮᠵᠢᠭᠦᠯᠪᠡ᠃      ᠪᠦᠬᠦ ᠤᠯᠤᠰ ᠤᠨ ᠪᠣᠯᠪᠠᠰᠤᠨ ᠬᠤᠲᠠ ᠶᠢᠨ ᠪᠣᠯᠪᠠᠰᠤᠨ᠂ ᠵᠢᠷᠤᠮᠵᠢᠭᠤᠨ᠂ ᠡᠮᠬᠢ ᠳᠢᠭᠯᠢᠮ ᠲᠠᠢ ᠬᠤᠲᠠ ᠶᠢᠨ ᠣᠷᠴᠢᠨ ᠲᠣᠭᠤᠷᠢᠨ ᠢ ᠡᠭᠦᠳᠦᠨ ᠪᠠᠶᠢᠭᠤᠯᠬᠤ  ᠶᠢ ᠤᠭᠲᠤᠬᠤ ᠶᠢᠨ ᠲᠥᠯᠥᠭᠡ᠂ ᠰᠠᠭᠤᠭᠠᠯᠢ ᠠᠷᠠᠳ ᠲᠤ ᠲᠥᠬᠦᠮ ᠦᠵᠡᠭᠦᠯᠬᠦ᠂ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠵᠠᠷᠴᠢᠮ ᠶᠣᠰᠣᠭᠠᠷ᠂ ᠲᠣᠭᠲᠠᠩᠭᠤᠶ ᠲᠡᠷᠭᠡ ᠵᠣᠭᠰᠣᠭᠠᠬᠤ  ᠴᠡᠭ ᠭᠠᠷᠭᠠᠬᠤ ᠳᠤ ᠳᠣᠭᠢᠷᠠᠬᠤ ᠭᠠᠵᠠᠷ ᠢ ᠪᠥᠬᠦ ᠲᠠᠯ᠎ᠠ ᠪᠠᠷ ᠲᠥᠯᠥᠪᠵᠢᠭᠦᠯᠵᠦ᠂ ᠨᠡᠶᠢᠭᠡᠮ ᠲᠣᠭᠤᠷᠢᠭ᠂ ᠮᠠᠯ ᠠᠵᠤ ᠠᠬᠤᠶ᠂ ᠰᠠᠭᠤᠭᠠᠯᠢ ᠠᠷᠠᠳ ᠢᠶᠠᠷ ᠨᠢᠭᠡᠳᠦᠯᠲᠡᠶ ᠵᠥᠪᠰᠢᠶᠡᠷᠡᠭᠦᠯᠦᠭᠰᠡᠨ ᠤ ᠳᠠᠷᠠᠭ᠎ᠠ ᠲᠣᠭᠲᠠᠭᠠᠭᠰᠠᠨ ᠪᠠᠷᠢᠮᠵᠢᠶ᠎ᠠ ᠪᠠᠷ ᠲᠡᠷᠭᠡ ᠵᠣᠭᠰᠣᠭᠠᠬᠤ ᠪᠠᠶᠢᠷᠢ᠂ ᠲᠡᠷᠭᠡ ᠵᠣᠭᠰᠣᠭᠠᠬᠤ ᠵᠠᠶ ᠭᠠᠷᠭᠠᠬᠤ ᠶᠢᠨ ᠬᠠᠮᠲᠤ ᠵᠣᠬᠢᠬᠤ ᠬᠦᠷᠢᠶ᠎ᠡ ᠬᠡᠪᠴᠢᠶ᠎ᠡ ᠶᠢ ᠦᠯᠡᠳᠡᠭᠡᠵᠦ ᠲᠡᠷᠭᠡ ᠬᠥᠰᠬᠡ᠂ ᠶᠠᠪᠠᠭᠠᠨ ᠬᠥᠮᠦᠨ ᠤ ᠠᠮᠤᠷ ᠲᠦᠪᠰᠢᠨ ᠢᠶᠠᠷ ᠨᠡᠪᠲᠡᠷᠡᠬᠦ ᠶᠢ ᠪᠠᠲᠤᠯᠠᠬᠤ ᠬᠡᠷᠡᠭᠲᠡᠶ᠃ ᠲᠡᠷᠭᠡ ᠵᠣᠭᠰᠣᠭᠠᠬᠤ ᠱᠤᠭᠤᠮ ᠢ ᠵᠠᠭᠠᠭᠯᠠᠨ ᠲᠣᠭᠲᠠᠭᠠᠬᠤ ᠪᠠᠷ ᠳᠠᠮᠵᠢᠭᠤᠯᠤᠨ᠂  ᠪᠠᠭ᠎ᠠ ᠲᠣᠭᠤᠷᠢᠭ ᠤᠨ ᠲᠡᠷᠭᠡ ᠬᠥᠰᠬᠡ ᠵᠣᠭᠰᠣᠭᠠᠬᠤ ᠶᠢ  ᠳᠦᠷᠢᠮᠵᠢᠭᠦᠯᠵᠦ᠂ ᠬᠤᠲᠠ ᠶᠢᠨ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠪᠣᠯᠪᠠᠰᠤᠨ ᠢᠶᠠᠷ ᠲᠡᠷᠭᠡ ᠵᠣᠭᠰᠣᠭᠠᠵᠤ᠂ ᠪᠠᠭ᠎ᠠ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠪᠠ ᠵᠦᠯᠭᠡ ᠭᠠᠵᠠᠷ᠂ ᠣᠶ ᠮᠣᠳᠣᠨ ᠤ ᠬᠠᠮᠠᠭᠠᠯᠠᠯᠲᠠ ᠶᠢ ᠢᠳᠡᠪᠬᠢᠲᠡᠶ ᠰᠠᠨᠠᠭᠠᠴᠢᠯᠠᠨ᠎ᠠ᠃ ᠡᠭᠦᠨ ᠤ ᠵᠡᠷᠭᠡ ᠳᠤ᠂ ᠲᠡᠷᠭᠡ ᠵᠣᠭᠰᠣᠬᠤ ᠭᠠᠵᠠᠷ  ᠢ ᠵᠠᠭᠠᠭᠯᠠᠨ ᠵᠢᠷᠤᠬᠤ ᠪᠠᠷ ᠳᠠᠮᠵᠢᠭᠤᠯᠤᠨ᠂ ᠣᠷᠣᠨ ᠵᠠᠶ  ᠶᠢ ᠪᠦᠲᠦᠮᠵᠢᠲᠡᠶ ᠪᠠᠷ ᠠᠰᠢᠭᠯᠠᠵᠤ᠂ ᠪᠠᠭ᠎ᠠ ᠲᠣᠭᠤᠷᠢᠭ ᠤᠨ ᠳᠣᠲᠣᠷᠠᠬᠢ ᠣᠷᠣᠨ ᠵᠠᠶ  ᠶᠢᠨ ᠠᠰᠢᠭᠯᠠᠯᠲᠠ  ᠶᠢᠨ ᠨᠣᠷᠮ᠎ᠠ ᠪᠣᠯᠤᠨ ᠵᠠᠮ ᠨᠡᠪᠲᠡᠷᠡᠯᠭᠡ  ᠶᠢᠨ ᠴᠢᠳᠠᠪᠤᠷᠢ  ᠶᠢ ᠳᠡᠭᠡᠭᠰᠢᠯᠡᠭᠦᠯᠵᠦ ᠪᠣᠯᠬᠤ ᠪᠥᠭᠡᠳ ᠪᠠᠰᠠ  ᠪᠠᠭ᠎ᠠ ᠲᠣᠭᠤᠷᠢᠭ ᠤᠨ ᠲᠡᠷᠭᠡ ᠵᠣᠭᠰᠣᠬᠤ  ᠡᠮᠬᠢ ᠵᠠᠮᠪᠠᠷᠠᠭ᠎ᠠ ᠦᠭᠡᠶ ᠪᠠᠶᠢᠬᠤ ᠪᠠᠶᠢᠳᠠᠯ  ᠢ ᠨᠠᠮᠳᠠᠭᠤᠯᠵᠤ᠂  ᠪᠠᠭ᠎ᠠ ᠲᠣᠭᠤᠷᠢᠭ ᠤᠨ ︽ᠲᠡᠷᠭᠡ ᠵᠣᠭᠰᠣᠭᠠᠬᠤ ᠳᠤ ᠬᠦᠴᠢᠷ᠂ ᠲᠡᠷᠭᠡ ᠶᠠᠪᠤᠬᠤ ᠳᠤ ᠬᠦᠴᠢᠷ︾ ᠪᠠᠶᠢᠬᠤ ᠠᠰᠠᠭᠤᠳᠠᠯ  ᠢ ᠰᠢᠶᠳᠪᠦᠷᠢᠯᠡᠵᠦ ᠪᠣᠯᠤᠨ᠎ᠠ᠃      ᠣᠳᠣᠬᠠᠨ ᠳᠤ᠂ ᠷᠦ᠋ ᠢ ᠪᠠᠭ᠎ᠠ ᠲᠣᠭᠤᠷᠢᠭ ᠤᠨ ᠲᠥᠯᠥᠪᠵᠢᠭᠦᠯᠦᠭᠰᠡᠨ ᠲᠡᠷᠭᠡ ᠵᠣᠭᠰᠣᠭᠠᠬᠤ ᠭᠠᠵᠠᠷ 4 ᠪᠠᠶᠢᠵᠤ᠂ 59 ᠲᠡᠷᠭᠡ ᠵᠣᠭᠰᠣᠭᠠᠬᠤ ᠭᠠᠵᠠᠷ ᠵᠢᠷᠤᠵᠤ᠂ 1 ᠭᠠᠯ ᠤᠨᠲᠠᠷᠠᠭᠠᠬᠤ ᠵᠠᠮ ᠤᠨ ᠲᠡᠮᠳᠡᠭ ᠲᠠᠯᠪᠢᠵᠤ᠂ ᠪᠠᠭ᠎ᠠ ᠲᠣᠭᠤᠷᠢᠭ ᠤᠨ ᠳᠣᠲᠣᠷᠠᠬᠢ ᠲᠡᠷᠭᠡ ᠵᠣᠭᠰᠣᠭᠠᠬᠤ ᠪᠠᠭᠲᠠᠭᠠᠮᠵᠢ ᠶᠢ ᠶᠡᠬᠡᠪᠡᠷ ᠨᠡᠮᠡᠭᠳᠡᠭᠦᠯᠵᠦ᠂ ᠲᠡᠷᠭᠡ ᠵᠣᠭᠰᠣᠭᠠᠬᠤ ᠠᠮᠤᠷ ᠲᠦᠪᠰᠢᠨ ᠢ ᠳᠡᠭᠡᠭᠰᠢᠯᠡᠭᠦᠯᠵᠦ᠂ ᠰᠠᠭᠤᠭᠠᠯᠢ ᠠᠷᠠᠳ ᠲᠤ ᠲᠥᠬᠦᠮ ᠦᠵᠡᠭᠦᠯᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号