ᠤᠰᠤᠨ ᠠᠰᠢᠭᠯᠠᠯᠲᠠ ᠶᠢᠨ ᠶᠠᠮᠤᠨ ᠵᠠᠯᠠᠭᠤ ᠺᠠᠳ᠋ᠷᠴᠤᠳ ᠤᠨ《 ᠨᠠᠮ ᠤᠨ ᠲᠡᠦᠬᠡ ᠶᠢ ᠰᠤᠷᠤᠯᠴᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ᠨᠠᠮ ᠢᠶᠠᠨ ᠲᠠᠭᠠᠬᠤ》 ᠰᠤᠷᠤᠯᠴᠠᠯᠭ᠎ᠠ ᠰᠣᠯᠢᠯᠴᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/15
      ᠤᠰᠤᠨ ᠠᠰᠢᠭᠯᠠᠯᠲᠠ ᠶᠢᠨ ᠶᠠᠮᠤᠨ ᠤ ᠵᠠᠯᠠᠭᠤ ᠺᠠᠳ᠋ᠷᠴᠤᠳ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ 《 ᠵᠢᠷᠭᠤᠭᠠᠨ ᠨᠢᠭᠡ 》 ᠠᠵᠢᠯᠯᠠᠭ᠎ᠠ ᠶᠢᠨ ᠲᠤᠬᠢᠷᠠᠭᠤᠯᠤᠯᠳᠠ ᠶᠢ ᠦᠨᠳᠦᠰᠦᠯᠡᠨ᠂ 4 ᠰᠠᠷ᠎ᠠ ᠶᠢᠨ 1 ᠤ ᠡᠳᠦᠷ ᠤᠰᠤᠨ ᠠᠰᠢᠭᠯᠠᠯᠲᠠ ᠶᠢᠨ ᠶᠠᠮᠤᠨ ᠵᠠᠯᠠᠭᠤ ᠺᠠᠳ᠋ᠷᠴᠤᠳ ᠤᠨ 《 ᠨᠠᠮ ᠤᠨ ᠲᠡᠦᠬᠡ ᠶᠢ ᠰᠤᠷᠤᠯᠴᠠᠵᠤ᠂ ᠢᠲᠡᠭᠡᠯ ᠵᠣᠷᠢᠭ ᠢᠶᠠᠨ ᠪᠠᠳᠤᠳᠬᠠᠨ᠂ ᠨᠠᠮ ᠢᠶᠠᠨ ᠲᠠᠭᠠᠬᠤ 》 ᠰᠤᠷᠤᠯᠴᠠᠯᠭ᠎ᠠ ᠰᠣᠯᠢᠯᠴᠠᠭᠠᠨ ᠤ ᠬᠤᠷᠠᠯ ᠬᠤᠷᠠᠯᠳᠤᠭᠤᠯᠪᠠ᠃ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠰᠠᠶᠢᠳ᠂ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠱᠦᠵᠢ ᠲᠢᠶᠠᠨ ᠰᠢᠦᠸᠠᠢ ᠪᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃      ᠠᠯᠪᠠᠨ ᠲᠢᠩᠬᠢᠮ᠂ ᠲᠥᠯᠥᠪᠵᠢᠭᠦᠯᠭᠡ ᠶᠢᠨ ᠵᠤᠷᠭᠠᠨ᠂ ᠬᠥᠳᠡᠭᠡ ᠲᠣᠰᠬᠤᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ ᠵᠤᠷᠭᠠᠨ᠂ ᠤᠰᠤᠨ ᠴᠥᠭᠦᠷᠥᠮ ᠤᠨ ᠨᠡᠭᠦᠳᠡᠯ ᠠᠷᠠᠳ ᠤᠨ ᠵᠤᠷᠭᠠᠨ᠂ ᠠᠯᠪᠠᠨ ᠪᠠᠶᠢᠭᠤᠯᠭ᠎ᠠ ᠶᠢᠨ ᠦᠢᠯᠡᠴᠢᠯᠡᠭᠡᠨ ᠤ ᠲᠣᠪᠴᠢᠶ᠎ᠠ᠂ ᠳᠤᠮᠳᠠᠳᠤ ᠤᠯᠤᠰ ᠤᠨ ᠤᠰᠤᠨ ᠠᠰᠢᠭᠯᠠᠯᠲᠠ ᠤᠰᠤᠨ ᠴᠠᠬᠢᠯᠭᠠᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ᠂ ᠬᠥᠭᠵᠢᠭᠦᠯᠦᠯᠲᠡ ᠶᠢᠨ ᠰᠤᠳᠤᠯᠭᠠᠨ ᠤ ᠲᠥᠪ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ ᠵᠡᠷᠭᠡ 8 ᠨᠢᠭᠡᠴᠢ ᠶᠢᠨ ᠵᠠᠯᠠᠭᠤ ᠺᠠᠳ᠋ᠷᠴᠤᠳ ᠤᠨ ᠲᠥᠯᠥᠭᠡᠯᠡᠭᠴᠢᠳ 《 ᠶᠠᠭᠤᠨ ᠳᠤ ᠰᠤᠷᠤᠯᠴᠠᠬᠤ᠂ ᠶᠠᠭᠤ ᠰᠤᠷᠤᠯᠴᠠᠬᠤ᠂ ᠶᠠᠭᠠᠬᠢᠵᠤ ᠬᠢᠬᠦ 》᠂ 《  ᠤᠭ ᠰᠠᠨᠠᠭ᠎ᠠ ᠬᠡᠵᠢᠶᠡᠳᠡ ᠬᠡᠪ ᠢᠶᠠᠷ ᠢᠶᠠᠨ᠂ ᠲᠡᠤᠬᠡᠳᠦ ᠡᠬᠦᠷᠭᠡ ᠦᠷᠬᠦᠯᠵᠢ ᠮᠦᠷᠦᠨ ᠳᠤ ᠪᠠᠶᠢᠬᠤ》᠂ 《  ᠤᠭ ᠰᠠᠨᠠᠭ᠎ᠠ ᠪᠠᠨ ᠬᠡᠵᠢᠶᠡᠳᠡ ᠮᠠᠷᠳᠠᠬᠤ ᠦᠭᠡᠢ ᠪᠠᠶᠢᠪᠠᠯ ᠰᠠᠶ᠋ᠢ ᠢᠮᠠᠭᠳᠠ ᠢᠯᠠᠯᠳᠠ ᠤᠯᠬᠤ》《 ᠵᠤᠷᠢᠭ ᠰᠢᠭᠤᠳᠤᠨ ᠤᠭ ᠰᠠᠨᠠᠭ᠎ᠠ ᠲᠡᠤᠬᠡᠳᠦ ᠡᠬᠦᠷᠭᠡ ᠪᠠᠨ ᠦᠢᠯᠡᠳᠦᠯᠭᠡᠵᠢᠬᠦᠯᠵᠦ᠂ ᠰᠢᠨᠵᠢᠯᠡᠬᠦ ᠤᠬᠠᠭᠠᠨ ᠤ ᠨᠤᠶᠠᠨ ᠤᠷᠬᠢᠯ ᠳᠤ ᠡᠷᠡᠯᠬᠡᠭᠯᠡᠨ ᠮᠠᠴᠤᠶ᠎ᠠ》᠂ 《ᠨᠠᠮ ᠤᠨ ᠲᠡᠤᠬᠡ ᠶᠢ ᠰᠤᠷᠤᠯᠴᠠᠨ᠂ ᠨᠢᠭᠤᠴᠠ ᠶᠢ ᠬᠠᠮᠠᠭᠠᠯᠠᠬᠤ ᠠᠵᠢᠯ ᠢ ᠰᠠᠶᠢᠳᠤᠷ ᠬᠢᠶ᠎ᠡ 》 ᠵᠡᠷᠭᠡ ᠭᠤᠤᠯ ᠰᠡᠳᠦᠪᠳᠦ ᠰᠤᠯᠢᠯᠴᠠᠭᠠᠨ ᠤ ᠶᠠᠷᠢᠶ᠎ᠠ ᠲᠠᠯᠪᠢᠵᠤ᠂ ᠬᠡᠰᠡᠭ ᠵᠠᠯᠠᠭᠤ  ᠺᠠᠳ᠋ᠷᠴᠤᠳ ᠪᠡᠯᠡᠨ ᠶᠠᠷᠢᠶ᠎ᠠ ᠲᠠᠯᠪᠢᠪᠠ᠃      ᠵᠠᠯᠠᠭᠤ ᠺᠠᠳ᠋ᠷ ᠤᠨ ᠲᠥᠯᠥᠭᠡᠯᠡᠭᠴᠢᠳ ᠤᠨ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠲᠢᠶᠠᠨ ᠰᠢᠦᠸᠠᠢ ᠪᠢᠨ ᠣᠯᠠᠨ ᠲᠠᠢ ᠰᠤᠷᠤᠯᠴᠠᠭᠰᠠᠨ ᠲᠥᠷᠥᠭᠳᠡᠯ ᠢᠶᠠᠨ ᠬᠤᠪᠢᠶᠠᠯᠴᠠᠪᠠ᠃ ᠲᠡᠷᠡ᠂ ᠵᠠᠯᠠᠭᠤᠴᠤᠳ ᠪᠣᠯ ᠳᠡᠯᠡᠬᠡᠢ ᠶᠢᠨ ᠢᠷᠡᠭᠡᠳᠦᠢ ᠮᠦᠨ᠂ ᠮᠠᠨ ᠤ ᠨᠠᠮ ᠤᠨ ᠦᠢᠯᠡᠰ ᠤᠨ ᠬᠦᠰᠡᠯ ᠡᠷᠡᠮᠡᠯᠵᠡᠯ ᠮᠥᠨ᠂ ᠨᠠᠮ ᠤᠨ ᠵᠠᠭᠤᠨ ᠵᠢᠯ ᠤᠨ ᠲᠡᠦᠬᠡ ᠪᠣᠯ ᠮᠥᠨ ᠴᠦ ᠨᠢᠭᠡᠨ ᠵᠠᠯᠠᠭᠤᠴᠤᠳ ᠤᠨ ᠲᠡᠮᠡᠴᠡᠯ ᠤᠨ ᠲᠡᠦᠬᠡ ᠮᠥᠨ᠃ ᠵᠠᠯᠠᠭᠤ ᠺᠠᠳ᠋ᠷᠴᠤᠳ ᠡᠷᠬᠡᠪᠰᠢ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ ᠤᠨ ᠴᠢᠬᠤᠯᠠ ᠴᠢᠨᠠᠷ ᠪᠠ ᠵᠠᠶᠢᠯᠠᠰᠢ ᠦᠭᠡᠢ ᠴᠢᠨᠠᠷ ᠢ ᠬᠦᠢᠴᠡᠳ ᠲᠠᠨᠢᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ ᠢ ᠨᠢᠭᠡ ᠵᠤᠶᠢᠯ ᠤᠨ ᠤᠯᠤᠰ ᠲᠦᠷᠦ ᠶᠢᠨ ᠡᠬᠦᠷᠭᠡ᠂ ᠨᠢᠭᠡ ᠵᠤᠶᠢᠯ  ᠤᠨ ᠵᠤᠷᠢᠭ ᠰᠠᠨᠠᠭᠠᠨ ᠤ ᠬᠢᠷᠢ ᠲᠦᠪᠰᠢᠨ᠂ ᠨᠢᠭᠡ ᠵᠤᠶᠢᠯ ᠤᠨ ᠦᠵᠡᠯ ᠰᠠᠨᠠᠭᠠᠨ ᠤ ᠬᠦᠭᠡᠭᠡᠴᠡᠯᠳᠤᠯ ᠪᠤᠯᠭᠠᠵᠤ᠂ ᠤᠤᠯ ᠬᠡᠪ ᠢᠶᠠᠷ ᠨᠢ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠵᠤ᠂ ᠨᠡᠪᠳᠡᠷᠬᠡᠢ ᠤᠶᠢᠯᠠᠭᠠᠨ ᠡᠵᠡᠮᠰᠢᠵᠦ᠂ ᠨᠠᠮ  ᠤᠨ ᠲᠡᠤᠬᠡ ᠭᠡᠬᠦ ᠡᠨᠡ ᠬᠦ《 ᠵᠠᠪᠠᠯ ᠰᠤᠷᠬᠤ ᠬᠢᠴᠢᠶᠡᠯ》 ᠢ ᠰᠠᠶᠢᠳᠤᠷ ᠰᠤᠷᠤᠯᠴᠠᠵᠤ᠂ ᠬᠤᠪᠢᠰᠬᠠᠯ ᠤᠨ ᠭᠧᠨ ᠢ ᠤᠯᠠᠮᠵᠢᠯᠠᠨ ᠵᠠᠯᠠᠭᠠᠮᠵᠢᠯᠠᠵᠤ᠂ ᠤᠯᠤᠰ ᠲᠦᠷᠦ ᠲᠡᠭᠡᠷᠡᠬᠢ ᠨᠠᠶᠢᠳᠠᠪᠤᠷᠢᠳᠠᠢ ᠵᠠᠯᠭᠠᠮᠵᠢᠯᠠᠭᠴᠢ ᠪᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠲᠢᠶᠠᠨ ᠰᠢᠦᠸᠠᠢ ᠪᠢᠨ ᠴᠢᠬᠤᠯᠠᠴᠢᠯᠠᠭᠰᠠᠨ ᠨᠢ᠂ ᠵᠠᠯᠠᠭᠤ ᠺᠠᠳ᠋ᠷᠴᠤᠳ ᠲᠡᠦᠬᠡ ᠰᠤᠷᠤᠯᠴᠠᠵᠤ ᠶᠤᠰᠤ ᠤᠴᠢᠷ  ᠢ ᠤᠶᠢᠯᠠᠭᠠᠨ᠂ ᠨᠠᠮ ᠤᠨ ᠶᠡᠷᠦ ᠪᠤᠰᠤ ᠶᠢᠨ ᠦᠩᠭᠡᠷᠡᠯᠳᠡ ᠳᠠᠬᠢ ᠦᠨᠡᠨ ᠶᠣᠰᠣ ᠶᠢ ᠤᠬᠠᠵᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠭᠰᠠᠨ ᠦᠷ᠎ᠡ ᠪᠦᠲᠦᠭᠡᠯ᠂ ᠣᠨᠴᠠᠭᠠᠶᠢᠯᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠴᠢᠨᠠᠷ ᠦᠨᠡᠨ ᠶᠣᠰᠣᠴᠢ ᠴᠢᠨᠠᠷ ᠢ ᠭᠦᠨᠵᠡᠭᠡᠢ ᠣᠶᠢᠯᠠᠭᠠᠨ ᠡᠵᠡᠮᠰᠢᠵᠦ᠂ ᠣᠨᠣᠯ ᠤᠨ ᠲᠠᠯ᠎ᠠ ᠪᠠᠷ ᠬᠤᠷᠴᠠ ᠰᠡᠷᠭᠡᠭ ᠢᠶᠠᠷ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ ᠪᠠᠶᠢᠬᠤ ᠶᠢ ᠪᠠᠲᠤᠯᠠᠬᠤ ᠬᠡᠷᠡᠭᠲᠡᠢ᠃ ᠲᠡᠦᠬᠡ ᠰᠤᠷᠤᠯᠴᠠᠵᠤ ᠢᠲᠡᠭᠡᠯ ᠢᠶᠠᠨ ᠨᠡᠮᠡᠭᠳᠡᠬᠦᠯᠵᠦ᠂ ᠨᠠᠮ ᠤᠨ ᠶᠡᠷᠦ ᠪᠤᠰᠤ ᠶᠢᠨ ᠦᠩᠭᠡᠷᠡᠯᠳᠡ ᠲᠤᠮᠳᠠᠬᠢ ᠤᠭ ᠰᠠᠨᠠᠭ᠎ᠠ ᠲᠡᠤᠬᠡᠳᠦ ᠡᠬᠦᠷᠭᠡ ᠬᠠᠷᠢᠭᠤᠴᠠᠯᠭ᠎ᠠ ᠪᠠᠨ ᠪᠠᠳᠤᠳᠬᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠳᠤᠮᠳᠠ ᠠᠴᠠ ᠢᠲᠡᠭᠡᠯ ᠪᠢᠰᠢᠷᠡᠯ ᠤᠨ ᠬᠦᠴᠦᠨ ᠵᠦᠢᠯ ᠢ ᠣᠯᠵᠤ᠂ ᠨᠠᠮ ᠳᠠᠭᠠᠨ ᠦᠨᠡᠨᠴᠢ ᠰᠢᠳᠤᠷᠭᠤ ᠤᠯᠤᠰ ᠲᠥᠷᠥ ᠶᠢᠨ ᠬᠡᠪ ᠴᠢᠨᠠᠷ ᠢ ᠤᠯᠠᠮᠵᠢᠯᠠᠨ ᠵᠠᠯᠭᠠᠮᠵᠢᠯᠠᠵᠤ᠂ 《ᠳᠥᠷᠪᠡᠨ ᠤᠬᠠᠮᠰᠠᠷ》 ᠢᠶᠠᠨ ᠦᠨᠡᠨ ᠬᠦ ᠴᠢᠩᠭᠠᠳᠬᠠᠵᠤ᠂ 《ᠳᠥᠷᠪᠡᠨ ᠢᠲᠡᠭᠡᠯ》 ᠢᠶᠠᠨ ᠪᠠᠲᠤᠳᠬᠠᠵᠤ᠂ 《ᠬᠤᠶᠠᠷ ᠢ ᠬᠠᠮᠠᠭᠠᠯᠠᠬᠤ》 ᠶᠢ ᠬᠦᠢᠴᠡᠳᠭᠡᠬᠦ ᠬᠡᠷᠡᠭᠲᠡᠢ᠃ ᠲᠡᠦᠬᠡ ᠰᠤᠷᠤᠯᠴᠠᠵᠤ ᠶᠤᠰᠤ ᠰᠤᠷᠳᠠᠬᠤᠨ ᠢ ᠡᠷᠬᠢᠮᠯᠡᠵᠦ᠂ ᠨᠠᠮ ᠤᠨ ᠶᠡᠷᠦ ᠪᠤᠰᠤ ᠶᠢᠨ ᠥᠩᠭᠡᠷᠡᠯᠲᠡ ᠳᠤᠮᠳᠠ ᠨᠠᠮ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ᠂ ᠦᠨᠡᠨ ᠬᠦ ᠤᠯᠤᠰ ᠲᠥᠷᠥ ᠶᠢᠨ ᠶᠣᠰᠣ ᠮᠣᠷᠠᠯ  ᠢ ᠪᠤᠢ ᠪᠤᠯᠭᠠᠵᠤ᠂ ᠡᠷᠬᠢᠮ ᠨᠠᠨᠳᠢᠨ ᠮᠣᠷᠠᠯ ᠰᠤᠷᠳᠠᠯ ᠢ ᠤᠶᠢᠯᠠᠭᠠᠨ ᠡᠵᠡᠮᠰᠢᠵᠦ᠂ ᠨᠡᠶᠢᠲᠡ ᠶᠢᠨ ᠶᠣᠰᠣ ᠮᠣᠷᠠᠯ ᠢ ᠰᠠᠬᠢᠵᠤ᠂ ᠬᠤᠪᠢ ᠶᠢᠨ ᠵᠠᠩ ᠮᠣᠷᠠᠯ ᠢ ᠴᠢᠩᠭ᠎ᠠ ᠡᠷᠬᠢᠮᠯᠡᠨ᠂ ᠡᠪ ᠬᠠᠮᠲᠤ ᠨᠠᠮ ᠤᠨ ᠭᠡᠰᠢᠭᠦᠨ ᠤ ᠲᠡᠷᠢᠭᠦᠨ ᠤ ᠴᠢᠨᠠᠷ ᠢ ᠬᠡᠵᠢᠶᠡᠳᠡ ᠪᠠᠲᠤᠯᠠᠬᠤ ᠬᠡᠷᠡᠭᠲᠡᠢ᠃ ᠲᠡᠦᠬᠡ ᠰᠤᠷᠤᠯᠴᠠᠵᠤ ᠪᠤᠳᠠᠳᠠᠢ ᠠᠵᠢᠯᠯᠠᠵᠤ᠂ ᠨᠠᠮ ᠤᠨ ᠶᠡᠷᠦ ᠪᠤᠰᠤ ᠶᠢᠨ ᠦᠩᠭᠡᠷᠡᠯᠳᠡ ᠳᠠᠬᠢ ᠤᠷᠤᠭᠰᠢᠯᠠᠬᠤ ᠬᠦᠴᠦᠨ ᠢᠶᠠᠨ ᠬᠤᠷᠠᠮᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ︽ᠠᠷᠪᠠᠨ ᠵᠢᠷᠭᠤᠭᠠᠨ ᠦᠰᠦᠭᠳᠦ︾ ᠤᠰᠤ ᠵᠠᠰᠠᠬᠤ ᠰᠡᠳᠬᠢᠮᠵᠢ ᠪᠠ ᠤᠰᠤ ᠵᠠᠰᠠᠬᠤ ᠴᠢᠬᠤᠯᠠ ᠶᠠᠷᠢᠶ᠎ᠠ ᠶᠢᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ᠂ ᠨᠠᠮ ᠤᠨ ᠲᠥᠪ ᠬᠤᠷᠢᠶ᠎ᠠ ᠶᠢᠨ ᠤᠰᠤᠨ ᠠᠰᠢᠭᠯᠠᠯᠲᠠ ᠶᠢᠨ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠯᠠᠪᠳᠠᠭᠤᠨ ᠪᠠᠲᠤᠲᠠᠢ ᠡᠵᠡᠮᠰᠢᠵᠦ᠂ ︽ᠭᠤᠷᠪᠠᠨ ᠬᠤᠣᠰ ᠪᠠᠷᠢᠮᠵᠢᠶ᠎ᠠ᠂ ᠨᠢᠭᠡ ᠲᠥᠯᠥᠪᠵᠢᠭᠦᠯᠭᠡ︾ ᠶᠢᠨ ᠲᠤᠰᠬᠠᠢ ᠠᠵᠢᠯᠯᠠᠭ᠎ᠠ ᠳᠤ ᠦᠨᠡᠨ ᠬᠦ ᠤᠷᠤᠯᠴᠠᠵᠤ᠂ ᠡᠬᠦᠷᠭᠡ ᠬᠠᠷᠢᠭᠤᠴᠠᠯᠭ᠎ᠠ ᠶᠢ ᠴᠢᠩᠭᠠᠳᠬᠠᠵᠤ᠂ ᠬᠢᠵᠠᠭᠠᠷ ᠱᠤᠭᠤᠮ ᠤᠨ ᠰᠡᠳᠬᠢᠬᠦᠢ ᠶᠢ ᠪᠠᠷᠢᠮᠳᠠᠯᠠᠵᠤ᠂ ᠠᠵᠢᠯ ᠤᠨ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠵᠤ᠂ ᠰᠢᠨ᠎ᠡ ᠱᠠᠳᠤ ᠦᠶ᠎ᠡ ᠶᠢᠨ ᠤᠰᠤᠨ ᠠᠰᠢᠭᠯᠠᠯᠳᠠ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠳᠤ ᠵᠠᠯᠠᠭᠤ ᠨᠠᠰᠤᠨ ᠤ ᠬᠦᠴᠦᠨ ᠵᠢᠳᠬᠦᠯ ᠢᠶᠠᠨ ᠨᠡᠮᠡᠷᠢᠯᠡᠬᠦ ᠬᠡᠷᠡᠭᠲᠡᠢ ᠭᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号