ᠤᠰᠤᠨ ᠠᠰᠢᠭᠯᠠᠯᠲᠠ ᠶᠢᠨ ᠲᠢᠩᠬᠢᠮ ᠤᠨ ᠰᠡᠷᠭᠡᠶᠢᠯᠡᠯᠲᠡ ᠶᠢᠨ ᠭᠠᠵᠠᠷ᠂ ᠤᠰᠤ ᠭᠠᠩ ᠤᠨ ᠭᠠᠮᠰᠢᠭ ᠢ ᠰᠡᠷᠭᠡᠶᠢᠯᠡᠬᠦ ᠮᠡᠷᠭᠡᠵᠢᠯ ᠤᠨ ᠲᠥᠪ ᠬᠠᠮᠲᠤᠷᠠᠨ ︽ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2021/12/3
     ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠪᠣᠯᠤᠨ ᠰᠢ ᠶᠢᠨ ᠫᠢᠩ  ᠶᠡᠷᠦᠩᠬᠡᠢ ᠱᠦᠵᠢ ᠶᠢᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠬᠤ ᠶᠢᠨ ᠲᠥᠯᠥᠭᠡ᠂ ᠴᠢᠨᠠᠷ ᠰᠠᠶᠢᠲᠠᠶ ᠬᠥᠭᠵᠢᠯᠲᠡ ᠶᠢ ᠪᠦᠬᠦ ᠲᠠᠯ᠎ᠠ  ᠪᠠᠷ ᠠᠬᠢᠭᠤᠯᠬᠤ ᠬᠠᠷᠠᠯᠲᠠ ᠱᠠᠭᠠᠷᠳᠠᠯᠭ᠎ᠠ ᠶᠣᠰᠣᠭᠠᠷ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠭᠦᠯᠬᠦ ᠣᠳᠣᠬᠢᠴᠢᠯᠠᠯᠲᠠ ᠶᠢᠨ ᠵᠠᠮ ᠢᠶᠠᠷ ᠭᠤᠶᠢᠪᠢᠰᠢ ᠥᠬᠡᠶ ᠰᠠᠶᠢᠲᠤᠷ  ᠵᠠᠮᠨᠠᠨ᠎ᠠ᠂ 11 ᠰᠠᠷ᠎ᠠ ᠶᠢᠨ 30 ᠤ ᠡᠳᠦᠷ᠂ ᠤᠰᠤᠨ ᠠᠰᠢᠭᠯᠠᠯᠲᠠ ᠶᠢᠨ ᠲᠢᠩᠬᠢᠮ ᠤᠨ ᠰᠡᠷᠭᠡᠶᠢᠯᠡᠯᠲᠡ ᠶᠢᠨ ᠭᠠᠵᠠᠷ᠂ ᠤᠰᠤ ᠭᠠᠩ ᠤᠨ ᠭᠠᠮᠰᠢᠭ ᠢ ᠰᠡᠷᠭᠡᠶᠢᠯᠡᠬᠦ ᠮᠡᠷᠭᠡᠵᠢᠯ ᠤᠨ ᠲᠥᠪ ᠨᠢ ᠣᠳᠣᠬᠠᠨ ᠤ ᠬᠠᠲᠤᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠲᠠᠢ ᠤᠶᠠᠯᠳᠤᠭᠤᠯᠤᠨ᠂ ᠬᠠᠲᠤᠨ ᠭᠤᠤᠯ ᠤᠨ ᠣᠷᠳᠣᠰ ᠬᠤᠲᠠ ᠶᠢᠨ  ᠵᠦᠩᠭᠠᠷ ᠬᠤᠰᠢᠭᠤᠨ ᠤ ᠬᠡᠰᠡᠭ ᠲᠤ ᠬᠦᠷᠴᠦ ︽ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃      ᠠᠵᠢᠯᠯᠠᠭ᠎ᠠ ᠶᠢᠨ ᠳᠤᠮᠳᠠ᠂ ᠨᠠᠮ ᠤᠨ ᠭᠡᠰᠢᠭᠦᠳ ᠲᠠᠶᠢᠯᠪᠤᠷᠢᠯᠠᠯᠲᠠ ᠶᠢ ᠲᠠᠭᠠᠵᠤ ᠤᠷᠢᠳ ᠬᠤᠵᠢᠳ ᠮᠠ ᠵᠠ ᠶᠢᠨ ᠬᠤᠪᠢᠰᠬᠠᠯ ᠤᠨ ᠠᠵᠢᠯᠯᠠᠭ᠎ᠠ ᠶᠢᠨ ᠦᠵᠡᠭᠦᠯᠦᠯᠭᠡ ᠶᠢᠨ ᠲᠢᠩᠬᠢᠮ᠂ ᠵᠠᠩ ᠦᠢᠯᠡ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠦᠵᠡᠭᠦᠯᠦᠯᠭᠡ ᠶᠢᠨ ᠲᠢᠩᠬᠢᠮ᠂ ᠬᠤᠪᠢᠰᠬᠠᠯ ᠤᠨ ᠳᠤᠷᠠᠰᠬᠠᠯᠲᠤ ᠵᠦᠢᠯᠡᠰ ᠤᠨ ᠦᠵᠡᠭᠦᠯᠦᠯᠭᠡ ᠶᠢᠨ ᠲᠢᠩᠬᠢᠮ ᠵᠡᠷᠭᠡ ᠦᠵᠡᠭᠦᠯᠦᠯᠭᠡ ᠶᠢᠨ ᠲᠣᠭᠤᠷᠢᠭ ᠢ ᠲᠣᠭᠤᠷᠢᠨ ᠦᠵᠡᠪᠡ᠃ ᠲᠠᠯᠠᠪᠠᠢ ᠶᠢᠨ ᠳᠣᠲᠣᠷᠠᠬᠢ 50 ᠭᠠᠷᠤᠢ  ᠬᠡᠰᠡᠭᠲᠦ ᠵᠢᠷᠤᠭ ᠤᠨ ᠬᠠᠪᠲᠠᠰᠤ ᠶᠢᠨ ᠬᠤᠪᠣᠷ ᠨᠠᠨᠳᠢᠨ ᠲᠡᠦᠬᠡ ᠶᠢᠨ ᠭᠡᠷᠡᠯ ᠵᠢᠷᠤᠭ᠂ ᠬᠥᠮᠦᠨ ᠤ ᠲᠠᠨᠢᠯᠴᠠᠭᠤᠯᠭ᠎ᠠ᠂ ᠦᠵᠡᠭᠳᠡᠯ ᠢ ᠲᠠᠬᠢᠨ ᠢᠯᠡᠷᠡᠭᠦᠯᠬᠦ ᠪᠠᠷ ᠳᠠᠮᠵᠢᠭᠤᠯᠵᠤ᠂ ᠨᠠᠮ ᠤᠨ ᠭᠡᠰᠢᠭᠦᠳ  ᠮᠠ ᠵᠠ ᠣᠷᠣᠨ ᠤ ᠨᠢᠭᠤᠴᠠ ᠨᠠᠮ ᠤᠨ ᠭᠡᠰᠢᠭᠦᠨ ᠤ ᠳᠠᠶᠢᠰᠤᠨ ᠤ ᠠᠷᠤ ᠲᠠᠯ᠎ᠠ ᠶᠢ ᠪᠠᠲᠤ ᠰᠠᠬᠢᠬᠤ᠂ ᠭᠤᠣᠯ ᠤᠨ ᠰᠡᠷᠭᠡᠶᠢᠯᠡᠯᠲᠡ ᠶᠢ ᠰᠢᠪᠲᠤᠯᠬᠤ᠂ ᠨᠢᠭᠤᠴᠠ ᠮᠡᠳᠡᠭᠡ ᠶᠢ ᠳᠠᠮᠵᠢᠭᠤᠯᠬᠤ᠂ ᠴᠢᠯᠥᠭᠡᠯᠡᠬᠦ ᠶᠡᠭᠡ ᠴᠡᠷᠢᠭ ᠲᠠᠢ ᠬᠠᠮᠵᠢᠯᠴᠠᠨ ᠴᠠᠩ ᠲᠠᠨ ᠢ ᠰᠢᠪᠲᠤᠯᠬᠤ᠂ ᠤᠯᠠᠭᠠᠨ ᠵᠠᠰᠠᠭ ᠪᠠᠶᠢᠭᠤᠯᠤᠭᠰᠠᠨ ᠬᠤᠪᠢᠰᠬᠠᠯ ᠤᠨ ᠥᠩᠭᠡᠷᠡᠯᠲᠡ ᠶᠢ ᠰᠢᠰᠲ᠋ᠧᠮ ᠲᠠᠢ ᠤᠶᠢᠢᠯᠠᠭᠠᠨ ᠰᠤᠷᠤᠯᠴᠠᠵᠠᠢ᠃ ᠲᠣᠭᠤᠷᠢᠨ ᠦᠵᠡᠭᠰᠡᠨ ᠤ ᠲᠠᠷᠠᠭ᠎ᠠ᠂ ᠨᠠᠮ ᠤᠨ ᠭᠡᠰᠢᠭᠦᠳ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠡᠷᠭᠢᠴᠡᠭᠦᠯᠬᠦ ᠪᠠᠷ ᠲᠠᠮᠵᠢᠨ᠂ ᠰᠡᠳᠬᠢᠯ ᠰᠠᠨᠠᠭᠠᠨ ᠤ  ᠤᠬᠢᠶᠠᠯ  