ᠲᠢᠶᠠᠨ ᠰᠢᠦᠸᠠᠢ ᠪᠢᠨ ᠱᠠᠨᠳᠦ᠋ᠩ ᠮᠤᠵᠢ ᠶᠢᠨ ᠬᠠᠲᠤᠨ ᠭᠤᠣᠯ ᠤᠨ ᠤᠰᠤᠯᠤᠯᠲᠠ ᠶᠢᠨ ᠣᠷᠣᠨ ᠤ ᠣᠳᠣᠬᠢᠴᠢᠯᠠᠭᠰᠠᠨ ᠥᠭᠡᠷᠡᠴᠢᠯᠡᠯᠲᠡ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/4/15
    4 ᠰᠠᠷ᠎ᠠ ᠶᠢᠨ 12 ᠤ ᠡᠳᠦᠷ ᠠᠴᠠ 14 ᠤ ᠡᠳᠦᠷ ᠪᠣᠯᠲᠠᠯ᠎ᠠ᠂ ᠤᠰᠤᠨ ᠠᠰᠢᠭᠯᠠᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ 《 ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠬᠦ ᠶᠢᠨ ᠲᠥᠯᠥᠭᠡ᠂ ᠲᠢᠶᠠᠨ ᠰᠢᠦᠸᠠᠢ ᠪᠢᠨ ᠳᠡᠳ᠋ ᠰᠠᠶᠢᠳ ᠠᠵᠢᠯ ᠤᠨ ᠪᠦᠯᠬᠦᠮ ᠳᠠᠭᠠᠭᠤᠯᠤᠨ ᠱᠠᠨᠳᠦ᠋ᠩ ᠮᠤᠵᠢ ᠶᠢᠨ ᠸᠧᠢ ᠱᠠᠨ᠂ ᠶᠠᠨ ᠲᠠᠨ ᠵᠡᠷᠭᠡ ᠬᠠᠲᠤᠨ ᠭᠤᠣᠯ ᠤᠨ ᠤᠰᠤᠯᠠᠯᠲᠠ ᠶᠢᠨ ᠣᠷᠣᠨ ᠳᠤ ᠬᠦᠷᠴᠦ ᠣᠳᠣᠬᠢᠴᠢᠯᠠᠭᠰᠠᠨ ᠥᠭᠡᠷᠡᠴᠢᠯᠡᠯᠲᠡ ᠶᠢᠨ ᠠᠵᠢᠯ ᠢ ᠪᠠᠶᠢᠴᠠᠭᠠᠨ ᠰᠤᠳᠤᠯᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠸᠧᠢ ᠱᠠᠨ ᠬᠠᠭᠠᠯᠲᠠ᠂ ᠶᠠᠨ ᠲᠠᠨ ᠤ ᠡᠯᠡᠰᠦ ᠲᠣᠭᠲᠠᠪᠤᠷᠢᠵᠢᠭᠤᠯᠬᠤ ᠨᠠᠭᠤᠷ ᠢ ᠵᠠᠰᠠᠬᠤ᠂ ᠸᠧᠢ ᠱᠠᠨ ᠤᠰᠤᠯᠠᠯᠲᠠ ᠶᠢᠨ ᠣᠷᠣᠨ ᠤ ᠤᠰᠤᠯᠠᠯᠲᠠ ᠶᠢᠨ ᠲᠤᠷᠰᠢᠯᠲᠠ ᠶᠢᠨ ᠥᠷᠲᠡᠭᠡ᠂ ᠡᠯ ᠭᠠᠨ ᠴᠢᠦᠢ ᠰᠤᠪᠠᠭ ᠤᠨ ᠤᠰᠤ ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ ᠵᠢᠴᠢ ᠶᠠᠨ ᠲᠠᠨ ᠤ ᠬᠠᠲᠤᠨ ᠭᠤᠣᠯ ᠤᠨ ᠬᠠᠭᠠᠯᠳᠠ᠂ ᠶᠠᠨ ᠲᠠᠨ ᠤ ᠡᠯᠡᠰᠦ ᠰᠡᠷᠭᠡᠶᠢᠯᠡᠬᠦ ᠬᠠᠭᠠᠯᠳᠠ ᠵᠡᠷᠭᠡ ᠭᠠᠵᠠᠷ ᠲᠤ ᠬᠦᠷᠴᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠬᠠᠮᠢᠶᠠᠷᠤᠯᠲᠠ ᠶᠢ ᠪᠣᠳᠠᠲᠠᠢ ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ ᠤᠰᠤᠨ ᠤ ᠦᠨ᠎ᠡ ᠬᠠᠩᠰᠢ ᠶᠢ ᠬᠢᠨᠠᠨ ᠲᠣᠭᠲᠠᠭᠠᠬᠤ᠂ ᠤᠰᠤᠨ ᠤ ᠰᠦᠢᠳᠬᠡᠯ ᠬᠤᠷᠢᠶᠠᠬᠤ᠂ ᠲᠠᠷᠢᠶᠠᠯᠠᠩ ᠤᠨ ᠲᠠᠷᠢᠮᠠᠯ ᠵᠢᠴᠢ ᠲᠠᠷᠢᠶᠠᠨ ᠭᠠᠵᠠᠷ ᠤᠨ ᠤᠰᠤ ᠠᠷᠪᠢᠯᠠᠬᠤ ᠪᠠᠶᠢᠳᠠᠯ ᠢ ᠨᠠᠷᠢᠨ ᠣᠶᠢᠯᠠᠭᠠᠵᠠᠢ᠃ ᠠᠳᠡ ᠪᠠᠶᠢᠬᠤ ᠬᠤᠭᠤᠴᠠᠭᠠᠨ ᠳᠠᠭᠠᠨ ᠰᠠᠭᠤᠳᠠᠯ ᠤᠨ ᠬᠤᠷᠠᠯ ᠬᠢᠵᠦ ᠂ ᠱᠠᠨᠳᠦ᠋ᠩ ᠮᠣᠵᠢ ᠶᠢᠨ ᠤᠰᠤᠨ ᠠᠰᠢᠭᠯᠠᠯᠲᠠ ᠶᠢᠨ ᠲᠢᠩᠬᠢᠮ᠂ ᠬᠠᠮᠢᠶ᠎ᠠ ᠪᠥᠬᠦᠢ ᠬᠤᠲᠠ ᠰᠢᠶᠠᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠪᠣᠯᠤᠨ ᠦᠨᠳᠦᠰᠦᠨ ᠱᠠᠲᠤᠨ ᠤ ᠤᠰᠤᠯᠠᠯᠲᠠ ᠶᠢᠨ ᠣᠷᠣᠨ ᠤ ᠠᠵᠢᠯᠲᠠᠳ ᠤᠨ ᠬᠠᠲᠤᠨ ᠭᠤᠣᠯ ᠤᠨ ᠰᠠᠪᠠ ᠭᠠᠵᠠᠷ ᠤᠨ ᠤᠰᠤ ᠶᠢ ᠬᠦᠨᠵᠡᠭᠡᠢ ᠠᠷᠪᠢᠯᠠᠨ ᠡᠵᠡᠮᠳᠡᠬᠦ᠂ ᠤᠰᠤᠯᠠᠯᠲᠠ ᠶᠢᠨ ᠣᠷᠣᠨ ᠤ ᠤᠳᠤᠬᠢᠴᠢᠯᠠᠭᠰᠠᠨ ᠦᠭᠡᠷᠡᠴᠢᠯᠡᠯᠳᠡ ᠵᠡᠷᠭᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠰᠣᠨᠣᠰᠴᠠᠢ᠃      ᠲᠢᠶᠠᠨ ᠰᠢᠦᠸᠠᠢ ᠪᠢᠨ ᠶᠠᠷᠢᠯᠴᠠᠬᠤ ᠳᠤᠮᠳᠠ ᠪᠠᠨ ᠬᠠᠲᠤᠨ ᠭᠤᠣᠯ ᠤᠨ ᠤᠰᠤᠯᠠᠯᠲᠠ ᠶᠢᠨ ᠣᠷᠣᠨ ᠪᠣᠯ ᠱᠠᠨᠳᠦ᠋ᠩ ᠮᠣᠵᠢ ᠶᠢᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠬᠤᠯᠠ ᠰᠠᠭᠤᠷᠢᠨ ᠪᠠ ᠬᠠᠲᠤᠨ ᠭᠤᠣᠯ ᠳᠠᠭᠠᠤ ᠬᠤᠲᠠ ᠰᠢᠶᠠᠨ ᠤ ᠠᠵᠤ ᠦᠢᠯᠡᠳᠪᠦᠷᠢ᠂ ᠠᠮᠢᠳᠤᠷᠠᠯ ᠤᠨ ᠴᠢᠬᠤᠯᠠ ᠤᠰᠤᠨ ᠤ ᠡᠬᠢ ᠰᠤᠷᠪᠤᠯᠵᠢ ᠮᠦᠨ᠂ ᠮᠥᠨ ᠴᠦ ᠬᠠᠲᠤᠨ ᠭᠤᠣᠯ ᠤᠨ ᠰᠠᠪᠠ ᠭᠠᠵᠠᠷ ᠤᠨ ᠤᠰᠤ ᠶᠢ ᠬᠦᠨᠵᠡᠭᠡᠢ ᠠᠷᠪᠢᠯᠠᠵᠤ ᠡᠵᠡᠮᠳᠡᠬᠦ ᠭᠤᠣᠯ ᠵᠢᠭᠰᠠᠭᠠᠯ ᠤᠨ ᠭᠠᠵᠠᠷ ᠮᠥᠨ᠃ ᠶᠡᠷᠦᠩᠬᠡᠢ ᠱᠦᠵᠢ ᠰᠢ ᠶᠢᠨ ᠫᠢᠩ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠶᠠᠰᠤ ᠴᠢᠨᠠᠷ ᠤᠨ ᠬᠥᠭᠵᠢᠯᠲᠡ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠪᠠ ᠭᠠᠵᠠᠷ ᠤᠷᠤᠨ ᠤ ᠴᠢᠨᠠᠷ ᠰᠠᠶᠢᠳᠠᠢ ᠬᠦᠭᠵᠢᠯᠳᠡ ᠶᠢ ᠪᠠᠳᠤᠯᠠᠬᠤ ᠦᠨᠳᠦᠷᠴᠡ ᠠᠴᠠ ᠤᠰᠤ ᠬᠡᠷᠡᠭᠯᠡᠬᠦ ᠶᠢ ᠨᠠᠷᠢᠯᠢᠭᠵᠢᠭᠤᠯᠤᠨ ᠬᠠᠮᠢᠶᠠᠷᠬᠤ ᠶᠢ ᠴᠢᠩᠭᠠᠳᠬᠠᠵᠤ᠂ ᠤᠰᠤᠯᠠᠯᠳᠠ ᠶᠢᠨ ᠤᠷᠤᠨ ᠤ ᠬᠠᠮᠢᠶᠠᠷᠤᠯᠳᠠ ᠶᠢᠨ ᠲᠤᠭᠳᠠᠴᠠ  ᠶᠢᠨ ᠦᠭᠡᠷᠡᠴᠢᠯᠡᠯᠳᠡ ᠶᠢ ᠲᠠᠰᠤᠷᠠᠯᠳᠠ ᠦᠭᠡᠢ ᠬᠦᠨᠵᠡᠭᠡᠶᠢᠷᠡᠬᠦᠯᠵᠦ᠂ ᠤᠰᠤᠯᠠᠯᠳᠠ ᠶᠢᠨ ᠤᠷᠤᠨ ᠤ ᠤᠳᠤᠬᠢᠴᠢᠯᠠᠭᠰᠠᠨ ᠦᠭᠡᠷᠡᠴᠢᠯᠡᠯᠳᠡ ᠶᠢ ᠲᠦᠷᠭᠡᠳᠭᠡᠨ ᠠᠬᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠳᠤᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃      ᠲᠢᠶᠠᠨ ᠰᠢᠦᠸᠠᠢ ᠪᠢᠨ ᠵᠢᠭᠠᠵᠤ ᠭᠠᠷᠭᠠᠭᠰᠠᠨ ᠨᠢ᠂ ᠱᠠᠨᠳᠦ᠋ᠩ ᠤᠨ ᠬᠠᠲᠤᠨ ᠭᠤᠣᠯ ᠤᠨ ᠤᠰᠤᠯᠤᠯᠲᠠ ᠶᠢᠨ ᠣᠷᠣᠨ ᠤ ᠣᠯᠠᠨ ᠵᠢᠯ ᠤᠨ ᠦᠷᠭᠦᠯᠵᠢᠯᠡᠨ ᠪᠠᠶᠢᠭᠤᠯᠬᠤ ᠢᠵᠢ ᠪᠦᠷᠢᠳᠦᠭᠦᠯᠬᠦ ᠪᠠ ᠤᠰᠤ ᠠᠷᠪᠢᠯᠠᠬᠤ ᠥᠭᠡᠷᠡᠴᠢᠯᠡᠯᠲᠡ ᠪᠠᠷ ᠳᠠᠮᠵᠢᠨ ᠮᠡᠳᠡᠭᠳᠡᠬᠦ᠋ᠴᠡ ᠠᠮᠵᠢᠯᠲᠠ ᠣᠯᠤᠭᠰᠠᠨ ᠪᠣᠯᠪᠠᠴᠤ ᠣᠳᠣᠬᠢᠴᠢᠯᠠᠭᠰᠠᠨ ᠤᠰᠤᠯᠠᠯᠲᠠ ᠶᠢᠨ ᠣᠷᠣᠨ ᠤ ᠱᠠᠭᠠᠷᠳᠠᠯᠭ᠎ᠠ ᠲᠠᠢ ᠮᠥᠨ ᠬᠦ ᠵᠥᠷᠢᠶ᠎ᠡ ᠲᠠᠢ ᠪᠠᠶᠢᠵᠤ᠂ ᠤᠯᠠᠮ ᠨᠢᠭᠡ ᠠᠯᠬᠤᠮ ᠴᠢᠷᠮᠠᠶᠢᠬᠤ ᠴᠢᠬᠤᠯᠠ ᠲᠠᠢ ᠪᠠᠶᠢᠨ᠎ᠠ᠃ ᠨᠢᠭᠡ ᠳᠤ ᠤᠰᠤᠯᠠᠯᠲᠠ ᠶᠢᠨ ᠣᠷᠣᠨ ᠤ ᠪᠠᠷᠢᠯᠭ᠎ᠠ ᠲᠥᠬᠦᠭᠡᠷᠦᠮᠵᠢ ᠶᠢ ᠲᠡᠬᠦᠯᠳᠡᠷᠵᠢᠬᠦᠯᠬᠦ ᠬᠡᠷᠡᠭᠲᠡᠢ᠃ ᠰᠢᠰᠲ᠋ᠧᠮᠲᠦ ᠰᠡᠳᠬᠢᠬᠦᠢ ᠶᠢ ᠪᠠᠷᠢᠮᠳᠠᠯᠠᠨ᠂ ᠰᠢᠶᠠᠨ ᠠᠴᠠ ᠰᠠᠯᠪᠤᠷᠢ ᠭᠤᠤᠯ ᠰᠤᠪᠠᠭ᠂ ᠰᠠᠯᠪᠤᠷᠢ ᠰᠤᠪᠠᠭ ᠤᠨ ᠰᠢᠰᠲ᠋ᠧᠮ ᠤᠨ ᠢᠵᠢ ᠪᠦᠷᠢᠳᠦᠬᠦᠯᠬᠦ ᠢᠨᠵᠧᠨᠧᠷᠢᠩ ᠢ ᠬᠤᠪᠢᠳᠠᠨ ᠬᠠᠷᠢᠭᠤᠴᠠᠬᠤ ᠪᠠᠷ ᠭᠤᠤᠯᠳᠠᠯᠭ᠎ᠠ ᠪᠤᠯᠭᠠᠵᠤ᠂ ᠨᠢᠭᠡᠳᠦᠯᠲᠡᠢ ᠲᠥᠯᠥᠪᠯᠡᠨ ᠰᠤᠪᠠᠭ ᠤᠨ ᠲᠡᠭᠡᠳᠦ ᠲᠤᠤᠷᠠᠳᠤ ᠤᠷᠤᠰᠬᠠᠯ᠂ ᠵᠡᠬᠦᠨ ᠪᠠᠷᠠᠭᠤᠨ ᠡᠷᠬᠢ᠂ ᠭᠤᠣᠯᠯᠠᠭᠴᠢ ᠲᠠᠷᠢᠶᠠᠨ ᠭᠠᠵᠠᠷ ᠲᠤ ᠤᠰᠤᠯᠠᠯᠲᠠ ᠶᠢᠨ ᠣᠷᠣᠨ ᠤ ᠰᠢᠰᠲ᠋ᠧᠮ ᠢ ᠰᠠᠶᠢᠲᠤᠷ ᠬᠢᠵᠦ ᠂ ᠲᠡᠭᠦᠯᠳᠡᠷᠵᠢᠭᠰᠡᠨ ᠤᠰᠤᠯᠠᠵᠤ ᠵᠠᠯᠠᠬᠤ ᠰᠢᠰᠲ᠋ᠧᠮᠵᠢ ᠶᠢ ᠪᠣᠢ ᠪᠣᠯᠭᠠᠨ᠎ᠠ᠃ ᠬᠤᠶᠠᠷ ᠲᠤ ᠤᠰᠤᠯᠠᠯᠲᠠ ᠶᠢᠨ ᠤᠰᠤ ᠠᠷᠪᠢᠯᠠᠬᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠤᠰᠤᠯᠠᠯᠲᠠ ᠶᠢᠨ ᠣᠷᠣᠨ ᠤ ᠮᠡᠳᠡᠭᠡ ᠵᠠᠩᠭᠢᠵᠢᠯᠲᠡ ᠶᠢᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠤᠯᠭᠠᠵᠤ᠂ ᠤᠰᠤ ᠬᠡᠷᠡᠭᠯᠡᠬᠦ ᠬᠡᠮᠵᠢᠯᠲᠡ ᠶᠢᠨ ᠲᠥᠬᠦᠭᠡᠷᠦᠮᠵᠢ ᠶᠢ ᠪᠦᠷᠢᠨᠰᠢᠬᠦᠯᠵᠦ᠂ ᠭᠠᠵᠠᠷ ᠰᠢᠷᠣᠢ᠂ ᠲᠠᠷᠢᠮᠠᠯ᠂ ᠴᠠᠭ ᠠᠭᠤᠷ ᠵᠡᠷᠭᠡ ᠡᠯ᠎ᠡ ᠲᠠᠯ᠎ᠠ ᠶᠢᠨ ᠮᠡᠳᠡᠭᠡ ᠵᠠᠩᠭᠢ ᠶᠢ ᠰᠢᠨᠵᠢᠯᠡᠬᠦ ᠤᠬᠠᠭᠠᠨᠴᠢ ᠪᠠᠷ ᠬᠤᠷᠢᠶᠠᠩᠭᠤᠶᠢᠯᠠᠵᠤ᠂ ᠨᠠᠷᠢᠯᠢᠭ ᠤᠨᠤᠪᠴᠢᠳᠠᠢ ᠮᠠᠭᠠᠳᠯᠠᠵᠤ᠂ ᠤᠰᠤ ᠬᠠᠩᠭᠠᠯᠳᠠ ᠶᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠤᠰᠤᠯᠠᠯᠳᠠ ᠶᠢᠨ ᠨᠠᠷᠢᠯᠢᠭ ᠤᠨᠤᠪᠴᠢᠳᠠᠢ ᠪᠠᠶᠢᠬᠤ  ᠶᠢ ᠪᠡᠶᠡᠯᠡᠬᠦᠯᠬᠦ ᠬᠡᠷᠡᠭᠲᠡᠢ᠃ ᠭᠤᠷᠪᠠ ᠳᠤ ᠤᠰᠤᠯᠠᠯᠲᠠ ᠶᠢᠨ ᠣᠷᠣᠨ ᠤ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠬᠦᠨᠵᠡᠭᠡᠶᠢᠷᠡᠬᠦᠯᠬᠦ ᠬᠡᠷᠡᠭᠲᠡᠢ᠃ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠭᠡᠬᠦ ᠡᠨᠡᠬᠦ 《 ᠦᠬᠡᠷ ᠤᠨ ᠬᠠᠮᠠᠷ 》 ᠢ ᠴᠢᠩᠭ᠎ᠠ ᠠᠳᠬᠤᠵᠤ᠂ ᠤᠰᠤᠯᠠᠯᠲᠠ ᠶᠢᠨ ᠣᠷᠣᠨ ᠤ 《 ᠬᠤᠶᠠᠷ ᠢ ᠲᠣᠭᠲᠠᠭᠠᠬᠤ 》 《 ᠬᠤᠶᠠᠷ ᠵᠠᠷᠤᠳᠠᠯ 》 ᠢ ᠴᠢᠩᠭ᠎ᠠ ᠨᠠᠶᠢᠳᠠᠪᠤᠷᠢᠵᠢᠭᠤᠯᠵᠤ᠂ ᠤᠰᠤᠯᠠᠯᠳᠠ ᠶᠢᠨ ᠤᠷᠤᠨ ᠤ ᠠᠵᠢᠯᠳᠠᠳ ᠤᠨ ᠡᠩᠨᠡᠭᠡ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠤᠰᠤ ᠬᠠᠩᠭᠠᠬᠤ ᠬᠠᠮᠢᠶᠠᠷᠤᠯᠳᠠ᠂ ᠪᠠᠷᠢᠯᠭ᠎ᠠ ᠶᠢᠨ ᠬᠠᠮᠠᠭᠠᠯᠠᠯᠳᠠ ᠶᠢᠨ ᠰᠠᠶᠢᠨ ᠲᠤᠭᠳᠠᠴᠠ ᠶᠢ ᠪᠠᠶᠢᠭᠤᠯᠬᠤ ᠬᠡᠷᠡᠭᠲᠡᠢ᠃ ᠳᠥᠷᠪᠡ ᠳᠤ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠭᠦᠢᠴᠡᠳ ᠲᠠᠶᠢᠴᠢᠯᠠᠵᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠦᠴᠦᠨ ᠢ ᠡᠮᠬᠢᠯᠡᠨ ᠨᠢᠭᠡᠳᠭᠡᠵᠦ᠂ ᠪᠡᠯᠡᠳᠬᠡᠮᠵᠢ ᠨᠢ ᠪᠦᠷᠢᠨ ᠲᠡᠭᠦᠯᠳᠡᠷ᠂ ᠤᠰᠤ ᠠᠷᠪᠢᠯᠠᠬᠤ ᠨᠢ ᠥᠨᠳᠥᠷ ᠦᠷ᠎ᠡ ᠪᠦᠲᠦᠮᠵᠢᠲᠡᠢ᠂ ᠬᠠᠮᠢᠶᠠᠷᠤᠯᠲᠠ ᠨᠢ ᠰᠢᠨᠵᠢᠯᠡᠬᠦ ᠤᠬᠠᠭᠠᠨᠴᠢ᠂ ᠠᠮᠢ ᠠᠬᠤᠢ ᠨᠢ ᠰᠠᠶᠢᠨ ᠰᠠᠶᠢᠬᠠᠨ ᠣᠳᠣᠬᠢᠴᠢᠯᠠᠭᠰᠠᠨ ᠤᠰᠤᠯᠠᠯᠲᠠ ᠶᠢᠨ ᠣᠷᠣᠨ ᠢ ᠴᠢᠷᠮᠠᠶᠢᠨ ᠪᠠᠶᠢᠭᠤᠯᠬᠤ ᠬᠡᠷᠡᠭᠲᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号