ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠳᠠ ᠶᠢᠨ ᠲᠢᠩᠬᠢᠮ ᠤᠨ ᠳᠠᠷᠤᠭ᠎ᠠ ᠯᠢᠦ ᠸᠠᠨ ᠬᠤᠸᠠ ᠴᠤᠤᠯ ᠭᠤᠣᠯ ᠢ ᠲᠠᠲᠠᠵᠤ ᠯᠢᠶᠣᠤ ᠾᠧ ᠭᠤᠤᠯ ᠳᠤ ᠲᠤᠰᠠᠯᠠᠬᠤ ᠢᠨᠵᠧᠨᠧᠷᠢᠩ ᠤᠨ ᠦᠢᠯᠡᠳᠪᠦᠷᠢᠯᠡᠯ ᠢ ᠰᠡᠷᠭᠦᠭᠡᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/3/4
     4 ᠳ᠋ᠤᠭᠡᠷ ᠰᠠᠷ᠎ᠠ ᠶᠢᠨ 13 ᠤ ᠡᠳᠦᠷ ᠠᠴᠠ 14 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠳᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠯᠢᠦ ᠸᠠᠨ ᠬᠤᠸᠠ ᠴᠤᠤᠯ ᠭᠤᠤᠯ ᠢ ᠲᠠᠲᠠᠵᠤ ᠯᠢᠶᠣᠤ ᠾᠧ ᠭᠤᠤᠯ ᠳᠤ ᠲᠤᠰᠠᠯᠠᠬᠤ ᠢᠨᠵᠧᠨᠧᠷᠢᠩ ᠤᠨ ᠲᠤᠬᠠᠶ ᠶᠢᠨ ᠲᠠᠯᠠᠪᠠᠶ ᠳᠤ ᠬᠦᠷᠴᠦ᠂ ᠢᠨᠵᠧᠨᠧᠷᠢᠩ ᠤᠨ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠪᠠ ᠪᠥᠲᠥᠭᠡᠨ ᠪᠠᠶᠢᠭᠤᠯᠤᠯᠳᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃      ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠤᠯ ᠳᠤ ᠲᠤᠰᠠᠯᠠᠬᠤ ᠢᠨᠵᠧᠨᠧᠷᠢᠩ ᠤᠨ ᠨᠦᠬᠡᠨ ᠵᠠᠮ ᠤᠨ ᠬᠡᠰᠡᠭ ᠤᠨ 5 — 7 ᠰᠠᠯᠪᠤᠷᠢ ᠠᠭᠤᠢ ᠳᠤ᠂ ᠯᠢᠦ ᠸᠠᠨ ᠬᠤᠸᠠ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠤᠯ ᠳᠤ ᠲᠤᠰᠠᠯᠠᠬᠤ ᠺᠣᠮᠫᠠᠨᠢ ᠪᠣᠯᠤᠨ ᠳᠤᠮᠳᠠᠳᠤ ᠤᠯᠤᠰ ᠤᠨ ᠲᠡᠮᠦᠷ ᠵᠠᠮ ᠤᠨ ᠠᠷᠪᠠᠨ  ᠨᠠᠢᠮᠠᠳᠤᠭᠠᠷ ᠲᠣᠪᠴᠢᠶᠠᠨ ᠤ ᠲᠦᠷᠦᠯ ᠵᠦᠢᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠤᠰ ᠬᠡᠰᠡᠭ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ᠂ ᠪᠠᠷᠢᠯᠭ᠎ᠠ ᠶᠢᠨ ᠠᠵᠢᠯ ᠤᠨ ᠠᠬᠢᠴᠠ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠪᠠ᠃ ᠳᠠᠷᠠᠭ᠎ᠠ ᠳᠤᠨᠢ᠂ ᠯᠢᠦ ᠸᠠᠨ ᠬᠤᠸᠠ 100  ᠮᠧᠲᠷ ᠤᠨ ᠨᠦᠬᠡᠨ ᠵᠠᠮ ᠳᠤ ︽ᠲᠠᠯ᠎ᠠ ᠨᠤᠲᠤᠭ ᠤᠨ ᠥᠯᠵᠡᠶᠢᠲᠦ ᠨᠡᠷᠡᠮᠵᠢᠲᠦ︾ TBM ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢ ᠪᠠᠶᠢᠴᠠᠭᠠᠨ ᠦᠵᠡᠪᠡ᠃ ᠨᠦᠬᠡᠨ ᠵᠠᠮ ᠤᠨ ᠵᠠᠷᠢᠮ ᠬᠠᠳᠠᠨ ᠤ ᠲᠠᠭᠠᠭᠠᠴᠠ ᠨᠡᠯᠢᠶᠡᠳ ᠳᠣᠤᠷ᠎ᠠ ᠪᠠᠶᠢᠬᠤ ᠶᠢ ᠣᠶᠢᠯᠠᠭᠠᠭᠰᠠᠨ ᠤ ᠳᠠᠷᠠᠭ᠎ᠠ᠂ ᠲᠡᠷᠡ ᠠᠵᠢᠯᠲᠠᠳ ᠲᠤ ᠵᠠᠪᠠᠯ ᠪᠠᠷᠢᠯᠭ᠎ᠠ ᠶᠢᠨ ᠠᠮᠤᠷ ᠲᠦᠪᠰᠢᠨ ᠢ ᠠᠩᠬᠠᠷᠴᠤ᠂ ᠠᠮᠤᠷ ᠲᠦᠪᠰᠢᠨ ᠤ ᠠᠷᠭ᠎ᠠ ᠬᠡᠮᠵᠢᠶ᠎ᠡ ᠪᠠᠨ ᠴᠢᠩᠭᠠᠳᠬᠠᠨ᠂ ᠡᠵᠡᠮᠳᠡᠯ ᠤᠨ ᠲᠥᠬᠦᠭᠡᠷᠦᠮᠵᠢ ᠪᠠᠨ ᠣᠨᠣᠪᠴᠢᠲᠠᠶ ᠪᠠᠶᠢᠯᠭᠠᠵᠤ᠂ ᠨᠦᠬᠡᠨ ᠵᠠᠮ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠶ ᠭᠡᠵᠦ ᠵᠠᠬᠢᠭᠰᠠᠨ ᠪᠠᠶᠢᠨ᠎ᠠ᠃      ᠦᠨᠳᠡᠭᠡᠨ ᠤᠰᠤᠨ ᠠᠰᠢᠭᠯᠠᠯᠲᠠ ᠶᠢᠨ ᠬᠦᠢᠰᠦ ᠶᠢᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠴᠤᠤᠯ ᠭᠤᠣᠯ ᠢ ᠲᠠᠲᠠᠵᠤ ᠯᠢᠶᠣᠤ ᠾᠧ ᠭᠤᠣᠯ ᠳᠤ ᠲᠤᠰᠠᠯᠠᠬᠤ ᠺᠣᠮᠫᠠᠨᠢ ᠶᠢᠨ ᠬᠢᠨ ᠣᠳᠣᠬᠠᠨ ᠤ ᠪᠠᠷᠢᠯᠭ᠎ᠠ ᠶᠢᠨ ᠠᠬᠢᠴᠠ᠂ ᠲᠠᠯᠠᠪᠠᠢ ᠳᠤ ᠤᠷᠤᠭᠰᠠᠨ ᠬᠥᠮᠦᠨ ᠤ ᠲᠤᠭ᠎ᠠ ᠵᠡᠷᠭᠡ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠭᠰᠡᠨ ᠪᠠᠶᠢᠳᠠᠯ ᠢ ᠨᠠᠷᠢᠨ ᠲᠠᠨᠢᠯᠴᠠᠭᠤᠯᠵᠠᠢ᠃ ᠯᠢᠦ ᠸᠠᠨ ᠬᠤᠸᠠ ᠵᠢᠭᠠᠵᠤ ᠭᠠᠷᠭᠠᠭᠰᠠᠨ ᠨᠢ᠂ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠲᠤᠰᠠᠯᠠᠬᠤ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠨᠣᠮᠧᠷᠲᠤ ᠤᠰᠤᠨ ᠠᠰᠢᠭᠯᠠᠯᠲᠠ ᠶᠢᠨ ᠢᠨᠵᠧᠨᠧᠷᠢᠩ ᠪᠣᠯᠤᠨ᠎ᠠ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠬᠤ ᠴᠠᠭ ᠪᠠᠴᠢᠮ᠂ ᠡᠭᠦᠷᠭᠡ ᠬᠦᠨᠳᠦ᠂ ᠳᠠᠷᠤᠯᠲᠠ ᠶᠡᠭᠡ ᠪᠠᠶᠢᠨ᠎ᠠ᠂  ᠣᠶᠢᠷ᠎ᠠ ᠶᠢᠨ ᠬᠤᠭᠤᠴᠠᠭᠠᠨ ᠳᠤ᠂ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠲᠤᠰᠠᠯᠠᠬᠤ ᠺᠣᠮᠫᠠᠨᠢ ᠵᠢᠴᠢ ᠡᠯ᠎ᠡ ᠪᠦᠳᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠢ ᠨᠦᠭᠦᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠲᠤᠬᠠᠢ ᠲᠥᠪ᠂ ᠥᠪᠡᠷᠲᠡᠭᠡᠨ ᠵᠠᠰᠠᠬᠤ ᠣᠷᠣᠨ᠂ ᠬᠠᠷᠢᠶ᠎ᠠ ᠭᠠᠵᠠᠷ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠢᠶᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠡᠶᠡᠯᠡᠭᠦᠯᠵᠡᠢ᠃ ᠲᠠᠷᠠᠭᠠᠴᠢ ᠶᠢᠨ ᠠᠯᠬᠤᠮ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠠ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠡᠯ᠎ᠡ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠲᠦᠷᠭᠡᠪᠴᠢᠯᠡᠨ ᠠᠬᠢᠭᠤᠯᠬᠤ ᠬᠡᠷᠡᠭᠲᠡᠶ᠃ ᠵᠣᠷᠢᠭᠲᠠᠢ ᠪᠠᠷ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠣᠷᠤᠨ ᠨᠤᠲᠤᠭ ᠤᠨ ᠵᠠᠰᠠᠭ ᠤᠨ ᠣᠷᠳᠤᠨ ᠪᠣᠯᠤᠨ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠲᠠᠢ ᠴᠠᠭ ᠲᠤᠬᠠᠢ ᠳᠤᠨᠢ ᠨᠡᠪᠲᠡᠷᠡᠯᠴᠡᠨ ᠵᠣᠯᠭᠠᠭᠤᠯᠵᠤ᠂ ᠪᠠᠷᠢᠯᠭ᠎ᠠ ᠶᠢᠨ ᠪᠦᠳᠦᠬᠡᠨ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠬᠠᠮᠲᠤᠪᠠᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠴᠤᠤᠯ ᠭᠤᠤᠯ ᠢ ᠲᠠᠲᠠᠵᠤ ᠯᠢᠶᠣᠤ ᠾᠧ ᠭᠤᠣᠯ ᠳᠤ ᠲᠤᠰᠠᠯᠠᠬᠤ ᠢᠨᠵᠧᠨᠧᠷᠢᠩ ᠤᠨ ᠱᠤᠭᠤᠮ ᠨᠢ ᠤᠷᠳᠤ ᠬᠡᠪᠴᠢᠶ᠎ᠡ ᠨᠢ ᠥᠷᠭᠡᠨ᠂ ᠭᠠᠵᠠᠷ ᠢ ᠨᠢ ᠲᠠᠲᠠᠪᠤᠷᠢᠯᠠᠭᠰᠠᠨ ᠨᠡᠭᠦᠳᠡᠯ ᠠᠷᠠᠳ ᠢ ᠲᠥᠪᠬᠢᠨᠡᠭᠦᠯᠬᠦ ᠠᠵᠢᠯ ᠢ ᠰᠠᠶᠢᠲᠤᠷ ᠠᠳᠬᠤᠬᠤ ᠨᠢ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠤᠷᠤᠭᠰᠢᠲᠠᠢ ᠶᠠᠪᠤᠭᠳᠠᠬᠤ ᠲᠠᠢ ᠰᠢᠭᠤᠳ ᠬᠤᠯᠪᠣᠭᠳᠠᠬᠤ ᠪᠠᠷ ᠪᠠᠷᠠᠬᠤ ᠦᠭᠡᠢ ᠨᠡᠩ ᠴᠤ ᠥᠷᠭᠡᠨ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠪᠣᠯᠤᠨ ᠪᠤᠶᠠᠨ ᠬᠡᠰᠢᠭ ᠲᠠᠢ ᠬᠤᠯᠪᠣᠭᠳᠠᠨ᠎ᠠ᠃ ᠯᠢᠦ ᠸᠠᠨ ᠬᠤᠸᠠ ᠨᠡᠭᠦᠳᠡᠯ ᠠᠷᠠᠳ ᠢ ᠲᠥᠪᠬᠢᠨᠡᠭᠦᠯᠬᠦ ᠠᠵᠢᠯ ᠢ ᠲᠦᠢᠯ ᠢᠶᠠᠷ ᠬᠠᠯᠠᠮᠵᠢᠯᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠷᠠᠳ ᠢ ᠨᠡᠭᠦᠯᠭᠡᠬᠦ ᠠᠵᠢᠯ ᠢ ᠳᠡᠭᠡᠳᠦ  ᠬᠡᠮᠵᠢᠶ᠎ᠡ ᠪᠠᠷ ᠴᠢᠬᠤᠯᠠᠴᠢᠯᠠᠵᠤ᠂ ︽ᠱᠠᠳᠤ ᠬᠤᠪᠢᠶᠠᠨ ᠬᠠᠷᠢᠭᠤᠴᠠᠬᠤ︾ ᠪᠠ ︽ᠬᠡᠨ ᠭᠤᠣᠯᠯᠠᠨ ᠬᠠᠮᠢᠶᠠᠷᠪᠠᠯ ᠬᠡᠨ ᠬᠠᠷᠢᠭᠤᠴᠠᠬᠤ᠂ ᠬᠡᠨ ᠠᠰᠢᠭ ᠬᠦᠷᠳᠡᠪᠡᠯ ᠬᠡᠨ ᠡᠭᠦᠷᠭᠡᠯᠡᠬᠦ︾ ᠵᠠᠷᠴᠢᠮ ᠶᠣᠰᠣᠭᠠᠷ᠂ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠠᠵᠢᠯ ᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ ᠡᠯ᠎ᠡ ᠱᠠᠲᠤᠨ ᠤ ᠨᠡᠭᠦᠳᠡᠯ ᠠᠷᠠᠳ ᠤᠨ ᠬᠡᠷᠡᠭ ᠡᠷᠬᠢᠯᠡᠬᠦ ᠪᠠᠶᠢᠭᠤᠯᠤᠮᠵᠢ ᠶᠢ ᠪᠠᠶᠢᠭᠤᠯᠤᠨ ᠪᠥᠷᠢᠨᠰᠢᠬᠦᠯᠵᠤ᠂ ᠨᠡᠭᠦᠳᠡᠯ ᠠᠷᠠᠳ ᠤᠨ ᠤᠯᠠᠨ ᠲᠦᠮᠡᠨ ᠤ ᠠᠩᠬᠠᠷᠴᠤ ᠪᠠᠶᠢᠭ᠎ᠠ ᠬᠡᠯᠡᠯᠴᠡᠭᠡᠨ ᠶᠡᠬᠡᠲᠡᠶ ᠪᠠ ᠬᠦᠴᠢᠷ ᠠᠰᠠᠭᠤᠳᠠᠯ ᠢ ᠲᠡᠷᠡ ᠳᠠᠷᠤᠶ ᠳᠤ ᠨᠢ ᠰᠢᠶᠳᠪᠦᠷᠢᠯᠡᠵᠦ᠂ ᠴᠠᠭ ᠲᠤᠬᠠᠶ ᠳᠤ ᠨᠢ ᠰᠢᠶᠳᠪᠦᠷᠢᠯᠡᠵᠦ ᠳᠡᠶᠢᠯᠬᠦ ᠥᠭᠡᠢ ᠶᠢ ᠨᠢ ᠳᠡᠭᠡᠳᠦ ᠱᠠᠲᠤᠨ ᠳᠤ  ᠳᠠᠷᠤᠶᠢᠬᠠᠨ ᠲᠤᠰᠬᠠᠵᠤ᠂ ᠨᠡᠭᠦᠳᠡᠯ ᠠᠷᠠᠳ ᠤᠨ ᠤᠯᠠᠨ ᠲᠦᠮᠡᠨ ᠤ ᠳᠠᠷᠤᠭᠠᠰᠤ ᠶᠢ ᠦᠨᠳᠦᠰᠦᠨ ᠠᠴᠠ ᠨᠢ ᠬᠥᠩᠭᠡᠷᠡᠭᠦᠯᠵᠦ᠂ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠬᠡᠷᠡᠭᠲᠡᠶ᠃      ᠤᠰᠤᠨ ᠠᠰᠢᠭᠯᠠᠯᠳᠠ ᠶᠢᠨ ᠲᠢᠩᠬᠢᠮ ᠤᠨ ᠪᠠᠷᠢᠯᠭ᠎ᠠ ᠶᠢᠨ ᠪᠦᠳᠤᠬᠡᠨ ᠪᠠᠶᠢᠭᠤᠯᠤᠯᠲᠠ ᠶᠢᠨ ᠭᠠᠵᠠᠷ᠂ ᠬᠢᠩᠭᠠᠨ ᠠᠶᠢᠮᠠᠭ ᠤᠨ ᠤᠰᠤᠨ ᠠᠰᠢᠭᠯᠠᠯᠲᠠ ᠶᠢᠨ  ᠲᠣᠪᠴᠢᠶ᠎ᠠ᠂ ᠬᠤᠯᠪᠣᠭᠳᠠᠯ ᠪᠦᠬᠦᠢ ᠬᠤᠰᠢᠭᠤ ᠰᠢᠶᠠᠨ ᠤ ᠵᠠᠰᠠᠭ ᠤᠨ ᠣᠷᠳᠣᠨ ᠪᠣᠯᠤᠨ ᠴᠤᠤᠯ ᠭᠤᠣᠯ ᠢ ᠲᠠᠲᠠᠵᠤ ᠯᠢᠶᠣᠤ ᠾᠧ ᠭᠤᠣᠯ ᠳᠤ ᠲᠤᠰᠠᠯᠠᠬᠤ ᠺᠣᠮᠫᠠᠨᠢ ᠶᠢᠨ ᠬᠠᠷᠢᠭᠤᠴᠠᠯᠭᠠᠲᠠᠨ ᠨᠦᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号