4 ᠰᠠᠷ᠎ᠠ ᠶᠢᠨ 9 ᠤ ᠡᠳᠦᠷ᠂ ᠤᠰᠤᠨ ᠠᠰᠢᠭᠯᠠᠯᠲᠠ ᠶᠢᠨ ᠶᠠᠮᠤᠨ ᠨᠠᠮ ᠤᠨ ᠲᠡᠦᠬᠡ ᠶᠢᠨ ᠰᠤᠷᠤᠯᠴᠠᠯᠭ᠎ᠠ | ᠬᠦᠮᠦᠵᠢᠯ ᠢ ᠲᠣᠭᠤᠷᠢᠨ ᠵᠢᠯᠣᠭᠤᠳᠬᠤ ᠳᠤᠭᠤᠶᠢᠯᠠᠩ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃ ᠶᠠᠮᠤᠨ ᠤ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠰᠠᠶᠢᠳ᠂ ᠶᠠᠮᠤᠨ ᠤ ᠨᠠᠮ ᠤᠨ ᠤᠳᠤᠷᠢᠳᠬᠤ | ᠳᠤᠭᠤᠶᠢᠯᠠᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ | ᠳᠠᠷᠤᠭ᠎ᠠ ᠪᠥᠭᠡᠳ ᠠᠯᠪᠠᠨ ᠭᠡᠷ ᠤᠨ ᠡᠷᠬᠢᠯᠡᠭᠴᠢ ᠲᠢᠶᠠᠨ ᠰᠢᠦᠸᠠᠢ ᠪᠢᠨ ᠬᠤᠷᠠᠯ ᠳᠤ ᠣᠷᠣᠯᠴᠠᠵᠤ ᠶᠠᠷᠢᠶ᠎ᠠ | ᠲᠠᠯᠪᠢᠵᠠᠢ᠃ | ᠲᠢᠶᠠᠨ ᠰᠢᠦᠸᠠᠢ ᠪᠢᠨ ᠵᠢᠭᠠᠵᠤ ᠭᠠᠷᠭᠠᠭᠰᠠᠨ ᠨᠢ᠂ ᠲᠣᠭᠤᠷᠢᠨ ᠵᠢᠯᠣᠭᠤᠳᠬᠤ ᠳᠤᠭᠤᠶᠢᠯᠠᠩ ᠢ ᠪᠠᠶᠢᠭᠤᠯᠵᠤ᠂ | ᠰᠢᠪᠠᠳᠠᠨ ᠵᠢᠯᠤᠭᠤᠳᠤᠯᠭ᠎ᠠ ᠶᠢ ᠴᠢᠩᠭᠠᠳᠬᠠᠬᠤ ᠪᠣᠯ ᠨᠠᠮ ᠤᠨ ᠲᠤᠳᠤᠭᠠᠳᠤ ᠳᠤ ᠲᠥᠪᠯᠡᠷᠡᠭᠦᠯᠦᠨ ᠬᠥᠮᠦᠵᠢᠭᠦᠯᠬᠦ | ᠠᠵᠢᠯ ᠢ ᠥᠷᠨᠢᠭᠦᠯᠦᠭᠰᠡᠨ ᠴᠢᠬᠤᠯᠠ ᠲᠤᠷᠰᠢᠯᠭ᠎ᠠ ᠮᠥᠨ᠂ ᠮᠦᠨ ᠴᠤ ᠰᠤᠷᠤᠯᠴᠠᠯᠭ᠎ᠠ ᠬᠥᠮᠦᠵᠢᠯ ᠤᠨ ᠶᠠᠰᠤ | ᠴᠢᠨᠠᠷ ᠢ ᠦᠨᠡᠨ ᠬᠦ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠃ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠰᠢᠪᠠᠳᠠᠨ ᠵᠢᠯᠣᠭᠤᠳᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ | ᠰᠡᠳᠬᠢᠯᠭᠡ ᠪᠠᠨ ᠴᠢᠩᠭᠠᠳᠬᠠᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠴᠢᠬᠤᠯᠠ ᠠᠴᠢ | ᠬᠤᠯᠪᠣᠭᠳᠠᠯ ᠢ ᠭᠦᠢᠴᠡᠳ ᠲᠠᠨᠢᠵᠤ᠂ ᠰᠢᠪᠠᠳᠠᠨ ᠵᠢᠯᠣᠭᠤᠳᠬᠤ ᠠᠵᠢᠯ ᠢ ᠨᠠᠶᠢᠳᠠᠪᠤᠷᠢᠵᠢᠭᠤᠯᠬᠤ ᠶᠢ ᠦᠨᠡᠨ ᠬᠦ | ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠬᠠᠷᠠᠯᠲᠠ ᠶᠢᠨ ᠱᠠᠭᠠᠷᠳᠠᠯᠭ᠎ᠠ ᠶᠢ | ᠪᠠᠲᠤ ᠡᠵᠡᠮᠳᠡᠵᠦ᠂ ᠰᠢᠪᠠᠳᠠᠨ ᠵᠢᠯᠣᠭᠤᠳᠬᠤ ᠠᠵᠢᠯ ᠳᠤ ᠠᠩᠬᠠᠷᠤᠯ ᠢᠶᠠᠨ ᠲᠦᠪᠯᠡᠷᠡᠬᠦᠯᠬᠦ ᠶᠢ ᠦᠨᠡᠨ ᠬᠦ ᠪᠠᠳᠤᠯᠠᠬᠤ | ᠬᠡᠷᠡᠭᠲᠡᠢ᠃ ᠰᠢᠪᠠᠳᠠᠨ ᠵᠢᠯᠤᠭᠤᠳᠬᠤ ᠨᠢᠭᠡᠴᠢ ᠶᠢᠨ ᠤᠨᠴᠠᠯᠢᠭ ᠢ ᠤᠨᠤᠪᠴᠢᠳᠠᠢ ᠡᠵᠡᠮᠳᠡᠵᠦ᠂ ᠰᠢᠪᠠᠳᠠᠨ | ᠵᠢᠯᠤᠭᠤᠳᠬᠤ ᠠᠵᠢᠯ ᠢ ᠰᠠᠶᠢᠳᠤᠷ ᠬᠢᠬᠦ ᠶᠢ ᠦᠨᠡᠨ ᠬᠦ ᠪᠠᠳᠤᠯᠠᠬᠤ ᠬᠡᠷᠡᠭᠲᠡᠢ ᠭᠡᠪᠡ᠃ | ᠲᠢᠶᠠᠨ ᠰᠢᠦᠸᠠᠢ ᠪᠢᠨ ᠴᠢᠬᠤᠯᠠᠴᠢᠯᠠᠬᠤ ᠳᠠᠭᠠᠨ᠂ ᠡᠯ᠎ᠡ ᠲᠣᠭᠤᠷᠢᠨ ᠵᠢᠯᠣᠭᠤᠳᠬᠤ ᠳᠤᠭᠤᠶᠢᠯᠠᠩ ᠰᠢᠪᠠᠳᠠᠨ | ᠵᠢᠯᠣᠭᠤᠳᠬᠤ ᠠᠵᠢᠯ ᠤᠨ ᠪᠠᠶᠢᠷᠢ ᠲᠣᠭᠲᠠᠭᠠᠯᠲᠠ ᠶᠢ ᠡᠵᠡᠮᠳᠡᠵᠦ᠂ ᠵᠢᠯᠣᠭᠤᠳᠬᠤ ᠳᠤᠭᠤᠶᠢᠯᠠᠩ ᠤᠨ ᠠᠵᠢᠯ ᠤᠨ | ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠬᠦ ᠬᠡᠷᠡᠭᠲᠡᠢ᠃ ︽ᠣᠨᠣᠪᠴᠢᠲᠠᠢ︾ ᠪᠠᠶᠢᠯᠭᠠᠬᠤ | ᠲᠣᠭᠤᠷᠢᠨ ᠳᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠡᠷᠴᠢᠮᠲᠡᠢ ᠠᠬᠢᠭᠤᠯᠬᠤ ᠶᠢ ᠰᠢᠪᠠᠳᠠᠨ | ᠱᠠᠭᠠᠷᠳᠠᠬᠤ ᠬᠡᠷᠡᠭᠲᠡᠢ᠃ ︽ᠴᠢᠩᠭ᠎ᠠ︾ ᠪᠠᠶᠢᠬᠤ ᠶᠢ ᠲᠤᠪᠤᠶᠢᠯᠭᠠᠵᠤ᠂ ᠨᠠᠮ ᠤᠨ ᠲᠡᠦᠬᠡ ᠰᠤᠷᠤᠯᠴᠠᠯᠭ᠎ᠠ ᠬᠥᠮᠦᠵᠢᠯ | ᠤᠨ ᠵᠤᠬᠢᠶᠠᠨ ᠪᠠᠶᠢᠭᠤᠯᠤᠯᠳᠠ ᠶᠢᠨ ᠵᠢᠯᠤᠭᠤᠳᠤᠯᠭ᠎ᠠ ᠶᠢ ᠰᠠᠶᠢᠳᠤᠷ ᠠᠳᠬᠤᠬᠤ ᠬᠡᠷᠡᠭᠲᠡᠢ᠃ ︽ᠪᠤᠳᠠᠳᠠᠢ︾ | ᠪᠠᠶᠢᠬᠤ ᠳᠤ ᠬᠦᠴᠦᠯᠡᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠶᠠᠰᠤ ᠴᠢᠨᠠᠷ ᠤᠨ ᠪᠠᠷᠢᠮᠵᠢᠶ᠎ᠠ ᠶᠢ | ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠵᠢᠯᠣᠭᠤᠳᠬᠤ ᠨᠢᠭᠡᠴᠢ ᠶᠢᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠵᠢᠯᠣᠭᠤᠳᠤᠯᠭ᠎ᠠ ᠪᠠᠨ ᠴᠢᠩᠭᠠᠳᠬᠠᠬᠤ ᠳᠤ ᠲᠦᠰᠢᠭᠯᠡᠨ᠂ ᠨᠢᠭᠡᠳᠦᠭᠡᠷ ᠲᠠᠷᠤᠭ᠎ᠠ ᠶᠢᠨ | ᠦᠢᠯᠡᠳᠦᠯ ᠢ ᠪᠠᠳᠠᠷᠠᠭᠤᠯᠬᠤ ᠶᠢ ᠰᠢᠪᠠᠳᠠᠨ ᠲᠤᠭᠤᠰᠢᠯᠠᠭᠤᠯᠵᠤ᠂ ᠰᠢᠯᠢᠳᠡᠭ ᠣᠪᠣᠷ ᠰᠤᠷᠲᠠᠯ ᠢ ᠪᠠᠳᠠᠷᠠᠭᠤᠯᠤᠨ | ᠳᠦᠷᠢ ᠲᠦᠷᠬᠦ ᠶᠢ ᠪᠤᠢ ᠪᠤᠯᠭᠠᠬᠤ ᠬᠡᠷᠡᠭᠲᠡᠢ᠃ | ᠬᠤᠷᠠᠯ ᠠᠴᠠ ᠡᠮᠦᠨ᠎ᠡ ᠨᠢᠭᠡ ᠱᠠᠲᠤᠨ ᠤ ᠤᠰᠤᠨ ᠠᠰᠢᠭᠯᠠᠯᠲᠠ ᠶᠢᠨ ᠶᠠᠮᠤᠨ ᠤ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠲᠤᠩᠬᠠᠯᠠᠨ ᠵᠠᠷᠯᠠᠵᠤ᠂ ᠲᠣᠭᠤᠷᠢᠨ ᠵᠢᠭᠠᠨ ᠵᠢᠯᠣᠭᠤᠳᠬᠤ | ᠠᠷᠭ᠎ᠠ ᠬᠡᠯᠪᠡᠷᠢ ᠶᠢ ᠲᠠᠨᠢᠯᠴᠠᠭᠤᠯᠪᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ | ᠲᠥᠪ ᠤᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠣᠰᠣᠭᠠᠷ᠂ ᠲᠣᠭᠤᠷᠢᠨ ᠵᠢᠯᠣᠭᠤᠳᠤᠯᠭ᠎ᠠ ᠬᠢᠬᠦ ᠣᠶᠢᠷ᠎ᠠ ᠶᠢᠨ | ᠬᠤᠭᠤᠴᠠᠭᠠᠨ ᠳᠤ ᠭᠤᠣᠯᠳᠠᠯᠭ᠎ᠠ ᠲᠠᠢ ᠠᠩᠬᠠᠷᠬᠤ ᠴᠢᠬᠤᠯᠠ ᠲᠠᠢ 《 ᠲᠠᠪᠤ ᠶᠢ ᠠᠳᠬᠤᠬᠤ 》᠂ 《 ᠬᠤᠷᠢᠨ | ᠮᠥᠨ ᠡᠰᠡᠬᠦ 》 ᠵᠡᠷᠭᠡ ᠠᠰᠠᠭᠤᠳᠠᠯ ᠢ ᠲᠣᠳᠣᠷᠬᠠᠶᠢᠯᠠᠵᠠᠢ᠃ | ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠤᠯᠪᠣᠭᠳᠠᠯ ᠪᠦᠬᠦᠢ ᠪᠦᠷᠢᠯᠳᠦᠬᠦᠨ᠂ ᠶᠠᠮᠤᠨ ᠤ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ 4 ᠲᠣᠭᠤᠷᠢᠨ ᠵᠢᠯᠣᠭᠤᠳᠬᠤ ᠳᠤᠭᠤᠶᠢᠯᠠᠩ ᠤᠨ ᠪᠦᠬᠦ ᠪᠦᠷᠢᠯᠳᠦᠬᠦᠨ | ᠨᠦᠬᠦᠳ ᠬᠤᠷᠠᠯ ᠳᠤ ᠣᠷᠣᠯᠴᠠᠪᠠ᠃ |