ᠤᠰᠤᠨ ᠠᠰᠢᠭᠯᠠᠯᠳᠠ ᠶᠢᠨ ᠶᠠᠮᠤᠨ ᠤᠰᠤᠨ ᠵᠦᠢ ᠶᠢᠨ ᠮᠡᠳᠡᠭᠡ ᠵᠠᠩᠭᠢ ᠶᠢ ᠤᠷᠢᠳᠴᠢᠯᠠᠨ ᠮᠡᠳᠡᠭᠡᠯᠡᠬᠦ ᠠᠵᠢᠯ ᠤᠨ ᠸᠢᠳᠢᠣ᠋ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/16
     ᠲᠣᠰ ᠥᠷᠲᠡᠭᠡᠨ ᠤ ᠮᠡᠳᠡᠭᠡ   3 ᠰᠠᠷ᠎ᠠ ᠶᠢᠨ 6 ᠤ ᠡᠳᠦᠷ᠂ ᠤᠰᠤᠨ ᠵᠦᠶ ᠶᠢᠨ ᠮᠡᠳᠡᠭᠡ ᠵᠠᠩᠭᠢ ᠶᠢ ᠤᠷᠢᠳᠴᠢᠯᠠᠨ ᠮᠡᠳᠡᠭᠡᠯᠡᠬᠦ ᠠᠵᠢᠯ ᠤᠨ ᠸᠢᠳᠢᠣ᠋ ᠬᠤᠷᠠᠯ ᠪᠡᠭᠡᠵᠢᠩ ᠳᠤ ᠬᠤᠷᠠᠯᠳᠤᠪᠠ᠃ ᠬᠤᠷᠠᠯ ᠠᠴᠠ ᠪᠦᠬᠦ ᠤᠯᠤᠰ ᠤᠨ ᠤᠰᠤᠨ ᠠᠰᠢᠭᠯᠠᠯᠲᠠ ᠶᠢᠨ ᠠᠵᠢᠯ ‍ᠤ᠋ᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠦᠶᠡᠷ ᠤᠰᠤᠳᠤᠯ ᠭᠠᠩ  ᠬᠠᠭᠰᠠᠷᠠᠭᠠᠨ ᠤ ᠭᠠᠮᠰᠢᠭ ᠢ ᠰᠡᠷᠭᠡᠶᠢᠯᠡᠭᠦ ᠠᠵᠢᠯ᠂ ᠤᠰᠤᠨ ᠵᠦᠢ ᠶᠢᠨ ᠠᠵᠢᠯ ᠤᠨ ᠬᠤᠷᠠᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠤᠰᠤᠨ ᠤ ᠪᠠᠶᠢᠳᠠᠯ ᠤᠨ ᠠᠵᠢᠯ ᠤᠨ ᠲᠡᠷᠢᠭᠦᠨ ᠤ ᠬᠠᠮᠲᠤ ᠪᠣᠯᠤᠨ ᠦᠶᠡᠷ ᠢ  ᠤᠷᠢᠳᠴᠢᠯᠠᠨ ᠮᠡᠳᠡᠭᠦᠯᠬᠦ ᠲᠡᠷᠢᠭᠦᠨ ᠤ ᠦᠷᠳᠡᠭᠡ ᠶᠢ ᠵᠠᠷᠯᠠᠨ ᠰᠠᠶᠢᠰᠢᠶᠠᠵᠤ᠂ 2019 ᠣᠨ ᠤ ᠤᠰᠤᠨ ᠤ ᠪᠠᠶᠢᠳᠠᠯ ᠤᠨ ᠠᠵᠢᠯ ᠢ  ᠳ᠋ᠦᠩᠨᠡᠨ᠂ ᠰᠢᠨ᠎ᠡ ᠪᠠᠶᠢᠳᠠᠯ ᠢ ᠵᠠᠳᠠᠯᠵᠤ᠂ 2020 ᠣᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠤᠯᠤᠰ ᠤᠨ ᠦᠶᠡᠷ ᠤᠰᠤᠳᠤᠯ ᠢ ᠰᠠᠷᠭᠡᠶᠢᠯᠡᠵᠦ ᠭᠠᠩ ᠬᠠᠭᠰᠠᠷᠠᠭᠠᠨ ᠢ ᠰᠡᠷᠭᠡᠶᠢᠯᠡᠬᠦ ᠶᠡᠷᠦᠩᠬᠡᠢ  ᠵᠢᠯᠣᠭᠤᠳᠬᠤ ᠭᠠᠵᠠᠷ ᠤᠨ ᠨᠡᠷᠢᠠ ᠪᠢᠴᠢᠭ ᠤᠨ ᠲᠡᠷᠤᠭ᠎ᠠ᠂ ᠤᠰᠤᠨ ᠠᠰᠢᠭᠯᠠᠯᠳᠠ ᠶᠢᠨ ᠶᠠᠮᠤᠨ ᠤ ᠳᠡᠳ᠋ ᠰᠠᠶᠢᠳ ᠶᠧ ᠵᠢᠶᠠᠨ ᠴᠦᠨ ᠬᠤᠷᠠᠯ ᠳᠤ ᠣᠷᠣᠯᠴᠠᠨ ᠶᠠᠷᠢᠶ᠎ᠠ       ᠲᠠᠯᠪᠢᠵᠠᠢ᠃      ᠶᠧ ᠵᠢᠶᠠᠨ ᠴᠦᠨ᠂ 2019 ᠣᠨ ᠳᠤ ᠪᠦᠬᠦ ᠤᠯᠤᠰ ᠤᠨ ᠤᠰᠤᠨ ᠵᠦᠢ ᠶᠢᠨ ᠰᠠᠯᠠᠭ᠎ᠠ ᠮᠥᠴᠢᠷ ᠤᠨ ᠬᠢᠨ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠶ ᠬᠥᠭ ᠠᠶᠠᠰ ᠢ ᠢᠳᠡᠪᠬᠢᠲᠡᠶ ᠦᠢᠯᠡᠳᠦᠯᠭᠡᠵᠢᠭᠦᠯᠵᠦ᠂ ᠪᠦᠬᠦ ᠤᠯᠤᠰ ᠤᠨ ᠤᠰᠤᠨ ᠤ ᠪᠠᠶᠢᠳᠠᠯ ᠤᠨ ᠠᠵᠢᠯ ᠤᠨ ᠬᠤᠷᠠᠯ ᠪᠠ ᠰᠠᠪᠠ ᠭᠠᠵᠠᠷ ᠤᠨ ᠤᠰᠤᠨ ᠤ ᠪᠠᠶᠢᠳᠠᠯ ᠢ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠠᠵᠢᠯ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠷᠢᠳᠴᠢᠯᠠᠨ ᠪᠠᠶᠢᠷᠢᠯᠠᠭᠤᠯᠵᠤ᠂ ᠵᠢᠯᠤᠭᠤᠳᠤᠯᠭ᠎ᠠ ᠪᠠᠨ ᠴᠢᠩᠭᠠᠷᠠᠭᠤᠯᠤᠨ᠂ ᠨᠠᠷᠢᠯᠢᠭ ᠤᠷᠢᠳᠴᠢᠯᠠᠨ ᠮᠡᠳᠡᠭᠡᠯᠡᠵᠦ᠂ ᠤᠰᠤᠨ ᠵᠦᠢ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠤᠷᠢᠳᠴᠢᠯᠠᠨ ᠮᠡᠳᠡᠭᠡᠯᠡᠵᠦ᠂ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠠᠵᠢᠯ ᠳᠤ ᠬᠦᠴᠦᠨ ᠪᠦᠬᠦᠢ ᠲᠤᠯᠭᠠᠭᠤᠷᠢᠯᠠᠯ ᠬᠠᠩᠭᠠᠵᠤ᠂ ᠠᠷᠠᠳ ᠲᠦᠮᠡᠨ ᠤ ᠠᠮᠢ ᠨᠠᠰᠤᠨ ᠤ ᠡᠳ᠋ ᠬᠥᠷᠦᠩᠭᠡ ᠶᠢᠨ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠭᠡᠵᠤ ᠵᠢᠭᠠᠵᠤ ᠭᠠᠷᠭᠠᠭᠰᠠᠨ ᠪᠠᠶᠢᠨ᠎ᠠ᠃      ᠶᠧ ᠵᠢᠶᠠᠨ ᠴᠦᠨ᠂ ᠪᠦᠬᠦ ᠤᠯᠤᠰ ᠤᠨ ᠤᠰᠤᠨ ᠵᠦᠢ ᠶᠢᠨ ᠰᠠᠯᠠᠭ᠎ᠠ ᠮᠥᠴᠢᠷ ᠤᠨ ᠬᠢᠨ ᠤᠰᠤᠨ ᠤ ᠪᠠᠶᠢᠳᠠᠯ ᠤᠨ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢ ᠭᠦᠨᠵᠡᠭᠡᠶ ᠲᠠᠨᠢᠵᠤ᠂ 《 ᠠᠷᠪᠠᠨ ᠵᠢᠷᠭᠤᠭᠠᠨ ᠦᠰᠦᠭ 》 ᠤᠨ ᠤᠰᠤ ᠵᠠᠰᠠᠬᠤ ᠰᠡᠳᠬᠢᠴᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠶ ᠬᠦᠭ ᠠᠶᠠᠰ ᠢ ᠭᠦᠨᠵᠡᠭᠡᠶ ᠠᠬᠢᠭᠤᠯᠵᠤ᠂ ᠤᠰᠤᠨ ᠤ ᠪᠠᠶᠢᠳᠠᠯ ᠢ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠵᠦ᠂ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠠᠵᠢᠯ ᠳᠤ ᠬᠦᠴᠦᠨ ᠪᠦᠬᠦᠢ ᠲᠤᠯᠭᠠᠭᠤᠷᠢᠯᠠᠯ ᠬᠠᠩᠭᠠᠵᠤ᠂ ᠤᠯᠤᠰ ᠤᠨ ᠦᠶᠡᠷ ᠤᠰᠤᠳᠤᠯ ᠢ ᠰᠡᠷᠭᠡᠶᠢᠯᠡᠬᠦ ᠠᠮᠤᠷ ᠲᠦᠪᠰᠢᠨ᠂ ᠤᠰᠤᠨ ᠤ ᠬᠡᠷᠡᠭᠯᠡᠭᠡᠨ ᠢ ᠬᠠᠩᠭᠠᠬᠤ ᠠᠮᠤᠷ ᠲᠦᠪᠰᠢᠨ ᠵᠢᠴᠢ ᠠᠵᠤ ᠠᠬᠤᠶ ᠨᠡᠶᠢᠭᠡᠮ ᠤᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ᠃ ᠨᠢᠭᠡ ᠳᠤ᠂ ᠦᠶᠡᠷ ᠤᠰᠤᠳᠤᠯ ᠢ ᠰᠡᠷᠭᠡᠶᠢᠯᠡᠬᠦ ᠠᠮᠤᠷ ᠲᠦᠪᠰᠢᠨ ᠤ ᠳᠤᠲᠠᠭᠤᠳᠠᠯ ᠢ ᠨᠥᠬᠦᠪᠥᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠭᠦ ᠪᠠ ᠬᠢᠨᠠᠨ ᠬᠠᠮᠢᠶᠠᠷᠬᠤ ᠶᠢ ᠲᠤᠪᠤᠶᠢᠯᠭᠠᠵᠦ᠂ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠭᠦ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠳᠠᠢ᠃ ︽ᠬᠤᠶᠠᠷ ᠢ ᠪᠠᠷᠢᠮᠲᠠᠯᠠᠵᠤ᠂ ᠭᠤᠷᠪᠠ ᠶᠢ ᠬᠤᠪᠢᠷᠠᠭᠤᠯᠬᠤ︾ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠨ᠎ᠡ ᠤᠢᠢᠯᠠᠭᠠᠭᠳᠠᠬᠤᠨ ᠤ ᠭᠤᠣᠯᠳᠠᠯᠭ᠎ᠠ ᠨᠢ ᠤᠷᠢᠳᠴᠢᠯᠠᠨ ᠰᠡᠷᠭᠡᠶᠢᠯᠡᠬᠦ ᠳᠤ ᠪᠤᠢ᠂ ᠤᠷᠢᠳᠴᠢᠯᠠᠨ ᠰᠡᠷᠭᠡᠶᠢᠯᠡᠬᠦ ᠶᠢ ᠰᠠᠶᠢᠲᠤᠷ ᠬᠢᠬᠦ ᠶᠢᠨ ᠤᠷᠢᠲᠠᠯ ᠨᠢ ᠤᠨᠢᠨ ᠳᠡᠭᠡᠷ᠎ᠡ ᠨᠢ ᠨᠠᠶᠢᠳᠠᠪᠤᠷᠢᠲᠠᠢ ᠴᠠᠭ ᠲᠤᠬᠠᠢ ᠳᠤᠨᠢ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠳᠤ ᠪᠤᠢ ᠭᠡᠳᠡᠭ ᠢ ᠭᠦᠢᠴᠡᠳ ᠲᠠᠨᠢᠬᠤ ᠬᠡᠷᠡᠭᠲᠡᠢ᠃ ᠬᠤᠶᠠᠷ ᠲᠤ ᠶᠡᠭᠡ ᠭᠤᠣᠯ ᠮᠥᠷᠡᠨ ᠤ ᠣᠨᠴᠠ ᠶᠡᠭᠡ ᠦᠶᠡᠷ ᠤᠰᠤᠳᠤᠯ᠂ ᠤᠰᠤᠨ ᠴᠥᠭᠦᠷᠥᠮ ᠤᠨ ᠬᠠᠰᠢᠯᠭ᠎ᠠ ᠶᠢᠨ ᠠᠳᠡᠯ ᠪᠠ ᠬᠡᠰᠡᠭ ᠭᠠᠵᠠᠷ ᠲᠤ ᠰᠢᠷᠦᠭᠦᠨ ᠪᠣᠷᠣᠭᠠᠨ ᠠᠭᠤᠯᠠᠨ ᠦᠶᠡᠷ ᠵᠡᠷᠭᠡ ᠬᠦᠨᠳᠦ ᠶᠡᠭᠡ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠤᠨ ᠠᠶᠤᠯ ᠲᠦᠭᠰᠢᠭᠦᠷᠢ ᠶᠢ ᠠᠷᠢᠯᠭᠠᠬᠤ ᠪᠠ ᠰᠡᠷᠭᠡᠶᠢᠯᠡᠬᠦ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠢᠭᠡᠳᠦᠯᠲᠡᠶ ᠲᠥᠯᠥᠪᠵᠢᠭᠦᠯᠬᠦ ᠳᠤ ᠤᠰᠤᠨ ᠠᠰᠢᠭᠯᠠᠯᠲᠠ ᠶᠢᠨ ᠪᠠᠲᠤ ᠲᠤᠯᠭᠠᠭᠤᠷᠢᠯᠠᠯ ᠪᠠ ᠪᠠᠲᠤᠯᠠᠭ᠎ᠠ ᠶᠢ ᠬᠠᠩᠭᠠᠬᠤ ᠬᠡᠷᠡᠭᠳᠠᠢ᠃ ᠰᠠᠨᠠᠭᠠᠰᠢᠷᠠᠬᠤ ᠤᠬᠠᠮᠰᠠᠷ ᠢᠶᠠᠨ ᠴᠢᠨᠠᠭᠰᠢᠳᠠ ᠴᠢᠩᠭᠠᠷᠠᠭᠤᠯᠵᠤ᠂ ᠤᠰᠤᠨ ᠤ ᠪᠠᠶᠢᠳᠠᠯ ᠢ ᠤᠷᠢᠳᠴᠢᠯᠠᠨ ᠮᠡᠳᠡᠭᠡᠯᠡᠬᠦ ᠠᠵᠢᠯ ᠢ ᠡᠷᠲᠡ ᠠᠴᠠ᠂ ᠨᠠᠷᠢᠯᠢᠭ᠂       