ᠰᠢᠯᠢ ᠶᠢᠨ ᠭᠤᠤᠯ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ  ᠭᠡᠰᠢᠭᠦᠨ ᠳᠡᠳ᠋ ᠳᠠᠷᠤᠭ᠎ᠠ ᠤᠣ ᠬᠤᠩ ᠴᠢᠤᠸᠠᠨ ᠳᠤᠭᠤᠶᠢᠯᠠᠩ ᠳᠠᠭᠠᠭᠤᠯᠤᠨ ᠰᠢᠯᠢ ᠶᠢᠨ ᠭᠤᠤᠯ ᠠᠶᠢᠮᠠᠭ ᠤᠨ ᠤᠰᠤᠨ ᠠᠰᠢᠭᠯᠠᠯᠲᠠ ᠶᠢᠨ ᠦᠶᠯᠡᠰ ᠤᠨ ᠬᠥᠭᠵᠢᠯᠲᠡ ᠶᠢᠨ ᠲᠥᠪ ᠲᠤ ᠭᠦᠨᠵᠡᠭᠡᠶᠢᠷᠡᠨ ᠨᠠᠮ ᠤᠨ ᠪᠠᠶᠢᠭᠤᠯᠤᠯᠲᠠ ᠶᠢᠨ ᠠᠵᠢᠯ ᠢ ᠬᠢᠨᠠᠨ ᠰᠢᠯᠭᠠᠪᠠ
ᠨᠡᠶᠢᠲᠡᠯᠡᠭᠰᠡᠨ ᠴᠠᠭ᠄
2021/12/14
      2021 ᠣᠨ ᠤ 12 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠰᠢᠯᠢ ᠶᠢᠨ ᠭᠤᠤᠯ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠤᠣ ᠬᠤᠩ ᠴᠢᠤᠸᠠᠨ ᠨᠥᠬᠦᠷ   ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠠᠵᠢᠯᠲᠠᠨ ᠢ ᠳᠠᠭᠠᠭᠤᠯᠤᠨ ᠰᠢᠯᠢ ᠶᠢᠨ ᠭᠤᠤᠯ ᠠᠶᠢᠮᠠᠭ ᠤᠨ ᠤᠰᠤᠨ ᠠᠰᠢᠭᠯᠠᠯᠲᠠ ᠶᠢᠨ ᠦᠶᠯᠡᠰ ᠤᠨ ᠬᠥᠭᠵᠢᠯᠲᠡ ᠶᠢᠨ ᠲᠥᠪ ᠲᠤ ᠭᠦᠨᠵᠡᠭᠡᠶᠢᠷᠡᠨ ᠮᠠᠨ ᠤ ᠨᠠᠮ ᠤᠨ ᠡᠭᠦᠷ ᠤᠨ 2021 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠳᠤ ᠬᠢᠨᠠᠨ ᠰᠢᠯᠭᠠᠯᠲᠠ ᠬᠢᠪᠠ᠃      ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠴᠧᠨ ᠯᠢᠨ ᠱᠦᠵᠢ ᠲᠥᠪ ᠤᠨ ᠨᠠᠮ ᠤᠨ ᠡᠭᠦᠷ ᠢ ᠲᠥᠯᠥᠭᠡᠯᠡᠨ ᠬᠢᠨᠠᠨ ᠰᠢᠯᠭᠠᠬᠤ ᠳᠤᠭᠤᠶᠢᠯᠠᠩ ᠳᠤ 2021 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠵᠡᠢ᠃ ᠬᠤᠷᠠᠯ ᠤᠨ ᠳᠠᠷᠠᠭ᠎ᠠ᠂ ᠬᠢᠨᠠᠨ ᠰᠢᠯᠭᠠᠬᠤ ᠳᠤᠭᠤᠶᠢᠯᠠᠩ ᠤᠨ ᠪᠦᠷᠢᠯᠳᠦᠬᠦᠨ ᠨᠡᠷ ᠬᠥᠭᠵᠢᠭᠦᠯᠦᠯᠲᠡ ᠶᠢᠨ ᠲᠥᠪ ᠤᠨ 2021 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠮᠢᠶ᠎ᠠ ᠪᠥᠬᠦᠶ ᠮᠠᠲ᠋ᠧᠷᠢᠶᠠᠯ ᠢ ᠪᠠᠶᠢᠴᠠᠭᠠᠨ ᠦᠵᠡᠪᠡ᠃      ᠮᠠᠨ ᠤ ᠲᠥᠪ 2021 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠳ᠋ᠦᠩᠨᠡᠬᠦ ᠶᠢᠨ ᠬᠠᠮᠲᠤ᠂ ᠠᠶᠢᠮᠠᠭ ᠤᠨ ᠨᠠᠮ ᠤᠨ ᠬᠤᠷᠢᠶ᠎ᠠ ᠶᠢᠨ ᠬᠤᠯᠪᠣᠭᠳᠠᠯ ᠪᠥᠬᠦᠶ ᠪᠠᠶᠢᠷᠢᠯᠠᠭᠤᠯᠤᠯᠲᠠ ᠲᠠᠢ ᠤᠶᠠᠯᠳᠤᠭᠤᠯᠤᠨ᠂ 2022 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠢᠳᠡᠪᠬᠢᠲᠡᠶ ᠲᠥᠯᠥᠪᠯᠡᠵᠦ᠂ ᠨᠠᠮ ᠤᠨ ᠪᠠᠶᠢᠭᠤᠯᠤᠯᠲᠠ ᠬᠢᠭᠡᠳ ᠲᠤᠬᠠᠶᠢᠯᠠᠭᠰᠠᠨ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠦᠨᠡᠨ ᠬᠦ ᠪᠠᠲᠤᠯᠠᠵᠤ᠂ ᠤᠰᠤᠨ ᠠᠰᠢᠭᠯᠠᠯᠲᠠ ᠶᠢᠨ ᠦᠶᠯᠡᠰ ᠤᠨ ᠬᠥᠭᠵᠢᠯᠲᠡ ᠶᠢᠨ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠡᠭᠦᠷᠭᠡ ᠶᠢ ᠰᠠᠶᠢᠲᠤᠷ ᠠᠳᠬᠤᠵᠤ ᠪᠣᠳᠠᠲᠠᠶ ᠪᠠᠷ ᠠᠳᠬᠤᠬᠤ ᠶᠢ ᠬᠠᠮᠲᠤ ᠪᠠᠷ ᠳᠥᠯᠭᠢᠨ ᠠᠬᠢᠭᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号