ᠯᠢ ᠺᠧ ᠴᠢᠶᠠᠩ ᠲᠦᠷᠤ ᠶᠢᠨ ᠶᠠᠪᠤᠳᠠᠯ ᠤᠨ  ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ 2020 ᠣᠨ ᠤ ᠪᠦᠬᠦ ᠤᠯᠤᠰ ᠤᠨ ᠬᠤᠶᠠᠷ ᠬᠤᠷᠠᠯ ᠤᠨ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ
ᠨᠡᠶᠢᠲᠡᠯᠡᠭᠰᠡᠨ ᠴᠠᠭ᠄
2021/3/10
     ᠯᠢ ᠺᠧ ᠴᠢᠶᠠᠩ ᠲᠦᠷᠤ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ      2020 ᠣᠨ ᠤ ᠪᠦᠬᠦ ᠤᠯᠤᠰ ᠤᠨ ᠬᠤᠶᠠᠷ ᠬᠤᠷᠠᠯ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠪᠠ      ᠤᠯᠠᠨ ᠲᠥᠮᠡᠨ ᠤ ᠤᠶᠤᠨ ᠤᠬᠠᠭᠠᠨ ᠢ ᠨᠢᠭᠲᠠᠷᠠᠭᠤᠯᠵᠤ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠶᠢ ᠠᠬᠢᠭᠤᠯᠵᠤ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ      ᠲᠦᠷᠤ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠺᠧ ᠴᠢᠶᠠᠩ 2 ᠰᠠᠷ᠎ᠠ ᠶᠢᠨ 18 ᠤ ᠡᠳᠦᠷ ᠲᠦᠷᠤ ᠶᠢᠨ ᠶᠠᠪᠤᠳᠠᠯ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ 2020 ᠣᠨ ᠤ ᠪᠦᠬᠦ ᠤᠯᠤᠰ ᠤᠨ ᠬᠤᠶᠠᠷ ᠬᠤᠷᠠᠯ ᠤᠨ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠠᠠ ᠤ ᠤᠶᠤᠨ ᠤᠬᠠᠭᠠᠨ ᠢ ᠨᠢᠭᠲᠠᠷᠠᠭᠤᠯᠤᠨ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠦᠭᠡᠯᠡᠭᠴᠢᠳ ᠤᠨ ᠰᠠᠨᠠᠭᠤᠯᠭ᠎ᠠ ᠪᠣᠯᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠪᠣᠯ ᠵᠠᠰᠠᠭ ᠤᠨ ᠣᠷᠳᠣᠨ ᠤ ᠡᠭᠦᠷᠭᠡ ᠲᠤᠰᠢᠶᠠᠯ ᠢᠶᠠᠨ ᠠᠷᠠᠳ ᠤᠨ ᠲᠥᠯᠥᠭᠡ ᠭᠦᠢᠴᠡᠳᠬᠡᠬᠦ ᠶᠢᠨ ᠳᠣᠲᠣᠭᠠᠳᠤ ᠱᠠᠭᠠᠷᠳᠠᠯᠭ᠎ᠠ ᠪᠣᠯᠤᠨ᠎ᠠ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠶᠢᠨ ᠲᠦᠷᠢᠮ ᠤᠨ ᠴᠢᠨᠠᠷᠲᠠᠢ ᠲᠤᠬᠢᠷᠠᠭᠤᠯᠤᠯᠳᠠ ᠪᠣᠯᠤᠨ᠎ᠠ᠃ ᠨᠢᠳᠤᠨᠤᠨ᠂ ᠰᠠᠨᠠᠯ ᠳᠤᠷᠠᠳᠤᠯᠭ᠎ᠠ ᠶᠢᠨ ᠲᠤᠭ᠎ᠠ ᠨᠡᠮᠡᠭᠳᠡᠵᠦ᠂ ᠰᠢᠢᠳᠪᠦᠷᠢᠯᠡᠭᠰᠡᠨ ᠴᠠᠭ ᠨᠢ ᠣᠬᠤᠷ ᠵᠡᠷᠭᠡ ᠪᠠᠶᠢᠳᠠᠯ ᠳᠤ ᠴᠢᠭᠯᠡᠬᠦᠯᠦᠨ᠂ ᠲᠦᠷᠤ ᠶᠢᠨ ᠶᠠᠪᠤᠳᠠᠯ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ ᠨᠥᠯᠥᠭᠡ ᠵᠡᠷᠭᠡ ᠤᠯᠠᠨ ᠳᠠᠪᠬᠤᠷ ᠬᠦᠴᠢᠷᠳᠡᠯ ᠢ ᠢᠯᠠᠨ ᠳᠠᠪᠠᠵᠤ᠂ ᠰᠢᠢᠳᠪᠦᠷᠢᠯᠡᠬᠦ ᠠᠵᠢᠯ ᠤᠨ ᠲᠣᠭᠲᠠᠴᠠ ᠳᠤ ᠰᠢᠨ᠎ᠡ ᠶᠢ ᠡᠭᠦᠳᠦᠭᠰᠡᠨ ᠪᠠ ᠲᠡᠭᠦᠯᠳᠡᠷᠵᠢᠭᠦᠯᠵᠦ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠦᠭᠡᠯᠡᠭᠴᠢᠳ ᠤᠨ 8108 ᠬᠤᠪᠢ ᠰᠠᠨᠠᠭᠤᠯᠭ᠎ᠠ᠂ ᠪᠦᠬᠦ ᠤᠯᠤᠰ ᠤᠨ ᠤᠯᠤᠰ ᠲᠦᠷᠤ ᠶᠢᠨ ᠵᠥᠪᠯᠡᠯᠭᠡᠨ ᠤ ᠭᠡᠰᠢᠭᠦᠳ ᠤᠨ 4115 ᠬᠤᠪᠢ ᠰᠠᠨᠠᠯ ᠳᠤᠷᠠᠳᠤᠯᠭ᠎ᠠ ᠶᠢ ᠲᠦᠷᠦᠭᠦᠯᠡᠨ ᠰᠢᠢᠳᠪᠦᠷᠢᠯᠡᠵᠦ᠂  ᠡᠨᠡ ᠨᠢ ᠲᠤᠰ ᠲᠤᠰ ᠰᠠᠨᠠᠯ ᠳᠤᠷᠠᠳᠤᠯᠭ᠎ᠠ ᠶᠢᠨ ᠶᠡᠷᠦᠩᠬᠡᠢ ᠲᠣᠭᠠᠨ ᠤ 88.3% ᠪᠠ 84.9% ᠢ ᠡᠵᠡᠯᠡᠪᠡ᠃ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠪᠠᠷ ᠳᠠᠮᠵᠢᠭᠤᠯᠤᠨ᠂ ᠡᠯ᠎ᠡ ᠰᠠᠯᠠᠭ᠎ᠠ ᠮᠥᠴᠢᠷ ᠤᠨ ᠬᠢᠨ ᠤ ᠲᠥᠯᠦᠭᠡᠯᠡᠭᠴᠢᠳ᠂   ᠭᠡᠰᠢᠭᠦᠳ ᠤᠨ ᠰᠠᠨᠠᠯ ᠰᠠᠨᠠᠭᠤᠯᠭ᠎ᠠ ᠶᠢ ᠪᠠᠷᠤᠭ 3700 ᠵᠤᠷᠪᠤᠰ ᠬᠦᠯᠢᠶᠡᠨ ᠠᠪᠴᠤ᠂ 1500 ᠰᠢᠬᠠᠮ ᠵᠦᠢᠯ ᠤᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢ ᠬᠦᠴᠦᠲᠡᠶ ᠲᠦᠯᠬᠢᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ  ᠪᠤᠭᠤᠮᠲᠠ ᠰᠢᠪᠳᠤᠯᠬᠤ᠂ ᠣᠯᠠᠨ  ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠬᠦᠯᠬᠦ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠪᠡᠷᠬᠡ ᠰᠡᠳᠦᠪ ᠢ  ᠰᠢᠢᠳᠪᠦᠷᠢᠯᠡᠬᠦ ᠵᠡᠷᠭᠡ ᠬᠤᠯᠪᠣᠭᠳᠠᠯ ᠪᠦᠬᠦᠢ ᠠᠵᠢᠯ ᠢ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ᠂ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠢᠳᠡᠪᠬᠢᠲᠡᠶ ᠦᠢᠯᠡᠳᠦᠯ ᠦᠵᠡᠭᠦᠯᠪᠡ ᠭᠡᠵᠦ ᠵᠢᠭᠠᠵᠤ ᠭᠠᠷᠭᠠᠪᠠ᠃ ᠬᠤᠷᠠᠯ ᠠᠴᠠ ᠪᠠᠰᠠ᠂ ᠨᠢᠭᠡᠨᠲᠡ ᠬᠦᠯᠢᠶᠡᠨ ᠠᠪᠤᠭᠰᠠᠨ ᠰᠠᠨᠠᠯ ᠰᠠᠨᠠᠭᠤᠯᠭ᠎ᠠ ᠶᠢ ᠦᠷᠭᠦᠯᠵᠢᠯᠡᠨ ᠠᠳᠬᠤᠵᠤ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠶᠢᠨ᠎ᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠪᠠᠷ ᠭᠤᠣᠯᠳᠠᠭᠤᠯᠵᠤ᠂ ᠲᠥᠯᠥᠭᠡᠯᠡᠭᠴᠢᠳ ᠭᠡᠰᠢᠭᠦᠳ ᠤᠨ ᠰᠠᠨᠠᠯ ᠰᠠᠨᠠᠭᠤᠯᠭ᠎ᠠ ᠶᠢ ᠰᠣᠨᠣᠰᠬᠤ᠂ ᠰᠠᠨᠠᠭᠤᠯᠭ᠎ᠠ ᠳᠤᠷᠠᠳᠤᠯᠭ᠎ᠠ ᠶᠢ ᠰᠢᠢᠳᠪᠦᠷᠢᠯᠡᠬᠦ ᠶᠢ ᠵᠠᠰᠠᠭ ᠤᠨ ᠣᠷᠳᠣᠨ ᠤ ᠠᠵᠢᠯ ᠤᠨ ᠴᠢᠬᠤᠯᠠ ᠠᠭᠤᠯᠭ᠎ᠠ ᠪᠣᠯᠭᠠᠵᠤ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠪᠣᠯᠤᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠳᠤ ᠠᠭᠤᠰᠤᠯᠴᠠᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢ ᠰᠠᠶᠢᠲᠤᠷ ᠡᠬᠢᠯᠡᠭᠦᠯᠵᠦ᠂ ᠰᠠᠶᠢᠨ ᠡᠬᠢᠯᠡᠯᠲᠡ ᠲᠠᠢ ᠪᠣᠯᠭᠠᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠨᠢᠭᠡ ᠳᠤ᠂ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ ᠰᠠᠨᠠᠯ ᠰᠠᠨᠠᠭᠤᠯᠭ᠎ᠠ ᠶᠢ ᠰᠣᠨᠣᠰᠬᠤ ᠪᠠ ᠬᠤᠷᠢᠶᠠᠬᠤ ᠬᠠᠮᠢᠶ᠎ᠠ ᠪᠦᠬᠦᠢ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠨ᠎ᠡ᠃ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠣᠷᠣᠯᠴᠠᠬᠤ ᠳᠠᠭᠠᠨ ᠲᠥᠯᠥᠭᠡᠯᠡᠭᠴᠢᠳ ᠭᠡᠰᠢᠭᠦᠳ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ ᠰᠦᠯᠵᠢᠶ᠎ᠡ᠂ ᠵᠢᠵᠢᠭᠦᠷᠯᠡᠬᠦ ᠤᠲᠠᠰᠤ᠂ ᠸᠢᠳᠢᠣ᠋ ᠪᠠᠷ  ᠬᠠᠷᠢᠯᠴᠠᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠶᠢ ᠢᠳᠡᠪᠬᠢᠲᠡᠢ ᠥᠷᠭᠡᠳᠬᠡᠵᠦ᠂ ᠲᠥᠯᠥᠭᠡᠯᠡᠭᠴᠢᠳ ᠭᠡᠰᠢᠭᠦᠳ ᠲᠠᠢ ᠬᠠᠷᠰᠢ ᠰᠠᠭᠠᠳ ᠦᠭᠡᠢ ᠰᠣᠯᠢᠯᠴᠠᠭ᠎ᠠ ᠥᠷᠨᠢᠭᠦᠯᠬᠦ ᠬᠡᠷᠡᠭᠲᠡᠢ᠃ ᠬᠤᠶᠠᠷ ᠲᠤ ᠨᠠᠮ ᠤᠨ ᠲᠥᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ   ᠲᠤᠭᠤᠰᠢᠯᠠᠭᠤᠯᠤᠨ ᠨᠠᠶᠢᠳᠠᠪᠤᠷᠢᠵᠢᠭᠤᠯᠬᠤ  ᠠᠵᠢᠯ ᠤᠨ ᠲᠣᠭᠤᠷᠢᠨ ᠳᠤ᠂ ᠰᠠᠨᠠᠭᠤᠯᠭ᠎ᠠ ᠳᠤᠷᠠᠳᠤᠯᠭ᠎ᠠ ᠶᠢ  ᠰᠢᠢᠳᠪᠦᠷᠢᠯᠡᠬᠦ ᠪᠠ ᠡᠯ᠎ᠡ ᠲᠦᠷᠦᠯ ᠤᠨ ᠲᠤᠬᠠᠶᠢᠯᠠᠭᠰᠠᠨ ᠠᠵᠢᠯ ᠢ ᠠᠬᠢᠭᠤᠯᠬᠤ ᠶᠢ ᠨᠢᠭᠲᠠ ᠤᠶᠠᠯᠳᠤᠭᠤᠯᠤᠨ᠎ᠠ᠃ ᠲᠥᠯᠥᠭᠡᠯᠡᠭᠴᠢᠳ ᠭᠡᠰᠢᠭᠦᠨ ᠤ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠰᠤᠳᠤᠯᠵᠤ᠂ ᠵᠠᠷᠢᠮ ᠢ ᠨᠢ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ ᠪᠠ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ  ᠭᠦᠳᠦᠯᠪᠦᠷᠢ  ᠳᠤ ᠵᠠᠰᠠᠪᠤᠷᠢ ᠣᠷᠣᠭᠤᠯᠬᠤ ᠳᠤ ᠣᠷᠣᠭᠤᠯᠵᠤ᠂ ᠵᠠᠷᠢᠮ ᠢ ᠨᠢ ᠬᠤᠶᠢᠰᠢᠳᠠ ᠶᠢᠨ ᠬᠤᠯᠪᠣᠭᠳᠠᠯ ᠪᠦᠬᠦᠢ ᠠᠵᠢᠯ ᠪᠤᠶᠤ ᠲᠦᠷᠦ ᠶᠢᠨ ᠪᠤᠳᠤᠯᠭ᠎ᠠ ᠶᠢᠨ ᠨᠥᠭᠡᠴᠡ ᠳᠤ ᠣᠷᠣᠭᠤᠯᠵᠤ᠂ ᠲᠥᠯᠥᠭᠡᠯᠡᠭᠴᠢᠳ ᠭᠡᠰᠢᠭᠦᠨ ᠤ ᠮᠡᠳᠡᠯᠭᠡ᠂ ᠦᠵᠡᠯᠲᠡ ᠶᠢ ᠰᠢᠩᠭᠡᠭᠡᠨ ᠠᠪᠴᠤ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠶᠢᠨ ᠪᠣᠳᠠᠲᠠᠶ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠶ᠃ ᠭᠤᠷᠪᠠ ᠳᠤ ᠰᠠᠨᠠᠯ ᠵᠥᠪᠯᠡᠯᠭᠡ ᠶᠢ  ᠰᠢᠢᠳᠪᠦᠷᠢᠯᠡᠬᠦ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠠᠵᠢᠯ ᠢ ᠰᠤᠳᠤᠯᠵᠤ᠂ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠬᠦ ᠳᠡᠭᠡᠨ ᠰᠠᠨᠠᠭᠠᠴᠢᠯᠠᠭ᠎ᠠ ᠠᠴᠠ ᠪᠠᠨ ᠬᠤᠯᠪᠣᠭᠳᠠᠯ ᠪᠦᠬᠦᠢ ᠲᠥᠯᠥᠭᠡᠯᠡᠭᠴᠢᠳ  ᠭᠡᠰᠢᠭᠦᠨ ᠢ ᠤᠷᠢᠨ ᠣᠷᠣᠯᠴᠠᠭᠤᠯᠵᠤ᠂ ᠰᠢᠢᠳᠪᠦᠷᠢᠯᠡᠬᠦ ᠠᠵᠢᠯ ᠲᠠᠢ ᠤᠶᠠᠯᠳᠤᠭᠤᠯᠤᠨ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠲᠥᠯᠦᠭᠡᠯᠡᠬᠦ ᠴᠢᠨᠠᠷ ᠨᠢ ᠴᠢᠩᠭ᠎ᠠ᠂ ᠠᠩᠬᠠᠷᠤᠯ ᠶᠡᠬᠡᠲᠡᠶ ᠰᠠᠨᠠᠯ ᠵᠥᠪᠯᠡᠯᠭᠡ ᠶᠢ ᠬᠦᠴᠦᠨ ᠢᠶᠠᠨ ᠲᠥᠪᠯᠡᠷᠡᠭᠦᠯᠦᠨ ᠰᠤᠳᠤᠯᠤᠨ ᠰᠢᠢᠳᠪᠦᠷᠢᠯᠡᠵᠦ᠂ ᠭᠤᠣᠯᠳᠠᠯᠭ᠎ᠠ ᠲᠠᠢ ᠪᠠᠷ ᠰᠢᠪᠲᠤᠯᠤᠯᠲᠠ ᠭᠠᠷᠭᠠᠬᠤ ᠬᠡᠷᠡᠭᠲᠡᠶ᠃ ᠰᠠᠨᠠᠯ ᠵᠥᠪᠯᠡᠯᠭᠡ ᠳᠤ ᠬᠤᠯᠪᠣᠭᠳᠠᠭᠰᠠᠨ ᠣᠯᠠᠨᠲᠠ ᠳᠤᠷᠠᠳᠴᠤ  ᠰᠢᠢᠳᠪᠦᠷᠢᠯᠡᠬᠦ ᠳᠤ ᠪᠡᠷᠬᠡᠲᠡᠶ ᠲᠤᠪᠤᠶᠢᠮ᠎ᠠ ᠠᠰᠠᠭᠤᠳᠠᠯ ᠳᠤ ᠲᠤᠰᠬᠠᠶ ᠠᠵᠢᠯ ᠤᠨ ᠲᠥᠰᠦᠯ ᠲᠣᠭᠲᠠᠭᠠᠵᠤ ᠪᠡᠷᠬᠡ ᠰᠡᠳᠦᠪ ᠢ ᠲᠥᠪᠯᠡᠷᠡᠭᠦᠯᠦᠨ ᠰᠢᠢᠳᠪᠦᠷᠢᠯᠡᠬᠦ ᠬᠡᠷᠡᠭᠲᠡᠶ᠃ ᠰᠢᠢᠳᠪᠦᠷᠢᠯᠡᠬᠦ ᠳᠤ ᠬᠦᠴᠢᠷᠲᠡᠢ᠂ ᠣᠷᠣᠨ ᠨᠤᠲᠤᠭ ᠲᠤ ᠬᠤᠯᠪᠣᠭᠳᠠᠬᠤ ᠰᠠᠨᠠᠯ ᠳᠤᠷᠠᠳᠤᠯᠭ᠎ᠠ ᠳᠤ ᠰᠠᠯᠠᠭ᠎ᠠ ᠮᠥᠴᠢᠷ ᠪᠣᠯᠤᠨ ᠲᠥᠯᠥᠭᠡᠯᠡᠭᠴᠢᠳ ᠭᠡᠰᠢᠭᠦᠨ᠂ ᠣᠷᠣᠨ ᠨᠤᠲᠤᠭ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠰᠢᠢᠳᠪᠦᠷᠢᠯᠡᠬᠦ ᠶᠢ ᠬᠠᠮᠲᠤᠪᠠᠷ ᠠᠬᠢᠭᠤᠯᠬᠤ ᠬᠡᠷᠡᠭᠲᠡᠢ᠃ ᠳᠥᠷᠪᠡ ᠳᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂  ᠭᠦᠢᠴᠡᠳᠬᠡᠬᠦ ᠡᠬᠡ ᠲᠠᠩᠰᠠ ᠪᠠᠶᠢᠭᠤᠯᠤᠨ᠂ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠴᠠᠭ ᠲᠤᠬᠠᠶ ᠳᠤᠨᠢ  ᠰᠢᠢᠳᠪᠦᠷᠢᠯᠡᠨ ᠳᠠᠭᠤᠰᠬᠠᠬᠤ ᠬᠡᠷᠡᠭᠲᠡᠶ᠃ ᠰᠢᠢᠳᠪᠦᠷᠢᠯᠡᠬᠦ ᠶᠠᠪᠤᠴᠠ ᠳᠤ ᠲᠥᠯᠥᠭᠡᠯᠡᠭᠴᠢᠳ ᠭᠡᠰᠢᠭᠦᠨ ᠳᠤ ᠠᠵᠢᠯ ᠤᠨ ᠠᠬᠢᠴᠠ ᠪᠠᠨ ᠰᠠᠨᠠᠭᠠᠴᠢᠯᠠᠭ᠎ᠠ ᠠᠴᠠ ᠪᠠᠨ ᠲᠠᠨᠢᠯᠴᠠᠭᠤᠯᠵᠤ᠂ ᠬᠠᠷᠢᠭᠤᠯᠲᠠ ᠥᠭᠭᠦᠭᠰᠡᠨ ᠠᠭᠤᠯᠭ᠎ᠠ ᠪᠠᠨ ᠴᠠᠭ ᠲᠤᠬᠠᠶ ᠳᠤᠨᠢ ᠬᠠᠷᠢᠭᠤ ᠲᠤᠰᠬᠠᠬᠤ ᠪᠠ ᠲᠠᠶᠢᠯᠪᠤᠷᠢᠯᠠᠬᠤ ᠬᠡᠷᠡᠭᠲᠡᠶ᠃ ᠲᠠᠪᠤ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ  ᠰᠢᠢᠳᠪᠦᠷᠢᠯᠡᠬᠦ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠬᠢᠨᠠᠯᠲᠠ ᠲᠠᠯᠪᠢᠵᠤ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠨ ᠬᠢᠨ ᠪᠦᠲᠦᠮᠵᠢᠲᠡᠶ ᠲᠤᠷᠰᠢᠯᠭ᠎ᠠ ᠬᠢᠳᠡᠯ ᠢᠶᠠᠨ ᠨᠠᠷᠢᠨ ᠬᠢᠨᠠᠮᠠᠭᠠᠶ ᠳ᠋ᠦᠩᠨᠡᠵᠦ᠂  ᠰᠢᠢᠳᠪᠦᠷᠢᠯᠡᠬᠦ ᠠᠵᠢᠯ ᠤᠨ ᠳᠦᠷᠢᠮᠵᠢᠯᠲᠡ ᠪᠠ ᠵᠢᠷᠤᠮᠵᠢᠯᠲᠠ ᠶᠢ ᠠᠬᠢᠭᠤᠯᠬᠤ ᠬᠡᠷᠡᠭᠲᠡᠶ᠃ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠬᠤᠯᠪᠣᠭᠳᠠᠯ ᠪᠦᠬᠦᠢ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠲᠥᠯᠥᠭᠡᠯᠡᠭᠴᠢᠳ  ᠭᠡᠰᠢᠭᠦᠳ ᠪᠠ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠢ ᠭᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号