ᠬᠤᠪᠸᠢ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ 2021 ᠣᠨ ᠤ ᠪᠥᠬᠦ ᠮᠤᠵᠢ ᠶᠢᠨ ᠤᠰᠤᠨ ᠠᠰᠢᠭᠯᠠᠯᠲᠠ ᠶᠢᠨ ᠬᠢᠨᠠᠯᠲᠠ ᠲᠠᠯᠪᠢᠬᠤ ᠠᠵᠢᠯ  ᠢᠶᠠᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/3/19
      ᠲᠤᠰ ᠥᠷᠲᠡᠭᠡᠨ ᠤ ᠮᠡᠳᠡᠭᠡ᠂ 3 ᠰᠠᠷ᠎ᠠ ᠶᠢᠨ 9 ᠤ ᠡᠳᠦᠷ᠂ ᠤᠰᠤᠨ ᠠᠰᠢᠭᠯᠠᠯᠲᠠ ᠶᠢᠨ ᠶᠠᠮᠤᠨ ᠤᠰᠤᠨ ᠠᠰᠢᠭᠯᠠᠯᠲᠠ ᠳᠤ ᠬᠢᠨᠠᠯᠲᠠ ᠲᠠᠯᠪᠢᠬᠤ ᠠᠵᠢᠯ ᠤᠨ ᠸᠢᠳᠢᠣ᠋ ᠬᠤᠷᠠᠯ ᠬᠤᠷᠠᠯᠳᠤᠭᠤᠯᠵᠤ᠂ ᠰᠢᠨ᠎ᠡ ᠨᠢᠭᠡ ᠡᠭᠡᠯᠵᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠠᠴᠠ ᠨᠠᠰᠢᠬᠢ ᠤᠰᠤᠨ ᠠᠰᠢᠭᠯᠠᠯᠲᠠ ᠳᠤ ᠬᠢᠨᠠᠯᠲᠠ ᠲᠠᠯᠪᠢᠬᠤ ᠠᠵᠢᠯ ᠤᠨ ᠦᠷ᠎ᠡ ᠪᠦᠲᠦᠮᠵᠢ ᠶᠢ ᠳ᠋ᠦᠩᠨᠡᠨ᠂ 2021 ᠣᠨ ᠤ ᠤᠰᠤᠨ ᠠᠰᠢᠭᠯᠠᠯᠲᠠ ᠳᠤ ᠬᠢᠨᠠᠯᠲᠠ ᠲᠠᠯᠪᠢᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠸᠧᠢ ᠱᠠᠨ ᠵᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠤᠰᠤᠨ ᠠᠰᠢᠭᠯᠠᠯᠲᠠ ᠶᠢᠨ ᠶᠠᠮᠤᠨ ᠤ ᠬᠤᠷᠠᠯ ᠤᠨ ᠮᠡᠳᠡᠭᠳᠡᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ ᠳᠤ ᠬᠤᠪᠢᠶᠠᠷᠢ ᠬᠤᠷᠠᠯ ᠤᠨ ᠲᠠᠯᠠᠪᠠᠢ ᠭᠠᠷᠭᠠᠵᠤ᠂ ᠬᠤᠪᠸᠢ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠢᠩᠬᠢᠮ ᠤᠨ ᠳᠠᠷᠤᠭ᠎ᠠ ᠵᠢᠶᠤᠤ ᠲᠠᠢ ᠸᠧᠨ ᠪᠠᠶᠢᠭᠤᠯᠭ᠎ᠠ ᠶᠢᠨ ᠬᠠᠮᠢᠶ᠎ᠠ ᠪᠦᠬᠦᠢ ᠭᠠᠵᠠᠷ ᠠᠯᠪᠠᠨ ᠭᠡᠷ᠂ ᠨᠢᠭᠡᠴᠡ ᠶᠢᠨ ᠬᠠᠷᠢᠭᠤᠴᠠᠯᠭᠠᠲᠠᠨ ᠢ ᠳᠠᠭᠠᠭᠤᠯᠤᠨ ᠸᠢᠳᠢᠣ᠋ ᠬᠤᠷᠠᠯ ᠢ ᠲᠥᠪᠯᠡᠷᠡᠭᠦᠯᠦᠨ ᠬᠦᠯᠢᠶᠡᠨ ᠠᠪᠴᠤ ᠦᠵᠡᠪᠡ᠃      ᠤᠰᠤᠨ ᠠᠰᠢᠭᠯᠠᠯᠲᠠ ᠶᠢᠨ ᠶᠠᠮᠤᠨ ᠤ ᠤᠰᠤᠨ‌ᠠᠰᠢᠭᠯᠠᠯᠲᠠ ᠳᠤ ᠬᠢᠨᠠᠯᠲᠠ ᠲᠠᠯᠪᠢᠬᠤ ᠠᠵᠢᠯ ᠤᠨ ᠸᠢᠳᠢᠣ᠋ ᠬᠤᠷᠠᠯ ᠤᠨ ᠲᠠᠷᠠᠭ᠎ᠠ᠂ ᠵᠢᠶᠤᠤ ᠲᠠᠢ ᠸᠧᠨ ᠨᠥᠬᠦᠷ ᠬᠤᠪᠸᠢ ᠮᠤᠵᠢ ᠵᠢᠨ‌ᠥᠨᠥ ᠵᠢᠯ ᠤᠨ ᠤᠰᠤᠨ ᠠᠰᠢᠭᠯᠠᠯᠲᠠ ᠳᠤ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠤᠯᠲᠠ ᠬᠢᠵᠦ᠂ ᠪᠦᠬᠦ ᠮᠤᠵᠢ ᠶᠢᠨ ᠤᠰᠤᠨ ᠠᠰᠢᠭᠯᠠᠯᠲᠠ ᠶᠢᠨ ᠰᠢᠰᠲ᠋ᠧᠮ ᠤᠨ ᠬᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ       ᠣᠶᠢᠯᠠᠭᠠᠵᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠤᠯᠠᠮ ᠨᠢᠭᠡ ᠭᠦᠨᠵᠡᠭᠡᠢ ᠲᠠᠨᠢᠵᠤ᠂ ᠠᠵᠢᠯ ᠤᠨ ᠰᠡᠳᠬᠢᠴᠡ ᠪᠠᠨ ᠲᠤᠳᠤᠷᠬᠠᠶᠢᠯᠠᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ ᠭᠡᠵᠦ ᠱᠠᠭᠠᠷᠳᠠᠪᠠ᠃ ᠨᠢᠭᠡ ᠳᠤ᠂ ᠭᠤᠤᠯ ᠠᠵᠢᠯ ᠤᠨ ᠲᠣᠭᠤᠷᠢᠨ ᠳᠤ᠂ ᠬᠢᠨᠠᠯᠲᠠ ᠲᠠᠯᠪᠢᠬᠤ ᠠᠵᠢᠯ ᠤᠨ ᠭᠤᠤᠯᠳᠠᠯᠭ᠎ᠠ ᠶᠢ ᠡᠮᠬᠢᠯᠡᠵᠦ᠂ ᠬᠢᠨᠠᠯᠲᠠ ᠬᠠᠮᠢᠶᠠᠷᠤᠯᠲᠠ ᠶᠢᠨ ᠵᠦᠢᠯᠡᠰ ᠢ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠬᠤ ᠶᠢᠨ ᠬᠠᠮᠲᠤ᠂ ᠬᠢᠨᠠᠯᠲᠠ ᠲᠠᠯᠪᠢᠵᠤ ᠪᠠᠶᠢᠴᠠᠭᠠᠬᠤ ᠲᠥᠯᠥᠪᠯᠡᠭᠡ᠂ ᠬᠢᠨᠠᠯᠲᠠ ᠲᠠᠯᠪᠢᠵᠤ ᠪᠠᠶᠢᠴᠠᠭᠠᠬᠤ ᠠᠵᠢᠯᠯᠠᠭ᠎ᠠ᠂ ᠬᠢᠨᠠᠯᠲᠠ ᠲᠠᠯᠪᠢᠵᠤ ᠪᠠᠶᠢᠴᠠᠭᠠᠬᠤ ᠠᠵᠢᠯᠲᠠᠨ ᠪᠠ ᠬᠢᠨᠠᠯᠲᠠ ᠲᠠᠯᠪᠢᠵᠤ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠲᠥᠷᠥᠯ ᠬᠡᠯᠪᠡᠷᠢ ᠶᠢ ᠶᠡᠷᠦᠩᠬᠡᠶᠢᠯᠡᠨ ᠨᠢᠭᠡᠳᠦᠯᠲᠡᠶ ᠲᠥᠯᠥᠪᠯᠡᠬᠦ ᠶᠢ ᠰᠠᠶᠢᠲᠤᠷ ᠬᠢᠬᠦ ᠬᠡᠷᠡᠭᠲᠡᠶ︔ ᠬᠤᠶᠠᠷ ᠲᠤ᠂ ᠠᠬ᠎ᠠ ᠳᠡᠭᠦᠦ ᠮᠤᠵᠢ ᠶᠢᠨ ᠰᠠᠶᠢᠨ ᠲᠤᠷᠰᠢᠯᠭ᠎ᠠ ᠰᠠᠶᠢᠨ ᠠᠷᠭ᠎ᠠ ᠶᠢ ᠰᠤᠷᠤᠯᠴᠠᠨ ᠲᠤᠯᠢᠳᠠᠵᠤ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠬᠤᠪᠸᠢ ᠶᠢᠨ ᠲᠦᠷᠦᠯ ᠲᠡᠮᠳᠡᠭ ᠢ ᠡᠭᠦᠳᠬᠦ ᠬᠡᠷᠡᠭᠲᠡᠢ︔ ᠭᠤᠷᠪᠠ ᠳᠤ ᠬᠢᠨᠠᠯᠲᠠ ᠲᠠᠯᠪᠢᠬᠤ ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠢᠨᠠᠯᠲᠠ ᠲᠠᠯᠪᠢᠬᠤ ᠠᠵᠢᠯ ᠤᠨ ᠰᠢᠰᠲ᠋ᠧᠮ ᠢ ᠬᠤᠲᠠ᠂ ᠰᠢᠶᠠᠨ ᠤ ᠱᠠᠲᠤᠨ ᠳᠤ ᠬᠦᠷᠲᠡᠯ᠎ᠡ ᠤᠷᠲᠤᠳᠬᠠᠵᠤ᠂ ᠮᠤᠵᠢ᠂ ᠬᠤᠲᠠ᠂ ᠰᠢᠶᠠᠨ ᠤ ᠡᠯ᠎ᠡ ᠱᠠᠲᠤᠨ ᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠶ︔ ᠲᠦᠷᠪᠡ ᠳᠤ᠂ ᠤᠰᠤᠨ ᠠᠰᠢᠭᠯᠠᠯᠲᠠ ᠶᠢᠨ ᠶᠠᠮᠤᠨ ᠤ ᠬᠢᠨᠠᠯᠲᠠ ᠲᠠᠯᠪᠢᠬᠤ ᠠᠵᠢᠯ ᠤᠨ ᠲᠥᠯᠥᠪᠯᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠮᠤᠵᠢ ᠶᠢᠨ ᠬᠢᠨᠠᠯᠲᠠ ᠲᠠᠯᠪᠢᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠤᠳᠠᠭ᠎ᠠ ᠪᠦᠷᠢ ᠶᠢᠨ ᠬᠢᠨᠠᠯᠲᠠ ᠲᠠᠯᠪᠢᠵᠤ ᠪᠠᠶᠢᠴᠠᠭᠠᠭᠰᠠᠨ ᠪᠠᠶᠢᠳᠠᠯ ᠢ ᠪᠣᠳᠠᠲᠠᠢ ᠠᠵᠢᠯ ᠤᠨ ᠰᠢᠯᠭᠠᠨ ᠪᠠᠶᠢᠴᠠᠭᠠᠯᠲᠠ ᠪᠤᠶᠤ ᠬᠢᠨᠠᠨ ᠰᠢᠯᠭᠠᠯᠲᠠ ᠶᠢᠨ ᠦᠷ᠎ᠡ ᠪᠦᠲᠦᠭᠡᠯ ᠢᠶᠠᠷ ᠦᠵᠡᠬᠦ ᠬᠡᠷᠡᠭᠲᠡᠢ︔ ᠲᠠᠪᠤ ᠳᠤ᠂ ᠤᠳᠠᠭ᠎ᠠ ᠪᠦᠷᠢ ᠶᠢᠨ ᠬᠢᠨᠠᠯᠲᠠ ᠲᠠᠯᠪᠢᠵᠤ ᠪᠠᠶᠢᠴᠠᠭᠠᠬᠤ ᠠᠵᠢᠯᠯᠠᠭ᠎ᠠ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ᠂ ᠴᠠᠭ ᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠠᠵᠢᠯᠳᠠᠨ ᠢ ᠵᠣᠬᠢᠰᠲᠠᠢ ᠰᠣᠩᠭᠤᠨ ᠲᠣᠮᠢᠯᠠᠵᠤ᠂ ᠮᠡᠷᠭᠡᠵᠢᠯ ᠤᠨ ᠠᠷᠭ᠎ᠠ ᠬᠡᠮᠵᠢᠶ᠎ᠡ  ᠪᠠᠨ ᠴᠢᠩᠭᠠᠳᠬᠠᠵᠤ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠬᠠᠩᠭᠠᠵᠤ᠂ ᠬᠢᠨᠠᠨ ᠬᠠᠮᠢᠶᠠᠷᠬᠤ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ︔ ᠵᠢᠷᠭᠤᠭ᠎ᠠ ᠳᠤ᠂ ᠰᠢᠨ᠎ᠡ ᠪᠠᠶᠢᠳᠠᠯ ᠳᠣᠤᠷᠠᠬᠢ ᠤᠰᠤᠨ ᠠᠰᠢᠭᠯᠠᠯᠲᠠ ᠳᠤ ᠬᠢᠨᠠᠯᠲᠠ ᠲᠠᠯᠪᠢᠬᠤ ᠠᠵᠢᠯ ᠤᠨ ᠰᠢᠨ᠎ᠡ ᠱᠠᠭᠠᠷᠳᠠᠯᠭ᠎ᠠ ᠳᠤ ᠢᠳᠡᠪᠬᠢᠲᠡᠶ ᠵᠣᠬᠢᠴᠠᠭᠤᠯᠤᠨ᠂ ᠬᠢᠨᠠᠨ ᠬᠠᠮᠢᠶᠠᠷᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠢᠩᠬᠢᠮ ᠤᠨ ᠰᠢᠰᠲ᠋ᠧᠮ ᠤᠨ ᠲᠤᠰᠬᠠᠶ ᠮᠡᠷᠭᠡᠵᠢᠯ ᠤᠨ ᠠᠵᠢᠯᠲᠠᠨ ᠤ ᠴᠢᠩᠭ᠎ᠠ ᠬᠢᠨᠠᠨ ᠬᠠᠮᠢᠶᠠᠷᠤᠯᠲᠠ ᠶᠢᠨ ᠳᠤᠮᠳᠠᠬᠢ ᠦᠢᠯᠡᠳᠦᠯ ᠢ ᠭᠦᠢᠴᠡᠳ ᠪᠠᠳᠠᠷᠠᠭᠤᠯᠣᠨ᠂ ᠪᠦᠲᠦᠴᠡ ᠨᠢ ᠵᠦᠶ ᠵᠣᠬᠢᠰᠲᠠᠶ ᠬᠢᠨᠠᠨ ᠬᠠᠮᠢᠶᠠᠷᠬᠤ ᠲᠤᠰᠬᠠᠶ ᠮᠡᠷᠭᠡᠵᠢᠯ ᠤᠨ ᠠᠵᠢᠯᠲᠠᠨ ᠤ ᠡᠩᠨᠡᠭᠡ ᠶᠢ ᠤᠯᠠᠮ ᠨᠢᠭᠡ ᠠᠯᠬᠤᠮ ᠪᠠᠶᠢᠭᠤᠯᠬᠤ ᠬᠡᠷᠡᠭᠲᠡᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号