ᠥᠪᠡᠷᠲᠡᠭᠡᠨ ᠵᠠᠰᠠᠬᠤ ᠣᠷᠣᠨ ᠤ ᠨᠠᠮ ‍ᠤᠨ‌ᠬᠤᠷᠢᠶ᠎ᠡ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠣᠯᠣᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠰᠤᠨ ᠠᠰᠢᠭᠯᠠᠯᠲᠠ ᠶᠢᠨ ᠲᠢᠩᠬᠢᠮ ᠳᠤ ᠬᠦᠷᠴᠦ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/12/14
    12  ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠳᠣᠯᠣᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠸᠠᠩ ᠶᠤᠸᠠᠢ ᠬᠤ᠋᠂ ᠳᠡᠳ᠋ ᠳᠤᠭᠤᠶᠢᠯᠠᠩ ᠤᠨ ᠳᠠᠷᠤᠭ᠎ᠠ ᠵᠢᠶᠦ᠋ᠨ ᠹᠤᠩ ᠨᠡᠷ ᠤᠰᠤᠨ ᠠᠰᠢᠭᠯᠠᠯᠲᠠ ᠶᠢᠨ ᠲᠢᠩᠬᠢᠮ ᠳᠤ ᠬᠦᠷᠴᠦ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ  ᠵᠢᠭᠠᠨ ᠵᠢᠯᠣᠭᠤᠳᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ᠂ ᠲᠢᠩᠬᠢᠮ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠵᠣᠣ ᠵᠥᠩ ᠦ᠋᠂ ᠲᠢᠩᠬᠢᠮ ᠤᠨ  ᠪᠠᠶᠢᠭᠤᠯᠭ᠎ᠠ ᠶᠢᠨ ᠬᠠᠮᠢᠶ᠎ᠠ ᠪᠥᠬᠦᠶ ᠭᠠᠵᠠᠷ ᠲᠠᠰᠤᠭ ᠤᠨ ᠬᠠᠷᠢᠭᠤᠴᠠᠯᠭᠠᠲᠠᠨ᠂ ᠲᠢᠩᠬᠢᠮ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠪᠦᠷᠢᠯᠳᠦᠬᠦᠨ ᠶᠠᠷᠢᠯᠴᠠᠬᠤ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠵᠢᠯᠣᠭᠤᠳᠬᠤ ᠳᠤᠭᠤᠶᠢᠯᠠᠩ ᠤᠨ ᠬᠢᠨ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠭᠰᠠᠨ  ᠪᠠ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠤᠶᠢᠢᠷ᠎ᠠ ᠶᠢᠨ ᠬᠤᠭᠤᠴᠠᠭᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠳᠤ ᠲᠣᠳᠣᠷᠬᠠᠢ ᠱᠠᠭᠠᠷᠳᠠᠯᠭ᠎ᠠ  ᠳᠤᠷᠠᠳᠪᠠ᠃      ᠸᠠᠩ ᠶᠤᠸᠠᠢ ᠬᠤ᠋  ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ  ᠲᠤᠭᠤᠰᠢᠯᠠᠭᠤᠯᠬᠤ ᠶᠢ ᠣᠳᠣᠬᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠠᠭᠤᠯᠭ᠎ᠠ ᠪᠣᠯᠭᠠᠵᠤ᠂ ᠠᠵᠢᠯ ᠤᠨ ᠲᠤᠬᠢᠷᠠᠭᠤᠯᠤᠯᠲᠠ ᠬᠢᠵᠦ᠂ ᠰᠤᠷᠤᠯᠴᠠᠬᠤ ᠲᠥᠯᠥᠪᠯᠡᠭᠡ ᠭᠠᠷᠭᠠᠵᠤ᠂ ᠲᠣᠭᠲᠠᠭᠠᠯᠲᠤ ᠬᠥᠳᠡᠯᠪᠦᠷᠢ  ᠲᠤᠲᠠᠭᠳᠠᠵᠤ ᠪᠣᠯᠬᠤ ᠦᠭᠡᠢ᠂ ᠥᠪᠡᠰᠦᠪᠡᠨ ᠰᠣᠩᠭᠤᠬᠤ ᠬᠥᠲᠡᠯᠪᠦᠷᠢ ᠳᠤ ᠰᠢᠨ᠎ᠡ ᠡᠭᠦᠳᠦᠯᠲᠡ ᠲᠠᠢ  ᠪᠠᠶᠢᠵᠤ᠂᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ  ᠵᠢᠩᠬᠢᠨᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠠᠷ ᠠᠵᠠ ᠲᠣᠬᠢᠶᠠᠯ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠰᠢᠨ᠎ᠡ ᠥᠷᠨᠢᠯᠲᠡ ᠶᠢ ᠪᠤᠢ ᠪᠣᠯᠭᠠᠬᠤ ᠬᠡᠷᠡᠭᠲᠡᠢ᠃ ︽ᠪᠢ ᠣᠯᠠᠨ ᠲᠦᠮᠡᠨ ᠳᠤ ᠪᠣᠳᠠᠲᠠᠶ ᠶᠠᠪᠤᠳᠠᠯ  ᠬᠢᠵᠦ ᠥᠭᠬᠦ︾ ᠲᠥᠷᠥᠯ ᠵᠦᠶᠯ ᠤᠨ ᠠᠬᠢᠴᠠ ᠶᠢ ᠴᠢᠩᠭ᠎ᠠ ᠠᠩᠬᠠᠷᠴᠤ᠂ ᠲᠣᠭᠲᠠᠭᠠᠭᠰᠠᠨ ᠪᠣᠳᠠᠲᠠᠶ ᠶᠠᠪᠤᠳᠠᠯ ᠤᠨ ᠲᠥᠷᠥᠯ ᠵᠦᠶᠯ ᠢ ᠵᠢᠯ ᠤᠨ ᠡᠴᠦᠰ ᠠᠴᠠ ᠡᠮᠦᠨ᠎ᠡ ᠡᠷᠬᠡᠪᠰᠢ ᠪᠦᠬᠦᠨ ᠢ ᠪᠡᠶᠡᠯᠡᠭᠦᠯᠵᠦ᠂ ᠪᠣᠳᠠᠲᠠᠶ ᠶᠠᠪᠤᠳᠠᠯ ᠤᠨ ᠲᠥᠷᠥᠯ ᠵᠦᠶᠯ ᠢ ᠰᠢᠶᠳᠪᠦᠷᠢᠯᠡᠵᠦ ᠳᠠᠭᠤᠰᠬᠠᠬᠤ ᠨᠣᠷᠮ᠎ᠠ ᠶᠢ 100% ᠪᠠᠷ ᠪᠠᠲᠤᠯᠠᠬᠤ ᠬᠡᠷᠡᠭᠲᠡᠶ᠃ ᠤᠯᠠᠨ ᠲᠦᠮᠡᠨ ᠤ ᠬᠠᠨᠤᠮᠵᠢ ᠶᠢᠨ  ᠬᠡᠮᠵᠢᠶ᠎ᠡ ᠪᠠᠷ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠦᠷ᠎ᠡ ᠪᠦᠲᠦᠮᠵᠢ ᠶᠢ ᠰᠢᠯᠭᠠᠬᠤ ᠴᠢᠬᠤᠯᠠ ᠬᠡᠮᠵᠢᠭᠦᠷ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠬᠠᠨᠤᠮᠵᠢ ᠶᠢᠨ ᠬᠡᠮᠵᠢ‍‌ᠡᠶ᠎ᠡ ᠶᠢ ᠰᠢᠯᠭᠠᠨ ᠦᠨᠡᠯᠡᠬᠦ ᠪᠠᠶᠢᠴᠠᠭᠠᠯᠲᠠ ᠶᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠸᠠᠩ ᠶᠤᠸᠠᠢ  ᠬᠤ᠋᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠳ᠋ᠦᠩᠨᠡᠯᠲᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯ᠎ᠡ ᠭᠤᠭᠴᠤᠭ᠎ᠠ᠂ ᠡᠯ᠎ᠡ ᠱᠠᠳᠤ ᠦᠶ᠎ᠡ ᠶᠢ ᠪᠦᠬᠦ ᠲᠠᠯ᠎ᠠ ᠪᠠᠷ ᠡᠮᠬᠢᠯᠡᠨ ᠳ᠋ᠦᠩᠨᠡᠵᠦ᠂ ᠨᠡᠶᠢᠲᠡᠯᠢᠭ ᠲᠤᠷᠰᠢᠯᠭ᠎ᠠ ᠪᠣᠯᠤᠨ ᠣᠨᠴᠠᠯᠢᠭ ᠲᠠᠢ ᠬᠢᠯᠠᠰ ᠴᠡᠭ ᠢ ᠢᠳᠡᠪᠬᠢᠲᠡᠢ ᠭᠦᠨᠵᠡᠭᠡᠢ ᠠᠭᠤᠳᠠᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠪᠤᠰᠤᠳᠴᠢ ᠦᠨᠡᠨ ᠪᠣᠳᠠᠲᠠᠢ ᠣᠨᠣᠪᠴᠢᠲᠠᠢ ᠲᠤᠰᠬᠠᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠪᠡᠯᠡᠳᠬᠡᠯ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠨᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠠᠭᠤᠯᠭ᠎ᠠ ᠪᠣᠯᠤᠭᠰᠠᠨ ᠤ ᠬᠤᠪᠢ ᠳᠤ᠂ ᠡᠷᠲᠡ ᠠᠴᠠ ᠭᠠᠷᠳᠠᠵᠦ᠂ ᠤᠷᠢᠳᠴᠢᠯᠠᠨ ᠪᠡᠯᠡᠳᠬᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠥᠨᠳᠥᠷ ᠪᠠᠷᠢᠮᠵᠢᠶ᠎ᠠ ᠪᠠᠷ ᠥᠨᠳᠥᠷ ᠶᠠᠰᠤ ᠴᠢᠨᠠᠷᠲᠠᠢ ᠪᠠᠷ ᠰᠠᠶᠢᠲᠤᠷ ᠬᠢᠵᠦ᠂ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶᠢᠳᠠᠯ ᠢ ᠨᠡᠭᠡᠭᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号