ᠦᠬᠠᠢ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ 2021 ᠣᠨ ᠤ ᠪᠥᠬᠦ ᠬᠤᠲᠠ ᠶᠢᠨ ᠭᠤᠤᠯ ᠤᠨ ᠳᠠᠷᠤᠭ᠎ᠠ ᠶᠢᠨ ᠲᠦᠷᠢᠮ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2021/12/21
    ᠡᠯ᠎ᠡ ᠱᠠᠲᠤᠨ ᠤ ᠭᠤᠣᠯ ᠮᠥᠷᠡᠨ ᠤ ᠳᠠᠷᠤᠭ᠎ᠠ ᠵᠢᠴᠢ ᠭᠤᠣᠯ ᠮᠥᠷᠡᠨ ᠤ ᠳᠠᠷᠤᠭ᠎ᠠ ᠶᠢᠨ ᠠᠯᠪᠠᠨ ᠭᠡᠷ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠦᠬᠦ ᠬᠤᠳᠠ ᠶᠢᠨ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠵᠢᠯ ᠢ ᠪᠦᠬᠦ ᠲᠠᠯ᠎ᠠ ᠪᠠᠷ ᠰᠢᠰᠲ᠋ᠧᠮ ᠢ ᠪᠠᠶᠢᠭᠤᠯᠵᠤ ᠪᠠᠶᠢᠭᠰᠠᠨ ᠠᠴᠠ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ 12 ᠰᠠᠷ᠎ᠠ ᠶᠢᠨ 10 ᠤ ᠡᠳᠦᠷ᠂ ᠬᠤᠳᠠ ᠶᠢᠨ ᠤᠰᠤᠨ ᠤ ᠶᠠᠪᠤᠳᠠᠯ ᠤᠨ  ᠲᠤᠪᠴᠢᠶ᠎ᠡ ᠠᠴᠠ ᠪᠦᠬᠦ ᠬᠤᠳᠠ ᠶᠢᠨ 2021 ᠣᠨ ᠤ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠬᠢ ᠶᠢ ᠡᠷᠬᠢᠯᠡᠪᠡ᠃ ᠡᠯ᠎ᠡ ᠲᠣᠭᠤᠷᠢᠭ᠂ ᠪᠠᠯᠭᠠᠰᠤ᠂ ᠵᠡᠭᠡᠯᠢ ᠭᠤᠳᠤᠮᠵᠢ ᠶᠢᠨ ᠲᠠᠰ ᠤᠨ ᠭᠤᠤᠯ ᠮᠥᠷᠡᠨ ᠤ ᠳᠠᠷᠤᠭ᠎ᠠ᠂ ᠬᠤᠲᠠ ᠶᠢᠨ ᠭᠤᠤᠯ ᠮᠥᠷᠡᠨ ᠤ ᠳᠠᠷᠤᠭ᠎ᠠ ᠶᠢᠨ ᠲᠦᠷᠢᠮ ᠤᠨ ᠡᠯ᠎ᠡ ᠬᠠᠷᠢᠭᠤᠴᠠᠯᠭᠠᠲᠤ ᠨᠢᠭᠡᠴᠢ᠂ ᠬᠤᠲᠠ᠂ ᠲᠣᠭᠤᠷᠢᠭ ᠤᠨ ᠬᠤᠶᠠᠷ ᠱᠠᠲᠤᠨ ᠤ ᠭᠤᠤᠯ ᠮᠥᠷᠡᠨ ᠤ ᠳᠠᠷᠤᠭ᠎ᠠ ᠶᠢᠨ ᠠᠯᠪᠠᠨ ᠬᠡᠷ ᠵᠢᠴᠢ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠰᠠᠯᠠᠭ᠎ᠠ ᠲᠠᠰᠤᠭ᠂ ᠬᠤᠶᠠᠳᠤᠭᠠᠷ ᠳᠡᠰ ᠤᠨ ᠨᠢᠭᠡᠴᠢ ᠶᠢᠨ 50 ᠰᠢᠬᠠᠮ ᠠᠵᠢᠯᠲᠠᠨ ᠲᠣᠰ ᠤᠳᠠᠭᠠᠨ ᠤ ᠪᠣᠯᠪᠠᠰᠤᠷᠠᠯ ᠤᠨ ᠠᠩᠭᠢ ᠳᠤ ᠣᠷᠣᠯᠴᠠᠵᠠᠶ᠃    ᠥᠪᠡᠷᠲᠡᠭᠡᠨ ᠵᠠᠰᠠᠬᠤ ᠣᠷᠣᠨ ᠤ ᠭᠤᠣᠯ ᠮᠥᠷᠡᠨ ᠤ ᠳᠠᠷᠤᠭ᠎ᠠ ᠶᠢᠨ ᠠᠯᠪᠠᠨ ᠭᠡᠷ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠮᠠᠨ ᠤ ᠬᠤᠲᠠ ᠶᠢᠨ ᠰᠢᠨ᠎ᠡ ᠺᠣᠷᠣᠨᠠ ᠸᠢᠷᠦ᠋ᠰ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠲᠠᠢ ᠤᠶᠠᠯᠳᠤᠭᠤᠯᠤᠨ᠂ ᠲᠣᠰ ᠤᠳᠠᠭᠠᠨ ᠤ ᠪᠣᠯᠪᠠᠰᠤᠷᠠᠯ ᠢ ᠸᠢᠳᠣ᠋ ᠬᠢᠴᠢᠶᠡᠯ ᠤᠨ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠭᠤᠤᠯᠳᠠᠭᠤ ᠤᠰᠤᠨ ᠠᠰᠢᠭᠯᠠᠯᠲᠠ ᠶᠢᠨ ᠶᠠᠮᠤᠨ ᠤ ︽ᠭᠤᠤᠯ ᠤᠨ ᠳᠠᠷᠤᠭ᠎ᠠ ᠨᠠᠭᠤᠷ ᠤᠨ ᠳᠠᠷᠤᠭ᠎ᠠ ᠶᠢᠨ ᠲᠦᠷᠢᠮ ᠤᠨ ᠡᠷᠭᠢᠴᠡᠭᠦᠯᠦᠯ ᠪᠠ ᠪᠠᠷᠠᠭᠠᠯᠠᠯ︾᠂ ︽ᠭᠤᠤᠯ ᠨᠠᠭᠤᠷ ᠤᠨ ᠳᠠᠷᠤᠭ᠎ᠠ ᠶᠢᠨ ᠲᠦᠷᠢᠮ ᠤᠨ ᠠᠵᠢᠯ ᠤᠨ ᠰᠢᠰᠲ᠋ᠧᠮ ᠵᠢᠴᠢ ᠨᠡᠶᠢᠲᠡᠯᠢᠭ ᠬᠡᠷᠡᠭ ᠤᠨ ᠵᠢᠱᠢᠶ᠎ᠡ ᠶᠢᠨ ᠵᠠᠳᠠᠯᠤᠯᠲᠠ︾᠂ ︽ᠣᠳᠣᠬᠠᠨ ᠤ ᠭᠤᠤᠯ ᠤᠨ ᠵᠠᠮ ᠠᠴᠠ ᠬᠠᠶᠢᠷ ᠮᠠᠯᠲᠠᠬᠤ ᠬᠠᠮᠢᠶᠠᠷᠤᠯᠲᠠ ᠶᠢᠨ ᠬᠠᠯᠠᠮᠰᠢᠯ ᠠᠰᠠᠭᠤᠳᠠᠯ︾᠂ ︽ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠤᠨ ᠬᠠᠮᠢᠶᠠᠷᠤᠯᠲᠠ︾ ᠭᠡᠬᠦ ᠬᠠᠷᠠᠭᠠᠨ ᠳᠠᠪᠲᠠᠮᠵᠢ ᠶᠢᠨ ᠬᠢᠴᠢᠶᠡᠯ ᠤᠨ  ᠵᠦᠢᠯ ᠢ ᠰᠤᠷᠤᠯᠴᠠᠪᠠ᠃ ᠪᠣᠯᠪᠠᠰᠤᠷᠠᠯ ᠤᠨ ᠬᠢᠴᠢᠶᠡᠯ ᠤᠨ ᠠᠭᠤᠯᠭ᠎ᠠ ᠡᠯᠪᠡᠭ ᠪᠠᠶᠠᠯᠢᠭ᠂ ᠬᠠᠨᠳᠤᠯᠭᠠᠲᠤ ᠴᠢᠨᠠᠷ ᠢᠶᠠᠷ ᠨᠡᠯᠢᠶᠡᠳ ᠴᠢᠩᠭ᠎ᠠ ᠪᠠᠶᠢᠵᠤ᠂ ᠬᠤᠷᠸ᠎ᠠ ᠪᠠᠶᠢᠳᠠᠯ ᠢ ᠤᠬᠠᠭᠤᠯᠤᠨ ᠲᠠᠶᠢᠯᠪᠤᠷᠢᠯᠠᠬᠤ ᠮᠥᠷᠲᠡᠭᠡᠨ ᠪᠠᠰᠠ ᠪᠣᠳᠠᠲᠠᠶ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠬᠠᠷᠢᠭᠤᠴᠠᠯᠭ᠎ᠠ ᠶᠢᠨ ᠬᠠᠷᠠᠯᠲᠠ ᠶᠢ ᠤᠬᠠᠭᠤᠯᠤᠨ ᠲᠠᠶᠢᠯᠪᠤᠷᠢᠯᠠᠬᠤ ᠮᠥᠷᠲᠡᠭᠡᠨ ᠪᠠᠰᠠ ᠲᠤᠬᠠᠶᠢᠯᠠᠭᠰᠠᠨ ᠠᠵᠢᠯ ᠤᠨ ᠬᠡᠷᠡᠭ ᠤᠨ ᠵᠢᠱᠢᠶ᠎ᠡ ᠶᠢ ᠬᠤᠪᠢᠶᠠᠯᠴᠠᠨ ᠡᠳ᠋ᠯᠡᠨ᠎ᠡ᠃    ᠲᠣᠰ ᠤᠳᠠᠭᠠᠨ ᠤ ᠪᠣᠯᠪᠠᠰᠤᠷᠠᠯ ᠤᠨ ᠠᠩᠭᠢ ᠪᠠᠷ ᠳᠡᠮᠵᠢᠨ᠂ ᠭᠤᠤᠯ ᠮᠥᠷᠡᠨ ᠤ ᠳᠠᠷᠤᠭ᠎ᠠ ᠨᠠᠷ ᠤᠨ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠢ ᠦᠨᠡᠨ ᠬᠦ  ᠰᠢᠳᠪᠥᠷᠢᠯᠡᠭᠰᠡᠨ ᠪᠥᠭᠡᠳ ᠮᠠᠨ ᠤ ᠬᠤᠲᠠ ᠶᠢᠨ ᠦᠨᠳᠦᠰᠦᠨ ᠱᠠᠲᠤᠨ ᠤ ᠭᠤᠤᠯ ᠮᠥᠷᠡᠨ ᠤ ᠳᠠᠷᠤᠭ᠎ᠠ ᠶᠢᠨ ᠡᠭᠦᠷᠭᠡ ᠲᠤᠰᠢᠶᠠᠯ ᠢᠶᠠᠨ  ᠭᠦᠢᠴᠡᠳᠬᠡᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠭᠤᠤᠯ ᠮᠥᠷᠡᠨ ᠤ ᠳᠠᠷᠤᠭ᠎ᠠ ᠶᠢᠨ ᠲᠦᠷᠢᠮ ᠤᠨ ᠡᠯ᠎ᠡ   ᠵᠦᠢᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠳᠤ ᠠᠰᠢᠭᠲᠠᠶ ᠯᠠᠪᠯᠠᠯᠲᠠ ᠬᠠᠩᠭᠠᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号