12 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ | ᠤᠰᠤᠨ ᠠᠰᠢᠭᠯᠠᠯᠲᠠ ᠶᠢᠨ ᠲᠢᠩᠬᠢᠮ ᠳᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ | ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠤᠯᠪᠣᠭᠳᠠᠯ ᠪᠥᠬᠦᠶ ᠠᠵᠢᠯ ᠤᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠰᠤᠳᠤᠯᠤᠨ | ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ᠂ ᠤᠰᠤᠨ | ᠠᠰᠢᠭᠯᠠᠯᠲᠠ ᠶᠢᠨ ᠲᠢᠩᠬᠢᠮ ᠵᠢᠴᠢ ᠥᠪᠡᠷᠲᠡᠭᠡᠨ ᠵᠠᠰᠠᠬᠤ ᠣᠷᠣᠨ ᠤ ᠤᠰᠤᠨ ᠵᠦᠶ ᠤᠰᠤᠨ ᠤ ᠡᠬᠢ ᠪᠠᠶᠠᠯᠢᠭ ᠤᠨ | ᠲᠥᠪ᠂ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ᠂ ᠥᠪᠥᠷ ᠮᠣᠩᠭᠤᠯ ᠤᠨ ᠤᠰᠤᠨ ᠤ | ᠶᠠᠪᠤᠳᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ ᠵᠡᠷᠭᠡ ᠰᠠᠯᠠᠭ᠎ᠠ ᠮᠥᠴᠢᠷ ᠨᠢᠭᠡᠴᠢ᠂ ᠠᠵᠤ ᠠᠬᠤᠶᠢᠯᠠᠯ ᠤᠨ | ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠰᠡᠴᠡᠨᠪᠢᠯᠢᠭ ᠲᠤᠰ ᠲᠤᠰ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ | ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠪᠠ ᠰᠦᠩ ᠯᠢᠶᠠᠩ ᠤᠨ ᠬᠠᠤᠯᠢ ᠰᠠᠬᠢᠯᠭ᠎ᠠ | ᠪᠠᠲᠤ ᠶᠢ ᠬᠦᠨᠳᠦ ᠨᠣᠴᠢᠲᠠᠢ ᠵᠥᠷᠢᠴᠡᠵᠦ ᠲᠥᠰᠦᠯ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠲᠤᠬᠠᠢ | ᠲᠤᠰᠬᠠᠢ ᠰᠡᠳᠦᠪᠲᠦ ᠬᠠᠷᠢᠭᠤ ᠮᠡᠳᠡᠭᠦᠯᠦᠯᠲᠡ ᠬᠢᠪᠡ᠃ ᠤᠰᠤᠨ ᠠᠰᠢᠭᠯᠠᠯᠲᠠ ᠶᠢᠨ ᠰᠢᠰᠲ᠋ᠧᠮ ᠤᠨ ᠬᠤᠯᠪᠣᠭᠳᠠᠯ | ᠪᠥᠬᠦᠢ ᠭᠤᠣᠯᠳᠠᠯᠭ᠎ᠠ ᠲᠠᠢ ᠠᠵᠢᠯ ᠪᠣᠯᠤᠨ ᠺᠠᠲᠠᠷ ᠤᠨ ᠡᠩᠨᠡᠭᠡᠨ ᠤ ᠴᠢᠳᠠᠪᠤᠷᠢ᠂ ᠰᠤᠷᠲᠠᠯ ᠤᠨ ᠪᠠᠶᠢᠭᠤᠯᠤᠯᠲᠠ ᠵᠡᠷᠭᠡ | ᠪᠠᠶᠢᠳᠠᠯ ᠢ ᠨᠠᠷᠢᠨ ᠨᠢᠭᠲᠠ ᠲᠠᠨᠢᠯᠴᠠᠭᠤᠯᠪᠠ᠃ | ᠯᠢ ᠪᠢᠩ ᠷᠦᠩ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠥᠩᠭᠡᠷᠡᠭᠰᠡᠨ ᠲᠠᠪᠤᠨ ᠵᠢᠯ ᠤᠨ ᠠᠵᠢᠯ ᠪᠣᠯᠤᠨ | ᠠᠮᠵᠢᠯᠲᠠ ᠶᠢ ᠪᠦᠬᠦ ᠲᠠᠯ᠎ᠠ ᠪᠠᠷ ᠳ᠋ᠦᠩᠨᠡᠵᠦ᠂ ᠬᠤᠶᠢᠰᠢᠳᠠ ᠶᠢᠨ ᠲᠠᠪᠤᠨ ᠵᠢᠯ ᠤᠨ ᠲᠡᠮᠡᠴᠡᠯ ᠤᠨ ᠬᠠᠷᠠᠯᠲᠠ ᠪᠣᠯᠤᠨ | ᠭᠤᠣᠯ ᠡᠭᠦᠷᠭᠡ ᠶᠢ ᠲᠣᠳᠣᠷᠬᠠᠶᠢᠯᠠᠵᠤ᠂ ᠮᠠᠰᠢ ᠴᠢᠩᠭ᠎ᠠ ᠬᠠᠷᠠᠯᠲᠠ ᠶᠢᠨ ᠤᠳᠤᠷᠢᠳᠤᠮᠵᠢ᠂ ᠡᠭᠦᠷᠭᠡ ᠶᠢᠨ | ᠤᠳᠤᠷᠢᠳᠤᠮᠵᠢ ᠲᠠᠢ ᠪᠠᠶᠢᠵᠤ᠂ ᠰᠢ ᠶᠢᠨ ᠫᠢᠩ ᠶᠡᠷᠦᠩᠬᠡᠢ ᠱᠦᠵᠢ ᠪᠣᠯᠤᠨ ᠨᠠᠮ ᠤᠨ ᠲᠥᠪ ᠬᠤᠷᠢᠶ᠎ᠡ ᠠᠴᠠ | ᠥᠪᠥᠷ ᠮᠣᠩᠭᠤᠯ ᠳᠤ ᠲᠣᠭᠲᠠᠭᠠᠭᠰᠠᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠠᠵᠢᠯᠯᠠᠭᠠᠨ ᠤ | ᠬᠥᠲᠥᠯᠪᠦᠷᠢ ᠶᠢ ᠭᠦᠢᠴᠡᠳ ᠢᠯᠡᠷᠡᠭᠦᠯᠵᠦ᠂ ︽ᠬᠤᠶᠠᠷ ᠢ ᠲᠣᠭᠲᠠᠭᠠᠬᠤ︾ ᠶᠢ ᠡᠷᠡᠰ ᠬᠠᠮᠠᠭᠠᠯᠠᠬᠤ ᠤᠯᠤᠰ | ᠲᠦᠷᠦ ᠶᠢᠨ ᠤᠬᠠᠮᠰᠠᠷ ᠢ ᠭᠦᠢᠴᠡᠳ ᠢᠯᠡᠷᠡᠭᠦᠯᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ | ᠲᠦᠷᠦ ᠶᠢᠨ ᠬᠠᠷᠢᠭᠤᠴᠠᠯᠭ᠎ᠠ ᠶᠢ ᠭᠦᠢᠴᠡᠳ ᠪᠡᠶᠡᠯᠡᠭᠦᠯᠪᠡ᠃ ᠤᠰᠤᠨ ᠠᠰᠢᠭᠯᠠᠯᠲᠠ ᠶᠢᠨ ᠰᠢᠰᠲ᠋ᠧᠮ ᠤᠨ ᠬᠢᠨ | ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠨᠠᠷᠢᠨ ᠬᠢᠨᠠᠮᠠᠭᠠᠶ ᠰᠤᠷᠤᠯᠴᠠᠵᠤ᠂ ᠭᠦᠨᠵᠡᠭᠡᠶ ᠤᠢᠢᠯᠠᠭᠠᠨ᠂ ᠪᠦᠬᠦ | ᠲᠠᠯ᠎ᠠ ᠪᠠᠷ ᠡᠵᠡᠮᠰᠢᠵᠦ᠂ ᠪᠣᠳᠠᠲᠠᠶ ᠠᠵᠢᠯ ᠤᠨ ᠳᠤᠮᠳᠠ ᠪᠠᠨ ᠨᠡᠪᠳᠡᠷᠡᠳᠡᠯ᠎ᠠ ᠣᠶᠢᠯᠠᠭᠠᠵᠤ᠂ ᠢᠯᠠᠩᠭᠤᠶ᠎ᠠ ᠶᠡᠭᠡ | ᠬᠤᠷᠠᠯ ᠤᠨ ᠢᠯᠡᠳᠬᠡᠯ ᠳᠤ ᠳᠤᠷᠠᠳᠤᠭᠰᠠᠨ ᠬᠠᠷᠠᠯᠲᠠ ᠡᠭᠦᠷᠭᠡ ᠶᠢ ᠰᠢᠰᠲ᠋ᠧᠮ ᠲᠠᠢ ᠪᠠᠷ ᠡᠮᠬᠢᠯᠡᠨ ᠲᠢᠭᠯᠡᠵᠦ᠂ | ᠭᠦᠨᠵᠡᠭᠡᠶ ᠵᠠᠳᠠᠯᠤᠯᠲᠠ ᠬᠢᠵᠦ᠂ ᠪᠣᠳᠠᠲᠠᠶ ᠪᠥᠭᠡᠳ ᠲᠤᠰᠠᠲᠠᠶ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠤᠯᠠᠮ | ᠨᠢᠭᠡ ᠠᠯᠬᠤᠮ ᠰᠤᠳᠤᠯᠤᠨ ᠰᠢᠨ᠎ᠡ ᠶᠢ ᠡᠭᠦᠳᠴᠦ᠂ ᠪᠣᠳᠠᠲᠤ ᠶᠠᠪᠤᠳᠠᠯ ᠢ ᠪᠣᠳᠣᠯᠬᠢᠯᠠᠵᠤ᠂ ᠪᠣᠳᠠᠲᠤ ᠦᠷ᠎ᠡ | ᠪᠦᠲᠦᠮᠵᠢ ᠭᠠᠷᠭᠠᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃ | ᠯᠢ ᠪᠢᠩ ᠷᠦᠩ᠂ ᠤᠰᠤᠨ ᠠᠰᠢᠭᠯᠠᠯᠲᠠ ᠶᠢᠨ ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠨᠠᠷᠢᠨ ᠣᠶᠢᠯᠠᠭᠠᠬᠤ ᠳᠤ ᠬᠦᠴᠦ ᠲᠠᠯᠪᠢᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ | ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠶ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ | ᠵᠦᠢᠯ ᠤᠨ ᠰᠢᠳᠪᠥᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ᠂ ︽ᠬᠤᠶᠠᠷ | ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠪᠠᠬᠢᠯᠡᠯᠲᠡ︾ ᠶᠢᠨ ᠪᠦᠲᠦᠭᠡᠨ ᠪᠠᠶᠢᠭᠤᠯᠤᠯᠲᠠ ᠳᠤ | ᠬᠦᠴᠦᠲᠦ ᠤᠰᠤᠨ ᠠᠰᠢᠭᠯᠠᠯᠲᠠ ᠶᠢᠨ ᠲᠤᠯᠭᠠᠭᠤᠷᠢᠯᠠᠯ ᠬᠠᠩᠭᠠᠵᠤ᠂ ︽ᠤᠰᠤᠨ ᠤ ᠬᠡᠮᠵᠢᠶ᠎ᠡ ᠪᠠᠷ ᠤᠷᠤᠭᠰᠢᠯᠠᠬᠤ︾ | ᠪᠠᠷ ᠠᠵᠢᠯ ᠤᠨ ᠢᠶᠠᠨ ᠶᠡᠷᠦᠩᠬᠡᠶ ᠭᠠᠷᠳᠠᠴᠠ ᠪᠣᠯᠭᠠᠬᠤ ᠶᠢ ᠪᠠᠷᠢᠮᠲᠠᠯᠠᠵᠤ᠂ ︽ᠲᠦᠷᠪᠡᠡ ᠤᠰᠤ ᠲᠦᠷᠪᠡ ᠶᠢ | ᠲᠣᠭᠲᠠᠭᠠᠬᠤ︾ ᠵᠠᠷᠴᠢᠮ ᠢ ᠤᠷᠳᠤ ᠬᠤᠭᠤᠴᠠᠭ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠤᠰᠤᠨ ᠤ ᠡᠬᠢ | ᠪᠠᠶᠠᠯᠢᠭ ᠤᠨ ᠬᠠᠮᠢᠶᠠᠷᠤᠯᠲᠠ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠢ ᠵᠠᠰᠠᠬᠤ ᠵᠡᠷᠭᠡ ᠡᠯ᠎ᠡ | ᠵᠦᠢᠯ ᠤᠨ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠺᠠᠳ᠋ᠷ ᠤᠨ | ᠡᠩᠨᠡᠭᠡᠨ ᠤ ᠴᠢᠳᠠᠪᠤᠷᠢ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠦᠨᠡᠨ ᠪᠣᠳᠠᠲᠠᠢ | ᠠᠵᠢᠯ ᠤᠨ ᠦᠷ᠎ᠡ ᠪᠦᠲᠦᠮᠵᠢ ᠪᠠᠷ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢ ᠲᠡᠷᠢᠭᠦᠨ ᠳᠤ ᠲᠠᠯᠪᠢᠬᠤ᠂ | ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠳᠤ ᠦᠢᠯᠡᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠯᠢ ᠪᠢᠩ ᠷᠦᠩ᠂ ᠰᠦᠩ ᠯᠢᠶᠠᠩ ᠤᠨ ᠬᠠᠤᠯᠢ ᠰᠠᠬᠢᠯᠭ᠎ᠠ ᠪᠠᠲᠤ ᠶᠢ ᠬᠦᠨᠳᠦ ᠨᠣᠴᠢᠲᠠᠢ ᠵᠥᠷᠢᠴᠡᠭᠰᠡᠨ | ᠬᠠᠤᠯᠢ ᠶᠢᠨ ᠲᠥᠰᠦᠯ ᠢ ᠵᠥᠷᠢᠴᠡᠭᠰᠡᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠲᠠᠢ ᠤᠶᠠᠯᠳᠤᠭᠤᠯᠤᠨ᠂ | ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠪᠣᠯᠬᠢᠴᠢᠯᠠᠭᠰᠠᠨ ᠠᠰᠠᠭᠤᠳᠠᠯ ᠢ ᠡᠷᠡᠰ ᠴᠡᠭᠴᠡᠯᠡᠨ | ᠵᠠᠰᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠳᠣᠲᠣᠭᠠᠳᠤ ᠶᠢᠨ ᠤᠯᠤᠰ | ᠲᠦᠷᠦ ᠶᠢᠨ ᠠᠮᠢᠳᠤᠷᠠᠯ ᠢ ᠤᠯᠠᠮ ᠨᠢᠭᠡ ᠠᠯᠬᠤᠮ ᠲᠥᠪ ᠴᠢᠩᠭ᠎ᠠ ᠪᠣᠯᠭᠠᠵᠤ᠂ ᠡᠯ᠎ᠡ ᠱᠠᠲᠤᠨ ᠤ ᠤᠳᠤᠷᠢᠳᠬᠤ | ᠺᠠᠳ᠋ᠷᠴᠤᠳ ᠤᠨ ᠠᠰᠠᠭᠤᠳᠠᠯ ᠢ ᠪᠣᠳᠣᠯᠬᠢᠯᠠᠬᠤ ᠪᠤᠶᠤ ᠤᠴᠢᠷ ᠶᠠᠪᠤᠳᠠᠯ ᠰᠢᠢᠳᠪᠦᠷᠢᠯᠡᠬᠦ᠂ ᠠᠵᠢᠯ ᠠᠳᠬᠤᠬᠤ ᠳᠤ | ᠴᠥᠮ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠦ ᠶᠢᠨ ᠲᠠᠯ᠎ᠠ ᠠᠴᠠ ᠰᠢᠢᠳᠪᠦᠷᠢᠯᠡᠬᠦ ᠶᠢ | ᠬᠦᠴᠦᠯᠡᠨ ᠵᠢᠯᠣᠭᠤᠳᠴᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢ ᠠᠬᠤᠢ ᠶᠢ ᠲᠠᠰᠤᠷᠠᠯᠲᠠ ᠦᠭᠡᠢ | ᠴᠡᠪᠡᠷᠰᠢᠭᠦᠯᠬᠦ ᠬᠡᠷᠡᠭᠲᠡᠢ᠃ ᠨᠠᠮ ᠢ ᠬᠠᠮᠢᠶᠠᠷᠬᠤ ᠨᠠᠮ ᠢ ᠵᠠᠰᠠᠬᠤ ᠲᠠᠯ᠎ᠠ ᠪᠠᠷ ᠴᠢᠩᠭ᠎ᠠ ᠪᠢᠰᠢ ᠪᠠᠶᠢᠬᠤ ᠠᠰᠠᠭᠤᠳᠠᠯ ᠢ | ᠡᠷᠡᠰ ᠴᠡᠭᠴᠡᠯᠡᠨ ᠵᠠᠰᠠᠵᠤ᠂ ᠨᠠᠮ ᠢ ᠬᠠᠮᠢᠶᠠᠷᠬᠤ ᠨᠠᠮ ᠢ ᠵᠠᠰᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠲᠦᠷᠢᠮ ᠤᠨ ᠪᠠᠶᠢᠭᠤᠯᠤᠯᠲᠠ ᠪᠠ ᠬᠡᠷᠡᠭᠵᠢᠭᠦᠯᠦᠯᠲᠡ ᠶᠢ ᠴᠢᠩᠭᠠᠳᠬᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ | ᠠᠶᠤᠯ ᠲᠦᠭᠰᠢᠭᠦᠷᠢ ᠶᠢᠨ ᠴᠡᠭ ᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠪᠠᠶᠢᠩᠭᠤ ᠶᠢᠨ ᠰᠤᠷᠭᠠᠨ | ᠬᠥᠮᠦᠵᠢᠯ ᠤᠨ ᠬᠠᠮᠢᠶᠠᠷᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠬᠡᠷᠡᠭ ᠢᠶᠠᠷ ᠥᠭᠡᠷᠡᠴᠢᠯᠡᠯᠲᠡ ᠶᠢ | ᠠᠬᠢᠭᠤᠯᠬᠤ ᠶᠢ ᠡᠳᠦᠷ ᠲᠤᠳᠤᠮ ᠤᠨ ᠠᠵᠢᠯ᠂ ᠪᠠᠭ ᠤᠨ ᠪᠠᠶᠢᠭᠤᠯᠤᠯᠲᠠ ᠳᠤ ᠠᠭᠤᠰᠤᠯᠴᠠᠭᠤᠯᠵᠤ᠂ ᠠᠵᠢᠯ | ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠳᠤᠪᠤᠶᠢᠮ᠎ᠠ ᠠᠰᠠᠭᠤᠳᠠᠯ ᠢ ᠬᠦᠴᠦᠯᠡᠨ ᠰᠤᠳᠤᠯᠤᠨ | ᠰᠢᠢᠳᠪᠦᠷᠢᠯᠡᠵᠦ᠂ ᠥᠩᠭᠡᠷᠡᠭᠰᠡᠨ ᠤ ᠵᠢᠷᠤᠮᠵᠢᠯ ᠦᠭᠡᠢ᠂ ᠵᠥᠪ ᠪᠤᠰᠤ ᠠᠵᠢᠯ᠂ ᠰᠤᠷᠲᠠᠯ ᠢ ᠡᠷᠡᠰ ᠵᠠᠯᠠᠷᠠᠭᠤᠯᠵᠤ᠂ ︽ | ᠳᠦᠷᠪᠡᠨ ᠰᠤᠷᠲᠠᠯ︾ ᠢ ᠥᠴᠦᠬᠡᠨ ᠴᠦ ᠴᠠᠯᠠᠭᠠᠶᠢᠷᠠᠯ ᠦᠭᠡᠢ ᠪᠠᠷ ᠴᠡᠭᠴᠡᠯᠡᠨ ᠵᠠᠰᠠᠵᠤ᠂ ᠤᠰᠤᠨ ᠠᠰᠢᠭᠯᠠᠯᠲᠠ ᠶᠢᠨ | ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ᠂ ᠳᠡᠭᠲᠡᠷ ᠲᠤ ᠭᠠᠷᠴᠤ ᠲᠦᠪᠰᠢᠨ ᠳᠤ | ᠬᠦᠷᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ 2021 | ᠣᠨ ᠤ ᠠᠵᠢᠯ ᠤᠨ ᠳ᠋ᠦᠩᠨᠡᠯᠲᠡ ᠪᠠ 2022 ᠣᠨ ᠤ ᠠᠵᠢᠯ ᠤᠨ ᠲᠣᠬᠢᠷᠠᠭᠤᠯᠤᠯᠲᠠ᠂ ᠪᠠᠷᠠᠭᠤᠨ ᠯᠢᠶᠣᠤᠾᠧ | ᠭᠤᠤᠯ ᠤᠨ ᠰᠠᠪᠠ ᠭᠠᠵᠠᠷ ᠤᠨ ︽ᠤᠰᠤᠨ ᠤ ᠬᠡᠮᠵᠢᠶ᠎ᠡ ᠪᠠᠷ ᠶᠠᠪᠤᠬᠤ︾ ᠪᠠ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ | ᠬᠤᠯᠪᠣᠭᠳᠠᠯ ᠪᠥᠬᠦᠶ ᠭᠤᠤᠯᠳᠠᠯᠭ᠎ᠠ ᠲᠠᠢ ᠠᠵᠢᠯ ᠵᠢᠴᠢ ᠪᠥᠬᠦ ᠣᠷᠣᠨ ᠤ ᠭᠠᠵᠠᠷ ᠳᠣᠤᠷᠠᠬᠢ ᠤᠰᠤᠨ ᠤ ᠡᠬᠢ | ᠪᠠᠶᠠᠯᠢᠭ ᠤᠨ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠵᠡᠷᠭᠡ ᠪᠠᠶᠢᠳᠠᠯ ᠤᠨ | ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠥᠬᠦᠶ ᠭᠤᠤᠯᠳᠠᠯᠭ᠎ᠠ ᠲᠠᠢ ᠡᠭᠦᠷᠭᠡ ᠶᠢ ᠰᠤᠳᠤᠯᠤᠨ | ᠪᠠᠶᠢᠷᠢᠯᠠᠭᠤᠯᠪᠠ᠃ ᠴᠢ ᠳ᠋ᠢ ᠬᠤᠪᠢ ᠡᠵᠡᠮᠳᠡᠭᠰᠡᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠠᠮᠢᠶ᠎ᠠ | ᠪᠦᠬᠦᠢ ᠬᠠᠷᠢᠭᠤᠴᠠᠯᠭᠠᠲᠠᠨ ᠲᠤᠰ ᠵᠥᠪᠯᠡᠬᠦ ᠰᠡᠳᠦᠪ ᠲᠤ ᠰᠤᠯᠠ ᠣᠷᠣᠯᠴᠠᠭᠰᠠᠨ ᠪᠥᠭᠡᠳ ᠤᠰᠤᠨ | ᠠᠰᠢᠭᠯᠠᠯᠲᠠ ᠶᠢᠨ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠤᠨ ᠲᠤᠬᠠᠢ ᠬᠠᠷᠢᠭᠤ | ᠮᠡᠳᠡᠭᠦᠯᠦᠯᠲᠡ ᠬᠢᠵᠡᠢ᠃ | |