2017 ᠣᠨ ᠤ 6 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ | ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢᠨ ᠳᠡᠳ᠋ ᠱᠦᠵᠢ᠂ ᠰᠠᠬᠢᠯᠭ᠎ᠠ ᠪᠠᠲᠤ ᠶᠢᠨ ᠠᠵᠢᠯ ᠤᠨ ᠬᠤᠷᠢᠶ᠎ᠠ ᠶᠢᠨ | ᠱᠦᠵᠢ ᠹᠠᠨ ᠵᠦᠩ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ | ᠬᠤᠷᠢᠶ᠎ᠠ ᠶᠢᠨ ᠤᠯᠠᠨ ᠲᠦᠮᠡᠨ ᠤ ᠬᠠᠮᠲᠤᠷᠠᠭᠰᠠᠨ ᠠᠯᠪᠠᠨ ᠭᠡᠷ ᠤᠨ ᠡᠷᠬᠢᠯᠡᠭᠴᠢ ᠬᠠᠨ ᠰᠢᠶᠤᠤ ᠭᠤᠸᠠᠩ ᠢᠶᠠᠷ | ᠪᠦᠷᠢᠯᠳᠦᠭᠰᠡᠨ ᠳᠥᠷᠪᠡᠳᠦᠭᠡᠷ ᠰᠢᠪᠠᠳᠠᠨ ᠪᠠᠶᠢᠴᠠᠭᠠᠬᠤ ᠳᠤᠭᠤᠶᠢᠯᠠᠩ ᠥᠪᠥᠷ ᠮᠣᠩᠭᠤᠯ ᠤᠨ ᠤᠰᠤᠨ | ᠠᠰᠢᠭᠯᠠᠯᠲᠠ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠳᠤ ᠬᠦᠷᠴᠦ | 2017 ᠣᠨ ᠤ ᠳᠡᠭᠡᠷ᠎ᠡ ᠬᠠᠭᠠᠰ ᠵᠢᠯ ᠤᠨ ᠨᠠᠮ ᠤᠨ ᠠᠵᠢᠯ ᠳᠤ ᠶᠡᠷᠦᠩᠬᠡᠶᠢᠯᠡᠭᠰᠡᠨ ᠰᠢᠪᠠᠳᠠᠨ ᠪᠠᠶᠢᠴᠠᠭᠠᠯᠲᠠ | ᠬᠢᠵᠦ᠂ ᠤᠰᠤᠨ ᠠᠰᠢᠭᠯᠠᠯᠲᠠ ᠶᠢᠨ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ | ᠬᠠᠷᠢᠭᠤᠴᠠᠯᠭᠠᠲᠠᠨ ᠨᠦᠬᠦᠳ ᠪᠠᠷ᠎ᠠ ᠪᠣᠯᠪᠠ᠃ | | ᠬᠦᠷᠢᠶᠡᠯᠡᠩ ᠤᠨ ᠨᠠᠮ ᠤᠨ ᠬᠤᠷᠢᠶ᠎ᠠ ᠶᠢᠨ ᠱᠦᠵᠢ ᠸᠠᠩ ᠨᠠᠨ ᠹᠧᠩ ᠥᠪᠥᠷ ᠮᠣᠩᠭᠤᠯ ᠤᠨ ᠤᠰᠤᠨ | ᠠᠰᠢᠭᠯᠠᠯᠲᠠ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠨᠠᠮ ᠤᠨ | ᠬᠤᠷᠢᠶ᠎ᠠ ᠶᠢᠨ ᠦᠨᠳᠦᠰᠦᠨ ᠪᠠᠶᠢᠳᠠᠯ ᠵᠢᠴᠢ 2017 ᠣᠨ ᠤ ᠳᠡᠭᠡᠷ᠎ᠡ ᠬᠠᠭᠠᠰ ᠵᠢᠯ ᠤᠨ ᠨᠠᠮ ᠤᠨ ᠪᠠᠶᠢᠭᠤᠯᠤᠯᠲᠠ᠂ | ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ | ᠠᠵᠢᠯ ᠤᠨ ᠲᠤᠬᠠᠢ ᠲᠣᠪᠴᠢ ᠮᠡᠳᠡᠭᠦᠯᠦᠯᠲᠡ ᠬᠢᠵᠡᠢ᠃ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠲᠠᠷᠠᠭ᠎ᠠ᠂ | ᠡᠷᠬᠢᠯᠡᠭᠴᠢ ᠬᠠᠨ ᠰᠢᠶᠤᠤ ᠭᠤᠸᠠᠩ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠶᠢᠨ | ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠨᠠᠮ ᠤᠨ ᠠᠵᠢᠯ ᠢ ᠭᠦᠢᠴᠡᠳ ᠨᠤᠲᠠᠯᠠᠵᠤ᠂ ᠤᠰᠤᠨ | ᠠᠰᠢᠭᠯᠠᠯᠲᠠ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠨᠠᠮ ᠤᠨ | ᠪᠠᠶᠢᠭᠤᠯᠤᠯᠲᠠ ᠶᠢᠨ ᠠᠵᠢᠯ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠲᠤᠲᠤᠷ᠎ᠠ ᠡᠮᠦᠨ᠎ᠡ ᠡᠩᠨᠡᠭᠡᠨ ᠳᠤ | ᠶᠠᠪᠤᠵᠤ ᠪᠠᠶᠢᠨ᠎ᠠ ᠭᠡᠵᠦ ᠦᠵᠡᠪᠡ᠃ ᠡᠷᠬᠢᠯᠡᠭᠴᠢ ᠬᠠᠨ ᠰᠢᠶᠤᠤ ᠭᠤᠸᠠᠩ ᠤᠰᠤᠨ ᠠᠰᠢᠭᠯᠠᠯᠲᠠ ᠶᠢᠨ | ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠦᠨᠳᠦᠰᠦᠨ ᠱᠠᠲᠤᠨ ᠤ | ᠨᠠᠮ ᠤᠨ ᠡᠭᠦᠷ ᠤᠨ ᠥᠷᠨᠢᠭᠦᠯᠦᠭᠰᠡᠨ ︽ᠭᠤᠷᠪᠠᠨ ᠬᠤᠷᠠᠯ ᠨᠢᠭᠡ ᠬᠢᠴᠢᠶᠡᠯ︾᠂ ︽ᠬᠤᠶᠠᠷ ᠢ ᠰᠤᠷᠤᠯᠴᠠᠵᠤ ᠬᠢᠷᠢ | ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠵᠤ | ᠳᠦᠷᠢᠮᠵᠢᠭᠦᠯᠦᠭᠰᠡᠨ᠂ ᠨᠠᠮ ᠤᠨ ᠭᠡᠰᠢᠭᠦᠨ ᠤ ᠸᠢᠴᠠᠲ ᠵᠡᠷᠭᠡ ᠨᠠᠮ ᠤᠨ ᠪᠠᠶᠢᠭᠤᠯᠤᠯᠲᠠ ᠶᠢᠨ ᠠᠵᠢᠯ ᠢ | ᠥᠷᠨᠢᠭᠦᠯᠦᠭᠰᠡᠨ ᠪᠠᠶᠢᠳᠠᠯ ᠤᠨ ᠲᠤᠬᠠᠶ ᠨᠠᠷᠢᠨ ᠠᠰᠠᠭᠤᠨ ᠯᠠᠪᠯᠠᠭᠰᠠᠨ ᠪᠥᠭᠡᠳ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠠᠵᠢᠯ ᠤᠨ ᠳᠤᠮᠳᠠ ᠣᠷᠣᠰᠢᠵᠤ ᠪᠠᠶᠢᠭ᠎ᠠ ᠵᠠᠷᠢᠮ ᠬᠦᠴᠢᠷᠳᠡᠯ ᠪᠠ ᠠᠰᠠᠭᠤᠳᠠᠯ ᠳᠤ | ᠬᠠᠷᠢᠭᠤᠯᠲᠠ ᠥᠭᠭᠦᠭᠰᠡᠨ ᠪᠠᠶᠢᠨ᠎ᠠ᠃ | | ᠹᠠᠨ ᠵᠦᠩ ᠰᠢᠪᠠᠳᠠᠨ ᠪᠠᠶᠢᠴᠠᠭᠠᠬᠤ ᠬᠤᠭᠤᠴᠠᠭᠠᠨ ᠳᠤ ᠪᠠᠰᠠ ᠤᠰᠤᠨ ᠠᠰᠢᠭᠯᠠᠯᠲᠠ ᠶᠢᠨ | ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠨᠠᠮ ᠤᠨ ᠬᠤᠷᠢᠶ᠎ᠠ ᠶᠢᠨ | ᠨᠠᠮ ᠤᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠤᠰᠤᠨ ᠠᠰᠢᠭᠯᠠᠯᠲᠠ ᠶᠢᠨ | ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠨᠠᠮ ᠤᠨ ᠬᠤᠷᠢᠶ᠎ᠠ ᠶᠢᠨ | ᠨᠠᠮ ᠤᠨ ᠪᠠᠶᠢᠭᠤᠯᠤᠯᠲᠠ ᠶᠢᠨ ᠠᠵᠢᠯ ᠨᠢ ᠬᠡᠯᠪᠡᠷᠢ ᠲᠦᠷᠰᠦ ᠦᠭᠡᠢ ᠪᠠᠶᠢᠭᠰᠠᠨ ᠠᠴᠠ ᠪᠠᠨ ᠬᠡᠯᠪᠡᠷᠢ ᠳᠦᠷᠰᠦ ᠲᠠᠢ | ᠪᠤᠯᠵᠤ᠂ ᠨᠢᠳᠦᠨ ᠳᠤ ᠦᠵᠡᠭᠳᠡᠵᠦ ᠭᠠᠷ ᠲᠤ ᠪᠠᠷᠢᠭᠳᠠᠬᠤ ᠪᠤᠯᠤᠭᠰᠠᠨ ᠪᠦᠭᠡᠳ ᠰᠣᠨᠣᠰᠬᠤ ᠳᠤ ᠰᠤᠨᠤᠰᠪᠤᠷᠢᠳᠠᠢ | ᠪᠠᠶᠢᠵᠤ᠂ ᠪᠣᠳᠠᠲᠠᠢ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠷᠣᠨ ᠤ ᠰᠢᠭᠤᠳ ᠬᠠᠷᠢᠶ᠎ᠠ | ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠳᠤ ᠬᠡᠪ ᠳᠠᠭᠤᠷᠢᠶᠠᠯ ᠪᠣᠯᠤᠭᠰᠠᠨ ᠪᠠᠶᠢᠨ᠎ᠠ ᠭᠡᠵᠦ ᠦᠵᠡᠪᠡ᠃ | ᠹᠠᠨ ᠵᠦᠩ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠰᠤᠳᠤᠯᠭᠠᠨ ᠤ | ᠬᠦᠷᠢᠶᠡᠯᠡᠩ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠠᠵᠢᠯ ᠳᠤ ᠬᠡᠳᠦᠨ ᠱᠠᠭᠠᠷᠳᠠᠯᠭ᠎ᠠ | ᠳᠤᠷᠠᠳᠴᠠᠢ᠄ | ᠨᠢᠭᠡ ᠳᠤ᠂ ᠦᠵᠡᠯ ᠰᠠᠨᠠᠭᠠᠨ ᠤ ᠬᠥᠮᠦᠵᠢᠯ ᠢ ᠪᠠᠶᠢᠩᠭᠤᠵᠢᠭᠤᠯᠬᠤ ᠬᠡᠷᠡᠭᠲᠡᠢ᠃ ᠨᠠᠮ ᠤᠨ ᠦᠵᠡᠯ | ᠰᠠᠨᠠᠭᠠᠨ ᠤ ᠬᠥᠮᠦᠵᠢᠯ ᠢ ᠪᠠᠶᠢᠩᠭᠤᠵᠢᠭᠤᠯᠬᠤ ᠪᠣᠯ ᠶᠡᠷᠦᠩᠬᠡᠶ ᠱᠠᠭᠠᠷᠳᠠᠯᠭ᠎ᠠ ᠮᠥᠨ᠂ ᠨᠠᠮ ᠤᠨ ᠪᠠᠶᠢᠭᠤᠯᠤᠯᠲᠠ ᠶᠢᠨ | ᠠᠵᠢᠯ ᠢ ᠪᠦᠬᠦ ᠲᠠᠯ᠎ᠠ ᠪᠠᠷ ᠥᠷᠨᠢᠭᠦᠯᠬᠦ ᠶᠢᠨ ᠤᠷᠢᠲᠠᠯ ᠮᠥᠨ᠂ ᠨᠠᠮ ᠤᠨ ᠡᠯ᠎ᠡ ᠱᠠᠲᠤᠨ ᠤ ᠵᠣᠬᠢᠶᠠᠨ | ᠪᠠᠶᠢᠭᠤᠯᠤᠯᠲᠠ᠂ ᠢᠯᠠᠩᠭᠤᠶ᠎ᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠴᠥᠮ ᠦᠵᠡᠯ | ᠰᠠᠨᠠᠭᠠᠨ ᠤ ᠬᠥᠮᠦᠵᠢᠯ ᠢ ᠨᠠᠮ ᠤᠨ ᠪᠠᠶᠢᠭᠤᠯᠤᠯᠲᠠ ᠶᠢᠨ ᠠᠵᠢᠯ ᠤᠨ ᠲᠡᠷᠢᠭᠦᠨ ᠴᠢᠬᠤᠯᠠ ᠪᠠᠶᠢᠷᠢᠨ ᠳᠤ ᠲᠠᠯᠪᠢᠬᠤ | ᠬᠡᠷᠡᠭᠲᠡᠶ᠃ | ᠬᠤᠶᠠᠷ ᠲᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠪᠠᠷᠢᠮᠵᠢᠶᠠᠵᠢᠭᠤᠯᠬᠤ ᠬᠡᠷᠡᠭᠲᠡᠢ᠃ ᠤᠰᠤᠨ | ᠠᠰᠢᠭᠯᠠᠯᠲᠠ ᠶᠢᠨ ᠵᠢᠷᠤᠭ ᠲᠥᠯᠥᠪᠯᠡᠭᠡᠨ ᠤ ᠬᠦᠷᠢᠶᠡᠯᠡᠩ ᠤᠨ ᠬᠢᠨ ᠨᠠᠮ ᠤᠨ ᠬᠤᠷᠢᠶ᠎ᠠ ᠠᠴᠠ ᠠᠪᠤᠭᠠᠳ ᠶᠡᠷᠦᠩᠬᠡᠶ | ᠡᠭᠦᠷ ᠬᠦᠷᠲᠡᠯ᠎ᠡ᠂ ᠲᠠᠬᠢᠨ ᠨᠠᠮ ᠤᠨ ᠡᠭᠦᠷ ᠬᠦᠷᠲᠡᠯ᠎ᠡ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠨᠢ ᠪᠦᠷᠢᠨ | ᠲᠡᠭᠦᠯᠳᠡᠷ᠂ ᠠᠵᠢᠯ ᠤᠨ ᠬᠤᠪᠢᠶᠠᠷᠢᠯᠠᠯ ᠨᠢ ᠲᠣᠳᠣᠷᠬᠠᠶ᠂ ᠬᠠᠷᠢᠭᠤᠴᠠᠯᠭ᠎ᠠ ᠶᠢ ᠪᠤᠳᠠᠳᠠᠢ ᠬᠥᠮᠦᠨ ᠳᠤ ᠬᠦᠷᠲᠡᠯ᠎ᠡ | ᠨᠠᠶᠢᠳᠠᠪᠤᠷᠢᠵᠢᠭᠤᠯᠤᠭᠰᠠᠨ ᠪᠠᠶᠢᠳᠠᠭ᠂ ᠡᠨᠡ ᠨᠢ ᠮᠠᠰᠢ ᠰᠠᠶᠢᠨ᠂ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠳᠤ | ᠳᠡᠯᠭᠡᠷᠡᠭᠦᠯᠦᠨ ᠰᠤᠷᠤᠯᠴᠠᠭᠤᠰᠢᠲᠠᠶ ᠶᠤᠮ᠃ | ᠭᠤᠷᠪᠠ ᠳᠤ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠲᠦᠷᠢᠮᠵᠢᠬᠦᠯᠬᠦ ᠬᠡᠷᠡᠭᠲᠡᠢ᠃ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠳᠤ ᠲᠥᠪ ᠴᠢᠩᠭ᠎ᠠ ᠨᠠᠷᠢᠨ ᠬᠢᠨᠠᠮᠠᠭᠠᠢ ᠪᠠᠷ ᠬᠠᠨᠳᠤᠬᠤ ᠪᠣᠯ ᠨᠠᠮ ᠤᠨ ᠲᠥᠪ | ᠬᠤᠷᠢᠶ᠎ᠠ ᠠᠴᠠ ᠦᠨᠳᠦᠰᠦᠨ ᠱᠠᠲᠤᠨ ᠤ ᠨᠠᠮ ᠤᠨ ᠡᠭᠦᠷ ᠬᠦᠷᠲᠡᠯ᠎ᠡ᠂ ᠱᠠᠳᠤ ᠨᠢᠭᠡᠪᠦᠷᠢ ᠶᠢᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠡᠷᠬᠡᠪᠰᠢ ᠭᠦᠢᠴᠡᠳᠬᠡᠬᠦ ᠠᠵᠢᠯ ᠪᠣᠯᠤᠨ᠎ᠠ᠃ 《 ᠭᠤᠷᠪᠠᠨ ᠬᠤᠷᠠᠯ ᠨᠢᠭᠡ ᠬᠢᠴᠢᠶᠡᠯ》 ᠵᠡᠷᠭᠡ | ᠤᠯᠠᠮᠵᠢᠯᠠᠯᠲᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠠᠷᠭ᠎ᠠ ᠮᠠᠶ᠋ᠢᠭ ᠢ 《ᠢᠨᠲ᠋ᠧᠷ ᠰᠦᠯᠵᠢᠶ᠎ᠡ +》 | ᠠᠴᠢᠶᠠᠯᠠᠪᠤᠷᠢ ᠶᠢ ᠠᠰᠢᠭᠯᠠᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠥᠷᠨᠢᠭᠦᠯᠬᠦ ᠰᠢᠨ᠎ᠡ ᠶᠢ ᠡᠭᠦᠳᠬᠦ ᠠᠷᠭ᠎ᠠ | ᠮᠠᠶ᠋ᠢᠭ ᠲᠠᠢ ᠤᠶᠠᠯᠳᠤᠭᠤᠯᠵᠤ᠂ ᠨᠢᠭᠡᠳᠦᠯᠲᠡᠶ ᠲᠦᠷᠢᠮ ᠢ ᠪᠤᠢ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ | ᠠᠮᠢᠳᠤᠷᠠᠯ ᠢ ᠳᠦᠷᠢᠮᠵᠢᠭᠦᠯᠦᠨ ᠵᠢᠷᠤᠮᠵᠢᠭᠤᠯᠬᠤ ᠬᠡᠷᠡᠭᠲᠡᠶ᠃ | ᠲᠦᠷᠪᠡ ᠳᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠬᠤ ᠬᠡᠷᠡᠭᠲᠡᠢ᠃ ᠨᠢᠭᠡ ᠪᠠᠶᠢᠭᠤᠯᠭ᠎ᠠ ᠳᠤ | ᠰᠠᠶᠢᠨ ᠰᠤᠷᠲᠠᠯ ᠲᠠᠢ ᠪᠠᠶᠢᠵᠤ ᠴᠢᠳᠠᠬᠤ ᠡᠰᠡᠬᠦ ᠶᠢᠨ ᠵᠠᠩᠭᠢᠯᠠᠭ᠎ᠠ ᠨᠢ ᠰᠤᠷᠲᠠᠯ ᠤᠨ ᠪᠠᠶᠢᠭᠤᠯᠤᠯᠲᠠ ᠶᠢ | ᠪᠠᠶᠢᠩᠭᠤ ᠶᠢᠨ ᠴᠢᠨᠠᠷᠲᠠᠶ ᠪᠠᠷ ᠥᠷᠨᠢᠭᠦᠯᠵᠦ ᠴᠢᠳᠠᠬᠤ ᠡᠰᠡᠬᠦ ᠳᠤ ᠪᠠᠶᠢᠨ᠎ᠠ᠃ ᠡᠷᠬᠡᠪᠰᠢ ᠰᠤᠷᠲᠠᠯ ᠤᠨ | ᠪᠠᠶᠢᠭᠤᠯᠤᠯᠲᠠ ᠶᠢᠨ ᠠᠵᠢᠯ ᠢ ᠡᠳᠦᠷ ᠲᠤᠳᠤᠮ ᠤᠨ ᠠᠵᠢᠯ ᠳᠠᠭᠠᠨ ᠠᠭᠤᠰᠤᠯᠴᠠᠭᠤᠯᠵᠤ᠂ ᠠᠵᠢᠯ᠂ ᠠᠮᠢᠳᠤᠷᠠᠯ | ᠵᠡᠷᠭᠡ ᠲᠠᠯ᠎ᠠ ᠪᠠᠷ ᠬᠤᠯᠪᠣᠭᠳᠠᠯ ᠪᠦᠬᠦᠢ ᠲᠦᠷᠢᠮ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠶ᠃ | ᠪᠠᠶᠢᠩᠭᠤ ᠶᠢᠨ ᠴᠢᠨᠠᠷᠲᠠᠶ ᠰᠤᠷᠲᠠᠯ ᠤᠨ ᠪᠠᠶᠢᠭᠤᠯᠤᠯᠲᠠ ᠪᠠᠷ ᠳᠠᠮᠵᠢᠭᠤᠯᠤᠨ ᠥᠷᠭᠡᠨ ᠤᠯᠠᠨ ᠨᠠᠮ ᠤᠨ ᠭᠡᠰᠢᠭᠦᠨ᠂ | ᠢᠯᠠᠩᠭᠤᠶ᠎ᠠ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠦᠭᠡ ᠶᠠᠷᠢᠶ᠎ᠠ ᠦᠢᠯᠡ ᠠᠵᠢᠯᠯᠠᠭ᠎ᠠ ᠶᠢ | ᠵᠢᠷᠤᠮᠵᠢᠭᠤᠯᠵᠤ᠂ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ ᠪᠠᠷ ᠴᠢᠷᠮᠠᠶᠢᠬᠤ ᠬᠡᠷᠡᠭᠲᠡᠶ᠃ | | ᠲᠠᠪᠤ ᠳᠤ᠂ ᠬᠢᠨᠠᠯᠲᠠ ᠲᠠᠯᠪᠢᠬᠤ ᠠᠵᠢᠯ ᠢ ᠡᠳᠦᠷ ᠲᠤᠳᠤᠮ ᠤᠨ ᠪᠣᠯᠭᠠᠬᠤ ᠬᠡᠷᠡᠭᠲᠡᠶ᠃ ᠲᠣᠮᠢᠯᠠᠨ | ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠪᠠ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠪᠣᠯ ᠢᠯᠭᠠᠭ᠎ᠠ ᠲᠠᠢ ᠶᠤᠮ᠂ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠤᠰᠢᠶᠠᠯ | ᠬᠠᠷᠢᠭᠤᠴᠠᠯᠭ᠎ᠠ ᠪᠣᠯ ᠨᠠᠮ ᠤᠨ ᠳᠣᠲᠣᠭᠠᠳᠤ ᠶᠢᠨ ᠲᠤᠰ ᠪᠡᠶ᠎ᠡ ᠶᠢᠨ ᠬᠢᠨᠠᠯᠲᠠ ᠮᠥᠨ᠂ ᠲᠣᠮᠢᠯᠠᠨ ᠰᠠᠭᠤᠯᠭᠠᠭᠰᠠᠨ | ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠪᠣᠯ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠲᠤᠰ ᠪᠡᠶ᠎ᠡ ᠶᠢᠨ ᠬᠢᠨᠠᠯᠲᠠ ᠲᠠᠯᠪᠢᠬᠤ ᠰᠠᠭᠤᠷᠢᠨ ᠳᠡᠭᠡᠷᠡᠬᠢ ᠲᠠᠬᠢᠨ ᠬᠢᠨᠠᠯᠲᠠ ᠮᠥᠨ᠂ ᠪᠠᠶᠢᠭᠤᠯᠭ᠎ᠠ ᠶᠢᠨ ᠰᠠᠬᠢᠯᠭ᠎ᠠ | ᠪᠠᠲᠤ ᠪᠠᠶᠢᠴᠠᠭᠠᠬᠤ ᠬᠤᠷᠢᠶᠠᠨ ᠤ ᠬᠢᠨᠠᠯᠲᠠ ᠪᠣᠯ ᠨᠠᠮ ᠤᠨ ᠬᠤᠷᠢᠶ᠎ᠠ ᠶᠢ ᠬᠠᠮᠵᠢᠨ ᠪᠡᠶᠡᠴᠢ ᠴᠣᠭᠴᠠ ᠶᠢᠨ | ᠬᠠᠷᠢᠭᠤᠴᠠᠯᠭ᠎ᠠ ᠶᠢ ᠭᠦᠢᠴᠡᠳᠬᠡᠬᠦ ᠨᠢᠭᠡ ᠵᠦᠢᠯ ᠤᠨ ᠴᠢᠬᠤᠯᠠ ᠠᠷᠭ᠎ᠠ ᠮᠠᠶ᠋ᠢᠭ ᠮᠥᠨ᠃ ᠰᠢ ᠶᠢᠨ ᠫᠢᠩ ᠨᠥᠬᠦᠷ ᠤᠨ | ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠳᠠᠬᠢ ︽ᠡᠩ ᠤᠨ ᠴᠠᠭ ᠲᠤ | ᠬᠦᠴᠦ ᠣᠷᠣᠭᠤᠯᠵᠤ᠂ ᠡᠷᠲᠡ ᠠᠴᠠ ᠠᠳᠬᠤᠬᠤ᠂ ᠪᠠᠭ᠎ᠠ ᠠᠴᠠ ᠨᠢ ᠠᠳᠬᠤᠬᠤ᠂ ᠤᠷᠢᠳᠴᠢᠯᠠᠨ ᠰᠡᠷᠭᠡᠶᠢᠯᠡᠬᠦ ᠶᠢ | ᠠᠳᠬᠤᠬᠤ︾ ᠵᠣᠷᠢᠭ ᠰᠠᠨᠠᠭ᠎ᠠ ᠶᠣᠰᠣᠭᠠᠷ᠂ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ | ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠤᠨ᠂ ᠪᠠᠶᠢᠭᠤᠯᠭ᠎ᠠ ᠶᠢᠨ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠵᠤ᠂ ᠪᠠᠶᠢᠩᠭᠤ ᠶᠢᠨ | ᠴᠢᠨᠠᠷᠲᠠᠶ ᠪᠠᠷ ᠰᠠᠨᠠᠭᠤᠯᠤᠨ ᠶᠠᠷᠢᠯᠴᠠᠵᠤ᠂ ︽ᠨᠢᠭᠤᠷ ᠤᠯᠠᠶᠢᠯᠭᠠᠨ ᠬᠥᠯᠥᠰᠥ ᠭᠠᠷᠭᠠᠬᠤ︾ ᠶᠢ ᠦᠨᠡᠨ ᠬᠦ | ᠪᠡᠶᠡᠯᠡᠭᠦᠯᠬᠦ ᠬᠡᠷᠡᠭᠲᠡᠶ᠃ | | ᠬᠠᠮᠤᠭ ᠤᠨ ᠰᠡᠭᠦᠯ ᠳᠤ᠂ ᠳᠥᠷᠪᠡᠳᠦᠭᠡᠷ ᠰᠢᠪᠠᠳᠠᠨ ᠪᠠᠶᠢᠴᠠᠭᠠᠬᠤ ᠳᠤᠭᠤᠶᠢᠯᠠᠩ ᠤᠨ ᠬᠢᠨ ᠤᠰᠤᠨ | ᠠᠰᠢᠭᠯᠠᠯᠲᠠ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠤᠨ | ᠮᠡᠷᠭᠡᠵᠢᠯ ᠤᠨ ᠶᠠᠰᠤ ᠴᠢᠨᠠᠷ ᠤᠨ ᠭᠠᠵᠠᠷ ᠤᠨ ᠨᠠᠮ ᠤᠨ ᠡᠭᠦᠷ ᠢ ᠰᠤᠭᠤᠴᠢᠨ ᠪᠠᠶᠢᠴᠠᠭᠠᠵᠤ᠂ ᠨᠠᠮ ᠤᠨ ᠡᠭᠦᠷ ᠤᠨ | ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂ ᠨᠠᠮ ᠤᠨ ᠡᠭᠦᠷ ᠤᠨ ᠬᠤᠷᠠᠯ | ᠪᠣᠯᠤᠨ ᠠᠵᠢᠯᠯᠠᠭ᠎ᠠ ᠶᠢᠨ ᠲᠡᠮᠳᠡᠭᠯᠡᠯ ᠵᠡᠷᠭᠡ ᠳᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠭᠰᠡᠨ ᠪᠥᠭᠡᠳ | ᠮᠡᠷᠭᠡᠵᠢᠯ ᠤᠨ ᠶᠠᠰᠤ ᠴᠢᠨᠠᠷ ᠤᠨ ᠭᠠᠵᠠᠷ ᠤᠨ ᠨᠠᠮ ᠤᠨ ᠡᠭᠦᠷ ᠤᠨ ᠳᠦᠷᠢᠮᠵᠢᠭᠦᠯᠦᠯᠲᠡ ᠪᠠᠷᠢᠮᠵᠢᠶᠠᠵᠢᠭᠤᠯᠤᠯᠲᠠ ᠶᠢᠨ | ᠪᠠᠶᠢᠭᠤᠯᠤᠯᠲᠠ ᠶᠢᠨ ᠠᠷᠭ᠎ᠠ ᠬᠢᠳᠡᠯ ᠢ ᠭᠦᠢᠴᠡᠳ ᠨᠤᠲᠠᠯᠠᠪᠠ᠃ ︵ᠪᠠᠶᠢᠭᠤᠯᠭ᠎ᠠ ᠶᠢᠨ ᠨᠠᠮ ᠤᠨ ᠬᠤᠷᠢᠶ᠎ᠠ ᠡᠬᠡ | ᠪᠢᠴᠢᠭ ᠬᠠᠩᠭᠠᠪᠠ︶ |