ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠳᠠ ᠶᠢᠨ ᠲᠢᠩᠬᠢᠮ ᠯᠸᠢ ᠹᠧᠩ ᠠᠴᠠ ᠰᠤᠷᠤᠯᠴᠠᠬᠤ  ᠭᠤᠤᠯ ᠰᠡᠳᠦᠪᠲᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2021/3/12
      ᠯᠸᠢ ᠹᠧᠩ ᠠᠴᠠ ᠰᠤᠷᠤᠯᠴᠠᠬᠤ 58 ᠳ᠋ᠤᠭᠠᠷ ᠳᠤᠷᠠᠰᠬᠠᠯ ᠤᠨ ᠡᠳᠦᠷ ᠬᠦᠷᠴᠦ ᠢᠷᠡᠬᠦ ᠲᠠᠰᠢᠷᠠᠮ ᠳᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠳᠠ ᠶᠢᠨ ᠲᠢᠩᠬᠢᠮ ᠤᠨ ᠡᠪᠯᠡᠯ ᠤᠨ ᠬᠤᠷᠢᠶ᠎ᠠ 《 ᠵᠠᠯᠠᠭᠤ ᠨᠠᠰᠤᠨ ᠳᠠᠭᠠᠨ ᠰᠠᠶᠢᠨ ᠳᠤᠷ᠎ᠠ ᠶᠢᠨ ᠠᠵᠢᠯᠯᠠᠭ᠎ᠠ ᠦᠷᠨᠢᠭᠦᠯᠵᠤ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ 》 ᠭᠤᠣᠯ ᠰᠡᠳᠦᠪᠳᠤ ᠤᠰᠤᠨ ᠠᠰᠢᠭᠯᠠᠯᠲᠠ ᠶᠢᠨ ᠰᠢᠰᠲ᠋ᠧᠮ ᠤᠨ ᠵᠠᠯᠠᠭᠤ ᠺᠠᠳ᠋ᠷᠴᠤᠳ ᠢ ᠵᠣᠬᠢᠶᠠᠨ ᠪᠠᠶᠢᠭᠤᠯᠵᠤ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠷᠢᠰ ᠠᠵᠢᠯᠯᠠᠭ᠎ᠠ ᠶᠢ ᠥᠷᠨᠢᠭᠦᠯᠤᠨ᠂ ᠯᠸᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠯᠸᠢ ᠹᠧᠩ ᠠᠴᠠ ᠳᠠᠬᠢᠨᠳᠠ ᠰᠤᠷᠤᠯᠴᠠᠭᠰᠠᠨ ᠪᠠᠶᠢᠨ᠎ᠠ᠃      3 ᠰᠠᠷ᠎ᠠ ᠶᠢᠨ 5 ᠤ ᠡᠳᠦᠷ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠳᠠᠰᠤᠭ᠂ ᠲᠢᠩᠬᠢᠮ ᠤᠨ ᠬᠥᠬᠡᠬᠤᠲᠠ ᠳᠤ ᠰᠠᠭᠤᠭ᠎ᠠ ᠬᠠᠷᠢᠶ᠎ᠠ ᠨᠢᠭᠡᠴᠢ ᠪᠣᠯᠤᠨ ᠤᠰᠤᠨ ᠠᠰᠢᠬᠯᠠᠯᠳᠠ   ᠶᠢᠨ ᠶᠠᠮᠤᠨ ᠤ ᠮᠠᠯᠵᠢᠬᠤ ᠤᠷᠤᠨ ᠤ ᠤᠰᠤᠨ ᠠᠰᠢᠬᠯᠠᠯᠳᠠ ᠶᠢᠨ ᠰᠢᠨᠵᠢᠯᠡᠭᠦ ᠤᠬᠠᠭᠠᠨ ᠰᠤᠳᠤᠯᠭᠠᠨ ᠤ ᠭᠠᠵᠠᠷ ᠤᠨ 106 ᠵᠠᠯᠠᠭᠤ ᠺᠠᠳ᠋ᠷᠴᠤᠳ ᠢᠶᠠᠷ ᠪᠦᠷᠢᠯᠳᠦᠭᠰᠡᠨ 13 ᠳᠤᠭᠤᠶᠢᠯᠠᠩ ᠤᠰᠤᠨ ᠠᠰᠢᠭᠯᠠᠯᠳᠠ ᠶᠢᠨ ᠲᠢᠩᠬᠢᠮ ᠤᠨ ᠰᠠᠭᠤᠭᠠᠯᠢ ᠠᠷᠠᠳ ᠤᠨ ᠬᠤᠶᠢᠲᠤ ᠲᠣᠭᠤᠷᠢᠭ ᠲᠤ ᠬᠦᠷᠴᠦ ᠡᠷᠡᠭᠦᠯ ᠬᠠᠮᠠᠭᠠᠯᠠᠯ ᠤᠨ ᠴᠡᠪᠡᠷᠯᠡᠭᠡ ᠶᠢᠨ ᠠᠵᠢᠯᠯᠠᠭ᠎ᠠ ᠥᠷᠨᠢᠭᠦᠯᠵᠦ᠂ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠪᠠ ᠡᠷᠡᠭᠦᠯ ᠬᠠᠮᠠᠭᠠᠯᠠᠯ ᠤᠨ ᠨᠡᠶᠢᠭᠡᠮ ᠲᠣᠭᠤᠷᠢᠭ ᠢ ᠬᠠᠮᠲᠤ ᠪᠠᠷ ᠪᠠᠶᠢᠭᠤᠯᠬᠤ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂  ᠰᠠᠭᠤᠭᠠᠯᠢ ᠠᠷᠠᠳ ᠤᠨ ᠲᠣᠭᠤᠷᠢᠭ ᠲᠤ ᠴᠡᠪᠡᠷᠯᠡᠭᠡ ᠬᠢᠵᠦ᠂ ᠣᠷᠴᠢᠨ ᠳᠤᠭᠤᠷᠢᠨ ᠤ ︽ᠪᠤᠵᠠᠷ ᠵᠠᠮᠪᠠᠷᠠᠭ᠎ᠠ ᠦᠭᠡᠢ ᠪᠠᠷᠤᠭᠲᠠᠶ︾ ᠦᠵᠡᠭᠳᠡᠯ ᠢ ᠴᠡᠭᠴᠡᠯᠡᠨ ᠵᠠᠰᠠᠵᠤ᠂ ᠰᠠᠭᠤᠭᠠᠯᠢ ᠠᠷᠠᠳ ᠲᠤ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ ᠥᠭᠴᠠᠢ᠃      ᠰᠠᠶᠢᠨ ᠳᠤᠷ᠎ᠠ ᠶᠢᠨ ᠦᠢᠯᠡᠴᠢᠯᠡᠭᠴᠢᠳ ᠠᠰᠠᠷ ᠤᠨ ᠬᠤᠩᠭᠢᠯ᠂ ᠬᠦᠷᠢᠶ᠎ᠡ ᠬᠠᠰᠢᠶ᠎ᠠ ᠶᠢ ᠬᠢᠨᠠᠮᠠᠭᠠᠶ       ᠴᠡᠪᠡᠷᠯᠡᠵᠦ᠂ ᠵᠠᠷᠢᠮᠠᠳ ᠨᠢ ᠬᠤᠭ ᠨᠣᠪᠰᠢ ᠲᠡᠭᠦᠵᠤ᠂ ᠵᠠᠷᠢᠮᠠᠳ ᠨᠢ ᠬᠤᠭ ᠲᠣᠭᠤᠰᠣ ᠶᠢ ᠠᠷᠢᠯᠭᠠᠨ᠂ ᠵᠠᠷᠢᠮᠠᠳ  ᠨᠢ ᠣᠯᠠᠨ ᠨᠡᠶᠢᠳᠡ ᠶᠢᠨ ᠲᠥᠬᠦᠭᠡᠷᠦᠮᠵᠢ ᠶᠢ ᠠᠷᠴᠢᠵᠤ᠂ ᠠᠵᠢᠯ ᠤᠨ ᠬᠤᠪᠢᠶᠠᠷᠢᠯᠠᠯ ᠨᠢ ᠲᠣᠳᠣᠷᠬᠠᠶ᠂ ᠪᠦᠯᠬᠦᠮᠳᠡᠨ ᠬᠠᠮᠵᠢᠯᠴᠠᠵᠤ᠂ ᠡᠷᠴᠢ ᠵᠣᠷᠢᠭ ᠲᠡᠭᠦᠯᠳᠡᠷ ᠪᠠᠶᠢᠯ᠎ᠠ ᠁ ᠣᠯᠠᠨ ᠤ ᠬᠥᠳᠡᠯᠮᠦᠷᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠣᠯᠤᠨ ᠨᠠᠭᠠᠰᠢ ᠴᠠᠭᠠᠰᠢ ᠵᠤᠷᠴᠢᠬᠤ ᠬᠥᠮᠦᠰ ᠤᠨ ᠮᠠᠭᠲᠠᠭᠠᠯ ᠰᠠᠶᠢᠰᠢᠶᠠᠯ ᠢ ᠬᠦᠷᠳᠡᠭᠰᠡᠨ ᠪᠠᠶᠢᠨ᠎ᠠ᠃ ᠬᠡᠳᠦᠨ ᠴᠠᠭ ᠤᠨ ᠰᠢᠷᠭᠠᠭᠤ ᠬᠥᠳᠡᠯᠮᠦᠷᠢ ᠪᠠᠷ ᠲᠠᠮᠵᠢᠨ᠂ ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠴᠤ᠋ ᠰᠢᠨ᠎ᠡ ᠪᠠᠶᠢᠳᠠᠯ ᠲᠠᠢ ᠪᠣᠯᠪᠠ᠃      ᠡᠷᠡᠭᠦᠯ ᠬᠠᠮᠠᠭᠠᠯᠠᠯ ᠤᠨ ᠴᠡᠪᠡᠷᠯᠡᠭᠡ ᠶᠢᠨ ᠠᠵᠢᠯᠯᠠᠭ᠎ᠠ ᠦᠷᠨᠢᠬᠦᠯᠦᠭᠰᠡᠨ ᠨᠢ ᠯᠸᠢ ᠹᠧᠩ ᠤᠨ ᠵᠣᠷᠢᠭ ᠰᠠᠨᠠᠭ᠎ᠠ ᠶᠢ ᠰᠤᠷᠤᠯᠴᠠᠨ ᠪᠠᠳᠠᠷᠠᠭᠤᠯᠬᠤ ᠠᠮᠢᠳᠤᠯᠢᠭ ᠦᠢᠯᠡᠳᠦᠯᠭᠡ ᠪᠣᠯᠬᠤ ᠪᠠᠷ ᠪᠠᠷᠠᠬᠤ ᠦᠭᠡᠶ ᠪᠠᠰᠠ ᠴᠤ ᠤᠰᠤᠨ ᠠᠰᠢᠭᠯᠠᠯᠲᠠ ᠶᠢᠨ ᠵᠠᠯᠠᠭᠤᠴᠤᠳ ᠤᠨ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠤᠳᠡᠳᠡᠢ ᠠᠵᠢᠯ ᠬᠢᠬᠦ᠂ ᠰᠢᠨ᠎ᠡ ᠪᠠᠶᠢᠳᠠᠯ ᠢ ᠪᠤᠶ ᠪᠣᠯᠭᠠᠬᠤ ᠪᠣᠳᠠᠲᠠᠶ ᠠᠵᠢᠯᠯᠠᠭ᠎ᠠ ᠪᠣᠯᠬᠤ ᠶᠤᠮ᠃ ᠤᠢᠢᠷ᠎ᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠵᠠᠯᠠᠭᠤ ᠺᠠᠳ᠋ᠷᠴᠤᠳ ︽ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠭᠦᠨᠵᠡᠭᠡᠢ ᠲᠤᠭᠤᠰᠢᠯᠠᠭᠤᠯᠵᠤ᠂ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠠᠮᠤᠷ ᠲᠦᠪᠰᠢᠨ ᠢᠶᠠᠷ ᠠᠰᠢᠭᠯᠠᠬᠤ ᠶᠢ ᠠᠬᠢᠭᠤᠯᠤᠨ᠎ᠠ ︱ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠤᠰᠤ ᠮᠥᠨ︾ ᠭᠡᠬᠦ ᠭᠤᠣᠯ ᠰᠡᠳᠦᠪᠲᠦ ᠤᠬᠠᠭᠤᠯᠭ᠎ᠠ ᠪᠣᠯᠤᠨ ︽ᠬᠥᠯᠥᠨ ᠨᠠᠭᠤᠷ᠂  ᠤᠯᠠᠭᠠᠨᠰᠤᠬᠠᠢ ᠨᠠᠭᠤᠷ᠂  ᠳᠠᠭ᠎ᠠ ᠶᠢᠨ ᠨᠠᠭᠤᠷ︾  ᠤᠨ ᠠᠮᠢ ᠠᠬᠤᠢ ᠶᠢᠨ ᠪᠣᠯᠪᠠᠰᠤᠨ ᠤ ᠦᠢᠯᠡᠳᠦᠯᠭᠡ ᠵᠡᠷᠭᠡ ᠰᠠᠶᠢᠨ ᠳᠤᠷ᠎ᠠ ᠶᠢᠨ ᠠᠵᠢᠯᠯᠠᠭ᠎ᠠ ᠶᠢ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠪᠦᠬᠦ ᠣᠷᠣᠨ ᠤ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠪᠤᠯᠤᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号