ᠤᠰᠤᠨ ᠠᠰᠢᠭᠯᠠᠯᠲᠠ ᠶᠢᠨ ᠶᠠᠮᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠪᠠ 2021 ᠣᠨ ᠤ ᠨᠠᠮ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/8
     ᠲᠤᠰ ᠥᠷᠲᠡᠭᠡᠨ ᠤ ᠮᠡᠳᠡᠭᠡ   3 ᠰᠠᠷ᠎ᠠ ᠶᠢᠨ 1 ᠤ ᠡᠳᠦᠷ᠂ ᠤᠰᠤᠨ ᠠᠰᠢᠭᠯᠠᠯᠲᠠ ᠶᠢᠨ ᠶᠠᠮᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠵᠢᠴᠢ 2021 ᠣᠨ ᠤ ᠨᠠᠮ ᠤᠨ ᠠᠵᠢᠯ ᠤᠨ ᠬᠤᠷᠠᠯ ᠬᠤᠷᠠᠯᠳᠤᠭᠤᠯᠪᠠ᠃ ᠤᠰᠤᠨ ᠠᠰᠢᠭᠯᠠᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠯᠢ ᠭᠦᠸᠧ ᠶᠢᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠰᠠᠶᠢᠳ ᠲᠢᠶᠠᠨ ᠰᠢᠦᠸᠠᠢ ᠪᠢᠨ ᠬᠤᠷᠠᠯ ᠢ ᠡᠷᠬᠢᠯᠡᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠶᠠᠮᠤᠨ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠲᠢᠶᠠᠨ ᠶᠧ 《 ᠤᠰᠤᠨ ᠠᠰᠢᠭᠯᠠᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠰᠤᠨ ᠠᠰᠢᠭᠯᠠᠯᠲᠠ ᠶᠢᠨ ᠶᠠᠮᠤᠨ ᠤ ᠵᠢᠱᠢᠶᠡᠴᠢ ᠪᠠᠶᠢᠭᠤᠯᠭ᠎ᠠ ᠡᠭᠦᠳᠦᠨ ᠪᠠᠶᠢᠭᠤᠯᠤᠭᠰᠠᠨ ᠲᠡᠷᠢᠭᠦᠨ ᠤ ᠨᠢᠭᠡᠴᠡ ᠶᠢ ᠬᠥᠬᠢᠭᠦᠯᠦᠨ ᠰᠠᠶᠢᠰᠢᠶᠠᠬᠤ ᠲᠤᠬᠠᠢ ᠮᠡᠳᠡᠭᠳᠡᠯ 》 ᠪᠠ 《 ᠨᠢᠭᠡᠳᠦᠭᠡᠷ ᠬᠤᠭᠤᠴᠠᠭᠠᠨ ᠤ〈 ᠤᠰᠤᠨ ᠠᠰᠢᠭᠯᠠᠯᠲᠠ ᠶᠢᠨ ᠬᠤᠰᠢᠭᠤᠴᠢ ᠨᠠᠮ ᠤᠨ ᠡᠭᠦᠷ〉 ᠢ ᠬᠥᠬᠢᠭᠦᠯᠦᠨ ᠰᠠᠶᠢᠰᠢᠶᠠᠬᠤ ᠲᠤᠬᠠᠢ ᠮᠡᠳᠡᠭᠳᠡᠯ 》 ᠶᠢ ᠵᠠᠷᠯᠠᠵᠤ᠂ ᠶᠠᠮᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ᠂ ᠲᠡᠳ᠋ ᠰᠠᠶᠢᠳ ᠸᠧᠢ ᠵᠦᠩ ᠱᠠᠨ《  ᠲᠤᠮᠳᠠᠳᠤ ᠤᠯᠤᠰ ᠤᠨ ᠡᠪ ᠬᠠᠮᠳᠤ ᠨᠠᠮ  ᠤᠨ ᠤᠰᠤᠨ ᠠᠰᠢᠭᠯᠠᠯᠳᠠ ᠶᠢᠨ ᠶᠠᠮᠤᠨ ᠤ ᠤᠳᠤᠷᠢᠳᠬᠤ ᠲᠤᠭᠤᠶᠢᠯᠠᠩ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ ᠢ ᠬᠡᠷᠡᠭᠵᠢᠬᠦᠯᠬᠦ ᠲᠦᠰᠦᠯ 》 ᠢ ᠤᠩᠰᠢᠨ ᠵᠠᠷᠯᠠᠪᠠ᠃      ᠯᠢ ᠭᠦᠸᠧ ᠶᠢᠩ ᠵᠢᠭᠠᠵᠤ ᠭᠠᠷᠭᠠᠭᠰᠠᠨ ᠨᠢ᠂ ᠤᠰᠤᠨ ᠠᠰᠢᠭᠯᠠᠯᠲᠠ ᠶᠢᠨ ᠶᠠᠮᠤᠨ ᠤ ᠥᠷᠭᠡᠨ ᠣᠯᠠᠨ ᠨᠠᠮ ᠤᠨ ᠭᠡᠰᠢᠬᠦᠳ ᠪᠦᠬᠦ ᠨᠠᠮ ᠳᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠨᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠡᠦᠬᠡ ᠶᠢᠨ ᠠᠭᠤᠤ ᠦᠢᠯᠡᠰ ᠢ ᠠᠬᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠦᠨ᠂ ᠢᠲᠡᠭᠡᠯ ᠪᠢᠰᠢᠷᠡᠯ ᠢᠶᠠᠨ ᠪᠠᠲᠤᠳᠬᠠᠬᠤ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠦᠨ᠂ ᠨᠠᠮ ᠤᠨ ᠥᠪᠡᠷ ᠪᠡᠶ᠎ᠡ  ᠶᠢᠨ ᠬᠤᠪᠢᠰᠬᠠᠯ ᠢ ᠲᠦᠯᠬᠢᠨ ᠠᠬᠢᠭᠤᠯᠵᠤ᠂ ᠨᠠᠮ ᠤᠨ ᠠᠮᠢᠵᠢᠷᠠᠯ ᠢ ᠦᠨᠢᠳᠡ ᠪᠠᠳᠤᠯᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠦᠨ ᠭᠡᠳᠡᠭ ᠢ ᠬᠦᠨᠵᠡᠭᠡᠢ ᠲᠠᠨᠢᠵᠤ᠂ ᠤᠯᠤᠰ ᠲᠦᠷᠦ ᠶᠢᠨ ᠵᠤᠭᠰᠤᠴᠠ ᠪᠠᠨ ᠤᠯᠠᠮ ᠨᠢᠭᠡ ᠠᠯᠬᠤᠮ ᠲᠡᠭᠡᠭᠰᠢᠯᠡᠬᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠ ᠲᠦᠪ ᠤᠨ ᠪᠠᠶᠢᠷᠢᠯᠠᠭᠤᠯᠤᠯᠳᠠ ᠱᠠᠭᠠᠷᠳᠠᠯᠭ᠎ᠠ ᠲᠡᠭᠡᠷ᠎ᠡ ᠨᠢᠭᠡᠳᠭᠡᠵᠦ᠂ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ ᠢ ᠦᠷᠨᠢᠬᠦᠯᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ᠂ ᠠᠵᠢᠯᠯᠠᠭᠠᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ ᠭᠡᠪᠡ᠃      ᠯᠢ ᠬᠦᠸᠧ ᠶᠢᠩ ᠴᠢᠬᠤᠯᠠᠴᠢᠯᠠᠭᠰᠠᠨ ᠨᠢ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠲᠡᠦᠬᠡ ᠰᠤᠷᠤᠯᠴᠠᠵᠤ ᠶᠤᠰᠤ ᠣᠴᠢᠷ ᠢ ᠤᠶᠢᠯᠠᠭᠠᠬᠤ᠂ ᠲᠡᠤᠬᠡ ᠰᠤᠷᠤᠯᠴᠠᠵᠤ ᠢᠳᠡᠭᠡᠯ ᠪᠢᠰᠢᠷᠡᠯ ᠢᠶᠠᠨ ᠨᠡᠮᠡᠭᠳᠡᠬᠦᠯᠬᠦ᠂ ᠲᠡᠤᠬᠡ ᠰᠤᠷᠤᠯᠴᠠᠵᠤ ᠶᠤᠰᠤ ᠰᠤᠷᠳᠠᠬᠤᠨ ᠶᠢᠨ ᠡᠷᠬᠢᠮᠯᠡᠬᠦ᠂ ᠲᠡᠤᠬᠡ ᠰᠤᠷᠤᠯᠴᠠᠵᠤ ᠪᠣᠳᠠᠳᠠᠢ ᠠᠵᠢᠯᠯᠠᠬᠤ ᠶᠢ ᠪᠠᠷᠢᠮᠳᠠᠯᠠᠵᠤ᠂《ᠳᠥᠷᠪᠡᠨ ᠤᠬᠠᠮᠰᠠᠷ》 ᠢᠶᠠᠨ ᠴᠢᠩᠭᠠᠷᠠᠭᠤᠯᠵᠤ᠂ 《ᠳᠥᠷᠪᠡᠨ ᠢᠲᠡᠭᠡᠯ》 ᠢᠶᠠᠨ ᠪᠠᠲᠤᠳᠬᠠᠵᠤ᠂ 《ᠬᠤᠶᠠᠷ ᠢ ᠬᠠᠮᠠᠭᠠᠯᠠᠬᠤ》 ᠶᠢ ᠬᠢᠵᠦ ᠲᠡᠶᠢᠯᠬᠦ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠪᠠᠶᠢᠷᠢᠯᠠᠭᠤᠯᠤᠯᠲᠠ ᠶᠢᠨ ᠲᠣᠬᠢᠷᠠᠭᠤᠯᠤᠯᠲᠠ ᠶᠢ ᠣᠨᠣᠪᠴᠢᠲᠠᠢ ᠡᠵᠡᠮᠳᠡᠵᠦ᠂ ᠣᠯᠠᠨ ᠲᠦᠮᠡᠨ ᠤ ᠬᠠᠮᠤᠭ ᠠᠴᠠ ᠰᠡᠳᠬᠢᠯ ᠲᠠᠯᠪᠢᠵᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠤᠰᠤᠨ ᠳᠤ ᠬᠤᠯᠪᠣᠭᠳᠠᠭᠰᠠᠨ ᠨᠢᠭᠡ ᠪᠦᠯᠦᠭ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠨᠠᠮ ᠤᠨ ᠲᠡᠦᠬᠡ ᠶᠢ ᠰᠤᠷᠤᠯᠴᠠᠨ᠂ ᠦᠵᠡᠯ ᠰᠠᠨᠠᠭ᠎ᠠ ᠶᠢ ᠤᠶᠢᠯᠠᠭᠠᠵᠤ᠂ ᠪᠣᠳᠠᠲᠤ ᠶᠠᠪᠤᠳᠠᠯ ᠬᠢᠵᠦ᠂ ᠰᠢᠨ᠎ᠡ ᠪᠠᠶᠢᠳᠠᠯ ᠢ ᠨᠡᠭᠡᠭᠡᠬᠦ ᠶᠢ ᠬᠢᠵᠦ ᠲᠡᠶᠢᠯᠬᠦ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠯᠤᠰ ᠲᠥᠷᠥ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠵᠥᠪ ᠤᠳᠤᠷᠢᠳᠤᠮᠵᠢ ᠶᠢ ᠡᠵᠡᠮᠳᠡᠵᠦ᠂ ᠪᠣᠳᠠᠲᠠᠢ ᠦᠷ᠎ᠡ ᠪᠦᠲᠦᠮᠵᠢ ᠶᠢ ᠴᠢᠬᠤᠯᠠᠴᠢᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠶᠢ ᠲᠥᠪ ᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠠᠢ ᠤᠶᠠᠯᠳᠤᠭᠤᠯᠵᠤ᠂ ᠰᠢᠨ᠎ᠡ ᠱᠠᠲᠤᠨ ᠤ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠯᠤᠭ᠎ᠠ ᠤᠶᠠᠯᠳᠤᠭᠤᠯᠵᠤ᠂ ᠥᠨᠳᠥᠷ ᠪᠠᠷᠢᠮᠵᠢᠶ᠎ᠠ ᠪᠠᠷ ᠲᠦᠯᠬᠢᠨ ᠠᠬᠢᠭᠤᠯᠵᠤ᠂ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃      ᠯᠢ ᠬᠦᠸᠧ ᠶᠢᠩ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢᠶᠠᠷ ᠲᠣᠬᠢᠶᠠᠯ ᠪᠣᠯᠭᠠᠵᠤ᠂ ᠤᠰᠤᠨ ᠠᠰᠢᠭᠯᠠᠯᠲᠠ ᠶᠢᠨ ᠶᠠᠮᠤᠨ ᠤ ᠨᠠᠮ ᠤᠨ ᠪᠠᠶᠢᠭᠤᠯᠤᠯᠲᠠ ᠶᠢᠨ ᠴᠢᠨᠠᠷᠯᠢᠭ ᠬᠥᠭᠵᠢᠯᠲᠡ ᠶᠢ ᠠᠬᠢᠭᠤᠯᠬᠤ ᠬᠡᠷᠡᠭᠲᠡᠢ᠃ ᠣᠨᠣᠯ ᠤᠨ ᠵᠡᠪᠰᠡᠭᠯᠡᠯ ᠢ ᠠᠳᠬᠤᠬᠤ ᠪᠠᠷ ᠬᠦᠴᠦᠯᠡᠨ ᠴᠢᠷᠮᠠᠶᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠬᠤ ᠶᠠᠪᠤᠳᠠᠯ ᠢ ᠤᠷᠲᠤ ᠬᠤᠭᠤᠴᠠᠭᠠᠨ ᠤ ᠤᠯᠤᠰ ᠲᠥᠷᠥ ᠶᠢᠨ ᠡᠭᠦᠷᠭᠡ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠤᠰᠤ ᠵᠠᠰᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ ᠬᠡᠷᠡᠭᠲᠡᠢ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ ᠳᠡᠭᠡᠷ᠎ᠡ ᠬᠦᠴᠦ ᠲᠠᠯᠪᠢᠵᠤ᠂ ᠲᠣᠭᠤᠷᠢᠨ ᠪᠠᠶᠢᠴᠠᠭᠠᠵᠤ ᠴᠡᠭᠴᠡᠯᠡᠨ ᠵᠠᠰᠠᠬᠤ 《ᠰᠢᠪᠲᠤᠯᠤᠯᠲᠠ ᠶᠢᠨ ᠲᠠᠶᠢᠯᠠᠯᠳᠤᠭᠠᠨ》 ᠢ ᠬᠦᠴᠦᠯᠡᠨ ᠰᠠᠶᠢᠲᠤᠷ ᠬᠢᠵᠦ᠂ ᠲᠣᠭᠤᠷᠢᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠪᠣᠯᠤᠨ ᠦᠷ᠎ᠡ ᠪᠦᠲᠦᠮᠵᠢ ᠪᠠᠷ 《ᠬᠤᠶᠠᠷ ᠢ ᠬᠠᠮᠠᠭᠠᠯᠠᠬᠤ》 ᠶᠢ ᠦᠢᠯᠡᠳᠦᠯᠭᠡᠵᠢᠭᠦᠯᠦᠨ᠂ ᠨᠢᠭᠡᠳᠦᠭᠡᠷ ᠹᠷᠣᠨᠲ ᠤᠨ ᠡᠩᠨᠡᠭᠡ ᠶᠢ ᠰᠠᠶᠢᠲᠤᠷ ᠪᠠᠶᠢᠭᠤᠯᠬᠤ ᠬᠡᠷᠡᠭᠲᠡᠢ᠃ ᠦᠨᠳᠦᠰᠦᠨ ᠱᠠᠳᠤᠨ ᠤ ᠰᠠᠭᠤᠷᠢ ᠠᠵᠢᠯ ᠢ] ᠰᠠᠶᠢᠳᠤᠷ ᠬᠢᠬᠦ ᠲᠡᠭᠡᠷ᠎ᠡ ᠬᠦᠴᠦᠯᠡᠵᠦ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠲᠥᠪ ᠪᠣᠯᠭᠠᠵᠤ᠂ ᠨᠠᠮ ᠤᠨ ᠡᠭᠦᠷ ᠤᠨ ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠨᠠᠮ ᠤᠨ ᠡᠬᠦᠷ ᠤᠨ ᠪᠦᠳᠦᠭᠡᠨ ᠪᠠᠶᠢᠭᠤᠯᠤᠯᠳᠠ ᠪᠠ ᠨᠠᠮ ᠤᠨ ᠭᠡᠰᠢᠬᠦᠨ ᠤ ᠬᠦᠮᠦᠵᠢᠯ ᠤᠨ ᠬᠠᠮᠢᠶᠠᠷᠤᠯᠳᠠ ᠶᠢ ᠪᠦᠬᠦ ᠲᠠᠯ᠎ᠠ ᠪᠠᠷ ᠴᠢᠩᠭᠠᠷᠠᠭᠤᠯᠬᠤ ᠬᠡᠷᠡᠭᠲᠡᠢ᠃ ᠰᠤᠷᠳᠠᠯ ᠢ ᠴᠡᠭᠴᠡᠯᠡᠨ ᠰᠠᠬᠢᠯᠭ᠎ᠠ ᠶᠢ ᠵᠢᠷᠤᠮᠯᠠᠬᠤ ᠲᠡᠭᠡᠷ᠎ᠡ ᠬᠦᠴᠦᠨ ᠢᠶᠠᠨ ᠲᠦᠪᠯᠡᠷᠡᠬᠦᠯᠦᠨ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠤᠳᠠᠭᠠᠨ ᠤ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠴᠢᠭᠯᠡᠯᠲᠡ ᠶᠢ ᠪᠠᠷᠢᠮᠳᠠᠯᠠᠨ᠂ ᠭᠤᠣᠯ ᠬᠥᠭ ᠠᠶᠠᠰ  ᠴᠢᠩᠭ᠎ᠠ ᠪᠠᠷᠢᠮᠳᠠᠯᠠᠨ᠂ ᠬᠢᠨᠠᠯᠳᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠂ ᠢᠯᠵᠢᠷᠡᠬᠦ ᠵᠣᠷᠢᠭ ᠦᠭᠡᠢ᠂ ᠢᠯᠵᠢᠷᠡᠵᠦ ᠪᠤᠯᠬᠤ ᠦᠭᠡᠢ᠂ ᠢᠯᠵᠢᠷᠠᠬᠤ ᠳᠤᠷ᠎ᠠ ᠦᠭᠡᠢ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠤᠨ᠎ᠠ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠡᠭᠡᠷ᠎ᠡ ᠬᠦᠴᠦ ᠲᠠᠯᠪᠢᠵᠤ᠂ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠳᠠᠭᠠᠭᠤᠯᠤᠨ ᠨᠠᠮ ᠤᠨ ᠪᠠᠶᠢᠭᠤᠯᠤᠯᠲᠠ ᠶᠢ ᠠᠳᠬᠤᠵᠤ᠂ ᠱᠦᠵᠢ ᠲᠠᠭᠠᠭᠤᠯᠤᠨ ᠠᠳᠬᠤᠬᠤ ᠶᠢ ᠪᠠᠷᠢᠮᠳᠠᠯᠠᠵᠤ᠂ ᠪᠠᠶᠢᠭᠤᠯᠭ᠎ᠠ ᠶᠢ ᠱᠠᠭᠠᠷᠳᠠᠨ ᠢ ᠲᠠᠭᠠᠭᠤᠯᠬᠤ ᠶᠢ ᠪᠠᠷᠢᠮᠳᠠᠯᠠᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠨᠡᠶᠢᠯᠡᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠱᠠᠭᠠᠷᠳᠠᠯᠭ᠎ᠠ ᠲᠤᠷᠠᠳᠪᠠ᠃      ᠬᠤᠷᠠᠯ ᠢ ᠸᠢᠳᠢᠤ᠋ ᠬᠡᠯᠪᠡᠷᠢ ᠪᠠᠷ ᠶᠠᠪᠤᠭᠳᠠᠭᠤᠯᠪᠠ  ᠶᠠᠮᠤᠨ ᠤ ᠶᠡᠷᠦᠩᠬᠡᠢ ᠠᠵᠤ ᠠᠬᠤᠶᠢᠴᠢ᠂  ᠶᠠᠮᠤᠨ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ᠂ ᠪᠠᠶᠢᠭᠤᠯᠭ᠎ᠠ ᠶᠢᠨ ᠡᠯ᠎ᠡ ᠵᠤᠷᠭᠠᠨ ᠲᠤᠪᠴᠢᠶᠠᠨ ᠤ ᠭᠤᠣᠯ ᠬᠠᠷᠢᠭᠤᠴᠠᠯᠭᠠᠲᠠᠨ ᠨᠥᠬᠦᠳ᠂ ᠪᠡᠭᠡᠵᠢᠩ ᠳᠤ ᠪᠠᠶᠢᠭ᠎ᠠ ᠰᠢᠭᠤᠳ ᠬᠠᠷᠢᠶ᠎ᠠ ᠨᠢᠭᠡᠴᠢ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ ᠭᠤᠤᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠵᠠᠢ᠃ ᠶᠠᠮᠤᠨ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠲᠣᠪᠴᠢᠶᠠᠨ ᠤ ᠳᠡᠰ ᠤᠨ ᠤᠳᠤᠷᠢᠳᠬᠤ ᠺᠠᠳ᠋ᠷ᠂ ᠪᠠᠶᠢᠭᠤᠯᠭ᠎ᠠ ᠶᠢᠨ ᠡᠯ᠎ᠡ ᠵᠤᠷᠭᠠᠨ ᠲᠣᠪᠴᠢᠶ᠎ᠠ ᠪᠣᠯᠤᠨ ᠪᠡᠭᠡᠵᠢᠩ ᠳᠤ ᠪᠠᠶᠢᠭ᠎ᠠ ᠰᠢᠭᠤᠳ ᠬᠠᠷᠢᠶ᠎ᠠ ᠨᠢᠭᠡᠴᠢ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠪᠡᠭᠡᠵᠢᠩ  ᠠᠴᠠ ᠭᠠᠳᠠᠨᠠᠬᠢ ᠰᠢᠭᠤᠳ ᠬᠠᠷᠢᠶ᠎ᠠ ᠨᠢᠭᠡᠴᠢ ᠶᠢᠨ ᠵᠤᠷᠭᠠᠨ ᠲᠣᠪᠴᠢᠶᠠᠨ ᠤ ᠳᠡᠰ ᠠᠴᠠ ᠳᠡᠭᠡᠭᠰᠢᠬᠢ ᠤᠳᠤᠷᠢᠳᠬᠤ ᠺᠠᠳ᠋ᠷ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号