ᠵᠢᠱᠢᠯᠲᠡ ᠪᠠᠷ 2 ᠰᠠᠷ᠎ᠠ ᠶᠢᠨ 13 ᠤ ᠡᠳᠦᠷ ᠮᠠᠨ ᠤ ᠣᠷᠣᠨ ᠤ ᠬᠢᠯᠢ ᠳᠠᠬᠢ ᠬᠠᠲᠤᠨ ᠭᠤᠤᠯ ᠡᠬᠢᠯᠡᠵᠦ ᠭᠡᠰᠦᠨ᠎ᠡ
ᠨᠡᠶᠢᠲᠡᠯᠡᠭᠰᠡᠨ ᠴᠠᠭ᠄
2021/5/18
      ᠮᠡᠳᠡᠭᠡ ᠵᠠᠩᠭᠢ ᠶᠢᠨ ᠢᠷᠡᠯᠲᠡ᠄ ᠦᠪᠦᠷ ᠮᠤᠩᠭᠤᠯ ᠤᠨ ᠤᠰᠤᠨ ᠠᠰᠢᠭᠯᠠᠯᠳᠠ ᠶᠢᠨ ᠲᠢᠩᠬᠢᠮ       ᠨᠢᠭᠡ᠂ 2021 ᠣᠨ ᠤ ᠭᠤᠣᠯ  ᠭᠡᠰᠬᠦ ᠪᠠᠶᠢᠳᠠᠯ ᠤᠨ ᠲᠤᠬᠠᠶ ᠵᠠᠳᠠᠯᠤᠯᠲᠠ      ᠦᠪᠦᠷ ᠮᠤᠩᠭᠤᠯ ᠤᠨ ᠴᠠᠭ ᠠᠭᠤᠷ ᠤᠨ ᠰᠠᠯᠠᠭ᠎ᠠ ᠮᠥᠴᠢᠷ ᠠᠴᠠ ᠬᠠᠩᠭᠠᠭᠰᠠᠨ ᠮᠡᠳᠡᠭᠡ ᠵᠠᠩᠭᠢ ᠶᠢ ᠦᠨᠳᠦᠰᠦᠯᠡᠪᠡᠯ᠂ 1 ᠳ᠋ᠤᠭᠡᠷ ᠰᠠᠷ᠎ᠠ ᠶᠢᠨ 28 ᠤ ᠡᠳᠦᠷ ᠠᠴᠠ 3 ᠳ᠋ᠤᠭᠠᠷ ᠰᠠᠷ᠎ᠠ ᠶᠢᠨ 8 ᠤ ᠡᠳᠦᠷ ᠪᠣᠯᠲᠠᠯ᠎ᠠ᠂ ᠮᠠᠨ ᠤ ᠣᠷᠣᠨ ᠤ ᠬᠠᠳᠤᠨ ᠭᠤᠣᠯ ᠳᠠᠭᠠᠤ ᠭᠠᠵᠠᠷ ᠣᠷᠣᠨ ᠪᠤᠯᠬᠤ ᠪᠠᠶᠠᠨᠨᠠᠭᠤᠷ ᠬᠤᠳᠠ᠂ ᠤᠷᠳᠤᠰ ᠬᠤᠳᠠ᠂ ᠦᠬᠠᠢ ᠬᠤᠲᠠ ᠪᠣᠯᠤᠨ ᠠᠯᠠᠱᠠ ᠠᠶᠢᠮᠠᠭ ᠤᠨ ᠳᠤᠮᠳᠠᠴᠢ ᠠᠭᠠᠷ ᠤᠨ ᠳᠤᠯᠠᠭᠠᠨ ᠨᠢ ᠡᠩ ᠤᠨ ᠵᠢᠯ ᠤᠨ ᠬᠢ ᠠᠴᠠ 1~2℃ ᠥᠨᠳᠥᠷ ᠪᠠᠶᠢᠵᠤ᠂ ᠪᠤᠰᠤᠳ ᠭᠠᠵᠠᠷ ᠣᠷᠣᠨ ᠨᠢ ᠡᠩ ᠤᠨ ᠵᠢᠯ ᠤᠨ ᠬᠢ ᠠᠴᠠ 0~1℃ ᠥᠨᠳᠥᠷ ᠪᠠᠶᠢᠳᠠᠭ᠃      ᠠᠭᠠᠷ ᠤᠨ ᠳᠤᠯᠠᠭᠠᠨ ᠤ ᠳᠡᠭᠡᠭᠰᠢᠯᠡᠬᠦ ᠶᠢ ᠳᠠᠭᠠᠯᠳᠤᠨ᠂ ᠬᠠᠲᠤᠨ ᠭᠤᠤᠯ ᠤᠨ ᠨᠢᠩᠰᠢᠶᠠ ᠶᠢᠨ ᠬᠡᠰᠡᠭ ᠤᠨ ᠭᠤᠤᠯ ᠭᠡᠰᠬᠦ ᠬᠤᠷᠳᠤᠴᠠ ᠲᠦᠷᠭᠡᠰᠪᠡ᠃ ᠴᠠᠭ ᠠᠭᠤᠷ ᠤᠨ ᠰᠠᠯᠠᠭ᠎ᠠ ᠮᠥᠴᠢᠷ ᠤᠨ ᠵᠢᠱᠢᠯᠲᠡ ᠶᠢ ᠦᠨᠳᠦᠰᠦᠯᠡᠪᠡᠯ᠂ ᠬᠠᠲᠤᠨ ᠭᠤᠤᠯ ᠤᠨ ᠳᠡᠭᠡᠳᠦ ᠤᠷᠤᠰᠬᠠᠯ ᠤᠨ ᠤᠰᠤᠨ ᠤ ᠪᠠᠶᠢᠳᠠᠯ᠂ ᠮᠥᠰᠥᠲᠦᠯᠭᠡ ᠶᠢᠨ ᠪᠠᠶᠢᠳᠠᠯ ᠵᠢᠴᠢ ᠠᠭᠠᠷ ᠤᠨ ᠳᠤᠯᠠᠭᠠᠨ ᠵᠡᠷᠭᠡ ᠬᠦᠴᠦᠨ ᠵᠦᠢᠯ  ᠤᠨ ᠵᠠᠳᠠᠯᠤᠯᠲᠠ ᠲᠠᠢ ᠤᠶᠠᠯᠳᠤᠭᠤᠯᠤᠨ᠂ ᠵᠢᠱᠢᠯᠲᠡ ᠪᠠᠷ 2 ᠳ᠋ᠤᠭᠠᠷ ᠰᠠᠷ᠎ᠠ ᠶᠢᠨ 13 ᠤ ᠡᠳᠦᠷ ᠤᠨ ᠣᠷᠴᠢᠮ ᠢᠶᠠᠷ ᠤᠨ ᠮᠠᠨ ᠤ ᠣᠷᠣᠨ ᠤ ᠬᠢᠯᠢ ᠳᠠᠬᠢ ᠬᠠᠲᠤᠨ ᠭᠤᠤᠯ ᠡᠬᠢᠯᠡᠵᠦ ᠭᠡᠰᠬᠦ ᠪᠣᠯᠤᠨ᠎ᠠ᠃       ᠬᠤᠶᠠᠷ᠂ 2020 — 2021 ᠬᠠᠳᠤᠨ ᠭᠤᠣᠯ ᠤᠨ ᠦᠪᠦᠷ ᠮᠤᠩᠭᠤᠯ ᠬᠡᠰᠡᠭ ᠤᠨ ᠭᠤᠣᠯ ᠬᠦᠯᠳᠡᠭᠰᠡᠨᠨ ᠪᠠᠶᠢᠳᠠᠯ      2020 ᠣᠨ ᠤ 12 ᠰᠠᠷ᠎ᠠ ᠶᠢᠨ 4 ᠤ ᠡᠳᠦᠷ ᠤᠨ 09 ᠴᠠᠭ 30 ᠮᠢᠨᠦ᠋ᠲ ᠲᠤ ᠦᠪᠦᠷ ᠮᠤᠩᠭᠤᠯ ᠳᠠᠬᠢ ᠬᠠᠨᠳᠣᠨ ᠭᠤᠤᠯ ᠤᠨ ᠬᠡᠰᠡᠭ ᠤᠨ ᠪᠤᠭᠤᠳᠤ ᠶᠢᠨ ᠤᠰᠤᠨ ᠰᠢᠨᠵᠢᠯᠡᠭᠡᠨ ᠤ ᠥᠷᠲᠡᠭᠡ ᠶᠢᠨ ᠳᠡᠭᠡᠳᠦ ᠤᠷᠤᠰᠬᠠᠯ ᠤᠨ 17 ᠺᠢᠯᠣᠮᠧᠲᠷ ᠤᠨ ᠭᠠᠵᠠᠷ ᠲᠤ ᠠᠩᠬ᠎ᠠ ᠤᠳᠠᠭ᠎ᠠ ᠡᠬᠢᠯᠡᠨ ᠭᠤᠤᠯ ᠬᠦᠯᠳᠡᠭᠰᠡᠨ ᠦᠵᠡᠭᠳᠡᠯ ᠢᠯᠡᠷᠡᠭᠰᠡᠨ ᠪᠠᠶᠢᠨ᠎ᠠ᠃ 12 ᠰᠠᠷ᠎ᠠ ᠶᠢᠨ 8 ᠤ ᠡᠳᠦᠷ ᠪᠤᠭᠤᠳᠤ ᠶᠢᠨ ᠣᠭᠲᠣᠯᠤᠭᠠᠰᠤ ᠶᠢᠨ ᠳᠡᠭᠡᠳᠦ ᠤᠷᠤᠰᠬᠠᠯ ᠤᠨ 1 ᠺᠢᠯᠣᠮᠧᠲᠷ᠂ ᠳᠣᠣᠷᠠᠳᠤ ᠤᠷᠤᠰᠬᠠᠯ ᠤᠨ 7 ᠺᠢᠯᠣᠮᠧᠲᠷ ᠵᠠᠶᠢᠲᠠᠶ ᠭᠠᠵᠠᠷ ᠡᠬᠢᠯᠡᠨ ᠬᠦᠯᠳᠡᠵᠡᠢ᠃ 12 ᠰᠠᠷ᠎ᠠ ᠶᠢᠨ 14 ᠤ ᠡᠳᠦᠷ ᠤᠨ 8 ᠴᠠᠭ ᠲᠤ᠂ ᠰᠠᠨ ᠬᠤ᠋ ᠭᠤᠣᠯ ᠤᠨ ᠠᠮᠠ᠂ ᠳᠧᠦ ᠳ᠋ᠤᠤ ᠭᠤᠸᠠᠢ ᠶᠢᠨ ᠤᠰᠤᠨ ᠰᠢᠨᠵᠢᠯᠡᠭᠡᠨ ᠤ ᠣᠭᠲᠣᠯᠤᠭᠠᠰᠤ ᠬᠥᠯᠳᠡᠪᠡ᠃ 12 ᠰᠠᠷ᠎ᠠ ᠶᠢᠨ 29 ᠤ ᠡᠳᠦᠷ ᠪᠠᠶᠠᠨᠭᠤᠤᠯ ᠤᠨ ᠤᠰᠤᠨ ᠵᠦᠶ ᠶᠢᠨ ᠣᠭᠲᠣᠯᠤᠭᠠᠰᠤ ᠬᠦ᠋ᠯᠳᠡᠪᠡ᠃ 2021 ᠣᠨ ᠤ 1 ᠰᠠᠷ᠎ᠠ ᠶᠢᠨ 6 ᠤ ᠡᠳᠦᠷ ᠤᠨ 8 ᠴᠠᠭ ᠲᠤ᠂ ᠱᠢ ᠽᠦᠶ ᠱᠠᠨ ᠠᠭᠤᠯᠠ ᠶᠢᠨ ᠣᠭᠲᠣᠯᠤᠭᠠᠰᠤ ᠶᠢᠨ ᠳᠡᠭᠡᠳᠦ ᠤᠷᠤᠰᠬᠠᠯ ᠤᠨ 2 ᠺᠢᠯᠣᠮᠧᠲᠷ᠂ ᠳᠣᠤᠷᠠᠳᠤ ᠤᠷᠤᠰᠬᠠᠯ ᠤᠨ 8 ᠺᠢᠯᠣᠮᠧᠲᠷ ᠤᠨ ᠬᠡᠰᠡᠭ ᠬᠥᠯᠳᠡᠪᠡ᠃      1 ᠰᠠᠷ᠎ᠠ ᠶᠢᠨ 7 ᠤ ᠡᠳᠦᠷ ᠤᠨ 11 ᠴᠠᠭ ᠲᠤ ᠬᠠᠲᠤᠨ ᠭᠤᠤᠯ ᠤᠨ ᠬᠦᠯᠳᠡᠭᠰᠡᠨ ᠭᠤᠤᠯ ᠤᠨ ᠪᠠᠷᠠᠭᠤᠨ ᠡᠷᠭᠢ ᠨᠢ ᠨᠢᠭᠡᠨᠲᠡ ᠦᠪᠦᠷ ᠮᠤᠩᠭᠤᠯ ᠪᠣᠯᠤᠨ ᠨᠢᠩᠰᠢᠶᠠ ᠶᠢᠨ ᠠᠭᠤᠯᠵᠠᠷ ᠲᠠᠬᠢ ᠺᠦ᠋ ᠱᠦᠢ ᠭᠸᠤ ᠶᠢᠨ ᠬᠠᠲᠤᠨ ᠭᠤᠤᠯ ᠳᠤ ᠴᠢᠳᠬᠤᠬᠤ ᠬᠡᠰᠡᠭ ᠲᠤ ᠬᠦᠷᠴᠦ᠂ ᠬᠠᠲᠤᠨ ᠭᠤᠤᠯ ᠤᠨ ᠦᠪᠦᠷ ᠮᠤᠩᠭᠤᠯ ᠤᠨ ᠬᠡᠰᠡᠭ ᠤᠨ 720 ᠺᠢᠯᠣᠮᠧᠲᠷ ᠤᠨ ᠲᠣᠭᠲᠠᠩᠭᠤᠶ ᠬᠦᠯᠳᠡᠭᠰᠡᠨ ᠭᠤᠤᠯ ᠤᠨ ᠬᠡᠰᠡᠭ ︵ᠬᠠᠶᠢᠷᠤᠪ ᠤᠨ ᠪᠤᠯᠤᠩ ᠤᠨ ᠤᠰᠤᠨ ᠠᠰᠢᠭᠯᠠᠯᠲᠠ ᠶᠢᠨ ᠬᠦᠶ᠋ᠰᠦ ᠬᠠᠰᠢᠯᠭ᠎ᠠ ᠠᠴᠠ ᠲᠤᠷᠤᠭᠰᠢᠬᠢ 27 ᠺᠢᠯᠣᠮᠧᠲᠷ ᠢ ᠭᠠᠷᠭᠠᠪᠠᠯ︶ ᠨᠢ ᠪᠥᠬᠦ ᠱᠤᠭᠤᠮ ᠢᠶᠠᠷ ᠢᠶᠠᠨ ᠬᠦᠯᠳᠡᠪᠡ᠃ 35 ᠡᠳᠦᠷ ᠲᠠᠷᠠᠭᠠᠯᠠᠨ ᠬᠦᠯᠳᠡᠵᠦ᠂ ᠬᠥᠯᠳᠡᠭᠦᠦ ᠭᠤᠣᠯ ᠤᠨ ᠬᠡᠰᠡᠭ ᠲᠤ ᠪᠠᠰᠠ ᠬᠦᠯᠳᠡᠭᠡᠳᠦᠢ ᠤᠷᠤᠰᠬᠠᠯ ᠲᠠᠢ ᠪᠠᠶᠢᠪᠠ᠃ ᠨᠢᠩᠰᠢᠶᠠ ᠶᠢᠨ ᠬᠡᠰᠡᠭ ᠤᠨ ᠬᠦᠯᠳᠡᠭᠰᠡᠨ ᠭᠤᠤᠯ ᠤᠨ ᠣᠷᠳᠣ ᠨᠢ 146 ᠺᠢᠯᠣᠮᠧᠲᠷ ᠪᠣᠯᠤᠨ᠎ᠠ᠃ ᠨᠢᠩᠰᠢᠶᠠ ᠥᠪᠥᠷ ᠮᠣᠩᠭᠤᠯ ᠤᠨ ᠬᠡᠰᠡᠭ ᠤᠨ ᠬᠦᠯᠳᠡᠭᠰᠡᠨ ᠭᠤᠤᠯ ᠤᠨ ᠪᠥᠬᠦ ᠣᠷᠳᠣ ᠨᠢ 826 ᠺᠢᠯᠣᠮᠧᠲᠷ ᠪᠠᠶᠢᠵᠤ᠂ ᠨᠢᠳᠤᠨᠤᠨ ᠤ ᠬᠢ ︵636 ᠺᠢᠯᠣᠮᠧᠲᠷ︶ ᠠᠴᠠ 190 ᠺᠢᠯᠣᠮᠧᠲᠷ  ᠤᠷᠲᠤ       ᠪᠠᠶᠢᠨ᠎ᠠ᠃      ᠭᠤᠷᠪᠠ᠂ ᠬᠠᠲᠤᠨ ᠭᠤᠤᠯ ᠳᠠᠭᠠᠤ ᠶᠢᠨ ᠭᠠᠵᠠᠷ ᠣᠷᠣᠨ ᠤ ᠠᠭᠠᠷ ᠤᠨ ᠳᠤᠯᠠᠭᠠᠨ ᠵᠢᠴᠢ ᠮᠥᠰᠥᠲᠦᠯᠭᠡ ᠶᠢᠨ ᠪᠠᠶᠢᠳᠠᠯ      1. ᠡᠯ᠎ᠡ ᠣᠭᠲᠣᠯᠤᠭᠠᠰᠤ ᠶᠢᠨ ᠤᠷᠤᠰᠴᠠ ᠶᠢᠨ ᠪᠠᠶᠢᠳᠠᠯ      2021 ᠣᠨ ᠤ 2 ᠰᠠᠷ᠎ᠠ ᠶᠢᠨ 9 ᠤ ᠡᠳᠦᠷ ᠪᠣᠯᠲᠠᠯ᠎ᠠ᠂ ᠬᠠᠲᠤᠨ ᠭᠤᠤᠯ ᠤᠨ ᠦᠪᠦᠷ ᠮᠤᠩᠭᠤᠯ  ᠤᠨ ᠬᠡᠰᠡᠭ ᠤᠨ ᠱᠢ ᠽᠦᠶ ᠱᠠᠨ᠂ ᠪᠠᠶᠠᠨᠭᠤᠣᠯ᠂ ᠰᠠᠨ ᠬᠤ᠋ ᠭᠤᠤᠯ ᠤᠨ ᠠᠮᠠ᠂ ᠪᠤᠭᠤᠳᠤ᠂ ᠳᠧᠦ ᠳ᠋ᠤᠤ ᠭᠤᠸᠠᠶ ᠤᠰᠤᠨ ᠰᠢᠨᠵᠢᠯᠡᠭᠡᠨ ᠤ ᠥᠷᠲᠡᠭᠡ ᠶᠢᠨ 8 ᠴᠠᠭ ᠤᠨ ᠤᠷᠤᠰᠬᠠᠯ ᠤᠨ ᠬᠡᠮᠵᠢᠶ᠎ᠡ ᠨᠢ ᠲᠣᠰ ᠲᠣᠰ ᠰᠧᠺᠦ᠋ᠨ᠋ᠳ᠋ ᠪᠦᠷᠢ 753᠂ 730᠂ 780᠂ 750᠂ 755 ᠪᠣᠰᠤᠭ᠎ᠠ ᠳᠥᠷᠪᠡᠯᠵᠢᠨ ᠮᠧᠲᠷ ᠲᠤ ᠬᠦᠷᠴᠡᠶ᠃ ᠤᠷᠤᠰᠬᠠᠯ ᠤᠨ ᠬᠡᠮᠵᠢᠶ᠎ᠡ ᠨᠢ ᠥᠩᠭᠡᠷᠡᠭᠰᠡᠨ ᠵᠢᠯ ᠤᠳ ᠤᠨ ᠠᠳᠠᠯᠢ ᠬᠤᠭᠤᠴᠠᠭᠠᠨ ᠤ ᠬᠢ ᠠᠴᠠ ᠪᠠᠭ᠋ᠠᠨ ᠶᠡᠭᠡ ᠪᠠᠶᠢᠨ᠎ᠠ᠃      ᠬᠠᠲᠤᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠬᠦ ᠲᠣᠬᠢᠷᠠᠭᠤᠯᠤᠯᠲᠠ ᠶᠢᠨ ᠲᠥᠰᠦᠯ ᠶᠣᠰᠣᠭᠠᠷ᠄ ᠯᠢᠦ ᠵᠢᠶᠠ ᠰᠢᠶᠠ ᠤᠰᠤᠨ ᠴᠥᠭᠦᠷᠥᠮ ᠤᠨ 2021 ᠣᠨ ᠤ 2 ᠰᠠᠷ᠎ᠠ ᠶᠢᠨ ᠳᠤᠮᠳᠠᠴᠢ ᠦᠶ᠎ᠡ ᠶᠢᠨ ᠤᠷᠤᠰᠬᠠᠯ ᠤᠨ ᠬᠡᠮᠵᠢᠶ᠎ᠡ ᠶᠢ ᠰᠧᠺᠦ᠋ᠨ᠋ᠳ᠋ ᠪᠦᠷᠢ 480 ᠪᠣᠰᠤᠭ᠎ᠠ ᠳᠥᠷᠪᠡᠯᠵᠢᠨ ᠮᠧᠲᠷ ᠢᠶᠠᠷ ᠬᠢᠵᠠᠭᠠᠷᠯᠠᠵᠤ᠂ ᠰᠡᠭᠦᠯᠴᠢ ᠶᠢᠨ ᠦᠶ᠎ᠡ ᠶᠢᠨ ᠤᠷᠤᠰᠬᠠᠯ ᠤᠨ ᠬᠡᠮᠵᠢᠶ᠎ᠡ ᠶᠢ ᠰᠧᠺᠦ᠋ᠨ᠋ᠳ᠋ ᠪᠦᠷᠢ 400 ᠪᠣᠰᠤᠭ᠎ᠠ ᠳᠥᠷᠪᠡᠯᠵᠢᠨ ᠮᠧᠲᠷ ᠪᠠᠶᠢᠯᠭᠠᠨ᠎ᠠ᠃      2. ᠮᠥᠰᠥ ᠵᠤᠵᠠᠭᠠᠷᠠᠭᠰᠠᠨ ᠪᠠᠶᠢᠳᠠᠯ      2 ᠰᠠᠷ᠎ᠠ ᠶᠢᠨ 7 ᠤ ᠡᠳᠦᠷ ᠪᠣᠯᠲᠠᠯ᠎ᠠ᠂ ᠪᠠᠶᠠᠨᠭᠤᠤᠯ ᠤᠨ ᠤᠰᠤᠨ ᠰᠢᠨᠵᠢᠯᠡᠭᠡᠨ ᠤ ᠥᠷᠲᠡᠭᠡ ᠶᠢᠨ ᠣᠭᠲᠣᠯᠤᠭᠠᠰᠤ ᠶᠢᠨ ᠮᠥᠰᠥ ᠨᠢ 50 ᠰᠠᠨᠲ᠋ᠢᠮᠧᠲᠷ ᠵᠤᠵᠠᠭᠠᠨ ᠪᠠᠶᠢᠵᠤ᠂ ᠨᠢᠳᠤᠨᠤᠨ ᠤ ᠬᠠᠮᠤᠭ ᠤᠨ ᠶᠡᠭᠡ ᠮᠥᠰᠥ ᠠᠴᠠ 10 ᠰᠠᠨᠲ᠋ᠢᠮᠧᠲᠷ ᠵᠤᠵᠠᠭᠠᠨ  ︔ ᠰᠠᠨ ᠬᠤ᠋ ᠭᠤᠤᠯ ᠤᠨ ᠠᠮᠠ ᠶᠢᠨ ᠤᠰᠤᠨ ᠰᠢᠨᠵᠢᠯᠡᠭᠡᠨ ᠤ ᠥᠷᠲᠡᠭᠡ ᠶᠢᠨ ᠣᠭᠲᠣᠯᠤᠭᠠᠰᠤ ᠶᠢᠨ ᠡᠷᠭᠢ ᠶᠢᠨ ᠮᠥᠰᠥ ᠨᠢ 60 ᠵᠤᠵᠠᠭᠠᠨ ᠪᠠᠶᠢᠵᠤ᠂ ᠨᠢᠳᠤᠨᠤᠨ ᠤ ᠬᠠᠮᠤᠭ ᠤᠨ ᠶᠡᠭᠡ ᠮᠥᠰᠥᠨ ᠤ ᠵᠤᠵᠠᠭᠠᠨ ᠠᠴᠠ 2 ᠰᠠᠨᠲ᠋ᠢᠮᠧᠲᠷ ᠢᠯᠡᠭᠦᠤ︔ ᠪᠤᠭᠤᠳᠤ ᠶᠢᠨ ᠤᠰᠤᠨ ᠰᠢᠨᠵᠢᠯᠡᠭᠡᠨ ᠤ ᠥᠷᠲᠡᠭᠡᠨ ᠤ ᠣᠭᠲᠣᠯᠤᠭᠠᠰᠤ ᠶᠢᠨ ᠮᠥᠰᠥ 58 ᠰᠠᠨᠲ᠋ᠢᠮᠧᠲᠷ ᠵᠤᠵᠠᠭᠠᠨ ᠪᠠᠶᠢᠵᠤ᠂ ᠨᠢᠳᠤᠨᠤᠨ ᠤ ᠬᠠᠮᠤᠭ ᠤᠨ ᠶᠡᠭᠡ ᠮᠥᠰᠥᠨ ᠤ ᠵᠤᠵᠠᠭᠠᠨ ᠠᠴᠠ 1 ᠰᠠᠨᠲ᠋ᠢᠮᠧᠲᠷ ᠳᠤᠲᠠᠭᠤ︔ ᠳᠧᠦ ᠳ᠋ᠤᠤ ᠭᠤᠸᠠᠢ ᠶᠢᠨ ᠤᠰᠤᠨ ᠰᠢᠨᠵᠢᠯᠡᠭᠡᠨ ᠤ ᠥᠷᠲᠡᠭᠡᠨ ᠤ ᠣᠭᠲᠣᠯᠤᠭᠠᠰᠤ ᠶᠢᠨ ᠡᠷᠭᠢ ᠶᠢᠨ ᠮᠥᠰᠥ ᠨᠢ 62 ᠰᠠᠨᠲ᠋ᠢᠮᠧᠲᠷ ᠵᠤᠵᠠᠭᠠᠨ ᠪᠠᠶᠢᠵᠤ᠂ ᠨᠢᠳᠤᠨᠤᠨ ᠤ ᠬᠠᠮᠤᠭ ᠤᠨ ᠶᠡᠭᠡ ᠮᠥᠰᠥᠨ ᠤ ᠵᠤᠵᠠᠭᠠᠨ ᠠᠴᠠ 21 ᠰᠠᠨᠲ᠋ᠢᠮᠧᠲᠷ ᠳᠤᠲᠠᠭᠤ  ᠃      3. ᠦᠪᠦᠷ ᠮᠤᠩᠭᠤᠯ ᠤᠨ ᠬᠡᠰᠡᠭ ᠤᠨ ᠬᠤᠩᠭᠢᠯ ᠤᠨ ᠤᠰᠤ ᠬᠠᠳᠠᠭᠠᠯᠠᠬᠤ ᠨᠡᠮᠡᠭᠳᠡᠯ ᠤᠨ ᠬᠡᠮᠵᠢᠶ᠎ᠡ      2020 — 2021 ᠣᠨ ᠤ ᠪᠠᠶᠠᠨᠭᠤᠤᠯ ᠠᠴᠠ ᠳᠧᠦ ᠳ᠋ᠤᠤ ᠭᠤᠸᠠᠢ ᠳᠤ ᠬᠥᠷᠬᠦ ᠬᠤᠨᠭ᠍ᠬᠢᠯ ᠤᠨ ᠤᠰᠤ ᠬᠠᠳᠠᠭᠠᠯᠠᠬᠤ ᠬᠡᠮᠵᠢᠶ᠎ᠡ ᠨᠢ ᠬᠠᠮᠤᠭ ᠶᠡᠭᠡ ᠳᠡᠭᠡᠨ 7.79 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ︵1 ᠰᠠᠷ᠎ᠠ ᠶᠢᠨ 18 ᠤ ᠡᠳᠦᠷ ᠢᠯᠡᠷᠡᠵᠡᠶ︶ ᠪᠠᠶᠢᠵᠤ᠂ ᠨᠢᠳᠤᠨᠤᠨ ᠤ ᠬᠠᠮᠤᠭ ᠤᠨ ᠶᠡᠭᠡ ᠬᠡᠮᠵᠢᠶ᠎ᠡ ᠠᠴᠠ 1.61 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠳᠤᠲᠠᠭᠤ ᠪᠣᠯᠵᠠᠶ᠃ 2 ᠳ᠋ᠤᠭᠠᠷ ᠰᠠᠷ᠎ᠠ ᠶᠢᠨ 10 ᠤ ᠡᠳᠦᠷ ᠪᠣᠯᠲᠠᠯ᠎ᠠ᠂ ᠪᠠᠶᠠᠨᠭᠤᠤᠯ ᠠᠴᠠ ᠳᠧᠦ ᠳ᠋ᠤᠤ ᠭᠤᠸᠠᠢ ᠬᠥᠷᠬᠦ ᠬᠤᠨᠭ᠍ᠬᠢᠯ ᠤᠨ ᠤᠰᠤ ᠬᠠᠳᠠᠭᠠᠯᠠᠬᠤ ᠬᠡᠮᠵᠢᠶ᠎ᠡ ᠨᠢ 5.971 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠡᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号