ᠢ ᠳᠠᠬᠢᠨᠲᠠ ᠬᠦᠯᠢᠶᠡᠵᠦ᠂ ᠲᠥᠪ ᠴᠢᠩᠭ᠎ᠠ ᠠᠮᠠᠯᠠᠯᠲᠠ ᠪᠠᠨ ᠪᠠᠲᠤ ᠴᠡᠭᠡᠵᠢᠯᠡᠵᠦ᠂ ᠡᠪ ᠬᠠᠮᠲᠤ ᠨᠠᠮ ᠤᠨ ᠭᠡᠰᠢᠭᠦᠨ ᠤ ᠤᠯᠤᠰ ᠲᠦᠷᠤ ᠶᠢᠨ ᠬᠠᠷᠢᠭᠤᠴᠠᠯᠭ᠎ᠠ᠂ ᠠᠵᠢᠯ ᠤᠨ ᠡᠭᠦᠷᠭᠡᠯᠡᠯ ᠪᠣᠯᠤᠨ ᠢᠷᠠᠭᠤ ᠠᠯᠳᠠᠷᠲᠤ ᠡᠭᠦᠷᠭᠡ ᠪᠠᠨ ᠪᠠᠲᠤ ᠴᠡᠭᠡᠵᠢᠯᠡᠪᠡ᠃      ᠳᠠᠷᠠᠭ᠎ᠠ ᠨᠢ ᠬᠠᠲᠤᠨ ᠭᠤᠣᠯ ᠤᠨ ᠯᠦᠩ ᠺᠸᠦ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠰᠡᠭ ᠤᠨ ᠠᠵᠢᠯᠲᠠᠳ ᠢ ᠲᠣᠬᠤᠨᠢᠭᠤᠯᠵᠤ᠂ ᠲᠤᠰ ᠬᠡᠰᠡᠭ ᠭᠤᠣᠯ ᠮᠥᠷᠡᠨ ᠤ ᠰᠥᠩ ᠬᠠᠯᠢᠶ᠎ᠠ ᠶᠢᠨ ᠪᠠᠶᠢᠳᠠᠯ ᠢ ᠪᠠᠶᠢᠴᠠᠭᠠᠨ ᠦᠵᠡᠭᠡᠳ᠂ ᠬᠠᠲᠤᠨ ᠭᠤᠣᠯ ᠤᠨ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠲᠤᠬᠠᠶ ᠦᠨᠳᠦᠰᠦᠨ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠲᠠᠢ ᠰᠠᠨᠠᠯ ᠢᠶᠠᠨ ᠰᠣᠯᠢᠯᠴᠠᠨ ᠶᠠᠷᠢᠯᠴᠠᠵᠤ᠂ ᠲᠤᠬᠠᠢ ᠶᠢᠨ ᠲᠠᠯᠠᠪᠠᠢ ᠶᠢᠨ ᠰᠣᠯᠢᠯᠴᠠᠭ᠎ᠠ ᠰᠤᠷᠤᠯᠴᠠᠯᠭ᠎ᠠ ᠪᠠᠷ ᠳᠠᠮᠵᠢᠨ ᠪᠦᠬᠦ ᠠᠵᠢᠯᠲᠠᠳ ᠲᠤ ᠦᠨᠳᠦᠰᠦᠨ ᠱᠠᠲᠤᠨ ᠤ ᠤᠰᠤᠨ ᠠᠰᠢᠭᠯᠠᠯᠲᠠ ᠶᠢᠨ ᠠᠵᠢᠯᠲᠠᠳ ᠤᠨ ᠬᠠᠬᠢᠷ ᠬᠦᠢᠳᠡᠨ ᠢ ᠬᠠᠶᠢᠬᠤᠷᠤᠯ ᠦᠭᠡᠢ ᠪᠠᠷ ᠬᠠᠳᠤᠨ ᠭᠤᠣᠯ ᠤᠨ ᠰᠦᠩ ᠬᠠᠯᠢᠶ᠎ᠠ ᠶᠢ ᠰᠡᠷᠭᠡᠶᠢᠯᠡᠬᠦ ᠨᠢᠭᠡᠳᠦᠭᠡᠷ ᠹᠷᠣᠨᠲ ᠤᠨ ᠠᠵᠢᠯ ᠤᠨ ᠪᠠᠶᠢᠷᠢ ᠶᠢ ᠪᠠᠲᠤ ᠰᠠᠬᠢᠬᠤ ᠬᠠᠷᠢᠭᠤᠴᠠᠯᠭ᠎ᠠ ᠶᠢᠨ ᠵᠣᠷᠢᠭ ᠰᠠᠨᠠᠭ᠎ᠠ ᠶᠢ ᠮᠡᠳᠡᠷᠡᠭᠦᠯᠵᠦ᠂ ᠳᠠᠷᠠᠭᠠᠴᠢ ᠶᠢᠨ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号