ᠪᠣᠳᠠᠲᠠᠶ᠂ ᠬᠦᠢᠴᠡᠳ ᠬᠢᠵᠦ᠂ ᠦᠷᠭᠦᠯᠵᠢᠯᠡᠨ ᠤᠷᠢᠳᠴᠢᠯᠠᠨ ᠮᠡᠳᠡᠭᠡᠯᠡᠵᠦ ᠵᠠᠳᠠᠯᠤᠯᠲᠠ ᠬᠢᠵᠦ᠂ ᠤᠰᠤᠨ ᠵᠦᠶ ᠶᠢᠨ ᠮᠡᠳᠡᠭᠡ ᠵᠠᠩᠬᠢ ᠶᠢ ᠤᠷᠢᠳᠴᠢᠯᠠᠨ ᠮᠡᠳᠡᠭᠡᠯᠡᠬᠦ ᠶᠢ ᠨᠠᠷᠢᠯᠢᠭ ᠣᠨᠣᠴᠠᠲᠠᠶ ᠪᠣᠯᠭᠠᠬᠤ ᠪᠠ ᠨᠠᠷᠢᠯᠢᠬᠵᠢᠭᠤᠯᠬᠤ ᠦᠢᠯᠡᠴᠢᠯᠡᠭᠡᠨ ᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠭᠡᠵᠤ ᠴᠢᠬᠤᠯᠠᠴᠢᠯᠠᠪᠠ᠃      ᠶᠧ ᠵᠢᠶᠠᠨ ᠴᠦᠨ 2020 ᠣᠨ ᠤ ᠤᠰᠤᠨ ᠤ ᠪᠠᠶᠢᠳᠠᠯ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠭᠠᠴᠠᠭᠠᠬᠤ᠂ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠢ ᠬᠦᠭ ᠠᠶᠠᠰ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠲᠦᠷᠭᠡᠨ ᠠᠬᠢᠭᠤᠯᠬᠤ ᠴᠢᠳᠠᠪᠤᠷᠢ ᠪᠣᠯᠤᠨ ᠡᠩᠨᠡᠭᠡᠨ ᠤ ᠪᠠᠶᠢᠭᠤᠯᠤᠯᠲᠠ ᠵᠡᠷᠭᠡ ᠭᠤᠷᠪᠠᠨ ᠲᠠᠯ᠎ᠠ ᠪᠠᠷ ᠲᠣᠳᠣᠷᠬᠠᠢ ᠱᠠᠭᠠᠷᠳᠠᠯᠭ᠎ᠠ       ᠳᠤᠷᠠᠳᠴᠠᠢ᠃ ᠨᠢᠭᠡ ᠳᠤ ᠰᠠᠪᠠ ᠭᠠᠵᠠᠷ ᠤᠨ ᠴᠢᠨᠠᠷᠲᠠᠶ ᠶᠡᠭᠡ ᠦᠶᠡᠷ᠂ ᠤᠰᠤᠨ ᠴᠥᠭᠦᠷᠥᠮ ᠤᠨ ᠦᠶᠡᠷ ᠤᠰᠤᠳᠤᠯ ᠢ ᠰᠡᠷᠭᠡᠶᠢᠯᠡᠨ ᠠᠮᠤᠷ ᠢ ᠬᠠᠮᠠᠭᠠᠯᠠᠬᠤ ᠵᠢᠴᠢ ᠬᠡᠰᠡᠭ ᠭᠠᠵᠠᠷ ᠤᠨ ᠰᠢᠷᠦᠭᠦᠨ ᠪᠣᠷᠣᠭᠠᠨ ᠦᠶᠡᠷ ᠤᠰᠤᠳᠤᠯ ᠢ ᠠᠷᠭᠠᠴᠠᠭᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠳᠠᠢ᠃ ᠰᠠᠪᠠ ᠭᠠᠵᠠᠷ ᠤᠨ ᠴᠢᠨᠠᠷᠲᠠᠶ ᠶᠡᠭᠡ ᠦᠶᠡᠷ ᠤᠰᠤᠳᠤᠯ ᠢ ᠠᠷᠭᠠᠴᠠᠭᠠᠬᠤ ᠲᠠᠯ᠎ᠠ ᠪᠠᠷ᠂ ︽ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠬᠤ᠂ ᠣᠨᠣᠪᠴᠢᠲᠠᠶ ᠤᠷᠢᠳᠴᠢᠯᠠᠨ ᠮᠡᠳᠡᠭᠡᠯᠡᠬᠦ᠂ ᠪᠠᠴᠢᠮ ᠪᠠᠶᠢᠳᠠᠯ ᠢ ᠠᠷᠭᠠᠴᠠᠭᠠᠬᠤ ᠪᠠᠷ       ᠲᠤᠯᠭᠠᠭᠤᠷᠢᠯᠠᠬᠤ︾ ᠭᠤᠷᠪᠠᠨ ᠭᠤᠭᠴᠤᠭ᠎ᠠ ᠶᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ᠰᠢᠨ᠎ᠡ ᠮᠡᠷᠭᠡᠵᠢᠯ ᠰᠢᠨ᠎ᠡ ᠠᠷᠭ᠎ᠠ ᠶᠢ ᠬᠦᠢᠴᠡᠳ ᠠᠰᠢᠭᠯᠠᠨ᠂ ᠲᠤᠨᠳᠠᠰᠤ ᠶᠢᠨ ᠬᠡᠮᠵᠢᠶ᠎ᠡ ᠪᠠ ᠦᠶᠡᠷ ᠤᠰᠤᠳᠤᠯ ᠢ ᠤᠷᠢᠳᠴᠢᠯᠠᠨ ᠮᠡᠳᠡᠭᠡᠯᠡᠬᠦ ᠶᠢᠨ ᠬᠤᠯᠪᠣᠯᠳᠤᠯ ᠢ ᠴᠢᠩᠭᠠᠳᠬᠠᠵᠤ᠂ ᠦᠶᠡᠷ ᠤᠰᠤᠳᠤᠯ ᠢ ᠤᠷᠢᠳᠴᠢᠯᠠᠨ ᠮᠡᠳᠡᠭᠡᠯᠡᠬᠦ ᠶᠢᠨ ᠲᠣᠬᠢᠷᠠᠭᠤᠯᠤᠯᠲᠠ ᠶᠢ ᠨᠢᠭᠡ ᠴᠣᠭᠴᠠᠵᠢᠭᠤᠯᠬᠤ ᠶᠢ ᠠᠬᠢᠭᠤᠯᠤᠨ᠂ ᠬᠠᠮᠲᠤᠷᠠᠨ ᠵᠥᠪᠳᠡᠯᠴᠡᠬᠦ ᠶᠢ ᠴᠢᠩᠭᠠᠳᠬᠠᠵᠤ  ᠂ ᠦᠶᠡᠷ ᠤᠰᠤᠳᠤᠯ ᠢ ᠤᠷᠢᠳᠴᠢᠯᠠᠨ ᠮᠡᠳᠡᠭᠡᠯᠡᠬᠦ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ︔ ᠤᠰᠤᠨ ᠴᠥᠭᠦᠷᠥᠮ ᠤᠨ ᠦᠶᠡᠷ ᠤᠰᠤᠳᠤᠯ ᠢ ᠰᠡᠷᠭᠡᠶᠢᠯᠡᠨ ᠠᠮᠤᠷ ᠢ ᠬᠠᠮᠠᠭᠠᠯᠠᠬᠤ ᠲᠠᠯ᠎ᠠ ᠪᠠᠷ᠂ ᠤᠰᠤᠨ ᠴᠥᠭᠦᠷᠥᠮ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ᠂ ᠦᠶᠡᠷ ᠤᠰᠤᠳᠤᠯ ᠤᠨ ᠬᠢᠵᠠᠭᠠᠷ ᠬᠡᠮᠵᠢᠶ᠎ᠡ ᠠᠴᠠ ᠬᠡᠲᠦᠷᠡᠭᠦᠯᠬᠦ ᠪᠠ ᠦᠶᠡᠷ ᠢ ᠰᠡᠷᠭᠡᠶᠢᠯᠡᠬᠦ ᠲᠣᠬᠢᠷᠠᠭᠤᠯᠤᠯᠲᠠ ᠶᠢ ᠬᠢᠨᠠᠨ ᠠᠵᠢᠭᠯᠠᠵᠤ ᠵᠠᠳᠠᠯᠬᠤ᠂ ᠦᠶᠡᠷ ᠤᠰᠤᠳᠤᠯ ᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠶ︔ ᠬᠡᠰᠡᠭ ᠭᠠᠵᠠᠷ ᠤᠨ ᠰᠢᠷᠦᠭᠦᠨ ᠪᠣᠷᠣᠭᠠᠨ ᠦᠶᠡᠷ ᠤᠰᠤᠳᠤᠯ ᠢ ᠰᠡᠷᠡᠮᠵᠢᠯᠡᠭᠦᠯᠬᠦ ᠲᠠᠯ᠎ᠠ     ᠪᠠᠷ᠂ ᠤᠷᠢᠳᠴᠢᠯᠠᠨ ᠰᠡᠷᠡᠮᠵᠢᠯᠡᠭᠦᠯᠵᠦ ᠨᠡᠶᠢᠲᠡᠯᠡᠬᠦ ᠲᠣᠭᠲᠠᠴᠠ ᠶᠢ ᠲᠡᠭᠦᠯᠳᠡᠷᠵᠢᠭᠦᠯᠬᠦ᠂ ᠪᠣᠷᠣᠭᠠᠨ ᠤ ᠬᠡᠮᠵᠢᠶ᠎ᠡ ᠶᠢᠨ ᠰᠡᠷᠡᠮᠵᠢᠯᠡᠭᠦᠯᠬᠦ ᠬᠢᠵᠠᠭᠠᠷ ᠵᠢᠭᠠᠯᠲᠠ ᠲᠤᠭ᠎ᠠ ᠳᠤ ᠵᠠᠰᠠᠪᠤᠷᠢ ᠣᠷᠣᠭᠤᠯᠬᠤ᠂ ᠰᠢᠷᠦᠭᠦᠨ ᠪᠣᠷᠣᠭᠠᠨ ᠤ ᠶᠠᠪᠤᠴᠠ ᠶᠢ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ᠂ ᠤᠰᠤᠨ ᠤ ᠪᠠᠶᠢᠳᠠᠯ ᠢ ᠰᠡᠷᠡᠮᠵᠢᠯᠡᠭᠦᠯᠬᠦ ᠨᠡᠶᠢᠭᠡᠮᠴᠢᠯᠡᠨ ᠨᠡᠶᠢᠲᠡᠯᠡᠬᠦ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠵᠡᠷᠭᠡ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠃ ᠬᠤᠶᠠᠷ ᠲᠤ᠂ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠢ ᠬᠦᠭ ᠠᠶᠠᠰ ᠢ ᠴᠢᠷᠮᠠᠶᠢᠨ ᠦᠢᠯᠡᠳᠦᠯᠭᠡᠵᠢᠭᠦᠯᠬᠦ ᠬᠡᠷᠡᠭᠳᠠᠢ᠃ ᠤᠰᠤᠨ ᠤ ᠪᠠᠶᠢᠳᠠᠯ ᠢ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠳᠤ ᠳᠤᠲᠠᠭᠤᠳᠠᠯ ᠢ ᠨᠥᠬᠦᠪᠥᠷᠢᠯᠡᠬᠦ ᠳᠤ ︽ᠤᠷᠢᠳᠴᠢᠯᠠᠨ ᠮᠡᠳᠡᠬᠦ ᠬᠤᠭᠤᠴᠠᠭ᠎ᠠ ᠶᠢ ᠤᠷᠲᠤᠳᠬᠠᠬᠤ᠂ ᠤᠷᠢᠳᠴᠢᠯᠠᠨ ᠮᠡᠳᠡᠭᠡᠯᠡᠬᠦ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠬᠦ᠂ ᠦᠨᠡᠨ ᠦᠭᠡ ᠬᠡᠯᠡᠬᠦ ᠶᠢ ᠪᠠᠷᠢᠮᠲᠠᠯᠠᠬᠤ︾ ᠳᠡᠭᠡᠷ᠎ᠡ ᠬᠦᠴᠦ ᠲᠠᠯᠪᠢᠬᠤ ᠬᠡᠷᠡᠭᠲᠡᠶ︔ ᠤᠰᠤᠨ ᠠᠰᠢᠭᠯᠠᠯᠲᠠ ᠶᠢᠨ ᠬᠢᠨᠠᠨ ᠬᠠᠮᠢᠶᠠᠷᠤᠯᠲᠠ ᠶᠢᠨ ᠤᠰᠤᠨ ᠤ ᠪᠠᠶᠢᠳᠠᠯ ᠤᠨ  ᠦᠢᠯᠡᠴᠢᠯᠡᠭᠡ ᠶᠢ ᠲᠤᠯᠭᠠᠭᠤᠷᠢᠯᠠᠬᠤ ᠳᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ᠂ ᠤᠰᠤᠨ ᠤ ᠠᠮᠢ ᠠᠬᠤᠶ ᠣᠷᠴᠢᠨ ᠲᠣᠭᠤᠷᠢᠨ ᠢ ᠰᠡᠷᠭᠦᠭᠡᠬᠦ᠂ ᠭᠠᠩ ᠬᠠᠭᠰᠠᠷᠠᠭᠠᠨ ᠤ ᠪᠠᠶᠢᠳᠠᠯ ᠢ ᠦᠨᠡᠯᠡᠨ ᠵᠢᠱᠢᠵᠦ ᠵᠠᠳᠠᠯᠤᠯᠲᠠ ᠬᠢᠬᠦ ᠵᠡᠷᠭᠡ ᠲᠤᠬᠠᠶᠢᠯᠠᠭᠰᠠᠨ ᠠᠵᠢᠯ ᠳᠤ ᠦᠢᠯᠡᠴᠢᠯᠡᠭᠦ ᠬᠡᠷᠡᠭᠳᠠᠢ᠃ ᠭᠤᠷᠪᠠ ᠳᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠶᠡᠭᠡ ᠪᠠᠷ ᠠᠬᠢᠭᠤᠯᠬᠤ ᠬᠡᠷᠡᠭᠳᠠᠢ᠃ ᠰᠢᠨ᠎ᠡ ᠴᠠᠭ ᠦᠶ᠎ᠡ ᠶᠢᠨ ᠤᠰᠤᠨ ᠤ ᠪᠠᠶᠢᠳᠠᠯ ᠤᠨ ᠠᠵᠢᠯ ᠤᠨ ᠬᠠᠷᠠᠯᠲᠠ ᠶᠢ ᠳᠤᠷᠠᠳᠴᠤ  ᠂ ᠤᠰᠤᠨ ᠠᠰᠢᠭᠯᠠᠯᠳᠠ  ᠶᠢᠨ ᠶᠠᠮᠤᠨ  ᠤ 《 ᠤᠰᠤᠨ ᠵᠦᠢ ᠶᠢᠨ ᠮᠡᠳᠡᠭᠡ ᠵᠠᠩᠭᠢ ᠶᠢ ᠤᠷᠢᠳᠴᠢᠯᠠᠨ ᠮᠡᠳᠡᠭᠡᠯᠡᠬᠦ ᠠᠵᠢᠯ ᠢ ᠴᠢᠩᠭᠠᠳᠬᠠᠬᠤ ᠲᠤᠬᠠᠶ ᠵᠢᠯᠣᠭᠤᠳᠬᠤ ᠰᠠᠨᠠᠯ 》  ᠤᠨ ᠱᠠᠭᠠᠷᠳᠠᠯᠭ᠎ᠠ ᠶᠣᠰᠣᠭᠠᠷ᠂ ᠤᠰᠤᠨ ᠵᠦᠢ ᠶᠢᠨ ᠣᠳᠣᠬᠢᠴᠢᠯᠠᠯᠲᠠ ᠶᠢᠨ ᠲᠥᠯᠥᠪᠵᠢᠭᠦᠯᠭᠡ ᠪᠣᠯᠤᠨ 《 ᠠᠷᠪᠠᠨ ᠳᠥᠷᠪᠡᠳᠦᠭᠡᠷ ᠲᠠᠪᠤᠨ ᠵᠢᠯ 》  ᠤᠨ ᠲᠥᠯᠥᠪᠵᠢᠭᠦᠯᠭᠡ ᠳᠤ ᠦᠶᠡᠷ ᠤᠰᠤᠳᠤᠯ ᠢ ᠤᠷᠢᠳᠴᠢᠯᠠᠨ ᠮᠡᠳᠡᠭᠡᠯᠡᠵᠦ ᠲᠣᠬᠢᠷᠠᠭᠤᠯᠬᠤ ᠶᠢ ᠨᠢᠭᠡ ᠴᠤᠭᠴᠠᠵᠢᠭᠤᠯᠬᠤ᠂ ᠭᠠᠩ ᠬᠠᠭᠰᠠᠷᠠᠭᠠᠨ ᠤ ᠪᠠᠶᠢᠳᠠᠯ ᠢ ᠬᠢᠨᠠᠨ ᠬᠡᠮᠵᠢᠵᠦ ᠦᠨᠡᠯᠡᠨ ᠵᠢᠱᠢᠬᠦ ᠶᠢ ᠪᠠᠶᠢᠩᠭᠤᠵᠢᠭᠤᠯᠬᠤ᠂ ᠤᠰᠤᠨ ᠤ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠭᠠᠨ ᠤᠷᠢᠳᠴᠢᠯᠠᠨ ᠮᠡᠳᠡᠭᠡᠯᠡᠬᠦ᠂ ᠤᠰᠤᠨ ᠤ ᠡᠬᠢ ᠪᠠᠶᠠᠯᠢᠭ ᠤᠰᠤᠨ ᠤ ᠠᠮᠢ ᠠᠬᠤᠶ ᠤᠰᠤᠨ ᠤ ᠢᠨᠵᠧᠨᠧᠷᠢᠩ  ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ᠂ ᠤᠰᠤᠨ ᠤ ᠪᠠᠶᠢᠳᠠᠯ ᠤᠨ ᠠᠵᠢᠯ ᠤᠨ ᠪᠠᠲᠤᠯᠠᠭ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠤᠰᠤᠨ ᠤ ᠪᠠᠶᠢᠳᠠᠯ ᠤᠨ ᠴᠢᠳᠠᠪᠤᠷᠢ ᠶᠢᠨ ᠪᠠᠶᠢᠭᠤᠯᠤᠯᠲᠠ ᠶᠢᠨ ᠡᠭᠦᠷᠭᠡ ᠶᠢ ᠳᠤᠷᠠᠳᠪᠠ᠃ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠰᠤᠳᠤᠯᠵᠤ᠂ ᠴᠢᠳᠠᠪᠤᠷᠢᠲᠠᠨ ᠢ ᠤᠷᠮᠠᠰᠢᠭᠤᠯᠬᠤ  ᠪᠠᠶᠢᠭᠤᠯᠤᠮᠵᠢ ᠶᠢᠨ ᠰᠢᠨ᠎ᠡ ᠶᠢ ᠡᠭᠦᠳᠴᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ᠂ ᠤᠯᠠᠮᠵᠢᠯᠠᠵᠤ ᠬᠠᠪᠰᠤᠷᠴᠤ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠨᠢᠭᠡ ᠪᠦᠯᠦᠭ ᠳᠡᠭᠡᠳᠦ ᠲᠡᠰ ᠳᠠᠪᠬᠤᠷᠭ᠎ᠠ ᠶᠢᠨ ᠲᠤᠰᠬᠠᠢ ᠮᠡᠷᠭᠡᠵᠢᠯᠲᠡᠨ ᠤ ᠡᠩᠨᠡᠭᠡ ᠶᠢ ᠬᠥᠮᠦᠵᠢᠭᠦᠯᠬᠦ ᠬᠡᠷᠡᠭᠲᠡᠢ᠃ ᠰᠠᠪᠠ ᠭᠠᠵᠠᠷ ᠤᠨ ᠬᠠᠮᠢᠶᠠᠷᠬᠤ ᠪᠠᠶᠢᠭᠤᠯᠤᠮᠵᠢ ᠳᠤ ᠤᠰᠤᠨ ᠵᠦᠢ ᠶᠢᠨ ᠲᠡᠷᠢᠭᠦᠨ ᠤ ᠤᠷᠢᠳᠴᠢᠯᠠᠨ ᠮᠡᠳᠡᠭᠡᠯᠡᠭᠴᠢ ᠶᠢᠨ ᠲᠥᠷᠢᠮ ᠢ ᠤᠷᠢᠳᠠᠪᠠᠷ ᠬᠡᠷᠡᠭᠵᠢᠭᠦᠯᠬᠦ ᠶᠢ ᠲᠥᠯᠬᠢᠨ ᠠᠬᠢᠭᠤᠯᠵᠤ᠂ ᠪᠥᠬᠦ ᠤᠯᠤᠰ ᠤᠨ ᠤᠰᠤᠨ ᠠᠰᠢᠭᠯᠠᠯᠲᠠ ᠶᠢᠨ ᠰᠢᠰᠲ᠋ᠧᠮ ᠳᠤ ᠠᠯᠬᠤᠮ ᠠᠯᠬᠤᠮ ᠢᠶᠠᠷ ᠳᠡᠯᠭᠡᠷᠡᠭᠦᠯᠦᠨ᠂ ᠲᠡᠷᠢᠭᠦᠨ ᠤ ᠤᠷᠢᠳᠴᠢᠯᠠᠨ ᠮᠡᠳᠡᠭᠡᠯᠡᠭᠴᠢ ᠶᠢᠨ ᠲᠤᠰᠬᠠᠶ ᠮᠡᠷᠭᠡᠵᠢᠯᠲᠡᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠷᠠᠭᠤᠯᠵᠤ᠂ ᠤᠰᠤᠨ ᠵᠦᠢ ᠶᠢᠨ ᠮᠡᠳᠡᠭᠡ ᠵᠠᠩᠭᠢ ᠶᠢ ᠤᠷᠢᠳᠴᠢᠯᠠᠨ ᠮᠡᠳᠡᠭᠡᠯᠡᠬᠦ ᠠᠵᠢᠯ ᠳᠤ ᠪᠠᠲᠤ ᠪᠠᠬᠢ ᠴᠢᠳᠠᠪᠤᠷᠢᠲᠠᠨ ᠤ ᠪᠠᠲᠤᠯᠠᠭ᠎ᠠ ᠶᠢ ᠬᠠᠩᠭᠠᠬᠤ ᠬᠡᠷᠡᠭᠲᠡᠶ᠃      ᠬᠥᠬᠡᠮᠥ᠋ᠷᠡᠨ ᠤ ᠤᠰᠤᠨ ᠠᠰᠢᠭᠯᠠᠯᠲᠠ ᠶᠢᠨ ᠵᠥᠪᠯᠡᠯ ᠪᠣᠯᠤᠨ ᠬᠠᠷᠠᠮᠥ᠋ᠷᠡᠨ᠂ ᠠᠨᠾᠦ᠋ᠢ᠂ ᠵᠢᠶᠠᠩᠰᠢ᠂ ᠭᠤᠸᠠᠩᠳᠦ᠋ᠩ ᠮᠤᠵᠢ ᠵᠡᠷᠭᠡ ᠤᠰᠤᠨ ᠵᠦᠢ ᠶᠢᠨ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠪᠡ᠃ ᠤᠰᠤᠨ ᠠᠰᠢᠭᠯᠠᠯᠳᠠ ᠶᠢᠨ ᠶᠠᠮᠤᠨ ᠤ ᠬᠠᠮᠢᠶ᠎ᠠ ᠪᠦᠬᠦᠢ ᠵᠤᠷᠭᠠᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ       ᠣᠷᠣᠯᠴᠠᠵᠤ᠂ ᠬᠡᠰᠡᠭ ᠰᠠᠪᠠ ᠭᠠᠵᠠᠷ ᠤᠨ ᠬᠠᠮᠢᠶᠠᠷᠤᠯᠳᠠ ᠶᠢᠨ ᠪᠠᠶᠢᠭᠤᠯᠤᠮᠵᠢ᠂ ᠮᠤᠵᠢ ᠶᠢᠨ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠤᠰᠤᠨ ᠵᠦᠶ ᠶᠢᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ ᠡᠯ᠎ᠡ ᠰᠠᠪᠠ ᠭᠠᠵᠠᠷ ᠤᠨ ᠬᠠᠮᠢᠶᠠᠷᠤᠯᠳᠠ ᠶᠢᠨ ᠪᠠᠶᠢᠭᠤᠯᠤᠮᠵᠢ᠂ ᠡᠯ᠎ᠡ ᠮᠤᠵᠢ ( ᠥᠪᠡᠷᠲᠡᠭᠡᠨ ᠵᠠᠰᠠᠬᠤ ᠣᠷᠣᠨ  ᠂ ᠰᠢᠭᠤᠳ ᠬᠠᠷᠢᠶ᠎ᠠ ᠬᠤᠲᠠ )  ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠤᠰᠤᠨ  ᠵᠦᠢ ᠶᠢᠨ ᠪᠠᠶᠢᠭᠤᠯᠤᠮᠵᠢ ᠶᠢᠨ ᠭᠤᠣᠯ ᠬᠠᠷᠢᠭᠤᠴᠠᠯᠭᠠᠲᠠᠨ ᠪᠣᠯᠤᠨ ᠤᠰᠤᠨ ᠤ ᠪᠠᠶᠢᠳᠠᠯ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ᠂ ᠬᠥᠬᠡᠮᠥ᠋ᠷᠡᠨ ᠤ ᠴᠠᠬᠢᠯᠭᠠᠨ ᠬᠦᠴᠦᠨ ᠤ ᠭᠤᠷᠪᠠᠨ ᠬᠠᠪᠴᠢᠯ ᠤᠨ ᠱᠠᠲᠤᠯᠢᠭ ᠲᠣᠬᠢᠷᠠᠭᠤᠯᠤᠯᠲᠠ᠂ ᠬᠠᠲᠤᠨ ᠭᠤᠣᠯ ᠤᠨ ᠳᠡᠭᠡᠳᠤ ᠤᠷᠤᠰᠬᠠᠯ ᠤᠨ  ᠤᠰᠤ ᠴᠠᠬᠢᠯᠭᠠᠨ ᠤ ᠨᠡᠭᠡᠭᠡᠨ ᠬᠦᠭᠵᠢᠭᠦᠯᠦᠯᠳᠡ ᠶᠢᠨ ᠬᠢᠵᠠᠭᠠᠷᠳᠤ ᠬᠠᠢᠷᠭᠤᠴᠠᠯᠭᠠᠳᠤ ᠺᠣᠮᠫᠠᠨᠢ ᠶᠢᠨ ᠲᠣᠬᠢᠷᠠᠭᠤᠯᠤᠯᠲᠠ ᠶᠢᠨ ᠲᠥᠪ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠵᠢᠴᠢ ᠡᠯ᠎ᠡ ᠭᠠᠵᠠᠷ ᠤᠨ ᠤᠰᠤᠨ ᠤ ᠪᠠᠶᠢᠳᠠᠯ ᠤᠨ ᠬᠤᠯᠪᠣᠭᠳᠠᠯ ᠪᠦᠬᠦᠢ ᠬᠥᠮᠦᠰ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃    ( ᠤᠰᠤᠨ ᠠᠰᠢᠬᠠᠯᠠᠯᠳᠠ ᠶᠢᠨ ᠶᠠᠮᠤᠨ ᠤ ᠰᠦᠯᠵᠢᠶ᠎ᠡ ᠠᠴᠠ ᠠᠪᠤᠪᠠ)
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号